1ᠰᠠᠷ᠎ᠠ ᠶᠢᠨ 22 ᠤᠨ ᠡᠳᠦᠷ᠂ ᠪᠦᠬᠦ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ | ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠠᠷᠭᠡᠶᠢᠯᠠᠨ ᠡᠵᠡᠮᠳᠡᠬᠦ ᠠᠵᠢᠯ ᠤᠨ | ᠲᠧᠯᠸᠢᠰ ᠳ᠋ᠢᠶᠠᠩᠬᠤᠸᠠ ᠬᠤᠷᠠᠯ ᠬᠤᠷᠠᠯᠳᠤᠵᠤ ᠮᠠᠨ ᠤ ᠬᠤᠰᠢᠭᠤ ᠸᠢᠳᠢᠣ᠋ ᠬᠤᠷᠠᠯ ᠤᠨ ᠬᠡᠯᠪᠡᠷᠢ ᠪᠠᠷ ᠬᠤᠷᠠᠯ ᠳᠤ | ᠤᠷᠤᠯᠴᠠᠭᠰᠠᠨ ᠪᠠᠶᠢᠨ᠎ᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠬᠤᠲᠠ ᠶᠢᠨ ᠳᠠᠷᠤᠭ᠎ᠠ | ᠰᠡᠴᠡᠨᠪᠢᠯᠢᠭ ᠪᠦᠬᠦ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠠᠷᠭᠡᠶᠢᠯᠠᠨ ᠡᠵᠡᠮᠳᠡᠬᠦ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠢ | ᠡᠷᠭᠢᠯᠠᠨ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ | ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠠᠷᠭᠡᠶᠢᠯᠠᠨ ᠡᠵᠡᠮᠳᠡᠬᠦ ᠠᠵᠢᠯ ᠢ ᠰᠠᠶᠢᠲᠤᠷ | ᠬᠢᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠥᠷᠥ ᠶᠢᠨ ᠶᠠᠪᠤᠳᠠᠯ ᠤᠨ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠠᠷᠭᠡᠶᠢᠯᠠᠨ ᠬᠤᠷᠢᠭᠯᠠᠬᠤ | ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠳᠡᠳ᠋ ᠳᠠᠷᠤᠭ᠎ᠠ ᠯᠢᠦ ᠵᠢᠶᠠᠨ ᠰᠢᠶᠦ᠋ᠨ ᠬᠤᠷᠠᠯ ᠳᠡᠭᠡᠷ᠎ᠡ | ᠠᠵᠢᠯ ᠤᠨ ᠪᠠᠶᠢᠷᠢᠯᠠᠭᠤᠯᠤᠯᠲᠠ ᠬᠢᠵᠦ ᠣᠷᠳᠣᠰ ᠤᠨ ᠴᠡᠷᠢᠭ ᠤᠨ ᠬᠤᠪᠢᠶᠠᠷᠢ ᠲᠣᠭᠤᠷᠢᠭ ᠤᠨ ᠵᠠᠭᠢᠷᠭᠠᠨ ᠤ | ᠲᠠᠷᠤᠭ᠎ᠠ ᠴᠧᠨ ᠰᠢᠶᠣᠤ ᠢ ᠬᠤᠷᠠᠯ ᠳᠤ ᠰᠠᠭᠠᠲᠠᠪᠠ᠃ ᠬᠤᠰᠢᠭᠤ ᠲᠡᠳ᠋ ᠳᠠᠷᠤᠭ᠎ᠠ ᠪᠠᠶᠠᠨᠴᠢᠮᠡᠭ᠂ ᠯᠢᠦ ᠵᠧᠩ ᠮᠠᠨ | ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠵᠠᠶ᠃ | | | | | | | ᠰᠡᠴᠡᠨᠪᠢᠯᠢᠭ ᠵᠢᠭᠠᠵᠤ ᠭᠠᠷᠭᠠᠭᠰᠠᠨ ᠨᠢ᠂ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ | ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ | ᠠᠳᠬᠤᠬᠤ ᠪᠣᠯ ᠣᠳᠣᠬᠠᠨ ᠤ ᠨᠢᠭᠡ ᠴᠢᠬᠤᠯᠠ ᠡᠭᠦᠷᠭᠡ ᠮᠥᠨ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ | ᠰᠠᠯᠠᠭ᠎ᠠ ᠮᠥᠴᠢᠷ ᠶᠠᠷᠤᠩᠭᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠭᠤᠰᠢᠯᠠᠭᠤᠯᠵᠤ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠨᠠᠮ ᠤᠨ | ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ ᠬᠠᠷᠢᠭᠤᠴᠠᠯᠭᠠᠳᠤ ᠤᠬᠠᠮᠰᠠᠷ ᠢᠶᠠᠨ ᠴᠢᠩᠭᠠᠳᠬᠠᠨ ᠲᠥᠪ ᠴᠢᠩᠭ᠎ᠠ ᠨᠠᠷᠢᠨ ᠬᠢᠨᠠᠮᠠᠭᠠᠶ ᠣᠪᠣᠷ | ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠡᠯ᠎ᠡ ᠵᠦᠶᠯ ᠤᠨ ᠠᠵᠢᠯ ᠢ ᠯᠠᠪᠳᠠᠭᠤᠨ ᠪᠠᠲᠤᠲᠠᠶ | ᠠᠳᠬᠤᠬᠤ ᠬᠡᠷᠡᠭᠲᠡᠶ ᠭᠡᠵᠡᠶ᠃ | | | | | | | ᠰᠡᠴᠡᠨᠪᠢᠯᠢᠭ ᠴᠢᠬᠤᠯᠠᠴᠢᠯᠠᠬᠤ ᠳᠠᠭᠠᠨ᠂ ︽ᠰᠡᠷᠭᠡᠶᠢᠯᠡᠬᠦ︾ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠴᠢᠩᠭᠠᠷᠠᠭᠤᠯᠵᠤ ᠬᠢᠵᠢᠭ ᠤᠨ | ᠪᠠᠶᠢᠳᠠᠯ ᠮᠠᠨ ᠤ ᠬᠤᠲᠠ ᠳᠤ ᠡᠭᠦᠰᠬᠦ ᠠᠴᠠ ᠡᠷᠡᠰ ᠬᠤᠷᠢᠭᠯᠠᠵᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ | ᠲᠥᠰᠦᠯ ᠢ ᠳᠠᠷᠤᠶᠢᠬᠠᠨ ᠡᠬᠢᠯᠡᠨ ᠭᠡᠷᠡᠭᠵᠢᠭᠦᠯᠭᠦ ᠬᠡᠷᠡᠭᠲᠡᠢ᠃ ᠴᠠᠭᠠᠨ ᠰᠠᠷ᠎ᠠ ᠶᠢᠨ ᠬᠤᠭᠤᠴᠠᠭᠠᠨ ᠳᠤ ᠨᠤᠲᠤᠭ | ᠲᠠᠭᠠᠨ ᠪᠤᠴᠠᠬᠤ ᠵᠠᠩᠭᠢᠯᠠᠭ᠎ᠠ ᠶᠢᠨ ᠴᠢᠭ ᠢ ᠴᠢᠩᠭ᠎ᠠ ᠠᠩᠬᠠᠷᠴᠤ ᠨᠢᠰᠬᠡᠯ ᠤᠨ ᠪᠠᠭᠤᠳᠠᠯ᠂ ᠲᠡᠷᠭᠡᠨ ᠥᠷᠲᠡᠭᠡ᠂ | ᠬᠤᠳᠠᠯᠳᠤᠭᠠᠨ ᠤ ᠲᠠᠯᠠᠪᠤᠷ ᠵᠡᠷᠭᠡ ᠬᠥᠮᠦᠨ ᠣᠯᠠᠨ ᠴᠤᠭᠯᠠᠷᠠᠭᠰᠠᠨ ᠲᠠᠯᠠᠪᠤᠷ ᠢ ᠬᠢᠨᠠᠨ ᠡᠵᠡᠮᠳᠡᠬᠦ ᠠᠵᠢᠯ ᠢ ᠰᠠᠶᠢᠲᠤᠷ | ᠬᠢᠵᠦ ᠡᠪᠡᠳᠴᠢᠨ ᠤ ᠵᠢᠱᠢᠶ᠎ᠡ ᠪᠣᠯᠤᠨ ᠬᠢᠵᠢᠭ ᠲᠤᠰ ᠭᠠᠵᠠᠷ ᠣᠷᠣᠨ ᠳᠤ ᠲᠠᠷᠬᠠᠬᠤ ᠶᠢ ᠴᠢᠩᠭ᠎ᠠ ᠰᠡᠷᠭᠡᠶᠢᠯᠡᠬᠦ | ᠬᠡᠷᠡᠭᠲᠡᠶ᠃ ᠬᠢᠵᠢᠭ ᠰᠡᠷᠭᠡᠶᠢᠯᠡᠬᠦ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ ᠥᠷᠭᠡᠨ ᠤᠯᠠᠨ ᠠᠷᠠᠳ ᠲᠦᠮᠡᠨ ᠤ | ᠥᠪᠡᠷ ᠢ ᠪᠠᠨ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠶ ᠭᠡᠵᠡᠢ᠃ | | | | | | | ᠰᠡᠴᠡᠨᠪᠢᠯᠢᠭ ᠱᠠᠭᠠᠷᠳᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ ᠡᠯ᠎ᠡ ᠬᠤᠰᠢᠭᠤ ᠲᠣᠭᠤᠷᠢᠭ ᠡᠯ᠎ᠡ ᠰᠠᠯᠠᠭ᠎ᠠ ᠮᠥᠴᠢᠷ ᠤᠨ | ᠬᠢᠨ ᠳᠠᠬᠢᠨ ᠳᠠᠶᠢᠴᠢᠯᠠᠵᠤ ᠳᠠᠬᠢᠨ ᠨᠠᠶᠢᠳᠠᠪᠤᠷᠢᠵᠢᠭᠤᠯᠤᠨ ᠳᠠᠬᠢᠨ ᠪᠠᠶᠢᠷᠢᠯᠠᠭᠤᠯᠵᠤ ᠠᠵᠢᠯ ᠲᠥᠷᠥᠯ ᠳᠠᠬᠢ ᠰᠢᠨ᠎ᠡ | ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠠᠷᠭᠡᠶᠢᠯᠠᠨ ᠡᠵᠡᠮᠳᠡᠬᠦ ᠠᠵᠢᠯ ᠤᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠬᠦ ᠬᠡᠷᠡᠭᠲᠡᠶ᠃ ᠬᠤᠯᠪᠣᠭᠠᠯᠠᠨ | ᠰᠡᠷᠭᠡᠶᠢᠯᠡᠵᠦ ᠡᠵᠡᠮᠳᠡᠬᠦ ᠠᠵᠢᠯ ᠢ ᠰᠠᠶᠢᠲᠤᠷ ᠬᠢᠵᠤ ᠰᠡᠷᠭᠡᠶᠢᠯᠡᠨ ᠡᠵᠡᠮᠳᠡᠬᠦ ᠠᠵᠢᠯ ᠤᠨ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ ᠪᠠᠴᠢᠮ ᠪᠠᠶᠢᠳᠠᠯ ᠢ ᠠᠷᠭᠠᠴᠠᠭᠠᠬᠤ ᠲᠦᠷᠢᠮ ᠢ ᠨᠠᠶᠢᠳᠠᠪᠤᠷᠢᠵᠢᠭᠤᠯᠤᠨ ︽ᠡᠷᠲᠡ ᠣᠯᠵᠤ ᠮᠡᠳᠡᠬᠦ᠂ | ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ ᠡᠮᠨᠡᠨ ᠵᠠᠰᠠᠬᠤ︾ ᠶᠢ ᠪᠡᠶᠡᠯᠡᠭᠦᠯᠵᠦ ᠠᠷᠠᠳ ᠣᠯᠠᠨ ᠤ ᠠᠮᠢ | ᠨᠠᠰᠤᠨ ᠤ ᠠᠮᠤᠷ ᠲᠦᠪᠰᠢᠨ ᠪᠠ ᠨᠡᠶᠢᠭᠡᠮ ᠤᠨ ᠶᠡᠭᠡ ᠪᠠᠶᠢᠳᠠᠯ ᠤᠨ ᠲᠤᠭᠳᠠᠭᠤᠨ ᠢ ᠪᠠᠲᠤᠯᠠᠵᠤ ᠪᠥᠬᠦ ᠬᠤᠲᠠ ᠶᠢᠨ | ᠠᠷᠠᠳ ᠲᠦᠮᠡᠨ ᠤ ᠪᠠᠶᠠᠷ ᠪᠠᠶᠠᠰᠬᠤᠯᠠᠩ ᠲᠠᠢ ᠡᠶ᠎ᠡ ᠨᠠᠶᠢᠷᠲᠠᠶ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ | ᠬᠡᠷᠡᠭᠲᠡᠶ ᠭᠡᠵᠡᠢ᠃ | | | | | | | ᠬᠤᠷᠠᠯ ᠳᠡᠭᠡᠷ᠎ᠡ ᠪᠠᠰᠠ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠤᠨ ᠲᠤᠬᠠᠶ ᠦᠨᠳᠦᠰᠦᠨ ᠮᠡᠳᠡᠯᠭᠡ ᠪᠠ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠵᠡᠷᠭᠡ ᠠᠭᠤᠯᠭ᠎ᠠ ᠳᠤ ᠪᠣᠯᠪᠠᠰᠤᠷᠠᠯ ᠬᠢᠵᠡᠶ᠃ | | | | | | | ᠬᠤᠷᠠᠯ ᠤᠨ ᠳᠠᠷᠠᠭ᠎ᠠ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠶᠠᠨᠴᠢᠮᠡᠭ᠂ ᠯᠢᠦ | ᠵᠧᠩ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠬᠦᠷᠴᠦ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ | ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠡᠩᠨᠡᠭᠡ᠂ ᠰᠡᠷᠭᠡᠶᠢᠯᠡᠨ ᠡᠵᠡᠮᠳᠡᠬᠦ | ᠡᠳ᠋ ᠪᠣᠳᠠᠰ ᠨᠥᠭᠡᠴᠡᠯᠡᠬᠦ ᠵᠡᠷᠭᠡ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠪᠠ᠃ ᠪᠠᠶᠠᠨᠴᠢᠮᠡᠭ | ᠴᠢᠬᠤᠯᠠᠴᠢᠯᠠᠭᠰᠠᠨ ᠨᠢ᠂ ᠪᠢᠳᠡ ᠵᠠᠪᠠᠯ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ | ᠤᠳᠤᠷᠢᠳᠤᠯᠭ᠎ᠠ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠤᠯᠤᠰ᠂ ᠥᠪᠡᠷᠲᠡᠭᠡᠨ | ᠵᠠᠰᠠᠬᠤ ᠣᠷᠣᠨ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠡᠷᠭᠡᠶᠢᠯᠡᠨ ᠡᠵᠡᠮᠳᠡᠬᠦ | ᠠᠵᠢᠯ ᠤᠨ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ ᠡᠨᠡ ᠬᠦ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ | ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠤᠷᠢᠭᠯᠠᠨ ᠰᠡᠷᠭᠡᠶᠢᠯᠡᠬᠦ ᠳᠠᠶᠢᠨ ᠢ ᠡᠷᠡᠰ ᠰᠠᠶᠢᠲᠤᠷ ᠬᠢᠵᠦ ᠮᠠᠨ ᠤ | ᠬᠤᠰᠢᠭᠤᠨ ᠤ ᠥᠷᠭᠡᠨ ᠣᠯᠠᠨ ᠠᠷᠠᠳ ᠲᠦᠮᠡᠨ ᠤ ᠡᠶ᠎ᠡ ᠵᠣᠬᠢᠴᠠᠯ ᠲᠠᠢ ᠠᠮᠤᠷ ᠠᠮᠤᠭᠤᠯᠠᠩ ᠪᠠᠶᠠᠷ ᠬᠥᠷ ᠲᠠᠢ | ᠴᠠᠭᠠᠨ ᠰᠠᠷ᠎ᠠ ᠶᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠶ ᠬᠡᠵᠠᠢ᠃ | | |