ᠪᠥᠬᠦ ᠬᠤᠰᠢᠭᠤᠨ ᠤ ᠥᠷᠭᠡᠨ ᠣᠯᠠᠨ ᠬᠤᠲᠠ ᠬᠥᠳᠡᠭᠡ ᠶᠢᠨ ᠰᠠᠭᠤᠭᠠᠯᠢ ᠠᠷᠠᠳ ᠨᠡᠷ ᠡ᠄ | ᠣᠳᠣᠬᠠᠨ ᠳᠤ ᠪᠤᠯ ᠪᠥᠬᠦ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ | ᠡᠵᠡᠮᠳᠡᠬᠦ ᠵᠠᠩᠭᠢᠯᠠᠭ᠎ᠠ ᠶᠢᠨ ᠴᠠᠭ ᠦᠶ᠎ᠡ ᠪᠣᠯᠬᠤ ᠪᠥᠭᠡᠳ ᠮᠦᠨ ᠴᠤ ᠲᠠᠷᠢᠶᠠᠯᠠᠩ ᠤᠨ ᠰᠣᠯᠠ ᠰᠡᠯᠡᠭᠦᠦ ᠴᠠᠭ ᠦᠶ᠎ᠡ | ᠪᠠᠶᠢᠵᠣ ᠮᠦᠨᠴᠣ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠬᠡᠨ ᠪᠠᠶᠢᠭᠤᠯᠣᠯᠳᠠ ᠶᠢᠨ | ᠭᠤᠤᠯᠳᠠᠯᠭ᠎ᠠ ᠲᠠᠢ ᠣᠷᠣᠨ ᠪᠦᠰᠡ ᠶᠢᠨ ᠣᠷᠴᠢᠨ ᠲᠤᠭᠤᠷᠢᠨ ᠤ ᠡᠮᠬᠢ ᠲᠢᠭᠯᠢᠮ ᠦᠬᠡᠢ ᠪᠠᠶᠢᠬᠤ ᠪᠠᠶᠢᠳᠠᠯ ᠢ | ᠴᠡᠭᠴᠡᠯᠡᠨ ᠵᠠᠰᠠᠬᠤ ︽ᠵᠠᠭᠤᠨ ᠡᠳᠦᠷ ᠤᠨ ᠰᠢᠪᠲᠤᠯᠤᠯᠲᠠ ᠶᠢᠨ ᠲᠤᠰᠬᠠᠶ ᠠᠵᠢᠯᠯᠠᠭ᠎ᠠ︾ ᠶᠢᠨ ᠪᠣᠭᠤᠮᠲᠠ | ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠴᠢᠬᠤᠯᠠ ᠴᠠᠭ ᠦᠶ᠎ᠡ ᠪᠣᠯᠤᠨ᠎ᠠ᠃ ᠰᠢ ᠶᠢᠨ ᠫᠢᠩ ᠶᠡᠷᠦᠩᠬᠡᠶ | ᠱᠦᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠵᠠᠰᠠᠬᠤ ᠪᠠᠷ ᠭᠠᠷᠳᠠᠴᠠ ᠪᠣᠯᠭᠠᠨ ᠬᠥᠳᠡᠭᠡ ᠲᠣᠰᠬᠤᠨ ᠤ | ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ | ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠲᠤᠬᠠᠶ ᠡᠯ᠎ᠡ ᠵᠦᠢᠯ ᠤᠨ ᠰᠢᠢᠳᠪᠦᠷᠢᠲᠤ ᠪᠤᠳᠤᠯᠭ᠎ᠠ ᠶᠢᠨ | ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ᠰᠠᠭᠤᠭᠠᠯᠢ ᠠᠷᠠᠳ ᠲᠥᠪᠯᠡᠷᠡᠭᠰᠡᠨ ᠴᠢᠭ᠂ ᠮᠠᠯᠵᠢᠬᠤ | ᠲᠠᠷᠢᠶᠠᠯᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠲᠠᠭᠤᠳᠠᠯ ᠢ ᠤᠯᠠᠮ ᠨᠢᠭᠡ ᠠᠯᠬᠤᠮ | ᠨᠦᠬᠦᠪᠦᠷᠢᠯᠡᠨ ᠸᠢᠷᠦ᠋ᠰ ᠤᠨ ᠣᠷᠣᠰᠢᠨ ᠲᠣᠭᠲᠠᠨᠢᠬᠤ ᠣᠷᠴᠢᠨ ᠢ ᠴᠡᠪᠡᠷᠯᠡᠨ ᠠᠷᠢᠯᠭᠠᠵᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠪᠠ ᠣᠷᠴᠢᠨ ᠲᠣᠭᠤᠷᠢᠨ ᠢ ᠴᠡᠭᠴᠡᠯᠡᠨ ᠵᠠᠰᠠᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠶᠢᠨ ᠳᠣᠰᠠᠳᠠ ᠬᠤᠰᠢᠭᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠠᠴᠠ ᠪᠥᠬᠦ ᠬᠤᠰᠢᠭᠤᠨ ᠤ ᠥᠷᠭᠡᠨ ᠣᠯᠠᠨ ᠬᠤᠲᠠ ᠬᠥᠳᠡᠭᠡ ᠶᠢᠨ ᠰᠠᠭᠤᠭᠠᠯᠢ ᠠᠷᠠᠳ ᠲᠤ | ᠳᠣᠣᠷᠠᠬᠢ ᠮᠠᠳᠣ ᠰᠠᠨᠠᠭᠠᠴᠢᠯᠠᠭ᠎ᠠ ᠭᠠᠷᠭᠠᠪᠠ᠄ | ᠨᠢᠭᠡ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠶᠡᠬᠡᠪᠡᠷ ᠴᠡᠭᠴᠡᠯᠡᠨ ᠵᠠᠰᠠᠬᠤ | ᠬᠡᠷᠡᠭᠲᠡᠶ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠰᠠᠶᠢᠲᠤᠷ ᠠᠳᠬᠤᠬᠤ ᠪᠣᠯ ᠵᠠᠩᠭᠢᠯᠠᠭ᠎ᠠ ᠪᠣᠯᠤᠨ᠎ᠠ᠃ ᠬᠤᠲᠠ ᠶᠢᠨ | ᠲᠣᠭᠤᠷᠢᠭ ᠤᠨ ᠰᠠᠭᠤᠭᠠᠯᠢ ᠠᠷᠠᠳ ᠤᠳ ᠬᠡᠷ ᠣᠷᠣᠨ᠂ ᠬᠦᠷᠢᠶ᠎ᠠ ᠬᠠᠰᠢᠶ᠎ᠠ᠂ ᠠᠰᠠᠷ ᠤᠨ ᠭᠤᠳᠣᠮᠵᠢ ᠪᠠᠨ | ᠰᠠᠶᠢᠳᠣᠷ ᠴᠡᠪᠡᠷᠯᠡᠵᠣ ᠬᠦᠷᠢᠶ᠎ᠡ ᠬᠠᠰᠢᠶᠠᠨ ᠳᠤ ᠣᠪᠣᠭᠠᠷᠠᠭᠰᠠᠨ ᠵᠤᠶᠢᠯᠡᠰ ᠪᠠ ᠬᠡᠷᠡᠮ ᠬᠠᠨ᠎ᠠ ᠶᠢ ᠴᠡᠪᠡᠷᠯᠡᠨ | ᠰᠣᠯᠢᠶᠣᠣ ᠵᠡᠷᠬᠡ ᠬᠤᠭ ᠨᠣᠪᠰᠢ ᠶᠢ ᠳᠡᠬᠦᠵᠣ ᠪᠤᠵᠠᠷ ᠪᠣᠬᠢᠷ ᠰᠢᠪᠠᠷ ᠰᠢᠷᠦᠢ ᠳᠣᠨᠣᠮᠠᠯ ᠤᠰᠤ᠂ ᠦᠨᠴᠦᠭ ᠪᠣᠯᠣᠩ ᠢ | ᠴᠡᠪᠡᠷᠯᠡᠨ ᠠᠷᠢᠯᠭᠠᠵᠤ ︽ᠬᠡᠷ ᠣᠷᠣᠨ ᠴᠡᠪᠡᠷ ᠴᠡᠮᠴᠡᠬᠡᠷ ᠪᠠᠶᠢᠬᠤ︾ ᠪᠠᠷ ︽ᠬᠤᠲᠠ ᠪᠠᠯᠭᠠᠰᠣ ᠦᠵᠡᠰᠬᠦᠯᠡᠩᠳᠣ | ᠰᠠᠶᠢᠬᠠᠨ ᠪᠣᠯᠬᠤ︾ ᠶᠢ ᠠᠬᠢᠭᠤᠯᠬᠤ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠡᠵᠡᠨ | ᠬᠥᠮᠦᠨ ᠤ ᠣᠪᠣᠷ ᠢᠶᠠᠷ ᠮᠠᠯᠵᠢᠬᠤ ᠲᠠᠷᠢᠶᠠᠯᠠᠬᠤ ᠤᠷᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠠᠵᠢᠯᠯᠠᠭ᠎ᠠ ᠳᠤ ᠣᠷᠣᠯᠴᠠᠵᠤ ᠬᠡᠷ ᠣᠷᠣᠨ ᠤ ᠪᠠᠨ ᠭᠠᠳᠠᠨ᠎ᠠ ᠳᠣᠳᠣᠨᠡᠬᠢ ᠶᠢ ᠴᠡᠪᠡᠷᠯᠡᠨ | ᠲᠦᠯᠡᠭᠡ ᠮᠣᠳᠣ᠂ ᠡᠪᠡᠰᠦ ᠪᠣᠷᠳᠤᠭ᠎ᠠ ᠪᠠᠨ ᠳᠤᠷ᠎ᠠ ᠪᠠᠷ ᠣᠪᠣᠭᠠᠯᠠᠬᠤ ᠦᠭᠡᠢ᠂ ᠪᠠᠭᠠᠵᠢ ᠬᠡᠷᠡᠭᠰᠡᠯ ᠵᠡᠷᠬᠡ ᠵᠣᠶᠢᠯᠡᠰ | ᠢᠶᠠᠨ ᠡᠷᠦᠢ ᠬᠤᠷᠦᠢ ᠦᠬᠡᠢ ᠳᠠᠯᠪᠢᠬᠤ ᠦᠬᠡᠢ᠂ ᠫᠧᠩ ᠰᠠᠷᠠᠪᠴᠢ ᠶᠢ ᠳᠤᠷ᠎ᠠ ᠪᠠᠷ ᠪᠠᠷᠢᠬᠤ ᠦᠭᠡᠢ᠂ ᠪᠣᠬᠢᠷ | ᠤᠰᠤ ᠶᠢ ᠳᠤᠷ᠎ᠠ ᠪᠠᠷ ᠠᠰᠠᠬᠠᠵᠣ ᠰᠠᠴᠣᠬᠤ ᠦᠭᠡᠢ᠂ ᠰᠢᠬᠢᠭ ᠪᠣᠷᠳᠣᠭᠤᠷ ᠢ ᠳᠤᠷ᠎ᠠ ᠪᠠᠷ ᠠᠰᠬᠠᠬᠤ ᠦᠭᠡᠢ᠂ | ᠤᠰᠤᠨ ᠰᠤᠪᠠᠭ ᠢ ᠳᠤᠷ᠎ᠠ ᠪᠠᠷ ᠮᠠᠯᠲᠠᠬᠤ ᠦᠭᠡᠢ ᠪᠠᠶᠢᠵᠣ ᠵᠢᠵᠢᠭ ᠰᠠᠵᠢᠭ ᠣᠶᠢᠯᠡ ᠶᠠᠪᠣᠳᠠᠯ ᠢ ᠲᠦᠷᠢᠮᠵᠢᠬᠦᠯᠥᠨ | ᠣᠯᠠᠨ ᠳᠠᠶᠠᠭᠠᠷ ᠬᠦᠴᠦᠨ ᠢᠶᠠᠨ ᠬᠠᠮᠳᠣᠳᠬᠠᠬᠤ ᠬᠡᠷᠡᠭᠳᠡᠢ᠃ | ᠬᠤᠶᠠᠷ᠂ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠴᠢᠷᠮᠠᠶᠢᠨ ᠪᠤᠢ ᠪᠣᠯᠭᠠᠬᠤ ᠬᠡᠷᠡᠭᠲᠡᠶ᠃ ᠡᠷᠡᠭᠦᠯ | ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠡᠳᠦᠷ ᠲᠤᠲᠤᠮ ᠤᠨ ᠠᠮᠢᠳᠤᠷᠠᠯ ᠳᠤ ᠠᠭᠤᠰᠬᠠᠵᠤ ᠪᠡᠶ᠎ᠡ ᠲᠠᠮᠢᠷ ᠤᠨ | ᠪᠣᠯᠪᠠᠰᠤᠷᠠᠯ ᠢ ᠴᠢᠩᠭᠠᠳᠬᠠᠨ ᠡᠷᠡᠭᠦᠯ ᠴᠢᠭᠢᠷᠠᠭ ᠰᠡᠳᠬᠢᠴᠡ ᠶᠢᠨ ᠪᠠᠶᠢᠳᠠᠯ ᠢᠶᠠᠨ ᠪᠠᠲᠤᠯᠠᠵᠤ ᠡᠷᠡᠭᠦᠯ ᠴᠢᠭᠢᠷᠠᠭ | ᠢᠳᠡᠭᠡᠨ ᠤᠮᠳᠠᠭᠠᠨ ᠢ ᠴᠢᠬᠤᠯᠠᠴᠢᠯᠠᠨ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠶᠢ ᠰᠠᠶᠢᠲᠤᠷ ᠬᠢᠬᠦ ᠬᠡᠷᠡᠭᠲᠡᠶ | ᠃ ᠬᠤᠪᠢ ᠬᠥᠮᠦᠨ ᠤ ᠠᠷᠢᠭᠤᠨ ᠴᠡᠪᠡᠷ ᠢ ᠠᠩᠬᠠᠷᠴᠤ ᠬᠤᠭᠤᠯᠠᠯᠯᠠᠬᠤ ᠠᠴᠠ ᠡᠮᠣᠨ᠎ᠠ ᠪᠤᠶᠤ ᠪᠠᠶ᠎ᠠ ᠵᠠᠰᠠᠭᠰᠠᠨ ᠤ | ᠳᠠᠷᠠᠭ᠎ᠠ ᠭᠠᠷ ᠢᠶᠠᠨ ᠣᠬᠢᠶᠠᠵᠣ ᠬᠠᠨᠢᠶᠠᠬᠤ ᠪᠣᠶᠣ ᠨᠠᠶᠢᠳᠠᠬᠤ ᠳᠠᠭᠠᠨ ᠴᠠᠭᠠᠰᠣ ᠪᠠᠷ ᠪᠣᠶᠣ ᠳᠣᠬᠤᠢ ᠪᠠᠷ ᠢᠶᠠᠨ ᠬᠠᠮᠠᠷ | ᠠᠮᠠ ᠪᠠᠨ ᠳᠠᠭᠯᠠᠬᠤ ᠬᠡᠷᠡᠭᠳᠡᠢ᠃ ᠠᠯᠢ ᠴᠢᠳᠠᠬᠤ ᠪᠠᠷ ᠭᠠᠳᠠᠭᠰᠢ ᠭᠠᠷᠬᠤ ᠪᠠᠨ ᠪᠠᠭᠠᠰᠬᠠᠵᠤ ᠨᠠᠶᠢᠷ ᠴᠣᠭᠯᠠᠭᠠᠨ ᠳᠤ | ᠣᠷᠣᠯᠴᠠᠬᠤ ᠦᠬᠡᠢ᠂ ᠠᠶᠢᠯ ᠳᠣᠭᠤᠷᠢᠵᠣ ᠬᠡᠰᠦᠬᠦ ᠥᠬᠡᠶ᠂ ᠬᠥᠮᠦᠨ ᠣᠯᠠᠨ ᠴᠤᠭᠯᠠᠷᠠᠭᠰᠠᠨ ᠭᠠᠵᠠᠷ ᠲᠤ ᠣᠴᠢᠬᠤ | ᠥᠬᠡᠶ ᠪᠤᠶᠤ ᠴᠥᠭᠡᠨ ᠣᠴᠢᠵᠤ᠂ ᠬᠠᠨᠢᠶᠠᠵᠤ ᠬᠠᠯᠠᠭᠤᠷᠠᠭᠰᠠᠨ ᠡᠪᠡᠳᠴᠢᠲᠡᠨ ᠲᠠᠢ ᠣᠶᠢᠷᠠᠳᠬᠤ ᠠᠴᠠ ᠵᠠᠶᠢᠯᠠᠰᠬᠢᠵᠦ | ᠭᠠᠳᠠᠭᠰᠢ ᠭᠠᠷᠬᠤ ᠳᠠᠭᠠᠨ ᠠᠮᠠᠪᠴᠢ ᠵᠡᠬᠦᠵᠣ ᠠᠮᠠᠪᠴᠢ ᠶᠢ ᠬᠡᠷᠡᠭᠯᠡᠭᠰᠡᠨ ᠤ ᠳᠠᠷᠠᠭ᠎ᠠ ᠳᠤᠷ᠎ᠠ ᠪᠠᠷ ᠢᠶᠠᠨ ᠬᠠᠶᠠᠬᠤ | ᠦᠬᠡᠢ ᠪᠠᠶᠢᠵᠣ ᠱᠠᠭᠠᠷᠳᠠᠯᠭ᠎ᠠ ᠶᠣᠰᠣᠭᠠᠷ ᠰᠢᠢᠳᠪᠦᠷᠢᠯᠡᠬᠦ ᠬᠡᠷᠡᠭᠲᠡᠶ᠃ | ᠭᠤᠷᠪᠠ᠂ ᠣᠯᠠᠨ ᠨᠡᠶᠢᠲᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠰᠠᠨᠠᠭᠠᠴᠢᠯᠠᠭ᠎ᠠ ᠠᠴᠠ ᠪᠠᠨ | ᠬᠠᠮᠠᠭᠠᠯᠠᠬᠤ ᠬᠡᠷᠡᠭᠲᠡᠶ᠃ ᠣᠯᠠᠨ ᠨᠡᠶᠢᠲᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠤᠬᠠᠮᠰᠠᠷ ᠢ ᠪᠠᠲᠤ | ᠪᠠᠬᠢ ᠪᠣᠶ ᠪᠣᠯᠭᠠᠵᠤ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠤᠬᠠᠮᠰᠠᠷ ᠠᠴᠠ ᠪᠠᠨ ᠳᠠᠶᠠᠭᠳᠠᠵᠣ ᠬᠠᠮᠢᠶ᠎ᠠ ᠨᠠᠮᠢᠶ᠎ᠠ | ᠦᠬᠡᠢ ᠨᠤᠯᠮᠤᠬᠤ ᠥᠬᠡᠶ᠂ ᠵᠢᠮᠢᠰ ᠤᠨ ᠬᠠᠯᠢᠰᠤ ᠰᠦᠯᠢᠶᠣᠣ ᠤᠭᠤᠲᠠ ᠶᠢ ᠳᠤᠷ᠎ᠠ ᠪᠠᠷ ᠬᠠᠶᠠᠬᠤ ᠥᠬᠡᠶ᠂ ᠣᠯᠠᠨ | ᠨᠡᠶᠢᠲᠡ ᠶᠢᠨ ᠲᠠᠯᠠᠪᠤᠷ ᠲᠤ ᠲᠠᠮᠠᠬᠢ ᠲᠠᠲᠠᠬᠤ ᠥᠬᠡᠶ᠂ ᠳᠤᠷ᠎ᠠ ᠪᠠᠷ ᠢᠶᠠᠨ ᠡᠷᠢᠶᠠᠴᠢᠬᠦ ᠦᠬᠡᠢ ᠨᠠᠭᠠᠬᠤ ᠥᠬᠡᠶ ᠡᠯᠭᠦᠬᠦ | ᠥᠬᠡᠶ ᠪᠠᠶᠢᠬᠤ ᠬᠡᠷᠡᠭᠳᠡᠢ︔ ᠨᠡᠶᠢᠲᠡ ᠶᠢᠨ ᠲᠥᠬᠦᠭᠡᠷᠦᠮᠵᠢ ᠶᠢ ᠬᠠᠶᠢᠷᠠᠯᠠᠨ ᠬᠠᠮᠠᠭᠠᠯᠠᠵᠤ ᠡᠪᠳᠡᠵᠦ ᠰᠦᠢᠳᠬᠡᠬᠦ ᠪᠠ | ᠪᠤᠵᠠᠷᠲᠤᠭᠤᠯᠬᠤ ᠦᠭᠡᠢ ᠪᠠᠶᠢᠬᠤ ᠬᠡᠷᠡᠭᠳᠡᠢ᠃ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ | ᠡᠭᠦᠷᠭᠡ ᠪᠠᠨ ᠬᠢᠨᠠᠮᠠᠭᠠᠶ ᠬᠦᠢᠴᠡᠳᠬᠡᠵᠤ ᠬᠤᠭ ᠨᠣᠪᠰᠢ ᠶᠢ ᠳᠤᠷ᠎ᠠ ᠪᠠᠷ ᠬᠠᠶᠠᠵᠣ ᠣᠪᠣᠭᠠᠯᠠᠬᠤ ᠵᠡᠷᠭᠡ ᠪᠣᠯᠪᠠᠰᠤᠨ | ᠪᠤᠰᠤ ᠦᠢᠯᠡ ᠠᠵᠢᠯᠯᠠᠭ᠎ᠠ ᠶᠢ ᠰᠠᠨᠠᠭᠠᠴᠢᠯᠠᠭ᠎ᠠ ᠠᠴᠠ ᠪᠠᠨ ᠢᠳᠬᠠᠨ ᠬᠤᠷᠢᠭᠯᠠᠵᠤ ᠣᠷᠴᠢᠨ ᠲᠣᠭᠤᠷᠢᠨ ᠢ | ᠪᠣᠬᠢᠷᠲᠤᠭᠤᠯᠬᠤ᠂ ᠠᠮᠢ ᠠᠬᠤᠶ ᠶᠢ ᠡᠪᠳᠡᠬᠦ᠂ ᠨᠠᠶᠢᠳᠠ ᠶᠢᠨ ᠲᠦᠬᠦᠬᠡᠷᠣᠮᠵᠢ ᠶᠢ ᠡᠪᠳᠡᠬᠦ ᠵᠡᠷᠬᠡ ᠮᠠᠭᠤ ᠮᠠᠭᠤᠬᠠᠢ | ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠬᠡᠷᠡᠭᠲᠡᠶ᠃ | ᠲᠦᠷᠪᠡ᠂ ᠡᠪᠡᠳᠴᠢᠨ ᠤ ᠵᠠᠭᠤᠴᠢ ᠶᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠬᠤ ᠬᠡᠷᠡᠭᠲᠡᠶ᠃ | ᠪᠤᠵᠠᠷ ᠪᠤᠷᠲᠠᠭ ᠡᠮᠬᠢ ᠲᠢᠭᠯᠢᠮ ᠦᠬᠡᠢ ᠪᠠᠶᠢᠳᠠᠯ ᠢ ᠴᠡᠭᠴᠡᠯᠡᠨ ᠵᠠᠰᠠᠭᠰᠠᠨ ᠰᠠᠭᠤᠷᠢᠨ ᠳᠡᠭᠡᠷ᠎ᠡ ᠭᠠᠵᠠᠷ ᠳᠣᠣᠷᠠᠬᠢ | ᠲᠡᠷᠭᠡᠨ ᠬᠥᠮᠥᠷᠭᠡ᠂ ᠭᠠᠵᠠᠷ ᠳᠣᠣᠷᠠᠬᠢ ᠦᠷᠦᠬᠡ᠂ ᠠᠷᠢᠭᠤᠨ ᠴᠡᠪᠡᠷ ᠤᠨ ᠲᠠᠰᠤᠯᠭ᠎ᠠ ᠵᠢᠴᠢ ᠠᠮᠠᠷᠬᠠᠨ ᠤᠰᠤ | ᠬᠤᠷᠠᠬᠤ ᠰᠠᠪᠠ ᠵᠡᠷᠭᠡ ᠶᠢ ᠰᠠᠶᠢᠳᠣᠷ ᠴᠡᠪᠡᠷᠯᠡᠵᠦ ᠢᠴᠡᠭᠡᠯᠡᠭᠰᠡᠨ ᠰᠢᠮᠠᠭᠤᠯ ᠬᠤᠷᠣᠬᠠᠢ ᠶᠢ ᠠᠯᠠᠵᠤ ᠤᠰᠠᠳᠬᠠᠨ | ᠬᠠᠯᠳᠠᠪᠤᠷᠢᠲᠤ ᠡᠪᠡᠳᠴᠢᠨ ᠤ ᠵᠠᠭᠤᠴᠢ ᠶᠢ ᠰᠡᠷᠭᠡᠶᠢᠯᠡᠨ ᠬᠤᠷᠢᠭᠯᠠᠵᠤ ︽ᠳᠥᠷᠪᠡᠨ ᠬᠤᠣᠷᠳᠠᠨ︾ ᠤ ᠦᠷᠡᠵᠢᠬᠦ | ᠣᠷᠴᠢᠨ ᠨᠥᠬᠦᠴᠡᠯ ᠢ ᠴᠡᠪᠡᠷᠯᠡᠨ ᠠᠷᠢᠯᠭᠠᠵᠤ ᠠᠮᠢᠳᠤᠷᠠᠯ ᠤᠨ ᠣᠷᠴᠢᠨ ᠲᠣᠭᠤᠷᠢᠨ ᠤ ᠠᠮᠤᠷ ᠲᠦᠪᠰᠢᠨ ᠠᠷᠢᠭᠤᠨ | ᠴᠡᠪᠡᠷ ᠢ ᠪᠠᠲᠤᠯᠠᠬᠤ ᠬᠡᠷᠡᠭᠲᠠᠢ᠃ | ᠲᠠᠪᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠰᠤᠷᠤᠯᠴᠠᠨ ᠤᠯᠠᠮᠵᠢᠯᠠᠬᠤ ᠬᠡᠷᠡᠭᠲᠡᠶ᠃ | ︽ᠪᠢ ᠬᠥᠮᠦᠨ ᠪᠦᠬᠦᠨ ᠤ ᠲᠥᠯᠥᠭᠡ᠂ ᠬᠥᠮᠦᠨ ᠪᠦᠬᠦᠨ ᠥᠪᠡᠷ ᠤᠨ ᠲᠥᠯᠥᠭᠡ︾ ᠬᠡᠬᠦ ᠨᠡᠶᠢᠭᠡᠮ ᠤᠨ ᠬᠡᠪ | ᠰᠤᠷᠲᠠᠯ ᠢ ᠶᠡᠬᠡᠪᠡᠷ ᠰᠠᠨᠠᠭᠠᠴᠢᠯᠠᠨ ᠬᠥᠷᠰᠢ ᠵᠡᠷᠭᠡᠯᠡᠳᠡᠭᠡ ᠶᠢᠨ ᠬᠢᠨ ᠬᠠᠷᠢᠯᠴᠠᠨ ᠬᠠᠪᠰᠤᠷᠤᠯᠴᠠᠵᠤ ᠰᠢᠨᠵᠢᠯᠡᠬᠦ | ᠤᠬᠠᠭᠠᠨᠴᠢ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠵᠠᠰᠠᠬᠤ ᠪᠠ ᠬᠠᠪᠤᠷ ᠤᠨ ᠤᠯᠠᠷᠢᠯ ᠤᠨ ᠬᠠᠯᠳᠠᠪᠤᠷᠢᠲᠤ | ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢ ᠰᠠᠨᠠᠭᠠᠴᠢᠯᠠᠭ᠎ᠠ ᠠᠴᠠ ᠪᠠᠨ ᠰᠤᠷᠤᠯᠴᠠᠨ ᠳᠡᠯᠭᠡᠷᠡᠭᠦᠯᠵᠦ | ᠥᠪᠡᠷ ᠢ ᠪᠠᠨ ᠰᠡᠷᠭᠡᠶᠢᠯᠡᠨ ᠬᠠᠮᠠᠭᠠᠯᠠᠬᠤ ᠦᠵᠡᠯ ᠤᠬᠠᠮᠰᠠᠷ ᠪᠠ ᠴᠢᠳᠠᠪᠤᠷᠢ ᠪᠠᠨ ᠳᠡᠭᠡᠭᠰᠢᠯᠡᠭᠦᠯᠵᠦ ᠡᠷᠡᠭᠦᠯ | ᠮᠡᠨᠳᠦ ᠶᠢᠨ ᠮᠡᠳᠡᠯᠭᠡ ᠶᠢ ᠤᠯᠠᠮᠵᠢᠯᠠᠨ ᠳᠡᠯᠭᠡᠷᠡᠭᠦᠯᠬᠦ ᠠᠵᠢᠯ ᠤᠨ ᠰᠠᠶᠢᠨ ᠲᠤᠷᠠᠴᠤᠳ ᠪᠣᠯᠬᠤ ᠪᠠᠷ ᠴᠢᠷᠮᠠᠶᠢᠬᠤ | ᠬᠡᠷᠡᠭᠲᠡᠶ᠃ | ᠵᠢᠷᠭᠤᠭ᠎ᠠ᠂ ᠬᠡᠭᠡᠷ᠎ᠡ ᠶᠢᠨ ᠠᠮᠢᠲᠠᠨ ᠢ ᠰᠠᠨᠠᠭᠠᠴᠢᠯᠠᠭ᠎ᠠ ᠠᠴᠠ ᠪᠠᠨ ᠬᠠᠮᠠᠭᠠᠯᠠᠬᠤ ᠬᠡᠷᠡᠭᠲᠡᠶ᠃ ᠥᠪᠡᠷ ᠤᠨ | ᠪᠡᠶ᠎ᠡ ᠠᠴᠠ ᠪᠠᠨ ᠡᠬᠢᠯᠡᠨ ᠬᠢᠵᠦ ︽ᠬᠡᠭᠡᠷ᠎ᠡ ᠶᠢᠨ ᠠᠮᠢᠲᠠᠨ ᠤ ᠮᠢᠬ᠎ᠠ ᠪᠠᠷ ᠰᠢᠮ᠎ᠡ ᠲᠡᠵᠢᠭᠡᠯ ᠨᠥᠬᠦᠪᠥᠷᠢᠯᠡᠬᠦ︾ ᠡᠷᠡᠭᠦᠯ | ᠮᠡᠨᠳᠦ ᠶᠢᠨ ᠬᠠᠭᠤᠷᠮᠠᠴᠢ ᠦᠵᠡᠯᠲᠡ ᠶᠢ ᠲᠠᠶᠠᠭᠳᠠᠵᠤ ᠬᠡᠭᠡᠷ᠎ᠡ ᠶᠢᠨ ᠠᠮᠢᠲᠠᠨ ᠤ ᠮᠢᠬ᠎ᠠ ᠱᠦᠯᠥ ᠪᠠᠷ ᠬᠢᠭᠰᠡᠨ | ᠬᠤᠭᠤᠯᠠ ᠶᠢ ᠬᠤᠭᠤᠯᠠᠨ ᠰᠢᠷᠡᠭᠡᠨ ᠳᠡᠭᠡᠷ᠎ᠡ ᠭᠠᠷᠭᠠᠬᠤ ᠶᠢ ᠡᠷᠡᠰ ᠬᠤᠷᠢᠭᠯᠠᠬᠤ ᠬᠡᠷᠡᠭᠳᠡᠢ︔ ᠬᠡᠭᠡᠷ᠎ᠡ ᠶᠢᠨ | ᠠᠮᠢᠲᠠᠨ ᠤ ᠠᠷᠠᠰᠤ ᠪᠠᠷ ᠬᠢᠭᠰᠡᠨ ᠬᠤᠪᠴᠠᠰᠤ ᠬᠤᠨᠠᠷ ᠢ ᠬᠤᠳᠠᠯᠳᠤᠨ ᠠᠪᠬᠤ ᠦᠭᠡᠢ᠂ ᠡᠮᠦᠰᠬᠦ ᠦᠭᠡᠢ ᠪᠠᠶᠢᠵᠣ | ᠪᠦᠲᠦᠭᠡᠭᠳᠡᠬᠦᠨ ᠢ ᠵᠠᠬ᠎ᠠ ᠳᠡᠯᠭᠡᠭᠦᠷ ᠦᠭᠡᠢ ᠪᠣᠯᠭᠠᠨ᠎ᠠ᠃ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠤᠯᠪᠣᠭᠳᠠᠯ ᠪᠦᠬᠦᠢ | ᠬᠠᠤᠯᠢ ᠲᠦᠷᠢᠮ ᠢ ᠴᠢᠩᠭ᠎ᠠ ᠵᠢᠷᠤᠮᠯᠠᠨ ᠬᠡᠭᠡᠷ᠎ᠡ ᠶᠢᠨ ᠠᠮᠢᠲᠠᠨ ᠢ ᠬᠢᠨᠠᠨ ᠬᠠᠮᠢᠶᠠᠷᠬᠤ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ᠲᠠᠢ ᠢᠳᠡᠪᠬᠢᠲᠡᠶ ᠬᠠᠮᠵᠢᠯᠴᠠᠨ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠩᠨᠠᠭᠰᠠᠨ᠂ ᠫᠠᠨᠽᠠᠯᠠᠭᠰᠠᠨ᠂ | ᠬᠤᠳᠠᠯᠳᠤᠭᠰᠠᠨ᠂ ᠬᠤᠳᠠᠯᠳᠤᠨ ᠠᠪᠤᠭᠰᠠᠨ ᠵᠡᠷᠬᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ | ᠴᠣᠬᠢᠯᠲᠠ ᠥᠭᠬᠦ ᠬᠡᠷᠡᠭᠲᠡᠶ᠃ | ᠥᠷᠭᠡᠨ ᠣᠯᠠᠨ ᠰᠠᠭᠤᠭᠠᠯᠢ ᠠᠷᠠᠳ ᠨᠠᠶᠢᠵᠡ ᠨᠠᠷ ᠡ᠂ ᠣᠷᠴᠢᠨ ᠲᠣᠭᠤᠷᠢᠨ ᠢ ᠰᠠᠶᠢᠵᠢᠷᠠᠭᠤᠯᠬᠤ ᠳᠤ | ᠣᠯᠠᠨ ᠢᠶᠠᠷ ᠢᠶᠠᠨ ᠣᠷᠣᠯᠴᠠᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠥᠮᠦᠨ ᠪᠦᠬᠦᠨ | ᠬᠠᠷᠢᠭᠤᠴᠠᠯᠭ᠎ᠠ ᠲᠠᠢ᠃ ᠪᠢᠳᠡ ᠭᠠᠷ ᠭᠠᠷ ᠢᠶᠠᠨ ᠬᠤᠯᠪᠣᠯᠴᠠᠨ ᠣᠯᠠᠨ ᠢᠶᠠᠷ ᠢᠶᠠᠨ ᠬᠦᠳᠡᠯᠥᠯᠴᠡᠨ ᠪᠦᠬᠦᠳᠡᠬᠡᠷ ᠢᠶᠠᠨ | ᠣᠷᠣᠯᠴᠠᠵᠣ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ ᠬᠦᠴᠢᠷ ᠪᠡᠷᠬᠡ ᠶᠢ ᠬᠠᠮᠲᠤ ᠪᠠᠷ ᠲᠤᠭᠤᠯᠵᠤ ᠡᠨᠡ | ᠤᠳᠠᠭᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠠᠷᠬᠡᠶᠢᠯᠡᠨ ᠠᠷᠢᠯᠭᠠᠬᠤ ᠳᠠᠶᠢᠯᠠᠯᠳᠤᠭᠠᠨ ᠳᠤ ᠬᠦᠴᠦᠨ | ᠴᠢᠳᠠᠯ ᠢᠶᠠᠨ ᠡᠷᠭᠦᠵᠡᠭᠡᠶ᠎ᠡ︕ | | ᠦᠤᠰᠢᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠵᠢᠯᠣᠭᠤᠳᠬᠤ ᠭᠠᠵᠠᠷ | 2020 ᠣᠨ ᠤ 2 ᠰᠠᠷ᠎ᠠ ᠶᠢᠨ 24 ᠤ ᠡᠳᠦᠷ |