ᠪᠠᠲᠤ ᠶᠢᠨ ᠲᠤᠬᠤᠢ ᠲᠤᠰᠬᠤᠨ ᠤ ᠨᠠᠮ ᠤᠨ ᠭᠡᠰᠢᠭᠦᠨ ᠺᠠᠳ᠋ᠷᠴᠤᠳ ᠬᠢᠵᠢᠭ ᠢ ᠰᠡᠷᠭᠡᠶᠢᠯᠡᠨ ᠡᠵᠡᠮᠳᠡᠬᠦ ᠡᠮᠣᠨ᠎ᠡ ᠹᠷᠣᠨᠲ ᠲᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠦᠢᠯᠡᠲᠦᠯᠭᠡᠵᠢᠬᠦᠯᠵᠦ ᠪᠤᠢ
ᠨᠡᠶᠢᠲᠡᠯᠡᠭᠰᠡᠨ ᠴᠠᠭ᠄
2020-02-25
     ᠰᠢᠨ᠎ᠡ ᠲᠢᠲᠡᠮᠯᠢᠭ ᠠᠭᠤᠰᠬᠢᠨ ᠦᠷᠪᠢᠰᠦᠯ ᠡᠬᠢᠯᠡᠭᠰᠡᠨ ᠠᠴᠠ ᠨᠠᠭᠠᠰᠢ᠂ ᠰᠢᠷᠬᠤᠰᠤᠨ ᠪᠠᠯᠭᠠᠰᠤᠨ ᠤ ᠪᠠᠲᠤ ᠶᠢᠨ ᠲᠤᠬᠤᠢ ᠲᠣᠰᠬᠤᠨ ᠤ ︽ᠬᠤᠶᠠᠷ ᠵᠥᠪᠯᠡᠯ︾ ᠵᠢᠴᠢ ᠲᠤᠰᠬᠤᠨ ᠳᠤ ᠰᠠᠭᠤᠭ᠎ᠠ ᠠᠵᠢᠯᠯᠠᠬᠤ ᠠᠩᠭᠢ᠂ ᠡᠯ᠎ᠡ ᠬᠤᠷᠰᠢᠶ᠎ᠠ ᠶᠢ ᠳᠠᠭᠠᠭᠠᠴᠢᠯᠠᠭᠰᠠᠨ ᠺᠠᠳ᠋ᠷ ᠠᠵᠢᠯᠲᠠᠨ᠂ ᠨᠢᠭᠡᠳᠦᠯ ᠤᠨ ᠳᠠᠷᠤᠭ᠎ᠠ ᠨᠠᠷ ᠬᠠᠮᠳᠣ ᠪᠠᠷ ᠴᠠᠭ ᠢᠮᠠᠭᠲᠠ ᠨᠢᠭᠡᠳᠦᠭᠡᠷ ᠹᠷᠣᠨᠲ ᠢ ᠪᠠᠲᠤ ᠰᠠᠬᠢᠨ ᠰᠢᠷᠭᠠᠭᠤ ᠠᠵᠢᠯᠯᠠᠵᠣ᠂ ᠲᠤᠯᠤᠭᠠᠶᠢᠯᠠᠭᠴᠢ ᠶᠢᠨ ᠦᠶ᠋ᠯᠡᠳᠦᠯ ᠢᠶᠠᠨ ᠭᠦᠶ᠋ᠴᠡᠳ ᠪᠠᠳᠠᠷᠠᠭᠤᠯᠣᠨ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠳᠠᠶᠢᠯᠠᠯᠳᠣᠭᠠᠨ ᠤ ᠢᠯᠡᠯᠲᠠ ᠶᠢ ᠣᠯᠬᠤ ᠪᠠᠷ ᠴᠢᠷᠮᠠᠶᠢᠵᠤ ᠪᠠᠶᠢᠨ᠎ᠠ᠃      1 ᠰᠠᠷ᠎ᠠ ᠶᠢᠨ 26 ᠤ ᠡᠳᠦᠷ ᠠᠴᠠ ᠡᠬᠢᠯᠡᠨ᠂ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠣᠰᠣᠭᠠᠷ᠂ ᠪᠠᠲᠤ ᠶᠢᠨ ᠲᠤᠬᠤᠢ ᠲᠣᠰᠬᠤᠨ ᠤ ᠨᠠᠮ ᠤᠨ ᠡᠭᠦᠷ ᠪᠠ ᠲᠤᠰᠬᠤᠨ ᠳᠤ ᠰᠠᠭᠤᠭ᠎ᠠ ᠠᠵᠢᠯᠯᠠᠬᠤ ᠠᠩᠭᠢ ᠦᠳᠲᠡᠷ ᠲᠦᠷᠭᠡᠨ ᠬᠦᠲᠡᠯᠦᠯᠴᠡᠵᠦ᠂ 10 ᠬᠤᠷᠰᠢᠶ᠎ᠠ ᠶᠢ ᠨᠢᠭᠡᠳᠦᠯᠲᠡᠶ ᠲᠥᠯᠥᠪᠯᠡᠵᠦ᠂ 27 ᠨᠠᠮ ᠤᠨ ᠬᠡᠰᠢᠭᠦᠨ 31 ᠲᠣᠰᠬᠤᠨ ᠤ ᠵᠥᠪᠯᠡᠯ ᠤᠨ ᠪᠦᠷᠢᠯᠳᠦᠬᠦᠨ ᠢᠶᠠᠷ ᠪᠦᠷᠢᠯᠳᠦᠭᠰᠡᠨ 58 ᠬᠥᠮᠦᠨ ᠤ ᠰᠡᠷᠭᠡᠶᠢᠯᠡᠨ ᠡᠵᠡᠮᠲᠡᠭᠦ ᠠᠩᠬᠢ ᠶᠢ ᠵᠣᠬᠢᠶᠠᠨ ᠪᠠᠶᠢᠭᠤᠯᠵᠦ᠂ ᠬᠥᠮᠦᠨ ᠪᠦᠷᠢ 5 ᠠᠴᠠ 10 ᠡᠷᠦᠬᠡ ᠲᠠᠢ ᠬᠠᠷᠢᠯᠴᠠᠵᠤ᠂ ᠲᠣᠰᠬᠤᠨ ᠤ ᠪᠠᠶᠢᠩᠭᠤ ᠰᠠᠭᠤᠭ᠎ᠠ 455 ᠡᠷᠦᠬᠡ ᠶᠢᠨ 1264 ᠬᠥᠮᠦᠨ ᠢ ᠴᠥᠮ ᠬᠢᠵᠢᠭ ᠢ ᠰᠡᠷᠭᠡᠶᠢᠯᠡᠬᠦ ᠠᠩᠭᠢ ᠳᠤ ᠤᠷᠤᠭᠤᠯᠵᠦ ᠡᠷᠦᠬᠡ ᠳᠠᠷᠠᠭᠠᠯᠠᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠮᠡᠳᠡᠯᠭᠡ ᠶᠢ ᠤᠬᠠᠭᠤᠯᠵᠤ᠂ ᠮᠠᠯᠴᠢᠨ ᠲᠠᠷᠢᠶᠠᠴᠢᠳ ᠤᠨ ᠰᠢᠨᠡᠯᠡᠵᠦ ᠴᠠᠭᠠᠯᠠᠵᠦ ᠠᠶᠢᠯ ᠬᠡᠰᠦᠬᠦ ᠦᠭᠡᠢ᠂ ᠰᠢᠷᠡᠭᠡ ᠲᠤᠭᠤᠷᠢᠵᠦ ᠨᠠᠶᠢᠷᠯᠠᠬᠤ ᠦᠭᠡᠢ ᠪᠠᠶᠢᠬᠤ ᠶᠢ ᠱᠠᠭᠠᠷᠳᠠᠪᠠ᠃ ᠵᠠᠮ ᠬᠠᠷᠢᠯᠴᠠᠭᠠᠨ ᠤ ᠲᠠᠯ᠎ᠠ ᠳᠤ ᠲᠣᠰᠬᠤᠨ ᠤ ᠵᠠᠮ ᠨᠠᠪᠳᠡᠷᠡᠭᠦᠯᠭᠡ ᠶᠢ ᠪᠢᠲᠡᠭᠦᠮᠵᠢᠯᠡᠬᠦ ᠵᠡᠷᠭᠡ ᠠᠷᠭ᠎ᠠ ᠬᠡᠮᠵᠢᠶ᠎ᠡ ᠶᠢ ᠠᠪᠴᠤ ᠮᠤᠵᠢ ᠶᠢᠨ ᠳᠡᠰ ᠤᠨ ᠵᠠᠮ ᠤᠨ ᠠᠭᠤᠯᠵᠠᠷ ᠲᠤ ᠲᠡᠷᠭᠡ ᠤᠨᠤᠭ᠎ᠠ ᠪᠣᠯᠤᠨ ᠬᠥᠮᠦᠰ ᠤᠨ ᠣᠷᠣᠵᠤ ᠭᠠᠷᠬᠤ ᠶᠢ ᠳᠠᠩᠰᠠᠯᠠᠬᠤ᠂ ᠪᠡᠶ᠎ᠡ ᠶᠢᠨ ᠬᠠᠯᠠᠭᠤᠨ ᠢ ᠪᠠᠶᠢᠴᠠᠭᠠᠨ ᠬᠡᠮᠵᠢᠬᠦ ᠵᠡᠷᠭᠡ ᠠᠵᠢᠯ ᠢ ᠡᠷᠴᠢᠮᠲᠡᠢ ᠬᠢᠪᠡ᠃ ᠣᠳᠣᠬᠠᠨ ᠪᠣᠯᠲᠠᠯ᠎ᠠ᠂ ᠱᠠᠨᠰᠢ ᠮᠤᠵᠢ ᠶᠢᠨ ᠠᠭᠤᠯᠵᠠᠷ ᠤᠨ 11 ᠵᠤᠷᠪᠤᠰ ᠵᠠᠮ ᠢ ᠪᠢᠲᠡᠭᠦᠮᠵᠢᠯᠡᠵᠦ᠂ ᠲᠡᠮᠦᠷ ᠵᠠᠮ ᠳᠠᠭᠠᠤ ᠶᠢᠨ 5 ᠭᠤᠯᠳᠤᠩ ᠨᠦᠬᠡ ᠶᠢ ᠪᠢᠲᠡᠭᠦᠮᠵᠢᠯᠡᠨ᠂ ᠰᠡᠷᠡᠮᠵᠢᠯᠡᠭᠦᠯᠬᠦ ᠲᠡᠮᠳᠡᠭ ᠲᠣᠬᠢᠷᠠᠭᠤᠯᠵᠦ᠂ ︽ᠬᠢᠵᠢᠭ ᠤᠨ ᠬᠤᠭᠤᠴᠠᠭᠠᠨ ᠳᠤ ᠨᠡᠪᠲᠡᠷᠡᠬᠦ ᠶᠢ ᠴᠠᠭᠠᠵᠠᠯᠠᠬᠤ︾ ᠵᠡᠷᠭᠡ ᠤᠬᠠᠭᠤᠯᠭ᠎ᠠ ᠶᠢᠨ ᠤᠷᠢᠶ᠎ᠠ ᠡᠯᠭᠦᠨ᠂ 2 ᠰᠠᠷ᠎ᠠ ᠶᠢᠨ 9 ᠤ ᠡᠳᠤᠷ ᠠᠴᠠ ᠡᠮᠦᠨ᠎ᠡ ᠭᠤᠤᠯᠲᠠᠯᠭ᠎ᠠ ᠲᠠᠢ ᠰᠡᠷᠭᠡᠶᠢᠯᠡᠨ ᠬᠢᠵᠠᠭᠠᠷᠯᠠᠬᠤ ᠭᠠᠵᠠᠷ ᠣᠷᠣᠨ ᠠᠴᠠ ᠲᠣᠰᠬᠤᠨ ᠳᠤ ᠢᠷᠡᠭᠰᠡᠨ ᠲᠡᠷᠭᠡ ᠤᠨᠤᠭ᠎ᠠ ᠶᠢ ᠪᠦᠬᠦᠨ ᠢ ᠢᠳᠬᠠᠨ ᠪᠣᠴᠠᠭᠠᠵᠤ᠂ ᠦᠦᠰᠢᠨ ᠬᠤᠰᠢᠭᠤᠨ ᠤ ᠬᠢᠵᠠᠭᠠᠷ ᠳᠣᠲᠣᠷᠠᠬᠢ ᠴᠢᠬᠤᠯᠠ ᠡᠳ᠋ ᠪᠣᠳᠠᠰ ᠢ S215 ᠱᠤᠭᠤᠮ ᠢᠶᠠᠷ ᠰᠠᠭᠠᠳ ᠥᠬᠡᠶ ᠨᠡᠪᠲᠡᠷᠡᠬᠦᠯᠬᠦ ᠶᠢ ᠪᠠᠲᠤᠯᠠᠬᠤ ᠶᠢᠨ ᠲᠥᠯᠥᠭᠡ ᠲᠤᠰᠬᠤᠨ ᠳᠤ ᠬᠦᠷᠬᠦ ᠵᠠᠮ ᠱᠣᠭᠤᠮ ᠲᠠᠭᠡᠷ᠎ᠡ ᠲᠠᠷᠢᠶᠠᠴᠢᠳ ᠰᠠᠶᠢᠨ ᠳᠤᠷ᠎ᠠ ᠠᠴᠠ ᠪᠠᠨ ᠡᠳᠦᠷ ᠪᠦᠷᠢ ᠠᠷᠢᠭᠤᠳᠬᠠᠬᠤ ᠰᠢᠩᠭᠡᠨ ᠰᠦᠷᠴᠢᠬᠦ ᠶᠢ ᠬᠠᠷᠢᠭᠤᠴᠠᠪᠠ᠃     ᠣᠳᠣᠬᠠᠨ ᠪᠣᠯᠬᠤ ᠳᠤ᠂ ᠪᠠᠲᠤ ᠶᠢᠨ ᠲᠤᠬᠤᠢ ᠲᠣᠰᠬᠤᠨ ᠤ ᠣᠯᠠᠨ ᠳᠦᠮᠡᠨ ᠤ ᠬᠡᠵᠢᠭ ᠢ ᠰᠡᠷᠭᠡᠶᠢᠯᠡᠨ ᠬᠤᠷᠢᠭᠯᠠᠬᠤ ᠦᠵᠡᠯ ᠤᠬᠠᠮᠰᠠᠷ ᠢᠯᠡᠳᠲᠡ ᠳᠡᠭᠡᠭᠰᠢᠯᠡᠨ᠂ ᠣᠯᠠᠨ ᠳᠠᠶᠠᠭᠠᠷ ᠬᠠᠮᠳᠣ ᠪᠠᠷ ᠬᠠᠷᠢᠯᠴᠠᠨ ᠬᠢᠨᠠᠯᠲᠠ ᠲᠠᠯᠪᠢᠬᠤ ᠪᠤᠯᠵᠣ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠨᠢ ᠡᠮᠬᠢ ᠳᠢᠭᠯᠢᠮ ᠲᠠᠢ᠂ ᠪᠦᠲᠦᠮᠵᠢᠲᠡᠢ ᠪᠠᠷ ᠢᠯᠭᠤᠮ ᠤᠷᠣᠭᠰᠢᠲᠠᠢ ᠶᠠᠪᠤᠭᠳᠠᠵᠤ ᠪᠠᠶᠢᠨ᠎ᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号