ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠤᠨ ᠦᠵᠡᠰᠬᠦᠯᠡᠩᠲᠦ ᠰᠠᠶᠢᠬᠠᠨ ᠦᠦᠰᠢᠨ ᠢ ᠪᠦᠲᠦᠭᠡᠨ ᠪᠠᠶᠢᠭᠤᠯᠵᠤ ᠲᠦᠮᠡᠨ ᠤᠯᠠᠨ  ᠢᠶᠠᠷ ᠨᠢᠭᠲᠠᠷᠠᠵᠤ ᠲᠦᠢᠳᠭᠡᠷ ᠬᠢᠵᠢᠭ ᠢ ᠰᠡᠷᠭᠡᠶᠢᠯᠡᠨ ᠠᠷᠢᠯᠭᠠᠬᠤ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2020/2/26
ᠪᠥᠬᠦ ᠬᠤᠰᠢᠭᠤᠨ ᠤ ᠥᠷᠭᠡᠨ ᠣᠯᠠᠨ ᠬᠤᠲᠠ ᠬᠥᠳᠡᠭᠡ ᠶᠢᠨ ᠰᠠᠭᠤᠭᠠᠯᠢ ᠠᠷᠠᠳ ᠨᠡᠷ ᠡ᠄      ᠣᠳᠣᠬᠠᠨ ᠳᠤ ᠪᠤᠯ ᠪᠥᠬᠦ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠴᠠᠭ ᠦᠶ᠎ᠡ ᠪᠣᠯᠬᠤ ᠪᠥᠭᠡᠳ ᠮᠦᠨ ᠴᠤ ᠲᠠᠷᠢᠶᠠᠯᠠᠩ ᠤᠨ ᠰᠣᠯᠠ ᠰᠡᠯᠡᠭᠦᠦ ᠴᠠᠭ ᠦᠶ᠎ᠡ ᠪᠠᠶᠢᠵᠣ ᠮᠦᠨᠴᠣ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠬᠡᠨ ᠪᠠᠶᠢᠭᠤᠯᠣᠯᠳᠠ ᠶᠢᠨ ᠭᠤᠤᠯᠳᠠᠯᠭ᠎ᠠ ᠲᠠᠢ ᠣᠷᠣᠨ ᠪᠦᠰᠡ ᠶᠢᠨ ᠣᠷᠴᠢᠨ ᠲᠤᠭᠤᠷᠢᠨ ᠤ ᠡᠮᠬᠢ ᠲᠢᠭᠯᠢᠮ ᠦᠬᠡᠢ ᠪᠠᠶᠢᠬᠤ ᠪᠠᠶᠢᠳᠠᠯ ᠢ ᠴᠡᠭᠴᠡᠯᠡᠨ ᠵᠠᠰᠠᠬᠤ ︽ᠵᠠᠭᠤᠨ ᠡᠳᠦᠷ ᠤᠨ ᠰᠢᠪᠲᠤᠯᠤᠯᠲᠠ ᠶᠢᠨ ᠲᠤᠰᠬᠠᠶ ᠠᠵᠢᠯᠯᠠᠭ᠎ᠠ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠴᠢᠬᠤᠯᠠ ᠴᠠᠭ ᠦᠶ᠎ᠡ ᠪᠣᠯᠤᠨ᠎ᠠ᠃ ᠰᠢ ᠶᠢᠨ ᠫᠢᠩ ᠶᠡᠷᠦᠩᠬᠡᠶ ᠱᠦᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠵᠠᠰᠠᠬᠤ ᠪᠠᠷ ᠭᠠᠷᠳᠠᠴᠠ ᠪᠣᠯᠭᠠᠨ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠲᠤᠬᠠᠶ ᠡᠯ᠎ᠡ ᠵᠦᠢᠯ ᠤᠨ ᠰᠢᠢᠳᠪᠦᠷᠢᠲᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ᠰᠠᠭᠤᠭᠠᠯᠢ ᠠᠷᠠᠳ ᠲᠥᠪᠯᠡᠷᠡᠭᠰᠡᠨ ᠴᠢᠭ᠂ ᠮᠠᠯᠵᠢᠬᠤ ᠲᠠᠷᠢᠶᠠᠯᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠲᠠᠭᠤᠳᠠᠯ ᠢ ᠤᠯᠠᠮ ᠨᠢᠭᠡ ᠠᠯᠬᠤᠮ ᠨᠦᠬᠦᠪᠦᠷᠢᠯᠡᠨ ᠸᠢᠷᠦ᠋ᠰ ᠤᠨ ᠣᠷᠣᠰᠢᠨ ᠲᠣᠭᠲᠠᠨᠢᠬᠤ ᠣᠷᠴᠢᠨ ᠢ ᠴᠡᠪᠡᠷᠯᠡᠨ ᠠᠷᠢᠯᠭᠠᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠪᠠ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠶᠢᠨ ᠳᠣᠰᠠᠳᠠ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠪᠥᠬᠦ ᠬᠤᠰᠢᠭᠤᠨ ᠤ ᠥᠷᠭᠡᠨ ᠣᠯᠠᠨ ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠳᠣᠣᠷᠠᠬᠢ ᠮᠠᠳᠣ ᠰᠠᠨᠠᠭᠠᠴᠢᠯᠠᠭ᠎ᠠ ᠭᠠᠷᠭᠠᠪᠠ᠄       ᠨᠢᠭᠡ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠶᠡᠬᠡᠪᠡᠷ ᠴᠡᠭᠴᠡᠯᠡᠨ ᠵᠠᠰᠠᠬᠤ ᠬᠡᠷᠡᠭᠲᠡᠶ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠰᠠᠶᠢᠲᠤᠷ ᠠᠳᠬᠤᠬᠤ ᠪᠣᠯ ᠵᠠᠩᠭᠢᠯᠠᠭ᠎ᠠ ᠪᠣᠯᠤᠨ᠎ᠠ᠃ ᠬᠤᠲᠠ ᠶᠢᠨ ᠲᠣᠭᠤᠷᠢᠭ ᠤᠨ ᠰᠠᠭᠤᠭᠠᠯᠢ ᠠᠷᠠᠳ ᠤᠳ ᠬᠡᠷ ᠣᠷᠣᠨ᠂ ᠬᠦᠷᠢᠶ᠎ᠠ ᠬᠠᠰᠢᠶ᠎ᠠ᠂ ᠠᠰᠠᠷ ᠤᠨ ᠭᠤᠳᠣᠮᠵᠢ ᠪᠠᠨ ᠰᠠᠶᠢᠳᠣᠷ ᠴᠡᠪᠡᠷᠯᠡᠵᠣ ᠬᠦᠷᠢᠶ᠎ᠡ ᠬᠠᠰᠢᠶᠠᠨ ᠳᠤ ᠣᠪᠣᠭᠠᠷᠠᠭᠰᠠᠨ ᠵᠤᠶᠢᠯᠡᠰ ᠪᠠ ᠬᠡᠷᠡᠮ ᠬᠠᠨ᠎ᠠ ᠶᠢ ᠴᠡᠪᠡᠷᠯᠡᠨ ᠰᠣᠯᠢᠶᠣᠣ ᠵᠡᠷᠬᠡ ᠬᠤᠭ ᠨᠣᠪᠰᠢ ᠶᠢ ᠳᠡᠬᠦᠵᠣ ᠪᠤᠵᠠᠷ ᠪᠣᠬᠢᠷ ᠰᠢᠪᠠᠷ ᠰᠢᠷᠦᠢ ᠳᠣᠨᠣᠮᠠᠯ ᠤᠰᠤ᠂ ᠦᠨᠴᠦᠭ ᠪᠣᠯᠣᠩ ᠢ ᠴᠡᠪᠡᠷᠯᠡᠨ ᠠᠷᠢᠯᠭᠠᠵᠤ ︽ᠬᠡᠷ ᠣᠷᠣᠨ ᠴᠡᠪᠡᠷ ᠴᠡᠮᠴᠡᠬᠡᠷ ᠪᠠᠶᠢᠬᠤ︾ ᠪᠠᠷ ︽ᠬᠤᠲᠠ ᠪᠠᠯᠭᠠᠰᠣ ᠦᠵᠡᠰᠬᠦᠯᠡᠩᠳᠣ ᠰᠠᠶᠢᠬᠠᠨ ᠪᠣᠯᠬᠤ︾ ᠶᠢ ᠠᠬᠢᠭᠤᠯᠬᠤ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠡᠵᠡᠨ ᠬᠥᠮᠦᠨ ᠤ ᠣᠪᠣᠷ ᠢᠶᠠᠷ ᠮᠠᠯᠵᠢᠬᠤ ᠲᠠᠷᠢᠶᠠᠯᠠᠬᠤ ᠤᠷᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠳᠤ ᠣᠷᠣᠯᠴᠠᠵᠤ ᠬᠡᠷ ᠣᠷᠣᠨ ᠤ ᠪᠠᠨ ᠭᠠᠳᠠᠨ᠎ᠠ ᠳᠣᠳᠣᠨᠡᠬᠢ ᠶᠢ ᠴᠡᠪᠡᠷᠯᠡᠨ ᠲᠦᠯᠡᠭᠡ ᠮᠣᠳᠣ᠂ ᠡᠪᠡᠰᠦ ᠪᠣᠷᠳᠤᠭ᠎ᠠ ᠪᠠᠨ ᠳᠤᠷ᠎ᠠ ᠪᠠᠷ ᠣᠪᠣᠭᠠᠯᠠᠬᠤ ᠦᠭᠡᠢ᠂ ᠪᠠᠭᠠᠵᠢ ᠬᠡᠷᠡᠭᠰᠡᠯ ᠵᠡᠷᠬᠡ ᠵᠣᠶᠢᠯᠡᠰ ᠢᠶᠠᠨ ᠡᠷᠦᠢ ᠬᠤᠷᠦᠢ ᠦᠬᠡᠢ ᠳᠠᠯᠪᠢᠬᠤ ᠦᠬᠡᠢ᠂ ᠫᠧᠩ ᠰᠠᠷᠠᠪᠴᠢ ᠶᠢ ᠳᠤᠷ᠎ᠠ ᠪᠠᠷ ᠪᠠᠷᠢᠬᠤ ᠦᠭᠡᠢ᠂ ᠪᠣᠬᠢᠷ ᠤᠰᠤ ᠶᠢ ᠳᠤᠷ᠎ᠠ ᠪᠠᠷ ᠠᠰᠠᠬᠠᠵᠣ ᠰᠠᠴᠣᠬᠤ ᠦᠭᠡᠢ᠂ ᠰᠢᠬᠢᠭ ᠪᠣᠷᠳᠣᠭᠤᠷ ᠢ ᠳᠤᠷ᠎ᠠ ᠪᠠᠷ ᠠᠰᠬᠠᠬᠤ ᠦᠭᠡᠢ᠂ ᠤᠰᠤᠨ ᠰᠤᠪᠠᠭ ᠢ ᠳᠤᠷ᠎ᠠ ᠪᠠᠷ ᠮᠠᠯᠲᠠᠬᠤ ᠦᠭᠡᠢ ᠪᠠᠶᠢᠵᠣ ᠵᠢᠵᠢᠭ ᠰᠠᠵᠢᠭ ᠣᠶᠢᠯᠡ ᠶᠠᠪᠣᠳᠠᠯ ᠢ ᠲᠦᠷᠢᠮᠵᠢᠬᠦᠯᠥᠨ ᠣᠯᠠᠨ ᠳᠠᠶᠠᠭᠠᠷ ᠬᠦᠴᠦᠨ ᠢᠶᠠᠨ ᠬᠠᠮᠳᠣᠳᠬᠠᠬᠤ ᠬᠡᠷᠡᠭᠳᠡᠢ᠃      ᠬᠤᠶᠠᠷ᠂ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠴᠢᠷᠮᠠᠶᠢᠨ ᠪᠤᠢ ᠪᠣᠯᠭᠠᠬᠤ ᠬᠡᠷᠡᠭᠲᠡᠶ᠃ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠡᠳᠦᠷ ᠲᠤᠲᠤᠮ ᠤᠨ ᠠᠮᠢᠳᠤᠷᠠᠯ ᠳᠤ ᠠᠭᠤᠰᠬᠠᠵᠤ ᠪᠡᠶ᠎ᠡ ᠲᠠᠮᠢᠷ ᠤᠨ ᠪᠣᠯᠪᠠᠰᠤᠷᠠᠯ ᠢ ᠴᠢᠩᠭᠠᠳᠬᠠᠨ ᠡᠷᠡᠭᠦᠯ ᠴᠢᠭᠢᠷᠠᠭ ᠰᠡᠳᠬᠢᠴᠡ ᠶᠢᠨ ᠪᠠᠶᠢᠳᠠᠯ ᠢᠶᠠᠨ ᠪᠠᠲᠤᠯᠠᠵᠤ ᠡᠷᠡᠭᠦᠯ ᠴᠢᠭᠢᠷᠠᠭ ᠢᠳᠡᠭᠡᠨ ᠤᠮᠳᠠᠭᠠᠨ ᠢ ᠴᠢᠬᠤᠯᠠᠴᠢᠯᠠᠨ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠶᠢ ᠰᠠᠶᠢᠲᠤᠷ ᠬᠢᠬᠦ ᠬᠡᠷᠡᠭᠲᠡᠶ᠃ ᠬᠤᠪᠢ ᠬᠥᠮᠦᠨ ᠤ ᠠᠷᠢᠭᠤᠨ ᠴᠡᠪᠡᠷ ᠢ ᠠᠩᠬᠠᠷᠴᠤ  ᠬᠤᠭᠤᠯᠠᠯᠯᠠᠬᠤ ᠠᠴᠠ ᠡᠮᠣᠨ᠎ᠠ ᠪᠤᠶᠤ ᠪᠠᠶ᠎ᠠ ᠵᠠᠰᠠᠭᠰᠠᠨ ᠤ ᠳᠠᠷᠠᠭ᠎ᠠ ᠭᠠᠷ ᠢᠶᠠᠨ ᠣᠬᠢᠶᠠᠵᠣ ᠬᠠᠨᠢᠶᠠᠬᠤ ᠪᠣᠶᠣ ᠨᠠᠶᠢᠳᠠᠬᠤ ᠳᠠᠭᠠᠨ ᠴᠠᠭᠠᠰᠣ ᠪᠠᠷ ᠪᠣᠶᠣ ᠳᠣᠬᠤᠢ ᠪᠠᠷ ᠢᠶᠠᠨ ᠬᠠᠮᠠᠷ ᠠᠮᠠ ᠪᠠᠨ ᠳᠠᠭᠯᠠᠬᠤ ᠬᠡᠷᠡᠭᠳᠡᠢ᠃ ᠠᠯᠢ ᠴᠢᠳᠠᠬᠤ ᠪᠠᠷ ᠭᠠᠳᠠᠭᠰᠢ ᠭᠠᠷᠬᠤ ᠪᠠᠨ ᠪᠠᠭᠠᠰᠬᠠᠵᠤ ᠨᠠᠶᠢᠷ ᠴᠣᠭᠯᠠᠭᠠᠨ ᠳᠤ ᠣᠷᠣᠯᠴᠠᠬᠤ ᠦᠬᠡᠢ᠂ ᠠᠶᠢᠯ ᠳᠣᠭᠤᠷᠢᠵᠣ ᠬᠡᠰᠦᠬᠦ ᠥᠬᠡᠶ᠂ ᠬᠥᠮᠦᠨ ᠣᠯᠠᠨ ᠴᠤᠭᠯᠠᠷᠠᠭᠰᠠᠨ ᠭᠠᠵᠠᠷ ᠲᠤ ᠣᠴᠢᠬᠤ ᠥᠬᠡᠶ ᠪᠤᠶᠤ ᠴᠥᠭᠡᠨ ᠣᠴᠢᠵᠤ᠂ ᠬᠠᠨᠢᠶᠠᠵᠤ ᠬᠠᠯᠠᠭᠤᠷᠠᠭᠰᠠᠨ ᠡᠪᠡᠳᠴᠢᠲᠡᠨ ᠲᠠᠢ ᠣᠶᠢᠷᠠᠳᠬᠤ ᠠᠴᠠ ᠵᠠᠶᠢᠯᠠᠰᠬᠢᠵᠦ ᠭᠠᠳᠠᠭᠰᠢ ᠭᠠᠷᠬᠤ ᠳᠠᠭᠠᠨ ᠠᠮᠠᠪᠴᠢ ᠵᠡᠬᠦᠵᠣ ᠠᠮᠠᠪᠴᠢ ᠶᠢ ᠬᠡᠷᠡᠭᠯᠡᠭᠰᠡᠨ ᠤ ᠳᠠᠷᠠᠭ᠎ᠠ ᠳᠤᠷ᠎ᠠ ᠪᠠᠷ ᠢᠶᠠᠨ ᠬᠠᠶᠠᠬᠤ ᠦᠬᠡᠢ ᠪᠠᠶᠢᠵᠣ ᠱᠠᠭᠠᠷᠳᠠᠯᠭ᠎ᠠ ᠶᠣᠰᠣᠭᠠᠷ ᠰᠢᠢᠳᠪᠦᠷᠢᠯᠡᠬᠦ ᠬᠡᠷᠡᠭᠲᠡᠶ᠃      ᠭᠤᠷᠪᠠ᠂ ᠣᠯᠠᠨ ᠨᠡᠶᠢᠲᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠰᠠᠨᠠᠭᠠᠴᠢᠯᠠᠭ᠎ᠠ ᠠᠴᠠ ᠪᠠᠨ ᠬᠠᠮᠠᠭᠠᠯᠠᠬᠤ ᠬᠡᠷᠡᠭᠲᠡᠶ᠃ ᠣᠯᠠᠨ ᠨᠡᠶᠢᠲᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠤᠬᠠᠮᠰᠠᠷ ᠢ ᠪᠠᠲᠤ ᠪᠠᠬᠢ ᠪᠣᠶ ᠪᠣᠯᠭᠠᠵᠤ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠤᠬᠠᠮᠰᠠᠷ ᠠᠴᠠ ᠪᠠᠨ ᠳᠠᠶᠠᠭᠳᠠᠵᠣ ᠬᠠᠮᠢᠶ᠎ᠠ  ᠨᠠᠮᠢᠶ᠎ᠠ ᠦᠬᠡᠢ ᠨᠤᠯᠮᠤᠬᠤ ᠥᠬᠡᠶ᠂ ᠵᠢᠮᠢᠰ ᠤᠨ ᠬᠠᠯᠢᠰᠤ ᠰᠦᠯᠢᠶᠣᠣ ᠤᠭᠤᠲᠠ ᠶᠢ ᠳᠤᠷ᠎ᠠ ᠪᠠᠷ ᠬᠠᠶᠠᠬᠤ ᠥᠬᠡᠶ᠂ ᠣᠯᠠᠨ ᠨᠡᠶᠢᠲᠡ ᠶᠢᠨ ᠲᠠᠯᠠᠪᠤᠷ ᠲᠤ ᠲᠠᠮᠠᠬᠢ ᠲᠠᠲᠠᠬᠤ ᠥᠬᠡᠶ᠂ ᠳᠤᠷ᠎ᠠ ᠪᠠᠷ ᠢᠶᠠᠨ ᠡᠷᠢᠶᠠᠴᠢᠬᠦ ᠦᠬᠡᠢ ᠨᠠᠭᠠᠬᠤ ᠥᠬᠡᠶ ᠡᠯᠭᠦ‌‍ᠬᠦ ᠥᠬᠡᠶ ᠪᠠᠶᠢᠬᠤ ᠬᠡᠷᠡᠭᠳᠡᠢ︔ ᠨᠡᠶᠢᠲᠡ ᠶᠢᠨ ᠲᠥᠬᠦᠭᠡᠷᠦᠮᠵᠢ ᠶᠢ ᠬᠠᠶᠢᠷᠠᠯᠠᠨ ᠬᠠᠮᠠᠭᠠᠯᠠᠵᠤ ᠡᠪᠳᠡᠵᠦ ᠰᠦᠢᠳᠬᠡᠬᠦ ᠪᠠ ᠪᠤᠵᠠᠷᠲᠤᠭᠤᠯᠬᠤ ᠦᠭᠡᠢ ᠪᠠᠶᠢᠬᠤ ᠬᠡᠷᠡᠭᠳᠡᠢ᠃ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠡᠭᠦᠷᠭᠡ ᠪᠠᠨ ᠬᠢᠨᠠᠮᠠᠭᠠᠶ ᠬᠦᠢᠴᠡᠳᠬᠡᠵᠤ ᠬᠤᠭ ᠨᠣᠪᠰᠢ ᠶᠢ ᠳᠤᠷ᠎ᠠ ᠪᠠᠷ ᠬᠠᠶᠠᠵᠣ ᠣᠪᠣᠭᠠᠯᠠᠬᠤ ᠵᠡᠷᠭᠡ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠰᠠᠨᠠᠭᠠᠴᠢᠯᠠᠭ᠎ᠠ ᠠᠴᠠ ᠪᠠᠨ ᠢᠳᠬᠠᠨ ᠬᠤᠷᠢᠭᠯᠠᠵᠤ ᠣᠷᠴᠢᠨ ᠲᠣᠭᠤᠷᠢᠨ ᠢ ᠪᠣᠬᠢᠷᠲᠤᠭᠤᠯᠬᠤ᠂ ᠠᠮᠢ ᠠᠬᠤᠶ ᠶᠢ ᠡᠪᠳᠡᠬᠦ᠂ ᠨᠠᠶᠢᠳᠠ ᠶᠢᠨ ᠲᠦᠬᠦᠬᠡᠷᠣᠮᠵᠢ ᠶᠢ ᠡᠪᠳᠡᠬᠦ ᠵᠡᠷᠬᠡ ᠮᠠᠭᠤ ᠮᠠᠭᠤᠬᠠᠢ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠬᠡᠷᠡᠭᠲᠡᠶ᠃       ᠲᠦᠷᠪᠡ᠂ ᠡᠪᠡᠳᠴᠢᠨ ᠤ ᠵᠠᠭᠤᠴᠢ ᠶᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠬᠤ ᠬᠡᠷᠡᠭᠲᠡᠶ᠃ ᠪᠤᠵᠠᠷ ᠪᠤᠷᠲᠠᠭ ᠡᠮᠬᠢ ᠲᠢᠭᠯᠢᠮ ᠦᠬᠡᠢ ᠪᠠᠶᠢᠳᠠᠯ ᠢ ᠴᠡᠭᠴᠡᠯᠡᠨ  ᠵᠠᠰᠠᠭᠰᠠᠨ ᠰᠠᠭᠤᠷᠢᠨ ᠳᠡᠭᠡᠷ᠎ᠡ ᠭᠠᠵᠠᠷ ᠳᠣᠣᠷᠠᠬᠢ ᠲᠡᠷᠭᠡᠨ ᠬᠥᠮᠥᠷᠭᠡ᠂ ᠭᠠᠵᠠᠷ ᠳᠣᠣᠷᠠᠬᠢ ᠦᠷᠦᠬᠡ᠂ ᠠᠷᠢᠭᠤᠨ ᠴᠡᠪᠡᠷ ᠤᠨ ᠲᠠᠰᠤᠯᠭ᠎ᠠ ᠵᠢᠴᠢ ᠠᠮᠠᠷᠬᠠᠨ ᠤᠰᠤ ᠬᠤᠷᠠᠬᠤ ᠰᠠᠪᠠ ᠵᠡᠷᠭᠡ ᠶᠢ ᠰᠠᠶᠢᠳᠣᠷ ᠴᠡᠪᠡᠷᠯᠡᠵᠦ ᠢᠴᠡᠭᠡᠯᠡᠭᠰᠡᠨ ᠰᠢᠮᠠᠭᠤᠯ ᠬᠤᠷᠣᠬᠠᠢ ᠶᠢ ᠠᠯᠠᠵᠤ ᠤᠰᠠᠳᠬᠠᠨ ᠬᠠᠯᠳᠠᠪᠤᠷᠢᠲᠤ ᠡᠪᠡᠳᠴᠢᠨ ᠤ ᠵᠠᠭᠤᠴᠢ ᠶᠢ ᠰᠡᠷᠭᠡᠶᠢᠯᠡᠨ ᠬᠤᠷᠢᠭᠯᠠᠵᠤ ︽ᠳᠥᠷᠪᠡᠨ ᠬᠤᠣᠷᠳᠠᠨ︾ ᠤ ᠦᠷᠡᠵᠢᠬᠦ ᠣᠷᠴᠢᠨ ᠨᠥᠬᠦᠴᠡᠯ ᠢ ᠴᠡᠪᠡᠷᠯᠡᠨ ᠠᠷᠢᠯᠭᠠᠵᠤ ᠠᠮᠢᠳᠤᠷᠠᠯ ᠤᠨ ᠣᠷᠴᠢᠨ ᠲᠣᠭᠤᠷᠢᠨ ᠤ ᠠᠮᠤᠷ ᠲᠦᠪᠰᠢᠨ ᠠᠷᠢᠭᠤᠨ ᠴᠡᠪᠡᠷ ᠢ ᠪᠠᠲᠤᠯᠠᠬᠤ ᠬᠡᠷᠡᠭᠲᠠᠢ᠃       ᠲᠠᠪᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠰᠤᠷᠤᠯᠴᠠᠨ ᠤᠯᠠᠮᠵᠢᠯᠠᠬᠤ ᠬᠡᠷᠡᠭᠲᠡᠶ᠃ ︽ᠪᠢ ᠬᠥᠮᠦᠨ ᠪᠦᠬᠦᠨ ᠤ ᠲᠥᠯᠥᠭᠡ᠂ ᠬᠥᠮᠦᠨ ᠪᠦᠬᠦᠨ ᠥᠪᠡᠷ ᠤᠨ ᠲᠥᠯᠥᠭᠡ︾ ᠬᠡᠬᠦ ᠨᠡᠶᠢᠭᠡᠮ ᠤᠨ ᠬᠡᠪ ᠰᠤᠷᠲᠠᠯ ᠢ ᠶᠡᠬᠡᠪᠡᠷ ᠰᠠᠨᠠᠭᠠᠴᠢᠯᠠᠨ  ᠬᠥᠷᠰᠢ ᠵᠡᠷᠭᠡᠯᠡᠳᠡᠭᠡ ᠶᠢᠨ ᠬᠢᠨ ᠬᠠᠷᠢᠯᠴᠠᠨ ᠬᠠᠪᠰᠤᠷᠤᠯᠴᠠᠵᠤ ᠰᠢᠨᠵᠢᠯᠡᠬᠦ ᠤᠬᠠᠭᠠᠨᠴᠢ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠵᠠᠰᠠᠬᠤ ᠪᠠ ᠬᠠᠪᠤᠷ ᠤᠨ ᠤᠯᠠᠷᠢᠯ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢ ᠰᠠᠨᠠᠭᠠᠴᠢᠯᠠᠭ᠎ᠠ ᠠᠴᠠ ᠪᠠᠨ ᠰᠤᠷᠤᠯᠴᠠᠨ ᠳᠡᠯᠭᠡᠷᠡᠭᠦᠯᠵᠦ ᠥᠪᠡᠷ ᠢ ᠪᠠᠨ ᠰᠡᠷᠭᠡᠶᠢᠯᠡᠨ ᠬᠠᠮᠠᠭᠠᠯᠠᠬᠤ ᠦᠵᠡᠯ ᠤᠬᠠᠮᠰᠠᠷ ᠪᠠ ᠴᠢᠳᠠᠪᠤᠷᠢ ᠪᠠᠨ ᠳᠡᠭᠡᠭᠰᠢᠯᠡᠭᠦᠯᠵᠦ ᠡᠷᠡᠭᠦᠯ ᠮᠡᠨᠳᠦ ᠶᠢᠨ ᠮᠡᠳᠡᠯᠭᠡ ᠶᠢ ᠤᠯᠠᠮᠵᠢᠯᠠᠨ ᠳᠡᠯᠭᠡᠷᠡᠭᠦᠯᠬᠦ ᠠᠵᠢᠯ ᠤᠨ ᠰᠠᠶᠢᠨ ᠲᠤᠷᠠᠴᠤᠳ ᠪᠣᠯᠬᠤ ᠪᠠᠷ ᠴᠢᠷᠮᠠᠶᠢᠬᠤ ᠬᠡᠷᠡᠭᠲᠡᠶ᠃       ᠵᠢᠷᠭᠤᠭ᠎ᠠ᠂ ᠬᠡᠭᠡᠷ᠎ᠡ ᠶᠢᠨ ᠠᠮᠢᠲᠠᠨ ᠢ ᠰᠠᠨᠠᠭᠠᠴᠢᠯᠠᠭ᠎ᠠ ᠠᠴᠠ ᠪᠠᠨ ᠬᠠᠮᠠᠭᠠᠯᠠᠬᠤ ᠬᠡᠷᠡᠭᠲᠡᠶ᠃ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ ︽ᠬᠡᠭᠡᠷ᠎ᠡ ᠶᠢᠨ ᠠᠮᠢᠲᠠᠨ ᠤ ᠮᠢᠬ᠎ᠠ ᠪᠠᠷ ᠰᠢᠮ᠎ᠡ ᠲᠡᠵᠢᠭᠡᠯ ᠨᠥᠬᠦᠪᠥᠷᠢᠯᠡᠬᠦ︾ ᠡᠷᠡᠭᠦᠯ ᠮᠡᠨᠳᠦ ᠶᠢᠨ ᠬᠠᠭᠤᠷᠮᠠᠴᠢ ᠦᠵᠡᠯᠲᠡ ᠶᠢ ᠲᠠᠶᠠᠭᠳᠠᠵᠤ ᠬᠡᠭᠡᠷ᠎ᠡ ᠶᠢᠨ ᠠᠮᠢᠲᠠᠨ  ᠤ ᠮᠢᠬ᠎ᠠ ᠱᠦᠯᠥ ᠪᠠᠷ ᠬᠢᠭᠰᠡᠨ ᠬᠤᠭᠤᠯᠠ ᠶᠢ ᠬᠤᠭᠤᠯᠠᠨ ᠰᠢᠷᠡᠭᠡᠨ ᠳᠡᠭᠡᠷ᠎ᠡ ᠭᠠᠷᠭᠠᠬᠤ ᠶᠢ ᠡᠷᠡᠰ ᠬᠤᠷᠢᠭᠯᠠᠬᠤ ᠬᠡᠷᠡᠭᠳᠡᠢ︔ ᠬᠡᠭᠡᠷ᠎ᠡ ᠶᠢᠨ ᠠᠮᠢᠲᠠᠨ ᠤ ᠠᠷᠠᠰᠤ  ᠪᠠᠷ ᠬᠢᠭᠰᠡᠨ ᠬᠤᠪᠴᠠᠰᠤ ᠬᠤᠨᠠᠷ ᠢ ᠬᠤᠳᠠᠯᠳᠤᠨ ᠠᠪᠬᠤ ᠦᠭᠡᠢ᠂ ᠡᠮᠦᠰᠬᠦ ᠦᠭᠡᠢ ᠪᠠᠶᠢᠵᠣ ᠪᠦᠲᠦᠭᠡᠭᠳᠡᠬᠦᠨ ᠢ ᠵᠠᠬ᠎ᠠ ᠳᠡᠯᠭᠡᠭᠦᠷ ᠦᠭᠡᠢ ᠪᠣᠯᠭᠠᠨ᠎ᠠ᠃ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠤᠯᠪᠣᠭᠳᠠᠯ ᠪᠦᠬᠦᠢ ᠬᠠᠤᠯᠢ ᠲᠦᠷᠢᠮ ᠢ ᠴᠢᠩᠭ᠎ᠠ ᠵᠢᠷᠤᠮᠯᠠᠨ ᠬᠡᠭᠡᠷ᠎ᠡ ᠶᠢᠨ ᠠᠮᠢᠲᠠᠨ ᠢ ᠬᠢᠨᠠᠨ ᠬᠠᠮᠢᠶᠠᠷᠬᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠨ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠩᠨᠠᠭᠰᠠᠨ᠂ ᠫᠠᠨᠽᠠᠯᠠᠭᠰᠠᠨ᠂ ᠬᠤᠳᠠᠯᠳᠤᠭᠰᠠᠨ᠂ ᠬᠤᠳᠠᠯᠳᠤᠨ ᠠᠪᠤᠭᠰᠠᠨ ᠵᠡᠷᠬᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃     ᠥᠷᠭᠡᠨ ᠣᠯᠠᠨ ᠰᠠᠭᠤᠭᠠᠯᠢ ᠠᠷᠠᠳ ᠨᠠᠶᠢᠵᠡ ᠨᠠᠷ ᠡ᠂ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠣᠯᠠᠨ ᠢᠶᠠᠷ ᠢᠶᠠᠨ ᠣᠷᠣᠯᠴᠠᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠥᠮᠦᠨ ᠪᠦᠬᠦᠨ ᠬᠠᠷᠢᠭᠤᠴᠠᠯᠭ᠎ᠠ ᠲᠠᠢ᠃ ᠪᠢᠳᠡ ᠭᠠᠷ ᠭᠠᠷ ᠢᠶᠠᠨ ᠬᠤᠯᠪᠣᠯᠴᠠᠨ ᠣᠯᠠᠨ ᠢᠶᠠᠷ ᠢᠶᠠᠨ ᠬᠦᠳᠡᠯᠥᠯᠴᠡᠨ ᠪᠦᠬᠦᠳᠡᠬᠡᠷ ᠢᠶᠠᠨ ᠣᠷᠣᠯᠴᠠᠵᠣ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ ᠬᠦᠴᠢᠷ ᠪᠡᠷᠬᠡ ᠶᠢ ᠬᠠᠮᠲᠤ ᠪᠠᠷ ᠲᠤᠭᠤᠯᠵᠤ ᠡᠨᠡ ᠤᠳᠠᠭᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠠᠷᠬᠡᠶᠢᠯᠡᠨ ᠠᠷᠢᠯᠭᠠᠬᠤ ᠳᠠᠶᠢᠯᠠᠯᠳᠤᠭᠠᠨ ᠳᠤ ᠬᠦᠴᠦᠨ ᠴᠢᠳᠠᠯ ᠢᠶᠠᠨ ᠡᠷᠭᠦᠵᠡᠭᠡᠶ᠎ᠡ︕                     ᠦᠤᠰᠢᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ                                             2020 ᠣᠨ ᠤ 2 ᠰᠠᠷ᠎ᠠ ᠶᠢᠨ 24 ᠤ ᠡᠳᠦᠷ
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ