ᠯᠢ ᠺᠧ ᠴᠢᠶᠠᠩ ᠬᠤᠷᠠᠯ ᠢ ᠡᠷᠬᠢᠯᠡᠵᠥ ᠯᠢ ᠵᠠᠨ ᠱᠦ ᠸᠠᠩ ᠶᠠᠩ ᠸᠠᠩ ᠬᠤ᠋ ᠨᠢᠩ ᠵᠤᠤ ᠯᠧ ᠵᠢᠢ ᠬᠠᠨ ᠵᠧᠩ | ᠬᠤᠷᠠᠯ ᠳᠤ ᠤᠷᠤᠯᠴᠠᠪᠠ | | | | | | | 2 ᠰᠠᠷ᠎ᠠ ᠶᠢᠨ 23 ᠤ ᠡᠳᠤᠷ᠂ ᠰᠢᠨ᠎ᠡ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ | ᠰᠡᠷᠬᠡᠶᠢᠯᠡᠨ ᠡᠵᠡᠮᠳᠡᠬᠦ ᠪᠠ ᠠᠵᠥ ᠠᠬᠤᠢ ᠨᠡᠶᠢᠬᠡᠮ ᠤᠨ ᠬᠦᠭᠵᠢᠯᠳᠡ ᠶᠢᠨ ᠠᠵᠢᠯ ᠢ ᠨᠢᠬᠡᠳᠦᠯᠳᠡᠢ ᠳᠦᠯᠦᠪᠵᠢᠬᠦᠯᠦᠨ | ᠠᠬᠢᠭᠤᠯᠬᠤ ᠪᠠᠶᠢᠷᠢᠯᠠᠭᠤᠯᠤᠯᠳᠠ ᠶᠢᠨ ᠬᠤᠷᠠᠯ ᠪᠡᠬᠡᠵᠢᠩ ᠳᠤ ᠬᠤᠷᠠᠯᠳᠤᠪᠠ᠃ ᠨᠠᠮ ᠤᠨ ᠳᠦᠪ ᠬᠤᠷᠢᠶᠠᠨ ᠤ | ᠶᠡᠷᠦᠩᠬᠡᠢ ᠱᠦᠵᠢ᠂ ᠤᠯᠤᠰ ᠤᠨ ᠳᠡᠷᠢᠬᠦᠯᠡᠭᠴᠢ᠂ ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠳᠡᠷᠢᠬᠦᠯᠡᠭᠴᠢ | ᠰᠢ ᠶᠢᠨ ᠫᠢᠩ ᠬᠤᠷᠠᠯ ᠳᠤ ᠤᠷᠤᠯᠴᠠᠬᠰᠠᠨ ᠪᠦᠬᠡᠳ ᠴᠢᠬᠤᠯᠠ ᠶᠠᠷᠢᠶ᠎ᠠ ᠳᠠᠯᠪᠢᠵᠠᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠬᠦᠳᠡᠷᠯᠡᠪᠡ | ᠰᠢᠨᠬᠤᠸᠠ ᠬᠤᠷᠢᠶᠠᠨ ᠤ ᠪᠡᠬᠡᠵᠢᠩ ᠤᠨ 2 ᠰᠠᠷ᠎ᠠ ᠶᠢᠨ 23 ᠤ ᠴᠠᠬᠢᠯᠭᠠᠨ ᠮᠡᠳᠡᠭᠡ ᠰᠢᠨ᠎ᠡ ᠳᠢᠳᠢᠮᠯᠢᠭ | ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠠᠵᠥ ᠠᠬᠤᠢ ᠨᠡᠶᠢᠬᠡᠮ ᠤᠨ | ᠬᠦᠭᠵᠢᠯᠳᠡ ᠶᠢᠨ ᠠᠵᠢᠯ ᠢ ᠨᠢᠬᠡᠳᠦᠯᠳᠡᠢ ᠳᠦᠯᠦᠪᠵᠢᠬᠦᠯᠦᠨ ᠠᠬᠢᠭᠤᠯᠬᠤ ᠪᠠᠶᠢᠷᠢᠯᠠᠭᠤᠯᠤᠯᠳᠠ ᠶᠢᠨ ᠬᠤᠷᠠᠯ 23 ᠤ | ᠡᠳᠤᠷ ᠪᠡᠬᠡᠵᠢᠩ ᠳᠤ ᠬᠤᠷᠠᠯᠳᠤᠪᠠ᠃ ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ | ᠳᠡᠷᠢᠬᠦᠯᠡᠭᠴᠢ᠂ ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠳᠡᠷᠢᠬᠦᠯᠡᠭᠴᠢ ᠰᠢ ᠶᠢᠨ ᠫᠢᠩ ᠬᠤᠷᠠᠯ ᠳᠤ | ᠤᠷᠤᠯᠴᠠᠬᠰᠠᠨ ᠪᠦᠬᠡᠳ ᠴᠢᠬᠤᠯᠠ ᠶᠠᠷᠢᠶ᠎ᠠ ᠳᠠᠯᠪᠢᠵᠠᠢ᠃ ᠳᠡᠷᠡ᠂ ᠳᠤᠮᠳᠠᠳᠤ ᠶᠢᠨ ᠦᠨᠳᠦᠰᠦᠳᠡᠨ ᠳᠡᠥᠬᠡᠨ ᠳᠡᠬᠡᠷ᠎ᠡ | ᠤᠯᠠᠨᠳᠠ ᠬᠠᠯᠠ ᠦᠵᠡᠵᠦ ᠬᠠᠯᠠᠭᠤᠨ ᠴᠢᠯᠠᠭᠤ ᠳᠤᠯᠢᠶᠠᠵᠤ ᠶᠠᠪᠤᠭᠰᠠᠨ ᠪᠤᠯᠪᠠᠴᠤ ᠶᠡᠷᠦ ᠠᠴᠠ ᠨᠤᠭᠤᠷᠠᠭᠰᠠᠨ ᠦᠬᠡᠢ | ᠪᠦᠭᠡᠳ ᠶᠠᠪᠤᠬᠤ ᠳᠤᠳᠤᠮ ᠡᠷᠡᠯᠬᠡᠭ ᠪᠠᠭᠠᠳᠤᠷᠯᠢᠭ ᠪᠤᠯᠵᠥ᠂ ᠬᠠᠯᠠ ᠵᠤᠪᠠᠯᠠᠩ ᠤᠨ ᠳᠤᠮᠳᠠ ᠳᠠᠰᠤᠷᠠᠯᠳᠠ ᠦᠬᠡᠢ | ᠦᠰᠦᠨ ᠪᠤᠶᠢᠵᠢᠵᠥ᠂ ᠬᠠᠯᠠ ᠵᠤᠪᠠᠯᠠᠩ ᠤᠨ ᠳᠤᠮᠳᠠ ᠲᠠᠰᠤᠷᠠᠯᠳᠠ ᠦᠭᠡᠢ ᠡᠷᠡᠯᠬᠡᠭᠯᠡᠨ ᠪᠤᠰᠤᠭᠰᠠᠨ ᠶᠤᠮ᠃ | ᠤᠳᠤᠬᠠᠨ ᠳᠤ ᠬᠢᠵᠢᠭ ᠤᠨ ᠪᠠᠶᠢᠳᠠᠯ ᠤᠨ ᠬᠠᠨᠳᠤᠰᠢ ᠮᠦᠨ ᠬᠦ ᠬᠦᠨᠳᠤ ᠬᠡᠴᠡᠭᠦᠦ ᠡᠬᠡᠳᠡᠷᠡᠬᠡᠨ ᠪᠤᠳᠤᠯᠢᠶᠠᠨᠳᠠᠢ | ᠪᠠᠶᠢᠵᠥ᠂ ᠰᠡᠷᠬᠡᠶᠢᠯᠡᠨ ᠡᠵᠡᠮᠳᠡᠬᠦ ᠠᠵᠢᠯ ᠶᠠᠭ ᠬᠠᠮᠤᠭ ᠤᠨ ᠢᠳᠡ ᠠᠪᠬᠤ ᠵᠠᠩᠬᠢᠯᠠᠭ᠎ᠠ ᠶᠢᠨ ᠱᠠᠳᠤᠨ ᠳᠤ ᠪᠤᠢ᠂ ᠡᠯ᠎ᠡ | ᠱᠠᠳᠤᠨ ᠤ ᠨᠠᠮ ᠤᠨ ᠬᠤᠷᠢᠶ᠎ᠠ ᠪᠤᠯᠤᠨ ᠵᠠᠰᠠᠬ ᠤᠨ ᠤᠷᠳᠤᠨ ᠵᠠᠪᠠᠯ ᠢᠯᠠᠯᠳᠠ ᠤᠯᠬᠤ ᠢᠳᠡᠬᠡᠯ ᠵᠤᠷᠢᠭ ᠢᠶᠠᠨ | ᠪᠠᠳᠤᠳᠬᠠᠨ᠂ ᠰᠢᠳᠦ ᠵᠠᠭᠤᠵᠤ᠂ ᠦᠷᠬᠦᠯᠵᠢᠯᠡᠨ ᠦᠴᠦᠬᠡᠨ ᠴᠤ ᠰᠤᠯᠠᠷᠠᠭᠤᠯᠤᠯ ᠦᠬᠡᠢ ᠪᠠᠷ ᠡᠯ᠎ᠡ ᠵᠦᠢᠯ ᠤᠨ | ᠰᠡᠷᠬᠡᠶᠢᠯᠡᠨ ᠡᠵᠡᠮᠳᠡᠬᠦ ᠠᠵᠢᠯ ᠢ ᠴᠢᠩᠭ᠎ᠠ ᠠᠳᠬᠤᠵᠤ ᠪᠤᠳᠠᠳᠠᠢ ᠠᠳᠬᠤᠨ ᠨᠠᠷᠢᠯᠢᠭ ᠠᠳᠬᠤᠬᠤ ᠬᠡᠷᠡᠭᠳᠡᠢ᠃ | ᠳᠠᠷᠤᠯᠳᠠ ᠶᠢ ᠬᠦᠳᠡᠯᠬᠡᠬᠦ ᠬᠦᠴᠦᠨ ᠪᠤᠯᠭᠠᠨ ᠬᠤᠪᠢᠷᠠᠭᠤᠯᠵᠤ ᠠᠶᠤᠯ ᠳᠦᠭᠰᠢᠬᠦᠷᠢ ᠶᠢ ᠠᠵᠠ ᠳᠤᠬᠢᠶᠠᠯ ᠪᠤᠯᠭᠠᠨ | ᠬᠤᠪᠢᠷᠠᠭᠤᠯᠬᠤ ᠳᠠᠭᠠᠨ ᠴᠢᠳᠠᠮᠠᠭᠠᠢ ᠪᠠᠶᠢᠵᠥ᠂ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠡᠮᠬᠢ | ᠵᠢᠷᠤᠮ ᠲᠠᠢ ᠪᠠᠷ ᠰᠡᠷᠬᠦᠬᠡᠨ᠂ ︽ᠵᠢᠷᠭᠤᠭ᠎ᠠ ᠶᠢ ᠳᠤᠭᠳᠠᠪᠤᠷᠢᠵᠢᠭᠤᠯᠬᠤ︾ ᠠᠷᠭ᠎ᠠ ᠬᠡᠮᠵᠢᠶ᠎ᠡ ᠪᠠᠨ ᠴᠢᠩᠭᠠᠳᠬᠠᠵᠤ᠂ | ᠳᠦᠷᠦ ᠶᠢᠨ ᠪᠤᠳᠤᠯᠭ᠎ᠠ ᠪᠠᠷ ᠵᠤᠬᠢᠴᠠᠭᠤᠯᠬᠤ ᠡᠷᠴᠢᠮ ᠢᠶᠠᠨ ᠴᠢᠩᠭᠠᠷᠠᠭᠤᠯᠤᠨ᠂ ᠮᠠᠨ ᠤ ᠤᠯᠤᠰ ᠤᠨ | ᠬᠦᠭᠵᠢᠯᠳᠡ ᠶᠢᠨ ᠯᠤᠳᠤ ᠶᠡᠭᠡ ᠳᠠᠯᠳᠠ ᠬᠦᠴᠦᠨ ᠪᠤᠯᠤᠨ ᠬᠦᠴᠦᠷᠬᠡᠭ ᠶᠡᠭᠡ ᠬᠦᠳᠡᠯᠬᠡᠬᠦ ᠡᠨᠧᠷᠬᠢ ᠶᠢ ᠬᠦᠢᠴᠡᠳ | ᠬᠦᠭᠵᠢᠬᠡᠵᠤ᠂ ᠡᠨᠡ ᠵᠢᠯ ᠤᠨ ᠠᠵᠥ ᠠᠬᠤᠢ ᠨᠡᠶᠢᠬᠡᠮ ᠤᠨ ᠬᠦᠭᠵᠢᠯᠳᠡ ᠶᠢᠨ ᠬᠠᠷᠠᠯᠳᠠ ᠡᠬᠦᠷᠬᠡ ᠶᠢ ᠴᠢᠷᠮᠠᠶᠢᠨ | ᠪᠡᠶᠡᠯᠡᠬᠦᠯᠬᠦ ᠬᠡᠷᠡᠭᠳᠡᠢ ᠬᠡᠵᠥ ᠴᠢᠬᠤᠯᠠᠴᠢᠯᠠᠪᠠ᠃ | ᠰᠢ ᠶᠢᠨ ᠫᠢᠩ ᠨᠠᠮ ᠤᠨ ᠳᠦᠪ ᠬᠤᠷᠢᠶᠠᠠ ᠤ ᠡᠮᠤᠨ᠎ᠡ ᠠᠴᠠ ᠪᠦᠬᠦ ᠤᠯᠤᠰ ᠤᠨ ᠦᠷᠬᠡᠨ ᠤᠯᠠᠨ ᠨᠠᠮ ᠤᠨ | ᠬᠡᠰᠢᠬᠦᠨ᠂ ᠺᠠᠳ᠋ᠷ᠂ ᠤᠯᠠᠨ ᠳᠦᠮᠡᠨ᠂ ᠤᠨᠴᠠᠭᠠᠢᠢᠯᠠᠨ ᠬᠤᠪᠸᠢ ᠪᠤᠯᠤᠨ ᠦᠬᠠᠨ ᠤ ᠦᠷᠬᠡᠨ ᠤᠯᠠᠨ ᠨᠠᠮ ᠤᠨ | ᠬᠡᠰᠢᠬᠦᠨ᠂ ᠺᠠᠳ᠋ᠷ᠂ ᠤᠯᠠᠨ ᠳᠦᠮᠡᠨ ᠳᠤ ᠴᠢᠩ ᠰᠡᠳᠬᠢᠯ ᠤᠨ ᠮᠡᠨᠳᠦᠴᠢᠯᠡᠯ ᠳᠡᠪᠰᠢᠬᠦᠯᠵᠥ᠂ ᠬᠢᠵᠢᠭ ᠤᠨ ᠪᠠᠶᠢᠳᠠᠯ ᠢ | ᠰᠡᠷᠬᠡᠶᠢᠯᠡᠨ ᠡᠵᠡᠮᠳᠡᠬᠦ ᠨᠢᠭᠡᠳᠦᠭᠡᠷ ᠹᠷᠤᠨᠲ ᠲᠤ ᠭᠠᠪᠰᠢᠭᠠᠢᠢᠯᠠᠵᠥ ᠪᠠᠶᠢᠭ᠎ᠠ ᠦᠷᠬᠡᠨ ᠤᠯᠠᠨ ᠡᠮᠨᠡᠯᠬᠡ ᠶᠢᠨ ᠠᠵᠢᠯᠳᠠᠨ | ᠂ ᠠᠷᠠᠳ ᠤᠨ ᠴᠢᠯᠦᠬᠡᠯᠡᠬᠦ ᠴᠡᠷᠢᠭ ᠤᠨ ᠵᠢᠯᠤᠭᠤᠳᠤᠬᠴᠢ ᠪᠠᠶᠢᠯᠳᠤᠬᠴᠢ᠂ ᠡᠯ᠎ᠡ ᠳᠠᠶᠢᠯᠠᠯᠳᠤᠭᠠᠨ ᠤ ᠹᠷᠤᠨᠲ ᠤᠨ | ᠨᠦᠬᠦᠳ ᠲᠤ ᠡᠷᠬᠢᠮ ᠳᠡᠬᠡᠳᠤ ᠬᠦᠨᠳᠦᠳᠬᠡᠯ ᠢᠶᠠᠨ ᠳᠡᠪᠰᠢᠬᠦᠯᠵᠥ᠂ ᠰᠢᠶᠠᠩᠭᠠᠩ ᠤᠤᠮᠧᠨ ᠳᠠᠶᠢᠸᠠᠨ ᠤ ᠠᠬ᠎ᠠ | ᠳᠡᠬᠦᠦ ᠨᠠᠷ᠂ ᠭᠠᠳᠠᠭᠠᠳᠤ ᠳᠤ ᠪᠠᠶᠢᠭ᠎ᠠ ᠳᠤᠮᠳᠠᠳᠤ ᠶᠢᠨ ᠬᠠᠷᠢᠶᠠᠳᠤ ᠨᠠᠷ ᠲᠤ ᠴᠢᠩ ᠰᠡᠳᠬᠢᠯ ᠤᠨ ᠳᠠᠯᠠᠷᠬᠠᠯ ᠢᠶᠠᠨ | ᠳᠡᠪᠰᠢᠬᠦᠯᠤᠨ᠂ ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠡᠯ᠎ᠠ ᠵᠦᠢᠯ ᠤᠨ | ᠳᠡᠮᠵᠢᠯᠭᠡ ᠦᠵᠡᠭᠦᠯᠦᠭᠰᠡᠨ ᠤᠯᠤᠰ ᠤᠷᠤᠨ᠂ ᠤᠯᠠᠨ ᠤᠯᠤᠰ ᠤᠨ ᠵᠤᠬᠢᠶᠠᠨ ᠪᠠᠶᠢᠭᠤᠯᠤᠯᠳᠠ ᠪᠤᠯᠤᠨ ᠨᠦᠬᠦᠷᠰᠡᠭ | ᠬᠦᠮᠦᠰ ᠲᠤ ᠴᠢᠩ ᠰᠡᠳᠬᠢᠯ ᠤᠨ ᠳᠠᠯᠠᠷᠬᠠᠯ ᠢᠶᠠᠨ ᠳᠡᠪᠰᠢᠭᠦᠯᠵᠦ᠂ ᠬᠢᠵᠢᠭ ᠲᠠᠢ ᠳᠡᠮᠡᠴᠡᠬᠦ ᠶᠠᠪᠤᠴᠠ ᠳᠤ ᠵᠤᠯ | ᠪᠤᠰᠤ ᠪᠠᠷ ᠨᠠᠰᠤ ᠪᠠᠷᠠᠬᠰᠠᠨ ᠠᠬ᠎ᠠ ᠳᠡᠬᠦᠦ ᠨᠠᠷ᠂ ᠪᠡᠶ᠎ᠠ ᠦᠷᠡᠭᠳᠡᠭᠰᠡᠨ ᠡᠮᠨᠡᠯᠬᠡ ᠶᠢᠨ ᠠᠵᠢᠯᠳᠠᠳ ᠢ ᠭᠦᠨ | ᠭᠠᠰᠢᠭᠤᠳᠠᠵᠥ ᠪᠠᠶᠢᠬᠤ ᠪᠠᠨ ᠢᠯᠡᠷᠬᠡᠶᠢᠯᠡᠵᠦ᠂ ᠶᠠᠭ ᠡᠪᠡᠳᠴᠢᠨ ᠲᠠᠮᠤ ᠲᠠᠢ ᠲᠡᠮᠡᠴᠡᠵᠦ ᠪᠠᠶᠢᠭ᠎ᠠ ᠡᠪᠡᠳᠴᠢᠳᠡᠨ ᠵᠢᠴᠢ | ᠳᠡᠳᠡᠨ ᠤ ᠬᠡᠷ ᠪᠦᠯᠢ ᠶᠢᠨ ᠬᠢᠨ᠂ ᠠᠯᠪᠠᠨ ᠶᠠᠪᠤᠳᠠᠯ ᠢᠶᠠᠷ ᠪᠡᠶ᠎ᠠ ᠦᠷᠡᠭᠳᠡᠭᠰᠡᠨ ᠬᠦᠮᠦᠰ ᠤᠨ ᠬᠡᠷ ᠪᠦᠯᠢ ᠶᠢᠨ ᠬᠢᠨ᠂ | ᠡᠪᠡᠳᠴᠢᠨ ᠢᠶᠠᠷ ᠨᠠᠰᠤ ᠪᠠᠷᠠᠭᠰᠠᠨ ᠬᠦᠮᠦᠰ ᠤᠨ ᠬᠡᠷ ᠪᠦᠯᠢ ᠶᠢᠨ ᠬᠢᠨ ᠢ ᠴᠢᠩ ᠰᠡᠳᠬᠢᠯ ᠠᠴᠠ ᠪᠠᠨ ᠳᠤᠬᠤᠨᠢᠭᠤᠯᠵᠥ | ᠪᠠᠶᠢᠬᠤ ᠪᠠᠨ ᠢᠯᠡᠳᠬᠡᠵᠠᠢ᠃ | ᠯᠢ ᠺᠧ ᠴᠢᠶᠠᠩ ᠬᠤᠷᠠᠯ ᠢ ᠡᠷᠬᠢᠯᠡᠵᠥ᠂ ᠯᠢ ᠵᠠᠨ ᠱᠦ᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ | ᠬᠠᠨ ᠵᠧᠩ ᠬᠤᠷᠠᠯ ᠳᠤ ᠤᠷᠤᠯᠴᠠᠪᠠ᠃ | ᠰᠢ ᠶᠢᠨ ᠫᠢᠩ᠂ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠬᠰᠠᠨ ᠠᠴᠠ | ᠨᠠᠭᠠᠰᠢ᠂ ᠨᠠᠮ ᠤᠨ ᠳᠦᠪ ᠬᠤᠷᠢᠶ᠎ᠠ ᠳᠡᠬᠡᠳᠤ ᠬᠡᠮᠵᠢᠶ᠎ᠡ ᠪᠠᠷ ᠴᠢᠬᠤᠯᠠᠴᠢᠯᠠᠨ᠂ ᠳᠠᠷᠤᠢ ᠳᠦᠷᠬᠡᠨ ᠪᠠᠶᠢᠷᠢᠯᠠᠭᠤᠯᠤᠯᠳᠠ | ᠬᠢᠵᠥ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠳᠤᠬᠠᠢ ᠳᠦᠪᠯᠡᠷᠡᠩᠬᠦᠢ ᠨᠢᠬᠡᠳᠦᠯᠳᠡᠢ | ᠤᠳᠤᠷᠢᠳᠤᠯᠭ᠎ᠠ ᠪᠠᠨ ᠪᠦᠬᠦ ᠳᠠᠯ᠎ᠠ ᠪᠠᠷ ᠴᠢᠩᠭᠠᠳᠬᠠᠨ᠂ ᠡᠯ᠎ᠡ ᠱᠠᠳᠤᠨ ᠤ ᠨᠠᠮ ᠤᠨ ᠬᠤᠷᠢᠶ᠎ᠠ ᠪᠤᠯᠤᠨ ᠵᠠᠰᠠᠬ ᠤᠨ | ᠤᠷᠳᠤᠨ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠢ ᠠᠷᠠᠳ ᠤᠯᠠᠨ ᠤ ᠠᠮᠢ ᠨᠠᠰᠤᠨ ᠤ ᠠᠮᠤᠷ | ᠳᠦᠪᠰᠢᠨ ᠪᠤᠯᠤᠨ ᠪᠠᠶ᠎ᠡ ᠮᠠᠬᠠᠪᠤᠳ ᠤᠨ ᠡᠷᠡᠬᠦᠯ ᠮᠡᠨᠳᠤ ᠶᠢ ᠳᠡᠷᠢᠬᠦᠨ ᠳᠤ ᠳᠠᠯᠪᠢᠵᠥ᠂ ᠦᠨᠡᠨ ᠬᠦ ᠪᠦᠳᠦᠮᠵᠢᠳᠡᠢ | ᠠᠷᠭ᠎ᠠ ᠬᠡᠮᠵᠢᠶ᠎ᠠ ᠠᠪᠴᠤ᠂ ᠬᠢᠵᠢᠭ ᠤᠨ ᠪᠠᠶᠢᠳᠠᠯ ᠤᠨ ᠦᠷᠪᠢᠰᠦᠨ ᠳᠡᠯᠬᠡᠷᠡᠬᠦ ᠬᠠᠨᠳᠤᠰᠢ ᠶᠢ ᠡᠷᠡᠰ ᠬᠤᠷᠢᠬᠯᠠᠬᠤ | ᠬᠡᠷᠡᠭᠳᠡᠢ ᠬᠡᠵᠥ ᠱᠠᠭᠠᠷᠳᠠᠪᠠ᠃ ᠨᠠᠮ ᠤᠨ ᠳᠦᠪ ᠬᠤᠷᠢᠶ᠎ᠠ ᠴᠠᠬ ᠤᠨ ᠪᠠᠶᠢᠳᠠᠯ ᠢ ᠠᠵᠢᠨ ᠶᠡᠷᠦᠩᠬᠡᠶᠢᠯᠡᠨ ᠰᠤᠳᠤᠯᠤᠨ | ᠮᠠᠭᠠᠳᠯᠠᠵᠥ᠂ ᠢᠳᠡᠬᠡᠯ ᠵᠤᠷᠢᠬ ᠢᠶᠠᠨ ᠪᠠᠳᠤᠳᠬᠠᠬᠤ᠂ ᠬᠠᠳᠠᠭᠤ ᠪᠡᠷᠬᠡᠰᠢᠶᠡᠯ ᠢ ᠬᠠᠮᠳᠤ ᠪᠠᠷ ᠳᠤᠭᠤᠯᠬᠤ᠂ ᠰᠢᠨᠵᠢᠯᠡᠬᠦ | ᠤᠬᠠᠭᠠᠨᠴᠢ ᠪᠠᠷ ᠰᠡᠷᠬᠡᠶᠢᠯᠡᠨ ᠵᠠᠰᠠᠬᠤ᠂ ᠤᠨᠤᠴᠠᠳᠠᠢ ᠪᠠᠷ ᠠᠷᠭ᠎ᠠ ᠪᠤᠳᠤᠯᠭ᠎ᠠ ᠬᠡᠷᠡᠭᠵᠢᠬᠦᠯᠬᠦ ᠶᠡᠷᠦᠩᠬᠡᠢ | ᠱᠠᠭᠠᠷᠳᠠᠯᠭ᠎ᠠ ᠶᠢ ᠴᠠᠬ ᠳᠤᠬᠠᠢ ᠳᠤᠨᠢ ᠳᠤᠷᠠᠳᠤᠨ ᠭᠠᠷᠭᠠᠵᠥ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ | ᠪᠠᠶᠢᠯᠳᠤᠬᠤ ᠪᠤᠳᠤᠯᠭ᠎ᠠ ᠠᠷᠭ᠎ᠠ ᠪᠤᠳᠤᠯᠭ᠎ᠠ ᠶᠢ ᠴᠠᠬ ᠳᠤᠬᠠᠢ ᠳᠤᠨᠢ ᠳᠤᠭᠳᠠᠭᠠᠨ᠂ ᠡᠪᠡᠳᠴᠢᠳᠠᠨ ᠢ ᠬᠦᠯᠢᠶᠡᠨ | ᠠᠪᠴᠤ ᠵᠠᠰᠠᠬᠤ ᠨᠤᠷᠮ᠎ᠠ ᠪᠤᠯᠤᠨ ᠢᠯᠡᠷᠢᠰᠢᠭᠦᠯᠬᠦ ᠨᠤᠷᠮ᠎ᠠ ᠶᠢ ᠳᠡᠬᠡᠭᠰᠢᠯᠡᠬᠦᠯᠬᠦ᠂ ᠬᠠᠯᠳᠠᠪᠤᠷᠢᠯᠠᠬᠤ ᠨᠤᠷᠮ᠎ᠠ ᠪᠤᠯᠤᠨ | ᠡᠪᠡᠳᠴᠢᠨ ᠢᠶᠠᠷ ᠦᠬᠦᠬᠦ ᠨᠤᠷᠮ᠎ᠠ ᠶᠢ ᠪᠠᠭᠤᠷᠠᠭᠤᠯᠬᠤ ᠶᠢ ᠳᠤᠪᠤᠶᠢᠮ᠎ᠠ ᠡᠬᠦᠷᠬᠡ ᠪᠤᠯᠭᠠᠨ ᠠᠳᠬᠤᠵᠥ᠂ ᠦᠬᠠᠨ | ᠪᠤᠯᠤᠨ ᠬᠤᠪᠸᠢ ᠶᠢ ᠪᠦᠬᠦ ᠤᠯᠤᠰ ᠤᠨ ᠭᠤᠤᠯ ᠳᠠᠶᠢᠯᠠᠯᠳᠤᠭᠠᠨ ᠤ ᠳᠠᠯᠠᠪᠤᠷ ᠪᠤᠯᠭᠠᠨ᠂ ᠦᠬᠠᠨ ᠪᠤᠯᠤᠨ | ᠬᠤᠪᠸᠢ ᠶᠢᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠶᠢ ᠨᠢᠬᠡᠳᠦᠯᠳᠡᠢ ᠵᠢᠭᠠᠨ ᠵᠢᠯᠤᠭᠤᠳᠬᠤ ᠪᠠᠨ | ᠴᠢᠩᠭᠠᠳᠬᠠᠵᠥ᠂ ᠪᠤᠰᠤᠳ ᠭᠠᠵᠠᠷ ᠤᠷᠤᠨ ᠤ ᠰᠡᠷᠬᠡᠶᠢᠯᠡᠨ ᠡᠵᠡᠮᠳᠡᠬᠦ ᠠᠵᠢᠯ ᠢ ᠨᠢᠬᠡᠳᠦᠯᠳᠡᠢ ᠳᠦᠯᠦᠪᠵᠢᠬᠦᠯᠦᠨ | ᠰᠠᠶᠢᠳᠤᠷ ᠠᠳᠬᠤᠵᠥ᠂ ᠡᠮᠴᠢᠯᠡᠬᠡᠨ ᠳᠤ ᠬᠡᠷᠡᠭᠯᠡᠬᠦ ᠡᠳ᠋ ᠪᠤᠳᠠᠰ ᠪᠤᠯᠤᠨ ᠠᠮᠢᠳᠤᠷᠠᠯ ᠤᠨ ᠴᠢᠬᠤᠯᠠ ᠬᠡᠷᠡᠭᠴᠡᠭᠡᠨ ᠤ | ᠵᠦᠢᠯ ᠤᠨ ᠪᠠᠴᠢᠮ ᠪᠠᠶᠢᠳᠠᠯ ᠢ ᠠᠷᠭᠠᠴᠠᠭᠠᠵᠤ ᠬᠠᠩᠭᠠᠯᠭ᠎ᠠ ᠶᠢ ᠪᠠᠳᠤᠯᠠᠬᠤ ᠠᠵᠢᠯ ᠢ ᠴᠢᠩᠭᠠᠳᠬᠠᠨ᠂ ᠨᠡᠶᠢᠬᠡᠮ ᠤᠨ | ᠳᠤᠬᠳᠠᠭᠤᠨ ᠢ ᠦᠨᠡᠨ ᠬᠦ ᠬᠠᠮᠠᠭᠠᠯᠠᠵᠥ᠂ ᠤᠬᠠᠭᠤᠯᠭ᠎ᠠ ᠬᠦᠮᠦᠵᠢᠯ ᠪᠠ ᠶᠠᠷᠢᠶ᠎ᠠ ᠬᠡᠯᠡᠯᠴᠡᠬᠡᠨ ᠤ ᠤᠳᠤᠷᠢᠳᠤᠮᠵᠢ ᠪᠠᠨ | ᠴᠢᠩᠭᠠᠳᠬᠠᠨ᠂ ᠳᠡᠯᠡᠬᠡᠢ ᠨᠡᠶᠢᠬᠡᠮ ᠤᠨ ᠳᠡᠮᠵᠢᠯᠬᠡ ᠶᠢ ᠢᠳᠡᠪᠬᠢᠳᠡᠢ ᠪᠠᠷ ᠤᠯᠤᠭᠰᠠᠨ ᠪᠠᠶᠢᠨ᠎ᠠ ᠬᠡᠵᠥ ᠴᠢᠬᠤᠯᠠᠴᠢᠯᠠᠪᠠ᠃ | | ᠰᠢ ᠶᠢᠨ ᠫᠢᠩ᠂ ᠡᠨᠡ ᠬᠦ ᠪᠡᠷᠭᠡ ᠬᠠᠳᠠᠭᠤᠵᠢᠯᠳᠠᠢ ᠲᠡᠮᠡᠴᠡᠯ ᠳᠤᠮᠳᠠ᠂ ᠡᠯ᠎ᠠ ᠱᠠᠳᠤᠨ ᠤ ᠨᠠᠮ ᠤᠨ ᠵᠤᠬᠢᠶᠠᠨ | ᠪᠠᠶᠢᠭᠤᠯᠤᠯᠳᠠ ᠪᠤᠯᠤᠨ ᠦᠷᠭᠡᠨ ᠤᠯᠠᠨ ᠨᠠᠮ ᠤᠨ ᠭᠡᠰᠢᠬᠦᠨ᠂ ᠺᠠᠳ᠋ᠷ ᠡᠮᠦᠨ᠎ᠠ ᠨᠢ ᠬᠤᠰᠢᠭᠤᠷᠠᠨ ᠰᠢᠷᠭᠠᠭᠤ | ᠬᠠᠳᠠᠭᠤᠵᠢᠯᠳᠠᠢ ᠲᠡᠮᠡᠴᠡᠵᠤ᠂ ᠦᠷᠭᠡᠨ ᠤᠯᠠᠨ ᠡᠮᠨᠡᠯᠬᠡ ᠶᠢᠨ ᠠᠵᠢᠯᠳᠠᠨ ᠦᠨᠡᠨ ᠶᠤᠰᠤᠨ ᠤ ᠲᠦᠯᠦᠭᠡ ᠡᠷᠡᠭᠡᠯᠵᠡᠯ | ᠦᠭᠡᠢ ᠪᠠᠷ ᠦᠷᠯᠦᠭᠡ ᠦᠳᠡᠰᠢ ᠶᠢ ᠲᠡᠮᠡᠴᠡᠵᠤ᠂ ᠠᠷᠠᠳ ᠤᠨ ᠴᠢᠯᠦᠭᠡᠯᠡᠬᠦ ᠴᠡᠷᠢᠭ ᠤᠨ ᠵᠢᠯᠤᠭᠤᠳᠤᠬᠴᠢ | ᠪᠠᠶᠢᠯᠳᠤᠬᠴᠢᠳ ᠵᠠᠷᠯᠢᠭ ᠢ ᠰᠤᠨᠤᠰᠤᠮᠠᠭᠴᠠ ᠪᠠᠨ ᠬᠦᠳᠡᠯᠦᠯᠴᠡᠨ ᠵᠤᠷᠢᠬᠳᠠᠢ ᠪᠠᠷ ᠬᠠᠳᠠᠭᠤ ᠳᠠᠶᠢᠯᠠᠯᠳᠤᠭᠠᠨ ᠬᠢᠵᠦ᠂ | ᠦᠷᠭᠡᠨ ᠤᠯᠠᠨ ᠠᠷᠠᠳ ᠲᠦᠮᠡᠨ ᠰᠡᠳᠬᠢᠯ ᠨᠢᠭᠡᠳᠦᠨ ᠪᠤᠯᠤᠳ ᠭᠡᠷᠡᠮ ᠪᠤᠯᠵᠦ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠵᠤ᠂ ᠦᠷᠭᠡᠨ ᠤᠯᠠᠨ ᠳᠤᠳᠤᠭᠠᠳᠦ ᠶᠢ ᠬᠠᠮᠠᠭᠠᠯᠠᠬᠤ ᠠᠷᠠᠳ ᠤᠨ ᠴᠠᠭᠳᠠᠭ᠎ᠠ᠂ ᠡᠪᠡᠳᠴᠢᠨ ᠡᠮᠭᠡᠭ ᠢ | ᠰᠡᠷᠭᠡᠶᠢᠯᠡᠨ ᠡᠵᠡᠮᠳᠡᠬᠦ ᠠᠵᠢᠯᠳᠠᠨ᠂ ᠨᠡᠶᠢᠭᠡᠮ ᠲᠤᠭᠤᠷᠢᠭ ᠤᠨ ᠠᠵᠢᠯᠳᠠᠨ ᠨᠠᠷ ᠠᠵᠢᠯ ᠤᠨ ᠪᠠᠶᠢᠷᠢ ᠪᠠᠨ ᠪᠠᠳᠤ ᠰᠠᠬᠢᠨ | ᠦᠷᠯᠦᠭᠡ ᠦᠳᠡᠰᠢ ᠦᠭᠡᠢ ᠵᠢᠵᠢᠬᠦᠷᠯᠡᠵᠤ᠂ ᠦᠷᠭᠡᠨ ᠤᠯᠠᠨ ᠰᠤᠨᠢᠨ ᠮᠡᠳᠡᠭᠡᠨ ᠤ ᠠᠵᠢᠯᠳᠠᠨ ᠬᠦᠴᠢᠷ | ᠪᠡᠷᠭᠡᠰᠢᠶᠡᠯ ᠠᠴᠠ ᠡᠮᠢᠶᠠᠯ ᠦᠭᠡᠢ ᠪᠠᠷ ᠨᠢᠭᠡᠳᠦᠭᠡᠷ ᠹᠷᠤᠨᠲ ᠲᠤ ᠬᠦᠨᠵᠡᠭᠡᠶᠢᠷᠡᠵᠦ᠂ ᠦᠷᠭᠡᠨ ᠤᠯᠠᠨ ᠰᠠᠶᠢᠨ | ᠳᠤᠷᠠᠴᠤᠳ ᠴᠢᠩ ᠦᠨᠡᠨᠴᠢ ᠪᠠᠷ ᠵᠢᠳᠬᠦᠨ ᠶᠠᠳᠠᠷᠠᠵᠤ ᠵᠦᠳᠡᠷᠡᠬᠦ ᠶᠢ ᠬᠠᠶᠢᠬᠤᠷᠤᠯ ᠦᠭᠡᠢ ᠪᠠᠷ ᠠᠵᠢᠯᠯᠠᠵᠤ᠂ ᠨᠠᠮ | ᠪᠤᠯᠤᠨ ᠤᠯᠤᠰ ᠤᠨ ᠬᠤᠯᠪᠤᠭᠳᠠᠯ ᠪᠦᠬᠦᠢ ᠰᠠᠯᠠᠭ᠎ᠠ ᠮᠦᠴᠢᠷ ᠪᠤᠯᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ᠂ ᠤᠯᠤᠰ ᠲᠦᠷᠦ ᠶᠢᠨ ᠵᠦᠪᠯᠡᠯᠭᠡᠨ ᠵᠢᠴᠢ ᠡᠯ᠎ᠠ ᠠᠷᠠᠳ ᠤᠨ ᠪᠦᠯᠬᠦᠮ ᠵᠡᠷᠭᠡ ᠶᠢᠨ ᠬᠢᠨ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠬᠦᠷᠭᠡᠯᠡᠨ᠂ ᠨᠡᠶᠢᠭᠡᠮ ᠤᠨ ᠡᠯ᠎ᠠ ᠡᠳᠡᠭᠡᠳ ᠪᠠ ᠰᠢᠶᠠᠩᠭᠠᠩ ᠤᠤᠮᠧᠨ | ᠲᠠᠶᠢᠸᠠᠨ ᠤ ᠠᠬ᠎ᠠ ᠳᠡᠬᠦᠦ ᠨᠠᠷ᠂ ᠭᠠᠳᠠᠭᠠᠳᠦ ᠳᠤ ᠪᠠᠶᠢᠭ᠎ᠠ ᠳᠤᠮᠳᠠᠳᠤ ᠶᠢᠨ ᠬᠠᠷᠢᠶᠠᠳᠦ ᠨᠠᠷ ᠲᠠᠯ᠎ᠠ ᠲᠠᠯ᠎ᠠ ᠠᠴᠠ | ᠵᠤᠭᠤᠰ ᠮᠦᠩᠬᠦ ᠡᠳ᠋ ᠪᠤᠳᠠᠰ ᠬᠠᠨᠳᠢᠪᠯᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠴᠢᠬᠤᠯᠠ ᠬᠤᠪᠢ | ᠨᠡᠮᠡᠷᠢ ᠦᠵᠡᠬᠦᠯᠵᠡᠢ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠡᠨᠡ ᠤᠳᠠᠭ᠎ᠠ ᠶᠢᠨ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ | ᠪᠤᠯ ᠰᠢᠨ᠎ᠠ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ ᠮᠠᠨ ᠤ ᠤᠯᠤᠰ ᠲᠤ ᠭᠠᠷᠤᠭᠰᠠᠨ ᠳᠡᠯᠭᠡᠷᠡᠭᠰᠡᠨ | ᠬᠤᠷᠳᠤᠴᠠ ᠪᠠᠷ ᠬᠠᠮᠤᠭ ᠤᠨ ᠲᠦᠷᠭᠡᠨ᠂ ᠬᠠᠯᠳᠠᠪᠤᠷᠢᠯᠠᠭᠰᠠᠨ ᠭᠡᠪᠴᠢᠶ᠎ᠠ ᠪᠠᠷ ᠬᠠᠮᠤᠭ ᠤᠨ ᠦᠷᠭᠡᠨ᠂ ᠰᠡᠷᠭᠡᠶᠢᠯᠡᠨ | ᠡᠵᠡᠮᠳᠡᠬᠦ ᠬᠦᠴᠢᠷᠳᠡᠯ ᠢᠶᠠᠷ ᠬᠠᠮᠤᠭ ᠤᠨ ᠶᠡᠭᠡ ᠨᠢᠭᠡ ᠤᠳᠠᠭ᠎ᠠ ᠶᠢᠨ ᠬᠦᠨᠳᠦ ᠶᠡᠭᠡ ᠭᠡᠨᠡᠳᠳᠡ ᠶᠢᠨ ᠤᠯᠠᠨ | ᠨᠡᠶᠢᠳᠡ ᠶᠢᠨ ᠡᠷᠡᠬᠦᠯ ᠬᠠᠮᠠᠭᠠᠯᠠᠯ ᠤᠨ ᠭᠡᠷᠡᠭ ᠪᠤᠯᠤᠨ᠎ᠠ᠃ ᠪᠢᠳᠠᠨ ᠳᠤ ᠠᠪᠴᠦ ᠭᠡᠯᠡᠪᠡᠯ᠂ ᠡᠨᠡ ᠨᠢ ᠨᠢᠭᠡ | ᠤᠳᠠᠭ᠎ᠠ ᠶᠢᠨ ᠬᠢᠮᠤᠷᠠᠯ ᠪᠤᠯᠬᠤ ᠪᠦᠭᠡᠳ ᠪᠠᠰᠠ ᠴᠦ ᠨᠢᠭᠡ ᠤᠳᠠᠭ᠎ᠠ ᠶᠢᠨ ᠶᠡᠭᠡ ᠰᠢᠯᠭᠠᠯᠳᠠ ᠪᠤᠯᠤᠨ᠎ᠠ᠃ ᠰᠢᠷᠭᠠᠭᠤ | ᠬᠠᠳᠠᠭᠤᠵᠢᠯᠳᠠᠢ ᠴᠢᠷᠮᠠᠶᠢᠯᠭ᠎ᠠ ᠪᠠᠷ ᠳᠠᠮᠵᠢᠨ ᠤᠳᠤᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠢᠳᠡᠪᠬᠢᠳᠠᠢ ᠪᠠᠷ ᠰᠠᠶᠢᠵᠢᠷᠠᠬᠤ ᠬᠠᠨᠳᠤᠰᠢ ᠤᠯᠠᠮ ᠢᠶᠠᠷ ᠦᠷᠭᠡᠵᠢᠵᠦ ᠪᠤᠢ᠃ ᠬᠢᠵᠢᠭ ᠤᠨ ᠪᠠᠶᠢᠳᠠᠯ ᠤᠨ ᠲᠤᠬᠠᠢ | ᠨᠠᠮ ᠤᠨ ᠲᠦᠪ ᠬᠤᠷᠢᠶᠠᠨ ᠤ ᠮᠠᠭᠠᠳᠯᠠᠯᠳᠠ ᠪᠤᠯ ᠵᠦᠪ ᠤᠨᠤᠪᠴᠢᠳᠠᠢ᠂ ᠡᠯ᠎ᠠ ᠵᠦᠢᠯ ᠤᠨ ᠠᠵᠢᠯ ᠤᠨ | ᠪᠠᠶᠢᠷᠢᠯᠠᠭᠤᠯᠤᠯᠳᠠ ᠪᠤᠯ ᠴᠠᠭ ᠢ ᠠᠮᠵᠢᠭᠰᠠᠨ᠂ ᠠᠪᠤᠭᠰᠠᠨ ᠠᠷᠭ᠎ᠠ ᠭᠡᠮᠵᠢᠶ᠎ᠠ ᠪᠤᠯ ᠡᠷᠴᠢᠮᠳᠠᠢ ᠪᠦᠭᠡᠳ ᠪᠦᠳᠦᠮᠵᠢᠳᠠᠢ | ᠪᠠᠶᠢᠬᠤ ᠶᠢ ᠦᠢᠯᠡᠳᠦᠯᠭᠡ ᠭᠡᠷᠡᠴᠢᠯᠡᠵᠠᠢ᠃ ᠰᠡᠷᠭᠡᠶᠢᠯᠡᠨ ᠡᠵᠡᠮᠳᠡᠬᠦ ᠠᠵᠢᠯ ᠤᠨ ᠤᠯᠤᠬᠰᠠᠨ ᠠᠮᠵᠢᠯᠳᠠ ᠪᠦᠳᠦᠮᠵᠢ ᠨᠢ | ᠳᠤᠮᠳᠠᠳᠤ ᠤᠯᠤᠰ ᠤᠨ ᠡᠪ ᠬᠠᠮᠳᠦ ᠨᠠᠮ ᠤᠨ ᠤᠳᠤᠷᠢᠳᠤᠯᠭ᠎ᠠ ᠪᠠ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ | ᠵᠢᠷᠤᠮ ᠤᠨ ᠪᠠᠶᠢᠭᠤᠯᠤᠯ ᠤᠨ ᠢᠯᠡᠳᠳᠡ ᠳᠠᠪᠠᠭᠤᠯᠢᠭ ᠢ ᠲᠠᠬᠢᠨᠳᠠ ᠬᠠᠷᠠᠭᠤᠯᠵᠠᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠠᠮᠵᠢᠯᠳᠠ ᠪᠦᠳᠦᠮᠵᠢ ᠶᠢ ᠬᠦᠢᠴᠡᠳ ᠨᠤᠳᠠᠯᠠᠬᠤ ᠶᠢᠨ ᠵᠡᠷᠭᠡ ᠪᠠᠷ ᠡᠯ᠎ᠠ ᠱᠠᠳᠤᠨ ᠤ | ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠨᠢ ᠡᠷᠭᠡᠪᠰᠢ ᠲᠠᠶᠢᠪᠤᠰᠢᠷᠠᠬᠤ ᠪᠤᠳᠤᠯ᠂ ᠬᠠᠯᠠᠰᠢᠷᠠᠬᠤ ᠰᠡᠳᠬᠢᠯᠭᠡ᠂ | ᠭᠤᠷᠢᠳᠠᠬᠤ ᠪᠤᠳᠤᠯ᠂ ᠰᠤᠯᠠᠷᠠᠬᠤ ᠰᠡᠳᠬᠢᠯᠭᠡ ᠶᠢ ᠳᠡᠭᠡᠳᠦ ᠭᠡᠮᠵᠢᠶ᠎ᠠ ᠪᠠᠷ ᠰᠡᠷᠡᠮᠵᠢᠯᠡᠵᠤ᠂ ᠡᠯ᠎ᠠ ᠵᠦᠢᠯ ᠤᠨ | ᠰᠡᠷᠭᠡᠶᠢᠯᠡᠨ ᠡᠵᠡᠮᠳᠡᠬᠦ ᠠᠵᠢᠯ ᠢ ᠦᠷᠬᠦᠯᠵᠢᠯᠡᠨ ᠰᠤᠯᠠᠷᠠᠭᠤᠯᠤᠯ ᠦᠭᠡᠢ ᠪᠠᠷ ᠴᠢᠩᠭ᠎ᠠ ᠠᠳᠬᠤᠵᠦ ᠪᠤᠳᠠᠳᠠᠢ ᠠᠳᠬᠤᠨ | ᠨᠠᠷᠢᠯᠢᠭ ᠠᠳᠬᠤᠵᠦ᠂ ᠪᠦᠷᠢᠮᠦᠰᠦᠨ ᠢᠯᠠᠯᠳᠠ ᠤᠯᠬᠤ ᠦᠭᠡᠢ ᠪᠤᠯ ᠠᠮᠵᠢᠯᠳᠠ ᠳᠤ ᠬᠦᠷᠴᠠᠢ ᠭᠡᠵᠦ ᠶᠠᠭᠠᠷᠠᠵᠤ | ᠶᠠᠷᠢᠬᠤ ᠦᠭᠡᠢ ᠪᠠᠶᠢᠬᠤ ᠭᠡᠷᠡᠭᠲᠡᠢ ᠭᠡᠵᠦ ᠴᠢᠬᠤᠯᠠᠴᠢᠯᠠᠪᠠ᠃ ᠰᠢ ᠶᠢᠨ ᠫᠢᠩ 7 ᠲᠠᠯ᠎ᠠ ᠶᠢᠨ ᠱᠠᠭᠠᠷᠳᠠᠯᠭ᠎ᠠ | ᠳᠤᠷᠠᠳᠴᠠᠢ᠃ ᠨᠢᠭᠡᠳᠤᠭᠡᠷ ᠲᠤ᠂ ᠬᠤᠪᠸᠢ ᠶᠢ ᠬᠠᠮᠠᠭᠠᠯᠠᠬᠤ ᠲᠠᠶᠢᠯᠠᠯᠳᠤᠭᠠᠨ᠂ ᠦᠬᠠᠨ ᠢ ᠬᠠᠮᠠᠭᠠᠯᠠᠬᠤ | ᠲᠠᠶᠢᠯᠠᠯᠳᠤᠭᠠᠨ ᠢ ᠡᠷᠡᠰ ᠰᠠᠶᠢᠳᠤᠷ ᠬᠢᠬᠦ ᠭᠡᠷᠡᠭᠲᠡᠢ᠃ ᠬᠤᠳᠠ ᠬᠦᠳᠡᠭᠡ ᠨᠡᠶᠢᠭᠡᠮ ᠲᠤᠭᠤᠷᠢᠭ ᠨᠢ ᠰᠡᠷᠭᠡᠶᠢᠯᠡᠨ | ᠡᠵᠡᠮᠳᠡᠬᠦ ᠪᠠ ᠡᠪᠡᠳᠴᠢᠳᠡᠨ ᠢ ᠠᠪᠤᠷᠠᠨ ᠡᠮᠨᠡᠬᠦ ᠬᠤᠶᠠᠷ ᠵᠠᠩᠬᠢᠯᠠᠭ᠎ᠠ ᠶᠢ ᠴᠢᠩᠭ᠎ᠠ ᠡᠵᠡᠮᠳᠡᠵᠦ᠂ ᠬᠢᠵᠢᠭ ᠤᠨ ᠪᠠᠶᠢᠳᠠᠯ | ᠳᠠᠷᠬᠠᠨ ᠳᠡᠯᠭᠡᠷᠡᠵᠦ ᠭᠠᠳᠠᠭᠰᠢ ᠬᠠᠯᠳᠠᠪᠤᠷᠢᠯᠠᠬᠤ ᠶᠢ ᠡᠷᠡᠰ ᠬᠤᠷᠢᠬᠯᠠᠨ᠂ ᠬᠦᠴᠦᠨ ᠴᠢᠳᠠᠯ ᠢᠶᠠᠷ ᠪᠠᠭᠤᠷᠠᠢ ᠭᠠᠵᠠᠷ | ᠤᠷᠤᠨ ᠤ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠨ᠂ ᠡᠪᠡᠳᠴᠢᠳᠠᠨ ᠢ ᠬᠦᠯᠢᠶᠡᠨ ᠠᠪᠴᠦ ᠡᠮᠨᠡᠨ ᠵᠠᠰᠠᠬᠤ | ᠨᠤᠷᠮ᠎ᠠ ᠪᠠ ᠢᠯᠡᠷᠢᠰᠢᠭᠦᠯᠬᠦ ᠨᠤᠷᠮ᠎ᠠ ᠶᠢ ᠦᠨᠡᠨ ᠬᠦ ᠳᠡᠭᠡᠭᠰᠢᠯᠡᠬᠦᠯᠵᠦ ᠬᠠᠯᠳᠠᠪᠤᠷᠢᠯᠠᠬᠤ ᠨᠤᠷᠮ᠎ᠠ ᠪᠠ ᠡᠪᠡᠳᠴᠢᠨ ᠢᠶᠠᠷ | ᠦᠬᠦᠬᠦ ᠨᠤᠷᠮ᠎ᠠ ᠶᠢ ᠦᠨᠡᠨ ᠬᠦ ᠪᠠᠭᠤᠷᠠᠭᠤᠯᠬᠤ ᠭᠡᠷᠡᠭᠲᠡᠢ᠃ ᠬᠤᠶᠠᠳᠤᠭᠠᠷ ᠲᠤ᠂ ᠪᠡᠭᠡᠵᠢᠩ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠰᠠᠶᠢᠳᠤᠷ ᠬᠢᠬᠦ ᠭᠡᠷᠡᠭᠲᠡᠢ᠃ ᠭᠠᠳᠠᠨ᠎ᠠ ᠠᠴᠠ | ᠬᠠᠯᠳᠠᠪᠤᠷᠢᠯᠠᠨ ᠤᠷᠤᠵᠦ ᠢᠷᠡᠬᠦ ᠶᠢ ᠰᠡᠷᠭᠡᠶᠢᠯᠡᠬᠦ᠂ ᠲᠤᠳᠤᠭᠠᠳᠤ ᠳᠠᠭᠠᠨ ᠲᠠᠷᠬᠠᠨ ᠲᠡᠯᠭᠡᠷᠡᠬᠦ ᠶᠢ ᠰᠡᠷᠭᠡᠶᠢᠯᠡᠬᠦ ᠬᠤᠶᠠᠷ | ᠭᠤᠭᠴᠤᠭ᠎ᠠ ᠶᠢ ᠡᠷᠡᠰ ᠰᠠᠶᠢᠳᠤᠷ ᠠᠳᠬᠤᠵᠦ᠂ ᠪᠡᠭᠡᠵᠢᠩ ᠲᠢᠶᠠᠨᠵᠢᠨ ᠾᠧᠪᠸᠢ ᠶᠢᠨ ᠭᠠᠵᠠᠷ ᠤᠷᠤᠨ ᠤ | ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠠᠵᠢᠯ ᠢ ᠴᠢᠩᠭᠠᠳᠬᠠᠨ᠂ ᠬᠠᠯᠳᠠᠪᠤᠷᠢᠯᠠᠯ ᠤᠨ ᠡᠬᠢ ᠶᠢ | ᠴᠢᠳᠠᠬᠤ ᠶᠢᠨ ᠲᠤᠳᠤᠷ᠎ᠠ ᠲᠠᠰᠤᠯᠬᠤ ᠭᠡᠷᠡᠭᠲᠡᠢ᠃ ᠭᠤᠷᠪᠠᠳᠤᠭᠠᠷ ᠲᠤ᠂ ᠡᠮᠴᠢᠯᠡᠭᠡᠨ ᠤ ᠬᠦᠴᠦᠨ ᠪᠠ ᠴᠢᠬᠤᠯᠠ ᠡᠳ᠋ | ᠪᠤᠳᠠᠰ ᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠬᠤ ᠭᠡᠷᠡᠭᠲᠡᠢ᠃ ᠨᠢᠭᠡᠳᠦᠭᠡᠷ ᠹᠷᠤᠨᠲ ᠤᠨ ᠡᠮᠨᠡᠯᠭᠡ ᠶᠢᠨ | ᠠᠵᠢᠯᠳᠠᠳ ᠢ ᠬᠠᠶᠢᠷᠠᠯᠠᠨ ᠬᠠᠯᠠᠮᠵᠢᠯᠠᠵᠦ᠂ ᠰᠡᠷᠭᠡᠶᠢᠯᠡᠨ ᠬᠠᠮᠠᠭᠠᠯᠠᠬᠤ ᠡᠳ᠋ ᠪᠤᠳᠠᠰ ᠪᠤᠯᠤᠨ ᠠᠮᠢᠳᠤᠷᠠᠯ ᠤᠨ | ᠬᠡᠷᠡᠭᠴᠡᠭᠡᠨ ᠤ ᠡᠳ᠋ ᠪᠤᠳᠠᠰ ᠤᠨ ᠪᠠᠳᠤᠯᠠᠭ᠎ᠠ ᠪᠠ ᠰᠡᠷᠭᠡᠶᠢᠯᠡᠨ ᠬᠠᠮᠠᠭᠠᠯᠠᠬᠤ ᠠᠷᠭ᠎ᠠ ᠭᠡᠮᠵᠢᠶ᠎ᠠ ᠶᠢ | ᠨᠠᠶᠢᠳᠠᠪᠤᠷᠢᠵᠢᠭᠤᠯᠵᠦ᠂ ᠡᠮᠨᠡᠯᠭᠡ ᠶᠢᠨ ᠬᠤᠷᠢᠶᠠᠨ ᠳᠤ ᠬᠠᠷᠢᠯᠴᠠᠨ ᠬᠠᠯᠳᠠᠪᠤᠷᠢᠯᠠᠬᠤ ᠶᠢ ᠰᠡᠷᠭᠡᠶᠢᠯᠡᠬᠦ ᠠᠵᠢᠯ ᠢ ᠦᠨᠡᠨ | ᠬᠦ ᠴᠢᠩᠭᠠᠳᠬᠠᠨ᠂ ᠡᠮᠨᠡᠯᠭᠡ ᠶᠢᠨ ᠠᠵᠢᠯᠳᠠᠳ ᠤᠨ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠬᠠᠮᠠᠭᠠᠯᠠᠬᠤ ᠪᠠ | ᠪᠤᠯᠪᠠᠰᠤᠷᠠᠯ ᠬᠦᠷᠳᠡᠬᠡᠬᠦ ᠠᠵᠢᠯ ᠢ ᠰᠠᠶᠢᠳᠤᠷ ᠬᠢᠬᠦ ᠭᠡᠷᠡᠭᠲᠡᠢ᠃ ᠵᠠᠬ᠎ᠠ ᠳᠡᠯᠭᠡᠬᠦᠷ ᠤᠨ ᠬᠠᠩᠭᠠᠯᠭ᠎ᠠ ᠭᠡᠷᠡᠭᠴᠡᠭᠡᠨ ᠤ | ᠪᠠᠶᠢᠳᠠᠯ ᠢ ᠨᠢᠬᠳᠠ ᠬᠢᠨᠡᠨ ᠡᠵᠡᠮᠳᠡᠵᠦ᠂ ᠢᠳᠡᠰᠢᠨ ᠨᠤᠭᠤᠭ᠎ᠠ ᠪᠠ ᠮᠠᠯ ᠵᠢᠬᠦᠷᠳᠡᠨ ᠤ ᠦᠢᠯᠡᠳᠪᠤᠷᠢᠯᠡᠯ ᠢ | ᠢᠳᠡᠪᠬᠢᠳᠠᠢ ᠪᠠᠷ ᠵᠤᠬᠢᠶᠠᠨ ᠪᠠᠶᠢᠭᠤᠯᠵᠦ᠂ ᠳᠡᠭᠡᠭᠡᠪᠤᠷᠢ ᠶᠢᠨ ᠵᠠᠮ ᠪᠠ ᠪᠤᠳᠠᠰ ᠤᠨ ᠬᠦᠢᠯᠭᠡᠭᠡ ᠶᠢᠨ ᠳᠤᠬᠢᠷᠠᠭᠤᠯᠤᠨ | ᠬᠦᠷᠭᠡᠬᠦ ᠵᠠᠮ ᠢ ᠰᠠᠭᠠᠳ ᠦᠭᠡᠢ ᠨᠡᠪᠳᠡᠷᠡᠬᠦᠯᠬᠦ ᠭᠡᠷᠡᠭᠲᠡᠢ᠃ ᠲᠦᠷᠪᠡᠳᠦᠭᠡᠷ ᠲᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠤᠳᠤᠯᠤᠨ ᠬᠦᠭᠵᠢᠬᠦᠯᠤᠯᠲᠠ ᠪᠤᠭᠤᠮᠳᠠ ᠰᠢᠪᠳᠤᠯᠬᠤ ᠠᠵᠢᠯ ᠢ ᠲᠦᠷᠭᠡᠳᠭᠡᠬᠦ ᠭᠡᠷᠡᠭᠲᠡᠢ᠃ ᠤᠯᠠᠨ | ᠰᠢᠨᠵᠢᠯᠡᠭᠡᠨ ᠤ ᠰᠠᠯᠠᠭ᠎ᠠ ᠰᠠᠯᠠᠭᠠᠨ ᠤ ᠬᠦᠴᠦᠨ ᠢ ᠶᠡᠷᠦᠩᠭᠡᠶᠢᠯᠡᠵᠦ ᠪᠠᠶᠢᠭᠠᠳ ᠰᠢᠨᠵᠢᠯᠡᠬᠦ ᠤᠬᠠᠭᠠᠨ ᠲᠧᠭᠨᠢᠭ | ᠮᠡᠷᠬᠡᠵᠢᠯ ᠤᠨ ᠰᠤᠳᠤᠯᠭᠠᠨ ᠤ ᠪᠤᠭᠤᠮᠳᠠ ᠰᠢᠪᠳᠤᠯᠬᠤ ᠠᠵᠢᠯ ᠦᠷᠨᠢᠬᠦᠯᠵᠦ᠂ ᠡᠮ ᠤᠨ ᠵᠦᠢᠯ ᠪᠠ ᠸᠠᠺᠼᠢᠨ ᠢ | ᠰᠤᠳᠤᠯᠤᠨ ᠦᠢᠯᠡᠳᠬᠦ ᠡᠷᠴᠢᠮ ᠢᠶᠠᠨ ᠴᠢᠩᠭᠠᠷᠠᠭᠤᠯᠤᠨ᠂ ᠪᠦᠳᠦᠮᠵᠢᠳᠠᠢ ᠤᠨᠤᠰᠢᠯᠡᠨ ᠡᠮᠨᠡᠬᠦ ᠲᠦᠰᠦᠯ ᠢ ᠴᠠᠭ | ᠲᠤᠬᠠᠢ ᠳᠤᠨᠢ ᠳ᠋ᠦᠩᠨᠡᠵᠦ ᠳᠡᠯᠭᠡᠷᠡᠬᠦᠯᠬᠦ ᠭᠡᠷᠡᠭᠲᠡᠢ᠃ ᠲᠠᠪᠤᠳᠤᠭᠠᠷ ᠲᠤ᠂ ᠤᠯᠠᠨ ᠤᠯᠤᠰ ᠤᠨ ᠪᠠ ᠭᠠᠵᠠᠷ ᠤᠷᠤᠨ ᠤ | ᠬᠠᠮᠳᠤᠷᠠᠯᠴᠠᠭ᠎ᠠ ᠶᠢ ᠦᠷᠭᠡᠳᠭᠡᠬᠦ ᠭᠡᠷᠡᠭᠲᠡᠢ᠃ ᠳᠡᠯᠡᠭᠡᠢ ᠶᠢᠨ ᠡᠷᠡᠬᠦᠯ ᠬᠠᠮᠠᠭᠠᠯᠠᠯ ᠤᠨ ᠵᠤᠬᠢᠶᠠᠨ | ᠪᠠᠶᠢᠭᠤᠯᠤᠯᠳᠠ ᠯᠤᠭ᠎ᠠ ᠦᠷᠬᠦᠯᠵᠢᠯᠡᠨ ᠰᠠᠶᠢᠨ ᠰᠠᠶᠢᠬᠠᠨ ᠤᠯᠤᠯᠴᠠᠭ᠎ᠠ ᠪᠠᠨ ᠪᠠᠳᠤᠯᠠᠵᠦ᠂ ᠬᠤᠯᠪᠤᠭᠳᠠᠯ ᠪᠦᠬᠦᠢ | ᠤᠯᠤᠰ ᠯᠤᠭ᠎ᠠ ᠬᠢᠵᠢᠭ ᠢ ᠰᠡᠷᠭᠡᠶᠢᠯᠡᠬᠦ ᠲᠤᠷᠰᠢᠯᠭ᠎ᠠ ᠪᠠᠨ ᠬᠤᠪᠢᠶᠠᠯᠴᠠᠨ᠂ ᠸᠢᠷᠦ᠋ᠰ ᠢ ᠡᠰᠡᠷᠬᠦᠴᠡᠬᠦ ᠡᠮ ᠵᠢᠴᠢ | ᠸᠠᠺᠼᠢᠨ ᠢ ᠰᠤᠳᠤᠯᠤᠨ ᠦᠢᠯᠡᠳᠬᠦ ᠲᠠᠯ᠎ᠠ ᠶᠢᠨ ᠤᠯᠠᠨ ᠤᠯᠤᠰ ᠤᠨ ᠬᠠᠮᠳᠤᠷᠠᠯᠴᠠᠭ᠎ᠠ ᠶᠢ ᠴᠢᠩᠭᠠᠳᠬᠠᠬᠤ ᠭᠡᠷᠡᠭᠲᠡᠢ᠃ | ᠵᠢᠷᠭᠤᠳᠤᠭᠠᠷ ᠲᠤ᠂ ᠰᠤᠨᠢᠨ ᠮᠡᠳᠡᠭᠡᠨ ᠤ ᠶᠠᠷᠢᠶ᠎ᠠ ᠭᠡᠯᠡᠯᠴᠡᠭᠡᠨ ᠤ ᠠᠵᠢᠯ ᠤᠨ ᠪᠦᠳᠦᠮᠵᠢᠳᠦ ᠴᠢᠨᠠᠷ ᠢ | ᠳᠡᠭᠡᠭᠰᠢᠯᠡᠬᠦᠯᠬᠦ ᠭᠡᠷᠡᠭᠲᠡᠢ᠃ ᠨᠠᠮ ᠤᠨ ᠲᠦᠪ ᠬᠤᠷᠢᠶᠠᠨ ᠤ ᠴᠢᠬᠤᠯᠠ ᠶᠡᠭᠡ ᠰᠢᠢᠳᠪᠤᠷᠢᠳᠦ ᠪᠤᠳᠤᠯᠭ᠎ᠠ | ᠪᠠᠶᠢᠷᠢᠯᠠᠭᠤᠯᠤᠯᠳᠠ ᠶᠢᠨ ᠲᠤᠬᠠᠢ ᠤᠬᠠᠭᠤᠯᠭ᠎ᠠ ᠲᠠᠶᠢᠯᠤᠮᠵᠢ ᠶᠢᠨ ᠠᠵᠢᠯ ᠢ ᠦᠷᠬᠦᠯᠵᠢᠯᠡᠨ ᠰᠠᠶᠢᠳᠤᠷ ᠬᠢᠵᠦ᠂ ᠡᠯ᠎ᠠ | ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠳᠠᠢ ᠲᠦᠯᠦᠪᠵᠢᠬᠦᠯᠦᠨ ᠠᠬᠢᠭᠤᠯᠵᠦ | ᠪᠠᠶᠢᠭ᠎ᠠ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠠᠯ ᠢ ᠬᠦᠨᠵᠡᠭᠡᠢ ᠮᠡᠳᠡᠭᠡᠯᠡᠵᠦ᠂ ᠬᠢᠵᠢᠭ ᠤᠨ ᠪᠠᠶᠢᠳᠠᠯ ᠤᠨ ᠮᠡᠳᠡᠭᠡ | ᠵᠠᠩᠬᠢ ᠶᠢ ᠨᠡᠶᠢᠳᠡᠯᠡᠬᠦ ᠠᠵᠢᠯ ᠢ ᠲᠡᠭᠦᠯᠳᠡᠷᠵᠢᠭᠦᠯᠦᠨ᠂ ᠬᠢᠵᠢᠭ ᠲᠠᠢ ᠲᠡᠮᠡᠴᠡᠬᠦ ᠨᠢᠭᠡᠳᠦᠭᠡᠷ ᠹᠷᠤᠨᠲ ᠤᠨ ᠬᠦᠮᠦᠰ ᠤᠨ | ᠰᠡᠳᠬᠢᠯ ᠢ ᠬᠦᠳᠡᠯᠭᠡᠮ᠎ᠠ ᠦᠢᠯᠡ ᠶᠠᠪᠤᠳᠠᠯ ᠢ ᠦᠷᠭᠡᠨ ᠢᠶᠠᠷ ᠤᠬᠠᠭᠤᠯᠵᠦ᠂ ᠨᠡᠶᠢᠭᠡᠮ ᠤᠨ ᠬᠠᠯᠠᠮᠰᠢᠯ ᠠᠰᠠᠭᠤᠳᠠᠯ ᠳᠤ | ᠰᠠᠨᠠᠭᠠᠴᠢᠯᠠᠭ᠎ᠠ ᠠᠴᠠ ᠪᠠᠨ ᠬᠠᠷᠢᠭᠤ ᠲᠤᠰᠬᠠᠯ ᠦᠭᠬᠦ ᠭᠡᠷᠡᠭᠲᠡᠢ᠃ ᠲᠤᠯᠤᠳᠤᠭᠠᠷ ᠲᠤ᠂ ᠨᠡᠶᠢᠭᠡᠮ ᠤᠨ ᠲᠤᠭᠳᠠᠭᠤᠨ ᠢ | ᠦᠨᠡᠨ ᠬᠦ ᠬᠠᠮᠠᠭᠠᠯᠠᠬᠤ ᠭᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ ᠢᠯᠡᠷᠡᠭᠰᠡᠨ | ᠴᠤᠬᠤᠢᠢᠯᠳᠠ ᠶᠢᠨ ᠴᠢᠨᠠᠷᠳᠠᠢ᠂ ᠬᠠᠨᠳᠤᠰᠢ ᠶᠢᠨ ᠴᠢᠨᠠᠷᠳᠠᠢ ᠠᠰᠠᠭᠤᠳᠠᠯ ᠢ ᠴᠠᠭ ᠲᠤᠬᠠᠢ ᠳᠤᠨᠢ ᠠᠷᠢᠯᠭᠠᠨ | ᠰᠢᠢᠳᠪᠤᠷᠢᠯᠡᠵᠦ᠂ ᠡᠮᠴᠢᠯᠡᠭᠡᠨ ᠤ ᠡᠮᠬᠢ ᠲᠢᠭᠯᠢᠮ᠂ ᠬᠢᠵᠢᠭ ᠢ ᠰᠡᠷᠭᠡᠶᠢᠯᠡᠬᠦ ᠡᠮᠬᠢ ᠲᠢᠭᠯᠢᠮ᠂ ᠵᠠᠬ᠎ᠠ ᠳᠡᠯᠭᠡᠬᠦᠷ ᠤᠨ | ᠡᠮᠬᠢ ᠲᠢᠭᠯᠢᠮ᠂ ᠨᠡᠶᠢᠭᠡᠮ ᠤᠨ ᠡᠮᠬᠢ ᠲᠢᠭᠯᠢᠮ ᠢ ᠰᠠᠮᠠᠭᠤᠷᠠᠭᠤᠯᠬᠤ ᠵᠡᠷᠭᠡ ᠬᠠᠤᠯᠢ ᠠᠴᠠ ᠵᠦᠷᠢᠴᠡᠭᠰᠡᠨ ᠶᠠᠯᠠᠳᠦ | ᠠᠵᠢᠯᠯᠠᠭ᠎ᠠ ᠶᠢ ᠬᠠᠤᠯᠢ ᠶᠤᠰᠤᠭᠠᠷ ᠴᠢᠩᠭ᠎ᠠ ᠰᠢᠢᠳᠭᠡᠬᠦ ᠭᠡᠷᠡᠭᠲᠡᠢ ᠬᠡᠵᠥ ᠴᠢᠬᠤᠯᠠᠴᠢᠯᠠᠪᠠ᠃ | ᠰᠢ ᠶᠢᠨ ᠫᠢᠩ᠂ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢ ᠠᠵᠤ ᠠᠬᠤᠢ | ᠨᠡᠶᠢᠭᠡᠮ ᠳᠤ ᠨᠡᠯᠢᠶᠡᠳ ᠶᠡᠭᠡ ᠳᠠᠭᠠᠷᠢᠯᠳᠠ ᠤᠴᠠᠷᠠᠭᠤᠯᠬᠤ ᠨᠢ ᠵᠠᠶᠢᠯᠠᠰᠢ ᠦᠭᠡᠢ᠃ ᠡᠶᠢᠮᠦ ᠦᠶ᠎ᠠ ᠪᠤᠯᠬᠤ | ᠳᠤᠳᠤᠮ ᠢᠶᠠᠨ ᠪᠦᠬᠦ ᠲᠠᠯ᠎ᠠ ᠶᠢᠨ᠂ ᠬᠤᠪᠢᠰᠤᠩᠭᠤᠢ᠂ ᠠᠯᠤᠰ ᠬᠡᠳᠦ ᠶᠢᠨ ᠬᠠᠷᠠᠭ᠎ᠠ ᠠᠴᠠ ᠮᠠᠨ ᠤ ᠤᠯᠤᠰ ᠤᠨ | ᠬᠦᠭᠵᠢᠯᠳᠡ ᠳᠤ ᠬᠠᠨᠳᠤᠵᠤ᠂ ᠢᠳᠡᠭᠡᠯ ᠵᠤᠷᠢᠭ ᠢᠶᠠᠨ ᠤᠯᠠᠮ ᠢᠯᠡᠭᠦᠦ ᠴᠢᠩᠭᠠᠳᠬᠠᠨ ᠪᠠᠳᠤᠳᠬᠠᠬᠤ ᠬᠡᠷᠡᠭᠳᠠᠢ᠃ | ᠶᠡᠷᠦᠩᠬᠡᠶᠢᠯᠡᠨ ᠦᠵᠡᠪᠡᠯ᠂ ᠮᠠᠨ ᠤ ᠤᠯᠤᠰ ᠤᠨ ᠠᠵᠤ ᠠᠬᠤᠢ ᠶᠢᠨ ᠤᠷᠳᠤ ᠬᠤᠭᠤᠴᠠᠭ᠎ᠠ ᠪᠠᠷ ᠰᠠᠶᠢᠵᠢᠷᠠᠬᠤ | ᠦᠨᠳᠦᠰᠦᠨ ᠪᠠᠶᠢᠳᠠᠯ ᠬᠤᠪᠢᠷᠠᠭᠰᠠᠨ ᠦᠭᠡᠢ᠂ ᠬᠢᠵᠢᠭ ᠤᠨ ᠪᠠᠶᠢᠳᠠᠯ ᠤᠨ ᠳᠠᠭᠠᠷᠢᠯᠳᠠ ᠪᠤᠯ ᠲᠦᠷ ᠴᠠᠭ ᠤᠨ ᠬᠢ᠂ | ᠶᠡᠷᠦᠩᠬᠡᠢ ᠳᠡᠭᠡᠨ ᠡᠵᠡᠮᠳᠡᠵᠤ ᠲᠡᠶᠢᠯᠬᠦ ᠶᠤᠮ ᠭᠡᠵᠤ ᠵᠢᠭᠠᠵᠤ ᠭᠠᠷᠭᠠᠵᠠᠢ᠃ ᠰᠢ ᠶᠢᠨ ᠫᠢᠩ ᠡᠮᠬᠢ ᠵᠢᠷᠤᠮ ᠲᠠᠢ ᠪᠠᠷ | ᠠᠵᠢᠯ ᠢᠶᠠᠨ ᠰᠡᠷᠭᠦᠭᠡᠵᠤ ᠦᠢᠯᠡᠳᠪᠦᠷᠢᠯᠡᠯ ᠢᠶᠠᠨ ᠰᠡᠷᠭᠦᠭᠡᠬᠦ ᠲᠤᠬᠠᠢ 8 ᠲᠠᠯ᠎ᠠ ᠶᠢᠨ ᠱᠠᠭᠠᠷᠳᠠᠯᠭ᠎ᠠ ᠳᠤᠷᠠᠳᠴᠠᠢ᠃ | ᠨᠢᠭᠡᠳᠦᠭᠡᠷ ᠲᠤ᠂ ᠭᠠᠵᠠᠷ ᠤᠷᠤᠨ ᠬᠤᠪᠢᠶᠠᠨ ᠳᠡᠰ ᠲᠦᠷᠦᠯ ᠬᠤᠪᠢᠶᠠᠵᠤ ᠤᠨᠤᠴᠠᠳᠠᠢ ᠪᠠᠷ ᠠᠵᠢᠯ ᠢᠶᠠᠨ ᠰᠡᠷᠭᠦᠭᠡᠵᠤ | ᠦᠢᠯᠡᠳᠪᠦᠷᠢᠯᠡᠯ ᠢᠶᠠᠨ ᠰᠡᠷᠭᠦᠭᠡᠬᠦ ᠶᠢ ᠨᠠᠶᠢᠳᠠᠪᠤᠷᠢᠵᠢᠭᠤᠯᠬᠤ ᠬᠡᠷᠡᠭᠳᠠᠢ᠃ ᠠᠶᠤᠯ ᠲᠦᠭᠰᠢᠭᠦᠷᠢ ᠪᠠᠷ ᠪᠠᠭ᠎ᠠ ᠭᠠᠵᠠᠷ | ᠤᠷᠤᠨ ᠤ ᠬᠢᠨ ᠰᠡᠷᠭᠡᠶᠢᠯᠡᠨ ᠡᠵᠡᠮᠳᠡᠬᠦ ᠠᠷᠭ᠎ᠠ ᠪᠤᠳᠤᠯᠭ᠎ᠠ ᠪᠠᠨ ᠳᠠᠷᠤᠢ ᠲᠦᠷᠭᠡᠨ ᠭᠠᠳᠠᠨ᠎ᠠ ᠠᠴᠠ ᠤᠷᠤᠵᠤ | ᠢᠷᠡᠬᠦ ᠶᠢ ᠰᠡᠷᠭᠡᠶᠢᠯᠡᠬᠦ ᠪᠤᠯᠭᠠᠨ ᠬᠤᠪᠢᠷᠠᠭᠤᠯᠤᠨ᠂ ᠦᠢᠯᠡᠳᠪᠦᠷᠢᠯᠡᠯ ᠠᠮᠢᠳᠤᠷᠠᠯ ᠤᠨ ᠡᠮᠬᠢ ᠲᠢᠭᠯᠢᠮ ᠢ ᠪᠦᠬᠦ | ᠲᠠᠯ᠎ᠠ ᠪᠠᠷ ᠰᠡᠷᠭᠦᠭᠡᠵᠤ᠂ ᠳᠤᠮᠳᠠ ᠵᠡᠷᠭᠡ ᠶᠢᠨ ᠠᠶᠤᠯ ᠲᠦᠭᠰᠢᠭᠦᠷᠢ ᠲᠠᠢ ᠭᠠᠵᠠᠷ ᠤᠷᠤᠨ ᠤ ᠬᠢᠨ ᠰᠡᠷᠭᠡᠶᠢᠯᠡᠨ | ᠡᠵᠡᠮᠳᠡᠬᠦ ᠪᠠᠶᠢᠳᠠᠯ ᠢᠶᠠᠨ ᠦᠨᠳᠦᠰᠦᠯᠡᠨ ᠡᠮᠬᠢ ᠵᠢᠷᠤᠮ ᠲᠠᠢ ᠪᠠᠷ ᠠᠵᠢᠯ ᠢᠶᠠᠨ ᠰᠡᠷᠭᠦᠭᠡᠨ ᠦᠢᠯᠡᠳᠪᠦᠷᠢᠯᠡᠯ ᠢᠶᠠᠨ | ᠰᠡᠷᠭᠦᠭᠡᠵᠤ᠂ ᠠᠶᠤᠯ ᠲᠦᠭᠰᠢᠭᠦᠷᠢ ᠶᠡᠬᠡᠲᠠᠢ ᠭᠠᠵᠠᠷ ᠤᠷᠤᠨ ᠤ ᠬᠢᠨ ᠦᠷᠭᠦᠯᠵᠢᠯᠡᠨ ᠬᠦᠴᠦ ᠪᠠᠨ ᠲᠦᠪᠯᠡᠷᠡᠭᠦᠯᠦᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠤᠷ ᠠᠳᠬᠤᠬᠤ ᠬᠡᠷᠡᠭᠳᠠᠢ᠃ ᠬᠤᠶᠠᠳᠤᠭᠠᠷ ᠲᠤ᠂ | ᠬᠤᠷᠸ᠎ᠠ ᠲᠦᠷᠦ ᠶᠢᠨ ᠪᠤᠳᠤᠯᠭ᠎ᠠ ᠪᠠᠷ ᠵᠤᠬᠢᠴᠠᠭᠤᠯᠤᠨ ᠳᠤᠬᠢᠷᠠᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠳᠠᠢ᠃ | ᠢᠳᠡᠪᠬᠢᠳᠠᠢ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢᠨ ᠦᠢᠯᠡᠳᠦᠯ ᠢ ᠨᠡᠩ ᠢᠳᠡᠪᠬᠢᠳᠠᠢ ᠪᠠᠳᠠᠷᠠᠭᠤᠯᠵᠤ᠂ | ᠱᠠᠳᠤᠴᠢ ᠴᠢᠨᠠᠷᠳᠠᠢ ᠬᠠᠨᠳᠤᠯᠭᠠᠳᠤ ᠴᠢᠨᠠᠷᠳᠠᠢ ᠪᠠᠷ ᠭᠠᠶᠢᠯᠢ ᠶᠢ ᠬᠦᠩᠬᠡᠷᠡᠬᠦᠯᠤᠨ ᠰᠦᠢᠳᠭᠡᠯ ᠢ ᠪᠠᠭᠤᠷᠠᠭᠤᠯᠬᠤ | ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠰᠤᠳᠤᠯᠤᠨ ᠲᠤᠭᠳᠠᠭᠠᠵᠤ᠂ ᠳᠤᠮᠳᠠ ᠪᠠᠭ᠎ᠠ ᠵᠢᠵᠢᠭ ᠠᠵᠤ ᠠᠬᠤᠢᠢᠯᠠᠯ ᠢ | ᠬᠠᠪᠰᠤᠷᠤᠨ ᠬᠦᠴᠢᠷ ᠢ ᠲᠤᠭᠤᠯᠬᠤ ᠬᠡᠷᠡᠭᠳᠠᠢ᠃ ᠯᠠᠪᠳᠠᠭᠤᠨ ᠵᠤᠭᠤᠰᠤᠨ ᠤ ᠲᠦᠷᠦ ᠶᠢᠨ ᠪᠤᠳᠤᠯᠭ᠎ᠠ ᠶᠢᠨ | ᠠᠮᠢᠳᠤᠯᠢᠭ ᠲᠤᠬᠢᠷᠠᠮᠵᠢᠳᠠᠢ ᠴᠢᠨᠠᠷ ᠢ ᠨᠡᠩ ᠴᠢᠬᠤᠯᠠᠴᠢᠯᠠᠵᠤ᠂ ᠤᠳᠤᠬᠠᠨ ᠳᠤ ᠪᠠᠶᠢᠭ᠎ᠠ ᠮᠦᠩᠭᠦᠨ ᠭᠦᠢᠯᠭᠡᠭᠡᠨ ᠤ | ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠰᠠᠶᠢᠳᠤᠷ ᠠᠰᠢᠡᠡᠯᠠᠨ᠂ ᠰᠢᠨ᠎ᠠ ᠲᠦᠷᠦ ᠶᠢᠨ ᠪᠤᠳᠤᠯᠭ᠎ᠠ ᠠᠷᠭ᠎ᠠ | ᠬᠡᠮᠵᠢᠶ᠎ᠠ ᠶᠢ ᠵᠤᠬᠢᠰᠳᠠᠢ ᠦᠶ᠎ᠠ ᠳᠤ ᠲᠤᠭᠳᠠᠭᠠᠨ ᠨᠡᠶᠢᠳᠡᠯᠡᠬᠦ ᠬᠡᠷᠡᠭᠳᠠᠢ᠃ ᠭᠤᠷᠪᠠᠳᠤᠭᠠᠷ ᠲᠤ᠂ ᠠᠵᠢᠯ | ᠤᠯᠭᠤᠯᠳᠠ ᠶᠢ ᠳᠤᠭᠳᠠᠪᠤᠷᠢᠵᠢᠭᠤᠯᠬᠤ ᠠᠷᠭ᠎ᠠ ᠬᠡᠮᠵᠢᠶ᠎ᠠ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠳᠠᠢ᠃ | ᠳᠠᠷᠤᠭᠠᠰᠤ ᠶᠢ ᠬᠦᠩᠬᠡᠷᠡᠭᠦᠯᠬᠦ᠂ ᠠᠵᠢᠯ ᠤᠨ ᠪᠠᠶᠢᠷᠢ ᠶᠢ ᠲᠤᠭᠳᠠᠪᠤᠷᠢᠵᠢᠭᠤᠯᠬᠤ᠂ ᠠᠵᠢᠯ ᠤᠯᠭᠤᠯᠳᠠ ᠶᠢ | ᠦᠷᠭᠡᠳᠭᠡᠬᠦ ᠶᠢ ᠵᠡᠷᠭᠡ ᠪᠠᠷ ᠠᠳᠬᠤᠨ᠂ ᠬᠡᠰᠡᠭ ᠠᠵᠤ ᠠᠬᠤᠢᠢᠯᠠᠯ ᠤᠨ ᠬᠦᠳᠡᠯᠮᠦᠷᠢ ᠬᠦᠴᠦ ᠬᠦᠨᠳᠤ ᠨᠤᠴᠢᠳᠠᠢ | ᠲᠤᠳᠠᠭᠳᠠᠵᠤ ᠪᠠᠶᠢᠭ᠎ᠠ᠂ ᠠᠵᠢᠯ ᠤᠨ ᠪᠠᠶᠢᠷᠢ ᠶᠢ ᠲᠤᠭᠳᠠᠪᠤᠷᠢᠵᠢᠭᠤᠯᠬᠤ ᠳᠠᠷᠤᠭᠠᠰᠤ ᠶᠡᠭᠡ ᠪᠠᠶᠢᠭ᠎ᠠ ᠪᠠ | ᠭᠤᠤᠯᠳᠠᠯᠭ᠎ᠠ ᠲᠠᠢ ᠬᠦᠮᠦᠰ ᠠᠵᠢᠯ ᠤᠯᠬᠤ ᠳᠤ ᠬᠦᠴᠢᠷ ᠪᠠᠶᠢᠭ᠎ᠠ ᠵᠡᠷᠭᠡ ᠳᠤᠪᠤᠶᠢᠮ᠎ᠠ ᠵᠦᠷᠢᠴᠡᠯ ᠳᠤ ᠴᠢᠭᠯᠡᠬᠦᠯᠵᠤ᠂ | ᠤᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠤᠯᠭᠤᠬᠤ ᠶᠢ ᠳᠡᠮᠵᠢᠵᠤ᠂ ᠶᠡᠭᠡ ᠳᠡᠭᠡᠳᠤ ᠰᠤᠷᠭᠠᠭᠤᠯᠢ ᠶᠢᠨ | ᠲᠡᠭᠦᠰᠬᠦ ᠤᠶᠤᠳᠠᠳ ᠲᠤ ᠠᠵᠢᠯ ᠤᠯᠭᠤᠬᠤ ᠠᠵᠢᠯ ᠢ ᠰᠠᠶᠢᠳᠤᠷ ᠬᠢᠬᠦ ᠬᠡᠷᠡᠭᠳᠠᠢ᠃ ᠳᠦᠷᠪᠡᠳᠦᠭᠡᠷ ᠲᠤ᠂ | ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠡᠭᠦᠷᠭᠡ ᠶᠢ ᠡᠷᠡᠰ ᠪᠡᠶᠡᠯᠡᠭᠦᠯᠬᠦ ᠬᠡᠷᠡᠭᠳᠠᠢ᠃ ᠬᠢᠵᠢᠭ ᠤᠨ | ᠪᠠᠶᠢᠳᠠᠯ ᠠᠴᠠ ᠪᠤᠯᠤᠭᠰᠠᠨ ᠨᠦᠯᠦᠭᠡ ᠶᠢ ᠴᠢᠷᠮᠠᠶᠢᠨ ᠢᠯᠠᠨ ᠳᠠᠪᠠᠵᠤ᠂ ᠪᠤᠭᠤᠮᠳᠠ ᠰᠢᠪᠳᠤᠯᠬᠤ ᠠᠵᠢᠯ ᠤᠨ | ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠨ᠂ ᠶᠠᠳᠠᠭᠤ ᠬᠦᠴᠢᠷᠳᠡᠯᠳᠠᠢ ᠬᠦᠳᠡᠯᠮᠦᠷᠢ ᠬᠦᠴᠦᠨ ᠤ ᠡᠮᠬᠢ | ᠵᠢᠷᠤᠮ ᠲᠠᠢ ᠪᠠᠷ ᠠᠵᠢᠯ ᠤᠨ ᠪᠠᠶᠢᠷᠢ ᠳᠠᠭᠠᠨ ᠪᠤᠴᠠᠬᠤ ᠳᠤ ᠬᠠᠪᠰᠤᠷᠤᠯᠭ᠎ᠠ ᠦᠵᠡᠭᠦᠯᠵᠤ᠂ ᠶᠠᠳᠠᠭᠤ ᠶᠢ ᠳᠡᠳᠭᠦᠬᠦ | ᠳᠠᠭᠠᠭᠤᠯᠤᠭᠴᠢ ᠠᠵᠤ ᠠᠬᠤᠢᠢᠯᠠᠯ᠂ ᠶᠠᠳᠠᠭᠤ ᠶᠢ ᠳᠡᠳᠭᠦᠬᠦ ᠦᠢᠯᠡᠳᠪᠦᠷᠢᠯᠡᠯ ᠤᠨ ᠲᠠᠰᠤᠭ ᠤᠨ ᠡᠷᠳᠡᠬᠡᠨ | ᠠᠵᠢᠯ ᠢᠶᠠᠨ ᠰᠡᠷᠭᠦᠭᠡᠬᠦ ᠶᠢ ᠳᠡᠮᠵᠢᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠲᠤᠭᠳᠠᠴᠠ ᠶᠢ ᠱᠠᠯᠠᠪᠳᠠᠨ | ᠪᠠᠶᠢᠭᠤᠯᠬᠤ ᠬᠡᠷᠡᠭᠳᠠᠢ᠃ ᠲᠠᠪᠤᠳᠤᠭᠠᠷ ᠲᠤ᠂ ᠠᠵᠤ ᠠᠬᠤᠢᠢᠯᠠᠯ ᠤᠨ ᠠᠵᠢᠯ ᠢᠶᠠᠨ ᠰᠡᠷᠭᠦᠭᠡᠵᠤ ᠦᠢᠯᠡᠳᠪᠦᠷᠢᠯᠡᠯ ᠢᠶᠠᠨ | ᠰᠡᠷᠭᠦᠭᠡᠬᠦ ᠶᠢ ᠠᠬᠢᠭᠤᠯᠬᠤ ᠬᠡᠷᠡᠭᠳᠠᠢ᠃ ᠭᠠᠵᠠᠷ ᠤᠷᠤᠨ ᠬᠤᠪᠢᠶᠠᠨ ᠳᠡᠰ ᠲᠦᠷᠦᠯ ᠬᠤᠪᠢᠶᠠᠵᠤ ᠤᠨᠤᠴᠠᠳᠠᠢ ᠪᠠᠷ | ᠰᠡᠷᠭᠡᠶᠢᠯᠡᠨ ᠡᠵᠡᠮᠳᠡᠬᠦ ᠠᠷᠭ᠎ᠠ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠬᠦᠮᠦᠨ ᠤ ᠤᠷᠤᠰᠬᠠᠯ᠂ ᠪᠤᠳᠠᠰ ᠤᠨ | ᠭᠦᠢᠯᠭᠡᠭᠡ ᠶᠢᠨ ᠲᠦᠭᠵᠢᠷᠡᠯ ᠢ ᠠᠷᠢᠯᠭᠠᠨ᠂ ᠪᠠᠷᠠᠭᠠᠨ ᠤ ᠲᠡᠭᠡᠭᠡᠪᠦᠷᠢ ᠶᠢᠨ ᠭᠦᠢᠯᠭᠡᠭᠡ ᠶᠢᠨ ᠬᠢᠵᠠᠭᠠᠷᠯᠠᠯ ᠢ | ᠦᠭᠡᠶᠢᠰᠭᠡᠵᠤ᠂ ᠠᠵᠤ ᠦᠢᠯᠡᠰ ᠤᠨ ᠬᠡᠯᠬᠢᠶ᠎ᠠ ᠶᠢᠨ ᠡᠯ᠎ᠠ ᠭᠤᠭᠴᠤᠭᠠᠨ ᠤ ᠬᠢᠨ ᠬᠠᠮᠵᠢᠯᠴᠠᠨ ᠵᠤᠬᠢᠴᠠᠯᠳᠤᠵᠤ | ᠪᠠᠶᠢᠭᠠᠳ ᠠᠵᠢᠯ ᠢᠶᠠᠨ ᠰᠡᠷᠭᠦᠭᠡᠵᠤ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠬᠤ ᠬᠡᠷᠡᠭᠳᠠᠢ᠃ ᠤᠯᠤᠰ ᠤᠨ | ᠳᠤᠳᠤᠭᠠᠳᠤ ᠶᠢᠨ ᠪᠦᠲᠦᠮᠵᠢᠳᠠᠢ ᠬᠡᠷᠡᠭᠴᠡᠭᠡ ᠶᠢ ᠢᠳᠡᠪᠬᠢᠳᠠᠢ ᠪᠠᠷ ᠦᠷᠭᠡᠳᠭᠡᠵᠤ᠂ ᠪᠦᠲᠦᠭᠡᠨ ᠪᠠᠶᠢᠭᠤᠯᠵᠤ ᠪᠠᠶᠢᠭ᠎ᠠ | ᠪᠤᠯᠤᠨ ᠰᠢᠨ᠎ᠠ ᠪᠠᠷ ᠪᠠᠷᠢᠯᠭ᠎ᠠ ᠡᠬᠢᠯᠡᠭᠦᠯᠵᠤ ᠪᠠᠶᠢᠭ᠎ᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢᠨ | ᠠᠬᠢᠴᠠ ᠶᠢ ᠲᠦᠷᠭᠡᠳᠭᠡᠨ᠂ ᠬᠦᠳᠡᠯᠮᠦᠷᠢ ᠬᠦᠴᠦ᠂ ᠬᠡᠷᠡᠭᠰᠡᠬᠦ ᠭᠠᠵᠠᠷ᠂ ᠪᠡᠯᠡ ᠮᠦᠩᠭᠦ ᠵᠡᠷᠭᠡ ᠬᠦᠴᠦᠨ ᠵᠦᠢᠯ ᠤᠨ | ᠪᠠᠳᠤᠯᠠᠭ᠎ᠠ ᠶᠢ ᠴᠢᠩᠭᠠᠳᠬᠠᠬᠤ ᠬᠡᠷᠡᠭᠳᠠᠢ᠃ ᠵᠢᠷᠭᠤᠳᠤᠭᠠᠷ ᠲᠤ᠂ ᠴᠠᠭ ᠢ ᠠᠮᠵᠢᠨ ᠬᠠᠪᠤᠷ ᠤᠨ ᠤᠯᠠᠷᠢᠯ ᠤᠨ | ᠲᠠᠷᠢᠶᠠᠯᠠᠩ ᠦᠢᠯᠡᠳᠪᠦᠷᠢᠯᠡᠯ ᠢ ᠰᠠᠶᠢᠳᠤᠷ ᠠᠳᠬᠤᠬᠤ ᠬᠡᠷᠡᠭᠳᠠᠢ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ | ᠠᠵᠢᠯ ᠢ ᠨᠦᠯᠦᠭᠡᠯᠡᠬᠦ ᠳᠤᠪᠤᠶᠢᠮ᠎ᠠ ᠠᠰᠠᠭᠤᠳᠠᠯ ᠢ ᠱᠠᠯᠠᠪᠳᠠᠨ ᠰᠢᠢᠳᠪᠦᠷᠢᠯᠡᠵᠤ᠂ ᠲᠠᠷᠢᠶᠠᠯᠠᠩ ᠤᠨ ᠮᠠᠲ᠋ᠧᠷᠢᠶᠠᠯ ᠤᠨ | ᠦᠢᠯᠡᠳᠪᠦᠷᠢᠯᠡᠯ᠂ ᠭᠦᠢᠯᠭᠡᠭᠡ ᠪᠠ ᠬᠠᠩᠭᠠᠯᠭ᠎ᠠ ᠶᠢ ᠰᠠᠶᠢᠳᠤᠷ ᠵᠤᠬᠢᠶᠠᠨ ᠪᠠᠶᠢᠭᠤᠯᠵᠤ᠂ ᠲᠠᠷᠢᠶᠠᠯᠠᠩ | ᠦᠢᠯᠡᠳᠪᠤᠷᠢᠯᠡᠯ ᠤᠨ ᠴᠠᠭ ᠤᠯᠠᠷᠢᠯ ᠢᠶᠠᠨ ᠠᠯᠳᠠᠬᠤ ᠦᠭᠡᠢ ᠪᠠᠶᠢᠬᠤ ᠶᠢ ᠦᠨᠡᠨ ᠬᠦ ᠪᠠᠳᠤᠯᠠᠬᠤ ᠬᠡᠷᠡᠭᠳᠠᠢ᠃ | ᠳᠤᠯᠤᠳᠤᠭᠠᠷ ᠲᠤ᠂ ᠠᠷᠠᠳ ᠤᠨ ᠦᠨᠳᠦᠰᠦᠨ ᠠᠮᠢᠳᠤᠷᠠᠯ ᠢ ᠦᠨᠡᠨ ᠬᠦ ᠪᠠᠳᠤᠯᠠᠬᠤ ᠬᠡᠷᠡᠭᠳᠠᠢ᠃ ᠭᠤᠤᠯ ᠢᠳᠡᠭᠡᠨ | ᠪᠠ ᠬᠤᠯᠢᠰᠢᠨ ᠢᠳᠡᠭᠡᠨ ᠤ ᠬᠠᠩᠭᠠᠯᠭ᠎ᠠ ᠶᠢ ᠪᠠᠳᠤᠯᠠᠵᠤ᠂ ᠶᠠᠳᠠᠭᠤ ᠬᠦᠴᠢᠷᠳᠡᠯᠲᠠᠢ ᠤᠯᠠᠨ ᠲᠦᠮᠡᠨ ᠤ ᠨᠠᠭᠠᠳᠤ | ᠵᠠᠬ᠎ᠠ ᠶᠢᠨ ᠠᠮᠢᠳᠤᠷᠠᠯ ᠢ ᠪᠠᠳᠤᠯᠠᠬᠤ ᠪᠠᠨ ᠴᠢᠩᠭᠠᠳᠬᠠᠨ᠂ ᠡᠪᠡᠳᠴᠢᠳᠡᠨ ᠤ ᠭᠡᠷ ᠪᠦᠯᠢ ᠤᠨᠴᠠᠭᠠᠢᠢᠯᠠᠨ ᠨᠠᠰᠤ | ᠪᠠᠷᠠᠭᠰᠠᠨ ᠬᠦᠮᠦᠨ ᠲᠠᠢ ᠭᠡᠷ ᠪᠦᠯᠢ ᠶᠢᠨ ᠬᠢᠨ ᠢ ᠭᠤᠤᠯᠳᠠᠯᠭ᠎ᠠ ᠲᠠᠢ ᠪᠠᠷ ᠬᠠᠷᠠᠭᠠᠯᠵᠠᠬᠤ ᠬᠡᠷᠡᠭᠳᠠᠢ᠃ ᠪᠤᠰᠤᠳ | ᠡᠪᠡᠳᠴᠢᠳᠡᠨ ᠢ ᠡᠮᠨᠡᠨ ᠠᠪᠤᠷᠠᠬᠤ ᠠᠵᠢᠯ ᠢ ᠨᠢᠭᠡᠳᠦᠯᠳᠠᠢ ᠲᠦᠯᠦᠪᠵᠢᠭᠦᠯᠦᠨ ᠰᠠᠶᠢᠳᠤᠷ ᠬᠢᠬᠦ ᠬᠡᠷᠡᠭᠳᠠᠢ᠃ | ᠨᠠᠢᠮᠠᠳᠤᠭᠠᠷ ᠲᠤ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠰᠠᠭᠤᠷᠢ ᠶᠢ ᠲᠤᠭᠳᠠᠪᠤᠷᠢᠵᠢᠭᠤᠯᠬᠤ ᠬᠡᠷᠡᠭᠳᠠᠢ᠃ | ᠭᠠᠳᠠᠭᠠᠳᠤ ᠭᠠᠷᠭᠠᠯᠳᠠ ᠶᠢᠨ ᠭᠠᠶᠢᠯᠢ ᠶᠢ ᠪᠤᠴᠠᠭᠠᠬᠤ᠂ ᠭᠠᠳᠠᠭᠠᠳᠤ ᠭᠠᠷᠭᠠᠯᠳᠠ ᠶᠢᠨ ᠢᠳᠡᠭᠡᠮᠵᠢᠳᠤ ᠳᠠᠭᠠᠳᠬᠠᠯ | ᠵᠡᠷᠭᠡ ᠲᠤᠭᠳᠠᠭᠠᠯ ᠳᠤ ᠨᠡᠶᠢᠴᠡᠬᠦ ᠭᠠᠳᠠᠭᠠᠳᠤ ᠠᠷᠠᠯᠵᠢᠶᠠᠨ ᠤ ᠲᠦᠷᠦ ᠶᠢᠨ ᠪᠤᠳᠤᠯᠭ᠎ᠠ ᠶᠢᠨ ᠬᠡᠷᠡᠭᠯᠡᠬᠦᠷ ᠢ ᠭᠦᠢᠴᠡᠳ | ᠰᠠᠶᠢᠳᠤᠷ ᠠᠰᠢᠡᠡᠯᠠᠵᠤ᠂ ᠭᠠᠳᠠᠭᠠᠳᠤ ᠠᠷᠠᠯᠵᠢᠶᠠᠨ ᠤ ᠠᠵᠤ ᠦᠢᠯᠡᠰ ᠤᠨ ᠬᠡᠯᠬᠢᠶ᠎ᠠ ᠪᠤᠯᠤᠨ ᠬᠠᠩᠭᠠᠯᠭ᠎ᠠ ᠶᠢᠨ | ᠬᠡᠯᠬᠢᠶ᠎ᠠ ᠶᠢᠨ ᠰᠠᠭᠠᠳ ᠦᠭᠡᠢ ᠡᠷᠭᠢᠯᠳᠡ ᠶᠢ ᠪᠠᠳᠤᠯᠠᠨ᠂ ᠴᠢᠬᠤᠯᠠ ᠶᠡᠭᠡ ᠭᠠᠳᠠᠭᠠᠳᠤ ᠪᠡᠯᠡ ᠶᠢᠨ ᠲᠦᠷᠦᠯ ᠵᠦᠢᠯ ᠢ | ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠵᠤ᠂ ᠮᠦᠩᠭᠦᠨ ᠭᠦᠢᠯᠭᠡᠭᠡᠨ ᠵᠡᠷᠭᠡ ᠦᠢᠯᠡᠴᠢᠯᠡᠭᠡᠨ ᠤ ᠦᠢᠯᠡᠰ ᠤᠨ | ᠭᠠᠳᠠᠭᠠᠳᠤ ᠨᠡᠬᠡᠬᠡᠯᠳᠡ ᠶᠢ ᠦᠷᠭᠡᠳᠭᠡᠨ᠂ ᠠᠷᠠᠯᠵᠢᠶ᠎ᠠ ᠡᠵᠡᠩᠨᠡᠬᠦ ᠤᠷᠴᠢᠨ ᠢ ᠦᠷᠭᠦᠯᠵᠢᠯᠡᠨ ᠰᠢᠯᠢᠳᠡᠭᠵᠢᠭᠦᠯᠵᠤ᠂ | ᠭᠠᠳᠠᠭᠠᠳᠤ ᠶᠢᠨ ᠠᠷᠠᠯᠵᠢᠶᠠᠴᠢᠨ ᠤ ᠤᠷᠳᠤ ᠬᠤᠭᠤᠴᠠᠭ᠎ᠠ ᠪᠠᠷ ᠪᠡᠯᠡ ᠤᠷᠤᠭᠤᠯᠤᠨ ᠡᠵᠡᠩᠨᠡᠯᠳᠠ ᠬᠢᠬᠦ ᠢᠳᠡᠭᠡᠯ | ᠵᠤᠷᠢᠭ ᠢ ᠨᠢ ᠪᠠᠳᠤᠳᠬᠠᠬᠤ ᠬᠡᠷᠡᠭᠳᠠᠢ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ ᠲᠠᠶᠢᠨ᠂ | ᠶᠡᠷᠤᠩᠭᠡᠢ ᠲᠠᠶᠢᠯᠠᠯᠳᠤᠭᠠᠨ᠂ ᠬᠤᠷᠢᠬᠯᠠᠯᠳᠠ ᠶᠢᠨ ᠲᠠᠶᠢᠯᠠᠯᠳᠤᠭᠠᠨ ᠢ ᠰᠠᠶᠢᠳᠤᠷ ᠬᠢᠵᠤ ᠢᠯᠠᠯᠳᠠ ᠤᠯᠬᠤ ᠳᠤ ᠡᠷᠬᠡᠪᠰᠢ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠳᠠ ᠶᠢ ᠨᠢᠭᠡᠳᠦᠯᠳᠠᠢ | ᠲᠦᠯᠦᠪᠵᠢᠬᠦᠯᠤᠨ ᠠᠬᠢᠭᠤᠯᠬᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠭᠡᠷᠡᠭᠳᠠᠢ᠃ ᠡᠯ᠎ᠡ | ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠤᠳᠤᠷᠢᠳᠬᠤ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠭᠡᠨ᠂ | ᠢᠯᠠᠩᠭᠤᠶ᠎ᠡ ᠨᠠᠶᠢᠳᠠᠪᠤᠷᠢᠵᠢᠭᠤᠯᠤᠯᠳᠠ ᠶᠢ ᠠᠳᠬᠤᠬᠤ ᠲᠤᠰᠢᠶᠠᠯ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠭᠡᠵᠤ᠂ | ᠨᠠᠮ ᠤᠨ ᠲᠦᠪ ᠬᠤᠷᠢᠶᠠᠨ ᠤ ᠡᠯ᠎ᠡ ᠵᠦᠢᠯ ᠤᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠪᠤᠳᠠᠳᠠᠢ | ᠠᠳᠬᠤᠵᠤ ᠨᠠᠷᠢᠯᠢᠭ ᠠᠳᠬᠤᠨ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠠᠳᠬᠤᠬᠤ ᠭᠡᠷᠡᠭᠳᠠᠢ᠃ ᠡᠯ᠎ᠡ ᠱᠠᠳᠤᠨ ᠤ | ᠺᠠᠳ᠋ᠷ ᠢᠯᠠᠩᠭᠤᠶ᠎ᠡ ᠤᠳᠤᠷᠢᠳᠬᠤ ᠺᠠᠳ᠋ᠷᠴᠤᠳ ᠢᠯᠠᠯᠳᠠ ᠤᠯᠬᠤ ᠰᠡᠳᠬᠢᠯ᠂ ᠬᠠᠷᠢᠭᠤᠴᠠᠯᠭᠠᠳᠤ ᠰᠡᠳᠬᠢᠯ᠂ | ᠡᠨᠡᠷᠢᠩᠭᠦᠢ ᠰᠠᠳᠬᠢᠯ᠂ ᠪᠤᠯᠭᠤᠮᠵᠢᠯᠠᠬᠤ ᠰᠡᠳᠬᠢᠯ ᠢᠶᠠᠨ ᠵᠠᠪᠠᠯ ᠴᠢᠩᠭᠠᠳᠬᠠᠵᠤ᠂ ᠵᠤᠷᠢᠬᠳᠠᠢ ᠪᠠᠷ ᠭᠠᠪᠰᠢᠭᠠᠢᠢᠯᠠᠬᠴᠢ | ᠪᠤᠯᠵᠤ᠂ ᠵᠤᠷᠢᠬᠳᠠᠢ ᠪᠠᠷ ᠬᠤᠰᠢᠭᠤᠴᠢᠯᠠᠨ ᠪᠠᠶᠢᠯᠳᠤᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠬᠦᠷᠭᠡᠯᠡᠨ | ᠢᠳᠡᠪᠬᠢᠳᠠᠢ ᠪᠠᠷ ᠵᠢᠳᠬᠦᠯ ᠴᠢᠷᠮᠠᠶᠢᠯᠭ᠎ᠠ ᠭᠠᠷᠭᠠᠬᠤ ᠭᠡᠷᠡᠭᠳᠠᠢ᠃ ᠲᠠᠮᠠᠴᠡᠯ ᠤᠨ ᠡᠮᠦᠨ᠎ᠠ ᠹᠷᠤᠨᠲ ᠲᠤ ᠺᠠᠳ᠋ᠷᠴᠤᠳ ᠢ | ᠰᠢᠯᠭᠠᠨ ᠪᠠᠶᠢᠴᠠᠭᠠᠵᠤ ᠢᠯᠭᠠᠨ ᠲᠠᠨᠢᠵᠤ᠂ ᠢᠯᠡᠷᠡᠯ ᠲᠤᠪᠤᠶᠢᠮ᠎ᠡ ᠺᠠᠳ᠋ᠷᠴᠤᠳ ᠢ ᠶᠡᠭᠡ ᠪᠠᠷ ᠰᠠᠶᠢᠰᠢᠶᠠᠨ | ᠵᠤᠷᠢᠬᠳᠠᠢ ᠪᠠᠷ ᠭᠡᠷᠡᠭᠯᠡᠵᠤ᠂ ᠬᠠᠷᠢᠭᠤᠴᠠᠯᠭ᠎ᠠ ᠡᠬᠦᠷᠭᠡᠯᠡᠬᠦ ᠦᠭᠡᠢ ᠵᠢᠳᠬᠦᠯ ᠴᠢᠷᠮᠠᠶᠢᠯᠭ᠎ᠠ ᠭᠠᠷᠭᠠᠬᠤ ᠦᠭᠡᠢ᠂ | ᠬᠠᠷᠢᠭᠤᠴᠠᠯᠭ᠎ᠠ ᠠᠯᠳᠠᠵᠤ ᠲᠤᠰᠢᠶᠠᠯ ᠢᠶᠠᠨ ᠭᠤᠳᠤᠭᠠᠬᠰᠡᠳ ᠲᠤ ᠴᠢᠩᠭ᠎ᠠ ᠬᠠᠷᠢᠭᠤᠴᠠᠯᠭ᠎ᠠ ᠲᠤᠯᠭᠠᠵᠤ᠂ | ᠲᠠᠮᠠᠴᠡᠯ ᠤᠨ ᠡᠮᠤᠨ᠎ᠡ ᠹᠷᠤᠨᠲ ᠲᠤ ᠢᠯᠡᠷᠡᠯ ᠲᠤᠪᠤᠶᠢᠮ᠎ᠡ ᠲᠡᠷᠢᠬᠦᠨ ᠤ ᠬᠠᠮᠳᠤ ᠨᠢᠭᠡᠴᠢ ᠪᠤᠯᠤᠨ ᠬᠤᠪᠢ ᠬᠦᠮᠦᠨ ᠢ | ᠪᠠᠶᠢᠳᠠᠯ ᠢ ᠨᠢ ᠦᠨᠳᠤᠰᠤᠯᠠᠨ ᠲᠠᠪᠬᠤᠷᠭ᠎ᠠ ᠬᠤᠪᠢᠶᠠᠨ ᠲᠡᠰ ᠬᠤᠪᠢᠶᠠᠨ ᠬᠦᠬᠢᠬᠦᠯᠤᠨ ᠰᠠᠶᠢᠰᠢᠶᠠᠬᠤ ᠭᠡᠷᠡᠭᠳᠠᠢ᠃ | ᠦᠷᠭᠡᠨ ᠤᠯᠠᠨ ᠦᠨᠳᠤᠰᠤᠨ ᠱᠠᠳᠤᠨ ᠤ ᠺᠠᠳ᠋ᠷ ᠪᠤᠯᠤᠨ ᠦᠨᠳᠤᠰᠤᠨ ᠱᠠᠳᠤᠨ ᠳᠤ ᠬᠦᠨᠵᠡᠭᠡᠶᠢᠷᠡᠭᠰᠡᠨ ᠡᠯ᠎ᠡ | ᠱᠠᠳᠤᠨ ᠤ ᠺᠠᠳ᠋ᠷ᠂ ᠢᠯᠠᠩᠭᠤᠶ᠎ᠡ ᠬᠤᠪᠸᠢ᠂ ᠦᠬᠠᠨ ᠵᠡᠷᠭᠡ ᠬᠢᠵᠢᠭ ᠤᠨ ᠪᠠᠶᠢᠳᠠᠯ ᠬᠦᠨᠳᠤ ᠨᠤᠴᠢᠳᠠᠢ ᠭᠠᠵᠠᠷ | ᠤᠷᠤᠨ ᠤ ᠺᠠᠳ᠋ᠷ ᠤᠯᠠᠨ ᠲᠦᠮᠡᠨ ᠢ ᠬᠠᠯᠠᠮᠵᠢᠯᠠᠨ ᠬᠠᠶᠢᠷᠠᠯᠠᠵᠤ᠂ ᠲᠡᠳᠡᠨ ᠳᠤ ᠲᠤᠯᠭᠠᠷᠠᠬᠰᠡᠨ ᠪᠤᠳᠠᠳᠠᠢ ᠬᠦᠴᠢᠷᠳᠡᠯ | ᠪᠤᠯᠤᠨ ᠠᠰᠠᠭᠤᠳᠠᠯ ᠢ ᠨᠢ ᠴᠠᠭ ᠲᠤᠬᠠᠢ ᠳᠤᠨᠢ ᠬᠠᠪᠰᠤᠷᠤᠨ ᠰᠢᠢᠳᠪᠤᠷᠢᠯᠡᠵᠤ᠂ ᠬᠡᠯᠪᠡᠷᠢᠴᠢ ᠦᠵᠡᠯ ᠨᠤᠶᠠᠨᠴᠢ | ᠰᠤᠷᠳᠠᠯ ᠤᠨ ᠠᠷᠭ᠎ᠠ ᠬᠢᠳᠡᠯ ᠢ ᠡᠷᠡᠰ ᠵᠠᠯᠠᠷᠠᠭᠤᠯᠬᠤ ᠭᠡᠷᠡᠭᠳᠠᠢ᠃ ᠰᠡᠷᠭᠡᠶᠢᠯᠡᠨ ᠡᠵᠡᠮᠳᠡᠬᠦ ᠡᠬᠢ ᠪᠠᠶᠠᠯᠢᠭ ᠪᠤᠯᠤᠨ | ᠬᠦᠴᠤᠨ ᠴᠢᠳᠠᠯ ᠢ ᠲᠤᠷᠤᠬᠰᠢ ᠪᠠᠭᠤᠯᠭᠠᠬᠤ ᠶᠢ ᠠᠬᠢᠭᠤᠯᠵᠤ᠂ ᠨᠡᠶᠢᠭᠡᠮ ᠤᠨ ᠬᠦᠴᠤᠨ ᠢ ᠬᠦᠢᠴᠡᠳ ᠲᠠᠶᠢᠴᠢᠯᠠᠨ | ᠬᠠᠮᠳᠤ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠤᠷᠤᠯᠴᠠᠭᠤᠯᠬᠤ ᠭᠡᠷᠡᠭᠳᠠᠢ᠃ ᠡᠨᠡ ᠤᠳᠠᠭ᠎ᠠ ᠶᠢᠨ | ᠬᠢᠵᠢᠭ ᠤᠨ ᠪᠠᠶᠢᠳᠠᠯ ᠢ ᠠᠷᠭᠠᠴᠠᠭᠠᠬᠤ ᠲᠤᠮᠳᠠ ᠢᠯᠡᠷᠡᠭᠰᠡᠨ ᠢᠯᠡᠷᠬᠡᠢ ᠲᠤᠳᠠᠭᠤᠳᠠᠯ ᠳᠤ ᠴᠢᠭᠯᠡᠬᠦᠯᠵᠤ᠂ | ᠲᠤᠷᠰᠢᠯᠭ᠎ᠠ ᠪᠠᠨ ᠳ᠋ᠦᠡᠭᠨᠡᠨ ᠰᠤᠷᠭᠠᠮᠵᠢ ᠠᠪᠴᠤ᠂ ᠬᠡᠨᠡᠳᠳᠠ ᠶᠢᠨ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ | ᠬᠦᠨᠳᠤ ᠶᠡᠭᠡ ᠭᠡᠷᠡᠭ ᠢ ᠠᠷᠭᠠᠴᠠᠭᠠᠬᠤ ᠴᠢᠳᠠᠪᠤᠷᠢ ᠪᠠ ᠲᠦᠪᠰᠢᠨ ᠢᠶᠠᠨ ᠲᠡᠭᠡᠭᠰᠢᠯᠡᠬᠦᠯᠬᠦ ᠭᠡᠷᠡᠭᠳᠠᠢ ᠭᠡᠵᠤ ᠵᠢᠭᠠᠵᠤ | ᠭᠠᠷᠭᠠᠪᠠ᠃ | ᠯᠢ ᠺᠧ ᠴᠢᠶᠠᠩ ᠬᠤᠷᠠᠯ ᠢ ᠡᠷᠬᠢᠯᠡᠬᠦ ᠳᠡᠭᠡᠨ᠂ ᠶᠡᠷᠤᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠡ ᠨᠢ | ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ | ᠲᠠᠯ᠎ᠡ ᠪᠠᠷ ᠳ᠋ᠦᠡᠭᠨᠡᠨ᠂ ᠤᠳᠤᠬᠠᠨ ᠤ ᠬᠢᠵᠢᠭ ᠤᠨ ᠪᠠᠶᠢᠳᠠᠯ ᠤᠨ ᠬᠠᠨᠳᠤᠰᠢ ᠪᠤᠯᠤᠨ ᠠᠵᠤ ᠠᠬᠤᠢ ᠨᠡᠶᠢᠭᠡᠮ ᠤᠨ | ᠬᠦᠭᠵᠢᠯᠳᠠ ᠳᠤ ᠦᠵᠡᠬᠦᠯᠬᠦ ᠨᠦᠯᠦᠭᠡ ᠶᠢ ᠬᠦᠨᠵᠡᠭᠡᠢ ᠵᠠᠳᠠᠯᠵᠤ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠳᠠ ᠶᠢ ᠨᠢᠭᠡᠳᠦᠯᠳᠠᠢ | ᠲᠦᠯᠦᠪᠵᠢᠬᠦᠯᠤᠨ ᠠᠬᠢᠭᠤᠯᠬᠤ ᠠᠵᠢᠯ ᠤᠨ ᠭᠤᠤᠯᠳᠠᠯᠭ᠎ᠠ ᠲᠠᠢ ᠡᠬᠦᠷᠭᠡ ᠪᠤᠯᠤᠨ ᠴᠢᠬᠤᠯᠠ ᠶᠡᠭᠡ ᠠᠷᠭ᠎ᠠ | ᠬᠡᠮᠵᠢᠶ᠎ᠡ ᠶᠢ ᠲᠤᠷᠠᠳᠴᠤ᠂ ᠮᠠᠰᠢ ᠴᠢᠩᠭ᠎ᠠ ᠦᠵᠡᠯ ᠰᠠᠨᠠᠭᠠᠳᠤ ᠴᠢᠨᠠᠷ᠂ ᠵᠢᠯᠤᠭᠤᠳᠬᠤ ᠴᠢᠨᠠᠷ ᠪᠠ ᠴᠢᠭᠯᠡᠬᠦᠯᠤᠯᠳᠤ | ᠴᠢᠨᠠᠷ ᠲᠠᠢ ᠶᠤᠮ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠨᠠᠷᠢᠨ ᠬᠢᠨᠠᠮᠠᠭᠠᠢ ᠰᠤᠷᠤᠯᠴᠠᠨ | ᠤᠢᠢᠯᠠᠭᠠᠵᠤ᠂ ᠬᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠨᠦᠬᠦᠷ ᠢᠶᠠᠷ ᠭᠤᠤᠯ | ᠪᠤᠯᠭᠠᠬᠰᠡᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠡᠩ ᠨᠢᠬᠳᠠᠷᠠᠨ ᠪᠦᠯᠬᠦᠮᠳᠡᠵᠤ᠂ ᠢᠳᠡᠭᠡᠯ ᠵᠤᠷᠢᠭ ᠢᠶᠠᠨ | ᠪᠠᠳᠤᠳᠬᠠᠬᠤ᠂ ᠬᠦᠴᠢᠷ ᠪᠡᠷᠭᠡᠰᠢᠶᠠᠯ ᠢ ᠬᠠᠮᠳᠤ ᠪᠠᠷ ᠲᠤᠭᠤᠯᠬᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠬᠤ | ᠂ ᠤᠨᠤᠴᠠᠳᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ ᠶᠡᠷᠤᠩᠭᠡᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠠᠮ ᠤᠨ | ᠲᠦᠪ ᠬᠤᠷᠢᠶᠠᠨ ᠤ ᠡᠯ᠎ᠡ ᠵᠦᠢᠯ ᠤᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠪᠤᠳᠠᠳᠠᠢ ᠠᠳᠬᠤᠨ | ᠨᠠᠷᠢᠯᠢᠭ ᠠᠳᠬᠤᠵᠤ᠂ ᠬᠦᠴᠢᠷ ᠢ ᠰᠦᠷᠴᠦ ᠤᠷᠤᠬᠰᠢᠯᠠᠨ᠂ ᠡᠷᠡᠮᠡᠭᠡᠶᠢᠯᠡᠨ ᠲᠡᠮᠡᠴᠡᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠠᠵᠢᠯ ᠢ ᠨᠢᠭᠡᠳᠦᠯᠳᠠᠢ ᠲᠦᠯᠦᠪᠵᠢᠬᠦᠯᠤᠨ | ᠰᠠᠶᠢᠳᠤᠷ ᠬᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ ᠲᠠᠶᠢᠨ᠂ ᠶᠡᠷᠤᠩᠭᠡᠢ ᠲᠠᠶᠢᠯᠠᠯᠳᠤᠭᠠᠨ᠂ | ᠬᠤᠷᠢᠬᠯᠠᠯᠳᠠ ᠶᠢᠨ ᠲᠠᠶᠢᠯᠠᠯᠳᠤᠭᠠᠨ ᠤ ᠪᠦᠬᠦ ᠲᠠᠯ᠎ᠡ ᠶᠢᠨ ᠢᠯᠡᠯᠳᠠ ᠶᠢ ᠤᠯᠵᠤ᠂ ᠪᠦᠬᠦ ᠵᠢᠯ ᠤᠨ ᠠᠵᠤ ᠠᠬᠤᠢ | ᠨᠡᠶᠢᠭᠡᠮ ᠤᠨ ᠬᠦᠭᠵᠢᠯᠳᠠ ᠶᠢᠨ ᠬᠠᠷᠠᠯᠳᠠ ᠡᠬᠦᠷᠭᠡ ᠶᠢ ᠴᠢᠷᠮᠠᠶᠢᠨ ᠪᠠᠶᠠᠯᠡᠬᠦᠯᠵᠤ᠂ ᠴᠢᠨᠡᠭᠡᠯᠢᠭ ᠨᠡᠶᠢᠭᠡᠮ ᠢ ᠪᠦᠬᠦ | ᠲᠠᠯ᠎ᠡ ᠪᠠᠷ ᠪᠡᠶᠡᠯᠡᠬᠦᠯᠬᠦ ᠪᠠ ︽ᠠᠷᠪᠡᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠭᠡ ᠶᠢ ᠪᠠᠶᠠᠯᠡᠬᠦᠯᠬᠦ ᠶᠢ | ᠦᠨᠡᠨ ᠬᠦ ᠪᠠᠲᠤᠯᠠᠵᠤ᠂ ᠨᠠᠮ ᠪᠤᠯᠤᠨ ᠠᠷᠠᠳ ᠲᠦᠮᠡᠨ ᠳᠤ ᠬᠢᠷᠢ ᠲᠠᠩᠴᠡᠭᠰᠡᠨ ᠬᠠᠷᠢᠭᠤᠯᠳᠠ ᠶᠢᠨ ᠬᠠᠭᠤᠳᠠᠰᠤ | ᠲᠤᠰᠢᠶᠠᠬᠤ ᠭᠡᠷᠡᠭᠳᠠᠢ ᠭᠡᠵᠤ ᠢᠯᠡᠳᠭᠡᠪᠡ᠃ | ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠬᠡᠰᠢᠬᠦᠨ᠂ ᠲᠦᠪ ᠤᠨ ᠱᠦᠵᠢ ᠨᠠᠷ ᠤᠨ | ᠭᠠᠵᠠᠷ ᠤᠨ ᠱᠦᠵᠢ᠂ ᠲᠦᠷᠦ ᠶᠢᠨ ᠶᠠᠪᠤᠳᠠᠯ ᠤᠨ ᠭᠡᠰᠢᠬᠦᠳ ᠬᠤᠷᠠᠯ ᠳᠤ ᠤᠷᠤᠯᠴᠠᠵᠠᠢ᠃ | ᠲᠦᠪ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ | ᠠᠵᠢᠯ ᠤᠨ ᠤᠳᠤᠷᠢᠳᠬᠤ ᠲᠤᠭᠤᠢᠢᠯᠠᠩ ᠤᠨ ᠪᠦᠷᠢᠯᠳᠦᠬᠦᠨ᠂ ᠲᠦᠪ ᠤᠨ ᠬᠤᠪᠸᠢ ᠳᠤ ᠬᠦᠷᠴᠤ ᠵᠢᠭᠠᠨ | ᠵᠢᠯᠤᠭᠤᠳᠬᠤ ᠲᠤᠭᠤᠢᠢᠯᠠᠩ ᠤᠨ ᠬᠤᠯᠪᠤᠬᠳᠠᠯ ᠪᠦᠬᠦᠢ ᠨᠦᠬᠦᠳ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠨ᠎ᠡ | ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠬᠤᠯᠪᠤᠭᠠᠯᠠᠨ ᠰᠡᠷᠭᠡᠶᠢᠯᠡᠵᠤ | ᠬᠤᠯᠪᠤᠭᠠᠯᠠᠨ ᠡᠵᠡᠮᠳᠡᠬᠦ ᠲᠤᠬᠳᠠᠴᠠ ᠶᠢᠨ ᠡᠯ᠎ᠡ ᠪᠦᠷᠢᠯᠳᠦᠬᠦᠨ ᠨᠢᠭᠡᠴᠢ ᠶᠢᠨ ᠭᠤᠤᠯ ᠬᠠᠷᠢᠭᠤᠴᠠᠯᠭᠠᠳᠠᠨ ᠬᠤᠷᠠᠯ ᠳᠤ | ᠤᠷᠤᠯᠴᠠᠵᠠᠢ᠃ ᠬᠤᠷᠠᠯ ᠨᠢ ᠲᠧᠯᠸᠢᠰ ᠤᠳᠠᠰᠤ ᠬᠤᠷᠠᠯ ᠤᠨ ᠬᠡᠯᠪᠡᠷᠢ ᠪᠠᠷ ᠬᠤᠷᠠᠯᠳᠤᠵᠤ᠂ ᠡᠯ᠎ᠡ ᠮᠤᠵᠢ ᠦᠪᠡᠷᠳᠡᠭᠡᠨ | ᠵᠠᠰᠬᠠᠤ ᠤᠷᠤᠨ ᠰᠢᠭᠤᠳ ᠬᠠᠷᠢᠶ᠎ᠡ ᠬᠤᠳᠠ ᠪᠤᠯᠤᠨ ᠰᠢᠨᠵᠢᠶᠠᠩ ᠤᠨ ᠦᠢᠯᠡᠳᠪᠤᠷᠢᠯᠡᠯ ᠪᠦᠳᠦᠭᠡᠨ | ᠪᠠᠶᠢᠭᠤᠯᠤᠯᠳᠠ ᠶᠢᠨ ᠪᠢᠡᠭᠲ᠋ᠤᠸᠠᠨ ᠵᠢᠴᠢ ᠡᠯ᠎ᠡ ᠬᠤᠳᠠ ︵ᠲᠤᠰᠬᠠᠢ ᠤᠷᠤᠨ᠂ ᠵᠸᠤ᠂ ᠠᠶᠢᠮᠠᠭ︶᠂ ᠰᠢᠶᠠᠨ ︵ | ᠬᠤᠳᠠ᠂ ᠲᠤᠭᠤᠷᠢᠭ᠂ ᠬᠤᠰᠢᠭᠤ︶᠂ ᠲᠦᠪ ᠤᠨ ᠪᠠ ᠲᠦᠷᠦ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠦᠴᠢᠷ᠂ | ᠡᠯ᠎ᠡ ᠠᠷᠠᠳ ᠤᠨ ᠪᠦᠯᠬᠦᠮ᠂ ᠴᠢᠯᠦᠭᠡᠯᠡᠬᠦ ᠴᠡᠷᠢᠭ ᠪᠤᠯᠤᠨ ᠵᠠᠪᠰᠡᠭᠳᠤ ᠴᠠᠬᠳᠠᠭ᠎ᠠ ᠶᠢᠨ ᠴᠡᠷᠢᠭ ᠠᠩᠭᠢ ᠶᠢᠨ | ᠬᠤᠷᠢᠶᠠᠨ ᠤ ᠱᠠᠳᠤᠨ ᠠᠴᠠ ᠲᠡᠭᠡᠭᠰᠢᠬᠢ ᠨᠢᠭᠡᠴᠢ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠵᠠᠢ᠃ | |