ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠮᠠᠨ ᠤ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠳᠤ ᠪᠠᠶᠢᠴᠠᠭᠠᠯᠳᠠ ᠵᠢᠭᠠᠨ ᠵᠢᠯᠤᠭᠤᠳᠤᠯᠭ᠎ᠠ ᠬᠢᠪᠡ
ᠨᠡᠶᠢᠲᠡᠯᠡᠭᠰᠡᠨ ᠴᠠᠭ᠄
2020-02-04
     1 ᠰᠠᠷ᠎ᠠ ᠶᠢᠨ 23 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠮᠠᠨ ᠤ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠳᠤ ᠪᠠᠶᠢᠴᠠᠭᠠᠯᠳᠠ ᠵᠢᠭᠠᠨ ᠵᠢᠯᠣᠭᠤᠳᠣᠯᠭ᠎ᠠ ᠬᠢᠵᠦ ᠡᠮᠦᠨ᠎ᠡ ᠹᠷᠣᠨᠲ ᠲᠤ ᠠᠵᠢᠯᠯᠠᠵᠦ ᠪᠠᠶᠢᠭ᠎ᠠ ᠰᠡᠷᠭᠡᠶᠢᠯᠡᠨ ᠡᠵᠡᠮᠳᠡᠬᠦ ᠠᠵᠢᠯᠳᠠᠳ ᠢ ᠪᠣᠯᠭᠤᠭᠠᠨ ᠳᠣᠬᠤᠨᠢᠭᠤᠯᠣᠭᠰᠠᠨ ᠪᠠᠶᠢᠨ᠎ᠠ᠃ ᠲᠡᠷᠡ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶᠠᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ  ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠰᠡᠷᠭᠡᠶᠢᠯᠡᠨ ᠡᠵᠡᠮᠳᠡᠬᠦ ᠠᠵᠢᠯ ᠢ ᠢᠳᠡᠪᠬᠢᠲᠡᠶ ᠰᠠᠨᠠᠭᠠᠴᠢᠯᠠᠭ᠎ᠠ ᠲᠠᠢ᠂ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠰᠠᠶᠢᠲᠤᠷ ᠬᠢᠵᠦ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠢ ᠬᠠᠮᠠᠭᠠᠯᠠᠨ ᠬᠤᠰᠢᠭᠤᠨ ᠤ ᠥᠷᠭᠡᠨ ᠣᠯᠠᠨ ᠠᠷᠠᠳ ᠲᠦᠮᠡᠨ ᠤ ᠥᠯᠵᠡᠢ ᠪᠡᠯᠭᠡᠲᠤ ᠴᠠᠭᠠᠨ ᠰᠠᠷ᠎ᠠ ᠶᠢ ᠡᠷᠡᠭᠦᠯ ᠡᠩᠬᠡ ᠪᠠᠶᠠᠷ ᠭᠦᠷ ᠲᠠᠢ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠬᠤᠰᠢᠭᠤ ᠨᠠᠮ ᠤ ᠬᠤᠷᠢᠶᠠᠨ ᠤ ᠪᠠᠶᠢᠩᠭᠤ ᠶᠢᠨ ᠬᠡᠰᠢᠬᠦᠨ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠵᠣᠣ ᠶᠦᠩ ᠹᠧᠩ᠂ ᠬᠤᠰᠢᠭᠤ ᠳᠡᠳ᠋ ᠳᠠᠷᠤᠭ᠎ᠠ ᠪᠠᠶᠠᠨᠴᠡᠩᠬᠡᠯ᠂ ᠬᠤᠰᠢᠭᠤ ᠣᠯᠣᠰ ᠳᠦᠷᠦ ᠶᠢᠨ ᠵᠦᠪᠯᠡᠯᠬᠡᠨ ᠤ ᠳᠡᠳ᠋ ᠳᠡᠷᠢᠬᠦᠯᠡᠭᠴᠢ ᠯᠧᠢ ᠂ ᠬᠠᠰ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠪᠠᠶᠢᠴᠠᠭᠠᠯᠲᠠ ᠳᠤ ᠤᠷᠤᠯᠴᠠᠪᠠ᠃
   
     ᠬᠤᠰᠢᠭᠤ ᠮᠣᠩᠭᠤᠯ ᠡᠮᠨᠡᠯᠬᠡ ᠶᠢᠨ ᠶᠡᠷᠦᠩᠬᠡᠶᠢᠯᠡᠭᠰᠡᠨ ᠡᠮᠨᠡᠯᠬᠡ ᠶᠢᠨ ᠬᠤᠷᠢᠶ᠎ᠠ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠦᠪ᠂ ᠬᠤᠰᠢᠭᠤ ᠠᠷᠠᠳ ᠤᠨ ᠡᠮᠨᠡᠯᠬᠡ ᠶᠢᠨ ᠬᠤᠷᠢᠶ᠎ᠠ ᠵᠡᠷᠭᠡ ᠭᠠᠵᠠᠷ ᠲᠤ ᠡᠷᠳᠡᠨᠢᠪᠢᠯᠢᠭ ᠬᠢᠵᠢᠭ ᠢ ᠰᠡᠷᠭᠡᠶᠢᠯᠡᠨ ᠡᠵᠡᠮᠳᠡᠵᠤ ᠪᠠᠶᠢᠭ᠎ᠠ ᠪᠠᠶᠢᠳᠠᠯ ᠤᠨ ᠳᠣᠬᠠᠢ ᠨᠠᠷᠢᠨ ᠠᠰᠠᠭᠤᠵᠦ ᠣᠶᠢᠯᠠᠭᠠᠬᠤ ᠶᠢᠨ ᠬᠠᠮᠲᠣ ᠡᠮᠨᠡᠯᠭᠡ ᠶᠢᠨ ᠠᠵᠢᠯᠲᠠᠨ ᠤ ᠰᠡᠷᠭᠡᠶᠢᠯᠡᠨ ᠬᠠᠮᠠᠭᠠᠯᠠᠬᠤ ᠪᠠᠲᠤᠯᠠᠭ᠎ᠠ ᠶᠢᠨ ᠠᠵᠢᠯ ᠢ ᠨᠠᠷᠢᠨ ᠣᠶᠢᠯᠠᠭᠠᠪᠠ᠃ ᠲᠡᠷᠡ ᠵᠢᠭᠠᠬᠤ ᠳᠠᠭᠠᠨ᠂ ᠬᠢᠵᠢᠭ ᠢ ᠰᠡᠷᠭᠡᠶᠢᠯᠡᠨ ᠡᠵᠡᠮᠳᠡᠬᠦ ᠨᠢ ᠠᠷᠠᠳ ᠣᠯᠠᠨ ᠤ ᠠᠮᠢ ᠨᠠᠰᠣ ᠡᠷᠡᠬᠦᠯ ᠴᠢᠬᠢᠷᠠᠭ ᠠᠮᠣᠷ ᠳᠦᠪᠰᠢᠨ ᠲᠠᠢ ᠬᠤᠯᠪᠣᠭᠳᠠᠵᠦ ᠪᠠᠶᠢᠭ᠎ᠠ ᠳᠣᠯᠠ ᠪᠦᠬᠦ ᠬᠦᠴᠦᠨ ᠢᠶᠠᠷ ᠢᠶᠠᠨ᠂ ᠰᠢᠨᠵᠢᠯᠡᠬᠦ ᠣᠬᠠᠭᠠᠨᠴᠢ ᠪᠦᠲᠦᠮᠵᠢᠲᠡᠢ  ᠪᠠᠷ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠢ ᠴᠢᠩᠭ᠎ᠠ ᠠᠳᠬᠤᠬᠤ ᠬᠡᠷᠡᠭᠲᠡᠢ᠂ ᠴᠠᠭᠠᠨ ᠰᠠᠷ᠎ᠠ ᠶᠢᠨ ᠬᠤᠭᠤᠴᠠᠭ᠎ᠠ ᠪᠣᠯ ᠬᠦᠮᠦᠨ ᠠᠮᠠ ᠴᠣᠭᠯᠠᠷᠠᠵᠦ ᠰᠢᠯᠵᠢᠬᠦ ᠳᠦᠪᠯᠡᠷᠡᠯ ᠤᠨ ᠬᠤᠭᠤᠴᠠᠭ᠎ᠠ ᠪᠣᠯᠣᠨ᠎ᠠ᠂ ᠰᠡᠷᠭᠡᠶᠢᠯᠡᠨ ᠡᠵᠡᠮᠳᠡᠬᠦ ᠠᠵᠢᠯ ᠤᠨ ᠡᠬᠦᠷᠭᠡ ᠬᠠᠷᠢᠭᠤᠴᠠᠯᠭ᠎ᠠ ᠬᠦᠨᠲᠦ ᠪᠠᠶᠢᠵᠤ ᠪᠦᠬᠦ ᠬᠤᠰᠢᠭᠤ ᠪᠠᠷ ᠢᠶᠠᠨ ᠠᠷᠠᠳ ᠣᠯᠠᠨ ᠤ ᠡᠷᠡᠬᠦᠯ ᠮᠡᠨᠲᠣ ᠳᠤ ᠳᠡᠭᠡᠲᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠳᠦᠪ ᠪᠠ ᠦᠪᠡᠷᠳᠡᠭᠡᠨ ᠵᠠᠰᠠᠬᠤ ᠣᠷᠣᠨ᠂ ᠬᠤᠳᠠ ᠶᠢᠨ ᠨᠠᠮ ᠤᠨ ᠬᠤᠷᠢᠶᠠᠨ ᠤ ᠡᠯ᠎ᠡ ᠵᠦᠢᠯ ᠤᠨ ᠪᠠᠶᠢᠷᠢᠯᠠᠭᠤᠯᠣᠯᠲᠠ ᠶᠢᠨ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠵᠤ ᠣᠯᠣᠰ ᠳᠦᠷᠦ ᠶᠢᠨ ᠵᠣᠭᠰᠣᠴᠠ ᠪᠠᠨ ᠳᠡᠭᠡᠭᠰᠢᠯᠡᠬᠦᠯᠵᠦ ᠢᠳᠡᠭᠡᠯ ᠢᠶᠠᠨ ᠪᠠᠲᠤᠳᠬᠠᠨ ᠪᠦᠬᠦ ᠬᠦᠴᠦᠨ ᠢᠶᠠᠷ ᠢᠶᠠᠨ ᠡᠨᠡ ᠣᠳᠠᠭᠠᠨ ᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠣᠷ ᠬᠢᠬᠦ ᠬᠡᠷᠡᠭᠲᠡᠢ᠃ ᠰᠡᠷᠭᠡᠶᠢᠯᠡᠨ ᠡᠵᠡᠮᠳᠡᠬᠦ ᠠᠵᠢᠯᠳᠠᠳ ᠠᠵᠢᠯᠯᠠᠬᠤ ᠴᠠᠭ ᠢᠶᠠᠨ ᠵᠣᠬᠢᠴᠠᠭᠤᠯᠵᠦ ᠴᠠᠭᠠᠨ ᠰᠠᠷ᠎ᠠ ᠶᠢᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠰᠠᠬᠢᠵᠦ ᠬᠢᠵᠢᠭ ᠢ ᠰᠡᠷᠭᠡᠶᠢᠯᠡᠨ ᠡᠵᠡᠮᠳᠡᠬᠦ ᠪᠡᠯᠡᠳᠭᠡᠯ ᠠᠵᠢᠯ ᠢ ᠰᠠᠶᠢᠳᠣᠷ ᠬᠢᠬᠦ ᠶᠢᠨ ᠬᠠᠮᠲᠣ ᠦᠪᠡᠷ ᠢ ᠪᠠᠨ ᠬᠠᠮᠠᠭᠠᠯᠠᠬᠤ ᠠᠵᠢᠯ ᠢ ᠰᠠᠶᠢᠳᠣᠷ ᠬᠢᠵᠦ ᠬᠤᠪᠢ ᠪᠡᠶ᠎ᠡ ᠶᠢᠨ ᠢᠶᠠᠨ ᠠᠮᠣᠷ ᠳᠦᠪᠰᠢᠨ ᠢ ᠪᠠᠳᠣᠯᠠᠬᠤ ᠬᠡᠷᠡᠭᠲᠡᠢ᠃ ᠪᠦᠬᠦ ᠬᠤᠰᠢᠭᠤᠨ ᠤ ᠡᠯ᠎ᠡ ᠱᠠᠳᠣ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠴᠢᠬᠤᠯᠠ ᠴᠢᠨᠠᠷ ᠢ ᠳᠠᠨᠢᠵᠦ ᠬᠢᠨᠠᠮᠠᠭᠠᠢ ᠵᠣᠬᠢᠶᠠᠨ ᠪᠠᠶᠢᠭᠤᠯᠤᠨ ᠨᠠᠷᠢᠯᠢᠭ ᠪᠠᠶᠢᠷᠢᠯᠠᠭᠤᠯᠵᠦ ᠬᠦᠩᠬᠡᠨ ᠬᠠᠭᠤᠳᠠᠮ ᠬᠠᠨᠳᠤᠵᠤ ᠪᠣᠯᠬᠤ ᠦᠬᠡᠢ᠃ ᠶᠠᠷᠢᠶ᠎ᠠ ᠬᠡᠯᠡᠯᠴᠡᠭᠡᠨ ᠤ ᠣᠳᠣᠷᠢᠳᠣᠮᠵᠢ ᠪᠠ ᠣᠬᠠᠭᠤᠯᠭ᠎ᠠ ᠶᠢᠨ ᠠᠵᠢᠯ ᠢ ᠰᠠᠶᠢᠳᠣᠷ ᠬᠢᠵᠦ ᠨᠡᠶᠢᠬᠡᠮ ᠤᠨ ᠬᠠᠯᠠᠮᠵᠢᠯᠠᠵᠦ ᠪᠠᠶᠢᠭ᠎ᠠ ᠠᠰᠠᠭᠤᠳᠠᠯ ᠳᠤ ᠴᠠᠭ ᠳᠣᠬᠠᠢ  ᠳᠤᠨᠢ ᠬᠠᠷᠢᠭᠤᠯᠳᠠ ᠦᠭᠴᠦ ᠰᠡᠷᠭᠡᠶᠢᠯᠡᠨ ᠬᠠᠮᠠᠭᠠᠯᠠᠬᠤ ᠮᠡᠳᠡᠯᠭᠡ ᠶᠢ ᠣᠬᠠᠭᠤᠯᠣᠨ ᠣᠯᠠᠮᠵᠢᠯᠠᠵᠦ ᠣᠯᠠᠨ ᠲᠦᠮᠡᠨ ᠤ ᠦᠪᠡᠷ ᠢ ᠪᠠᠨ ᠬᠠᠮᠠᠭᠠᠯᠠᠬᠤ ᠣᠬᠠᠮᠰᠠᠷ ᠢ ᠳᠡᠭᠡᠭᠰᠢᠯᠡᠬᠦᠯᠵᠦ ᠨᠡᠶᠢᠬᠡᠮ ᠤᠨ ᠬᠡᠪ ᠤᠨ ᠦᠢᠯᠡᠳᠪᠦᠷᠢᠯᠡᠯ ᠠᠮᠢᠳᠣᠷᠠᠯ ᠢ ᠬᠠᠮᠠᠭᠠᠯᠠᠵᠦ ᠪᠦᠬᠦ ᠬᠤᠰᠢᠭᠤᠨ ᠤ ᠠᠷᠠᠳ ᠲᠦᠮᠡᠨ ᠤ ᠡᠷᠡᠬᠦᠯ ᠡᠩᠬᠡ᠂ ᠡᠶ᠎ᠡ ᠵᠣᠬᠢᠴᠠᠯ ᠲᠠᠢ ᠴᠠᠭᠠᠨ ᠰᠠᠷ᠎ᠠ ᠦᠩᠬᠡᠷᠡᠬᠦᠯᠬᠦ ᠶᠢ ᠪᠠᠳᠣᠯᠠᠬᠤ ᠬᠡᠷᠡᠭᠲᠡᠢ ᠬᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号