ᠪᠥᠬᠦ ᠬᠤᠰᠢᠭᠤᠨ ᠤ ᠬᠠᠪᠤᠷ ᠤᠨ ᠤᠯᠠᠷᠢᠯ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠵᠢᠴᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠪᠠ ᠣᠷᠣᠰᠢᠨ ᠰᠠᠭᠤᠷᠢᠰᠢᠬᠤ ᠣᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-02-25
     2 ᠰᠠᠷ᠎ᠠ ᠶᠢᠨ 24 ᠤ ᠡᠳᠦᠷ᠂ ᠪᠥᠬᠦ ᠬᠤᠰᠢᠭᠤᠨ ᠤ ᠬᠠᠪᠤᠷ ᠤᠨ ᠤᠯᠠᠷᠢᠯ ᠤᠨ ᠬᠠᠯᠳᠠᠪᠤᠷᠢᠲᠤ ᠡᠪᠡᠳᠴᠢᠨ  ᠢ ᠰᠡᠷᠭᠡᠶᠢᠯᠡᠨ ᠵᠠᠰᠠᠬᠤ ᠵᠢᠴᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠪᠠ ᠣᠷᠣᠰᠢᠨ ᠰᠠᠭᠤᠷᠢᠰᠢᠬᠤ ᠣᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ᠂ ᠬᠤᠰᠢᠭᠤ ᠳᠡᠳ᠋ ᠳᠠᠷᠤᠭ᠎ᠠ ᠪᠠᠶᠠᠨᠴᠡᠩᠭᠡᠯ᠂ ᠪᠠᠶᠠᠨᠴᠢᠮᠡᠭ ᠵᠢᠴᠢ ᠬᠤᠰᠢᠭᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠶᠯᠡᠰ ᠤᠨ ᠨᠢᠭᠡᠴᠢ ᠶᠢᠨ ᠭᠤᠤᠯ ᠬᠠᠷᠢᠭᠤᠴᠠᠯᠭᠠᠲᠠᠨ ᠭᠤᠤᠯ ᠬᠤᠷᠠᠯ   ᠤᠨ ᠲᠠᠯᠠᠪᠠᠢ ᠶᠢᠨ ᠬᠤᠷᠠᠯ ᠳᠤ ᠣᠷᠣᠯᠴᠠᠵᠤ ᠡᠯ᠎ᠡ ᠰᠤᠮᠤ ᠪᠠᠯᠭᠠᠰᠤᠨ ᠤ ᠨᠠᠮ ᠵᠠᠰᠠᠭ ᠤᠨ ᠵᠢᠩᠬᠢᠨᠢ ᠲᠤᠰᠢᠶᠠᠯᠳᠠᠨ ᠪᠠ ᠬᠤᠪᠢᠶᠠᠷᠢᠯᠠᠨ ᠬᠠᠮᠢᠶᠠᠷᠬᠤ ᠬᠠᠷᠢᠭᠤᠴᠠᠯᠭᠠᠲᠠᠨ ᠵᠢᠴᠢ ᠬᠠᠮᠢᠶ᠎ᠠ ᠪᠥᠬᠦᠶ ᠠᠵᠢᠯᠲᠠᠨ᠂ ᠡᠯ᠎ᠡ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ︽ᠬᠤᠶᠠᠷ ᠵᠥᠪᠯᠡᠯ︾ ᠤᠨ ᠪᠠᠭ ᠤᠨ ᠪᠦᠷᠢᠯᠳᠦᠬᠦᠨ᠂ ᠭᠠᠴᠠᠭ᠎ᠠ ᠲᠤᠰᠬᠤᠨ ᠤ  ᠲᠦᠯᠦᠭᠡᠯᠡᠭᠴᠢ ᠲᠤᠰ ᠲᠤᠰ ᠬᠤᠪᠢᠶᠠᠷᠢ ᠬᠤᠷᠠᠯ ᠤᠨ ᠲᠠᠯᠠᠪᠠᠢ ᠶᠢᠨ ᠬᠤᠷᠠᠯ ᠳᠤ ᠤᠷᠤᠯᠴᠠᠪᠠ᠃
     ᠬᠤᠷᠠᠯ ᠲᠡᠭᠡᠷ᠎ᠡ ᠰᠠᠶᠢᠨ ᠲᠤᠷᠠᠴᠤᠳ ᠤᠨ ᠲᠥᠯᠥᠭᠡᠯᠡᠭᠴᠢ ᠠᠴᠠ ᠮᠠᠨ ᠤ ᠬᠤᠰᠢᠭᠤᠨ ᠤ ︽ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠵᠤ ᠦᠵᠡᠰᠬᠦᠯᠡᠩᠲᠦ ᠰᠠᠶᠢᠬᠠᠨ ᠦᠦᠰᠢᠨ ᠢ ᠪᠦᠲᠦᠭᠡᠨ ᠪᠠᠶᠢᠭᠤᠯᠤᠨ ᠲᠦᠮᠡᠨ ᠤᠯᠠᠨ ᠢᠶᠠᠷ ᠬᠦᠴᠦᠨ ᠨᠢᠭᠲᠠᠷᠠᠵᠤ ᠲᠦᠢᠳᠭᠡᠷ ᠬᠢᠵᠢᠭ ᠢ ᠰᠡᠷᠭᠡᠶᠢᠯᠡᠨ ᠠᠷᠢᠯᠭᠠᠬᠤ︾ ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠠᠶᠢᠳᠡᠯᠠᠪᠠ᠃ ᠪᠠᠶᠠᠨᠴᠡᠩᠭᠡᠯ ᠪᠦᠬᠦ ᠬᠤᠰᠢᠭᠤᠨ ᠤ ᠬᠠᠪᠤᠷ ᠤᠨ ᠤᠯᠠᠷᠢᠯ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠪᠣᠯᠤᠨ ᠣᠷᠣᠰᠢᠨ ᠰᠠᠭᠤᠷᠢᠰᠢᠬᠤ ᠣᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯ ᠳᠤ ᠪᠠᠶᠢᠷᠢᠯᠠᠭᠤᠯᠤᠯᠲᠠ ᠲᠤᠭᠢᠷᠠᠭᠤᠯᠤᠯᠳᠠ ᠬᠢᠵᠡᠶ᠃
     ᠵᠣᠣ ᠹᠸᠢ ᠯᠦ ᠵᠢᠭᠠᠵᠤ ᠭᠠᠷᠭᠠᠭᠰᠠᠨ ᠨᠢ᠂ ᠣᠳᠣᠬᠠᠨ ᠤ ᠬᠢᠵᠢᠭ ᠤᠨ ᠪᠠᠶᠢᠳᠠᠯ ᠤᠨ ᠳᠡᠯᠭᠡᠷᠡᠬᠦ ᠬᠠᠨᠳᠤᠰᠢ  ᠨᠢ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠲᠤᠤᠷ᠎ᠠ ᠨᠢᠭᠡᠨᠲᠡ ᠪᠥᠬᠦ ᠲᠠᠯ᠎ᠠ ᠪᠠᠷ ᠬᠤᠷᠢᠭᠯᠠᠭᠳᠠᠪᠠ᠃ ᠪᠦᠬᠦ ᠤᠯᠤᠰ ᠤᠨ ᠬᠤᠰᠢᠭᠤ ᠰᠢᠶᠠᠨ ᠤ ᠲᠡᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ᠂ ᠪᠦᠬᠦ ᠬᠤᠲᠠ ᠶᠢᠨ ᠥᠵᠡᠰᠭᠦᠯᠡᠩᠳᠤ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ᠂ ᠭᠤᠤᠯᠳᠠᠯᠭ᠎ᠠ ᠲᠠᠢ ᠣᠷᠣᠨ ᠪᠦᠰᠡ ᠶᠢᠨ ᠤᠷᠴᠢᠨ ᠲᠣᠭᠤᠷᠢᠨ ᠤ ᠡᠷᠦᠶ ᠬᠤᠷᠤᠶ ᠦᠭᠡᠶ ᠪᠠᠶᠢᠳᠠᠯ ᠢ ᠴᠡᠭᠴᠡᠯᠠᠨ ᠵᠠᠰᠠᠬᠤ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠲᠠᠢ ᠤᠶᠠᠯᠳᠤᠭᠤᠯᠤᠨ ᠬᠠᠪᠤᠷ ᠤᠨ ᠤᠯᠠᠷᠢᠯ  ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ᠂ ᠮᠠᠯ ᠲᠠᠷᠢᠶᠠᠯᠠᠩ ᠠᠵᠤ ᠠᠬᠤᠶ ᠶᠢᠨ ᠦᠶᠯᠡᠳᠪᠦᠷᠢᠯᠡᠯ ᠵᠡᠷᠭᠡ ᠮᠠᠯᠵᠢᠬᠤ ᠲᠠᠷᠢᠶᠠᠯᠠᠬᠤ ᠣᠷᠣᠨ ᠤ ᠭᠤᠤᠯᠳᠠᠯᠭ᠎ᠠ ᠲᠠᠢ ᠠᠵᠢᠯ ᠳᠤ ᠪᠦᠬᠦ ᠲᠠᠯ᠎ᠠ ᠶᠢᠨ ᠲᠠᠶᠢᠴᠢᠯᠠᠯᠳᠠ ᠭᠢᠵᠤ ᠲᠤᠳᠠᠭᠳᠠᠯ ᠢ ᠨᠥᠬᠦᠪᠥᠷᠢᠯᠡᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠠᠯᠠᠭᠦᠯᠭᠦ ᠵᠠᠩᠭᠢᠯᠠᠭ᠎ᠠ ᠶᠢᠨ ᠳᠠᠶᠢᠯᠠᠯᠳᠤᠭᠠᠨ  ᠢ ᠰᠠᠶᠢᠲᠤᠷ ᠬᠢᠬᠦ ᠬᠡᠷᠡᠭᠲᠡᠶ ᠭᠡᠵᠡᠢ᠃ ᠵᠣᠣ ᠹᠸᠢ ᠯᠦ ᠴᠢᠬᠤᠯᠠᠴᠢᠯᠠᠭᠰᠠᠨ ᠨᠢ᠂ ᠬᠥᠭᠵᠢᠯᠲᠡ ᠶᠢᠨ ᠰᠡᠳᠬᠢᠬᠦᠶ ᠶᠢ ᠪᠠᠲᠤ ᠪᠣᠶ ᠪᠤᠯᠭᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠠᠵᠤ ᠦᠶᠯᠡᠰ ᠤᠨ ᠬᠥᠭᠵᠢᠯᠲᠡ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠥᠭᠦᠭᠡᠷᠤᠮᠵᠢ ᠶᠢᠨ ᠪᠥᠲᠥᠭᠡᠨ ᠪᠠᠶᠢᠭᠤᠯᠤᠯᠲᠠ᠂ ᠦᠨᠳᠦᠰᠦᠨ ᠱᠠᠲᠤᠨ  ᠤ ᠨᠡᠶᠢᠭᠡᠮ ᠤᠨ ᠵᠠᠰᠠᠯᠲᠠ ᠶᠢ ᠲᠣᠪᠣᠶᠢᠮ᠎ᠠ ᠰᠠᠶᠢᠲᠤᠷ ᠠᠳᠬᠤᠬᠤ ᠬᠡᠷᠡᠭᠲᠡᠶ᠃ ᠲᠣᠰ ᠤᠳᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠶᠢᠯᠪᠤᠷᠢᠳᠠᠢ ᠴᠢᠩᠭ᠎ᠠ ᠠᠳᠬᠤᠨ ᠮᠠᠯᠴᠢᠨ ᠲᠠᠷᠢᠶᠠᠴᠢᠨ ᠤ ᠣᠷᠴᠢᠨ ᠲᠣᠭᠤᠷᠢᠨ ᠢᠶᠠᠨ ᠴᠡᠪᠡᠷᠯᠡᠬᠦ᠂ ᠬᠠᠰᠢᠶ᠎ᠠ ᠰᠠᠷᠠᠪᠴᠢ ᠪᠠᠨ ᠠᠷᠢᠭᠤᠳᠬᠠᠬᠤ᠂ ᠬᠤᠨᠢ ᠮᠠᠯ ᠳᠤ ᠪᠠᠨ ᠭᠢᠵᠢᠭ ᠤᠨ ᠲᠠᠷᠢᠯᠭ᠎ᠠ ᠲᠠᠷᠢᠬᠤ ᠠᠵᠢᠯ ᠢ ᠴᠢᠬᠤᠯᠠᠴᠢᠯᠠᠬᠤ ᠶᠢ ᠵᠢᠯᠤᠭᠤᠳᠤᠨ ᠭᠤᠷᠪᠠᠳᠤᠭᠠᠷ ᠠᠵᠤ ᠦᠢᠯᠡᠰ ᠤᠨ ᠦᠶᠯᠡᠴᠢᠯᠡᠭᠡᠨ  ᠤ ᠥᠢᠯᠡᠰ ᠤᠨ ᠡᠷᠦᠬᠡ ᠶᠢᠨ ᠠᠵᠢᠯ ᠢᠶᠠᠨ ᠡᠭᠢᠯᠠᠭᠦᠯᠭᠦ ᠠᠴᠠ ᠡᠮᠦᠨ᠎ᠡ ᠣᠷᠴᠢᠨ ᠲᠣᠭᠤᠷᠢᠨ ᠤ ᠡᠷᠡᠭᠦᠯ ᠬᠠᠮᠠᠭᠠᠯᠠᠯ  ᠤᠨ ᠶᠡᠭᠡ ᠴᠡᠪᠡᠷᠯᠡᠭᠡ ᠬᠢᠬᠦ ᠶᠢ ᠱᠠᠭᠠᠷᠳᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠴᠢᠨ ᠲᠣᠭᠤᠷᠢᠨ ᠢ ᠬᠠᠶᠢᠷᠠᠯᠠᠨ ᠬᠠᠮᠠᠭᠠᠯᠠᠬᠤ ᠳᠠᠳᠬᠠᠯ ᠢ ᠬᠦᠮᠦᠵᠢᠬᠦᠯᠵᠤ ᠪᠦᠬᠦ ᠠᠷᠠᠳ ᠤᠨ ᠡᠷᠡᠭᠦᠯ ᠮᠡᠨᠳᠦ ᠶᠢᠨ ᠦᠵᠡᠯ ᠤᠬᠠᠮᠰᠠᠷ ᠢ ᠨᠡᠮᠡᠭᠳᠡᠭᠦᠯᠬᠦ ᠬᠡᠷᠡᠭᠲᠡᠶ ᠭᠡᠵᠡᠢ᠃
     ᠵᠤᠤ ᠹᠸᠢ ᠯᠦ ᠴᠢᠬᠤᠯᠠᠴᠢᠯᠠᠭᠰᠠᠨ ᠨᠢ᠂ ᠮᠠᠯᠵᠢᠬᠤ ᠲᠠᠷᠢᠶᠠᠯᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠤᠯᠠᠷᠠᠭᠤᠯᠬᠤ ᠦᠭᠡᠢ ᠪᠠᠶᠢᠵᠤ ᠬᠢᠵᠢᠭ ᠤᠨ ᠪᠠᠶᠢᠳᠠᠯ ᠨᠡᠯᠢᠶᠡᠳ ᠬᠦᠨᠳᠦ ᠭᠠᠵᠠᠷ ᠣᠷᠣᠨ ᠠᠴᠠ ᠪᠤᠴᠠᠵᠤ ᠢᠷᠡᠭᠰᠡᠨ ᠬᠥᠮᠦᠰ ᠤᠨ ᠬᠠᠮᠢᠶᠠᠷᠤᠯᠲᠠ ᠶᠢ ᠴᠢᠩᠭᠠᠳᠬᠠᠨ ᠡᠵᠡᠩᠨᠡᠯᠲᠡ ᠶᠢᠨ ᠡᠷᠦᠬᠡ ᠶᠢᠨ ᠠᠵᠢᠯ ᠢᠶᠠᠨ ᠰᠡᠷᠭᠦᠭᠡᠵᠦ ᠠᠵᠢᠯ ᠢᠶᠠᠨ ᠡᠬᠢᠯᠡᠭᠦᠯᠬᠦ ᠶᠢ ᠡᠮᠬᠢ ᠵᠢᠷᠤᠮ ᠲᠠᠢ ᠠᠬᠢᠭᠤᠯᠵᠤ ᠬᠤᠭᠤᠯᠠᠨ ᠬᠡᠷ᠂ ᠵᠤᠴᠢᠳ  ᠤᠨ ᠪᠠᠭᠤᠳᠠᠯ ᠵᠡᠷᠭᠡ ᠭᠥᠮᠤᠨ ᠤᠯᠠᠨ ᠲᠥᠪᠯᠡᠷᠡᠭᠰᠠᠨ ᠲᠠᠯᠠᠪᠤᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠤᠷᠢᠳᠴᠢᠯᠠᠨ ᠪᠤᠯᠵᠤᠨ ᠡᠷᠭᠢᠯᠠᠭᠦ᠂ ᠲᠣᠰᠬᠤᠨ ᠳᠤ ᠰᠠᠭᠤᠭ᠎ᠠ ᠺᠠᠳ᠋ᠷ ᠣᠷᠣᠯᠠᠨ ᠭᠦᠶᠴᠡᠳᠬᠡᠬᠦ ᠵᠡᠷᠭᠡ ᠬᠡᠯᠪᠡᠷᠢ ᠪᠠᠷ ᠠᠵᠢᠯ ᠶᠠᠪᠤᠳᠠᠯ ᠭᠦᠶᠴᠡᠳᠬᠡᠬᠦ ᠠᠰᠠᠭᠤᠳᠠᠯ ᠢ ᠰᠢᠶᠳᠪᠦᠷᠢᠯᠡᠵᠦ ᠨᠢᠭᠡ ᠲᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠠᠮᠳᠠᠵᠤ ᠨᠦᠬᠦᠭᠡ ᠲᠠᠯ᠎ᠠ ᠪᠠᠷ ᠠᠵᠤ ᠠᠬᠤᠶ ᠶᠢᠨ ᠬᠥᠭᠵᠢᠯᠲᠡ ᠶᠢ ᠠᠳᠬᠤᠬᠤ ᠶᠢ ᠦᠨᠡᠨ ᠬᠦ ᠪᠡᠶᠡᠯᠡᠬᠦᠯᠦᠨ ᠠᠵᠤ ᠠᠬᠤᠶ ᠶᠢᠨ ᠡᠮᠬᠢ ᠵᠢᠷᠤᠮ ᠲᠠᠢ ᠰᠡᠷᠭᠦᠭᠡᠯᠲᠡ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠶ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号