ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠢᠨᠠᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2020-02-04
     1 ᠰᠠᠷ᠎ᠠ ᠶᠢᠨ 26 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠥᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠣᠭᠤᠳᠣᠨ ᠪᠠᠶᠢᠴᠠᠭᠠᠵᠣ ᠡᠮᠦᠨ᠎ᠡ ᠹᠷᠣᠨᠲ ᠲᠤ ᠵᠢᠵᠢᠭᠦᠷᠯᠡᠵᠤ ᠪᠠᠶᠢᠭ᠎ᠠ ᠬᠦᠮᠦᠰ ᠢ ᠲᠤᠬᠤᠨᠢᠭᠤᠯᠵᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠭᠰᠡᠨ ᠤ ᠬᠠᠮᠲᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠤᠬᠢᠷᠠᠭᠤᠯᠤᠯᠲᠠ ᠪᠠᠶᠢᠷᠢᠰᠢᠭᠤᠯᠤᠯᠲᠠ ᠬᠢᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠦᠮᠡᠯ ᠹᠷᠤᠨᠲ ᠤᠨ ᠭᠡᠯᠲᠡᠰ ᠤᠨ ᠳᠠᠷᠤᠭ᠎ᠠ ᠠᠯᠲᠠᠠᠲᠤᠶᠠᠭ᠎ᠠ᠂ ᠬᠤᠰᠢᠭᠤ ᠳᠡᠳ᠋ ᠳᠠᠷᠤᠭ᠎ᠠ ᠯᠢᠦ ᠵᠧᠩ ᠪᠣᠯᠣᠨ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ᠂ ᠪᠠᠴᠢᠮ ᠪᠠᠶᠢᠳᠠᠯ ᠢ ᠠᠷᠭᠠᠴᠠᠭᠠᠬᠤ ᠲᠥᠪ᠂ ᠳᠤᠳᠤᠭᠠᠲᠦ ᠶᠢ ᠬᠠᠮᠠᠭᠠᠯᠠᠬᠤ ᠳᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠠᠷᠠᠳᠠᠨ ᠪᠠᠶᠢᠴᠠᠭᠠᠪᠠ᠃      ᠪᠠᠶᠠᠠᠴᠠᠶᠢᠳᠠᠮ ᠤᠨ ᠪᠠᠶᠢᠴᠠᠭᠠᠬᠤ ᠴᠢᠭ ᠪᠣᠯᠣᠨ ᠲᠣᠯᠢ ᠶᠢᠨ ᠰᠦᠢᠳᠬᠡᠯ ᠬᠤᠷᠢᠶᠠᠬᠤ ᠥᠷᠲᠡᠭᠡᠨ ᠤ ᠪᠠᠶᠢᠴᠠᠭᠠᠬᠤ ᠴᠢᠭ ᠲᠤ ᠵᠣᠣ ᠹᠧᠢ ᠯᠦ ᠵᠢᠵᠢᠭᠦᠷᠯᠡᠵᠤ ᠪᠠᠶᠢᠭ᠎ᠠ ᠬᠦᠮᠦᠰ ᠲᠠᠢ ᠨᠠᠷᠢᠨ ᠶᠠᠷᠢᠯᠴᠠᠵᠤ ᠪᠠᠶᠢᠴᠠᠭᠠᠬᠤ ᠴᠢᠭ ᠤᠨ ᠪᠠᠶᠢᠴᠠᠭᠠᠯᠲᠠ ᠶᠢᠨ ᠠᠵᠢᠯ᠂ ᠲᠡᠷᠭᠡ ᠨᠡᠪᠲᠡᠷᠡᠵᠤ ᠪᠠᠶᠢᠭ᠎ᠠ ᠪᠠᠶᠢᠳᠠᠯ ᠢ ᠣᠶᠢᠯᠠᠭᠠᠭᠰᠠᠨ ᠤ ᠬᠠᠮᠲᠦ ᠥᠪᠡᠷ ᠤᠨ ᠪᠡᠶ᠎ᠡ ᠪᠠᠷ ᠢᠶᠠᠨ ᠥᠩᠭᠡᠷᠡᠵᠤ ᠪᠠᠶᠢᠭ᠎ᠠ ᠲᠡᠷᠭᠡ ᠲᠠᠢ ᠬᠦᠮᠦᠰ ᠲᠠᠢ ᠶᠠᠷᠢᠯᠴᠠᠵᠤ ᠤᠶᠢᠷ᠎ᠠ ᠶᠢᠨ ᠬᠤᠭᠤᠴᠠᠭᠠᠨ ᠳᠤ ᠪᠤᠯᠬᠤ ᠶᠢᠨ ᠳᠤᠲᠤᠷ᠎ᠠ ᠭᠡᠷ ᠠᠴᠠ ᠪᠠᠨ ᠴᠦᠭᠡᠨ ᠭᠠᠷᠴᠦ᠂ ᠠᠶᠢᠯᠴᠢᠯᠠᠵᠤ ᠳᠣᠭᠤᠷᠢᠬᠤ ᠦᠭᠡᠢ᠂ ᠥᠪᠡᠷ ᠤᠨ ᠪᠡᠶ᠎ᠡ ᠶᠢᠨ ᠬᠠᠮᠠᠭᠠᠯᠠᠯᠲᠠ ᠪᠠᠨ ᠰᠠᠶᠢᠲᠤᠷ ᠬᠢᠬᠦ ᠬᠡᠷᠡᠭᠲᠡᠢ ᠭᠡᠵᠤ ᠠᠩᠬᠠᠷᠤᠭᠤᠯᠪᠠ᠃ ᠵᠣᠣ ᠹᠸᠢ ᠯᠦ ᠵᠢᠭᠠᠬᠤ ᠳᠤ ᠪᠠᠨ᠂ ᠬᠢᠵᠢᠭ ᠤᠨ ᠪᠠᠶᠢᠳᠠᠯ ᠪᠣᠯ ᠳᠠᠷᠤᠢ ᠵᠠᠷᠯᠢᠭ᠂ ᠰᠡᠷᠭᠡᠶᠢᠯᠡᠨ ᠡᠵᠡᠮᠳᠡᠬᠦ ᠪᠣᠯ ᠳᠠᠷᠤᠢ ᠬᠠᠷᠢᠭᠤᠴᠠᠯᠭ᠎ᠠ ᠮᠥᠨ᠃ ᠡᠯ᠎ᠡ ᠰᠤᠮᠤ ᠪᠠᠯᠭᠠᠰᠤ ᠪᠣᠯᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠤᠴᠠ ᠪᠠᠨ ᠦᠨᠡᠨᠬᠦ ᠰᠠᠶᠢᠲᠤᠷ ᠳᠡᠭᠡᠭᠰᠢᠯᠡᠭᠦᠯᠵᠦ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠲᠦᠷᠦ ᠶᠢᠨ ᠶᠠᠪᠤᠳᠠᠯ ᠤᠨ ᠬᠤᠷᠢᠶ᠎ᠠ᠂ ᠥᠪᠡᠷᠳᠡᠭᠡᠨ ᠵᠠᠰᠬᠠᠤ ᠤᠷᠤᠨ᠂ ᠬᠤᠲᠠ᠂ ᠬᠤᠰᠢᠭᠤᠨ ᠤ ᠠᠵᠢᠯ ᠤᠨ ᠪᠠᠶᠢᠷᠢᠰᠢᠭᠤᠯᠤᠯᠲᠠ ᠶᠢ ᠬᠦᠨᠵᠡᠭᠡᠢ ᠲᠤᠭᠤᠰᠢᠯᠠᠭᠤᠯᠤᠨ ᠨᠠᠶᠢᠲᠠᠪᠤᠷᠢᠵᠢᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠣᠳᠣᠬᠠᠨ ᠤ ᠬᠠᠮᠤᠭ ᠤᠨ ᠴᠢᠬᠤᠯᠠ ᠠᠵᠢᠯ ᠪᠣᠯᠭᠠᠨ ᠠᠳᠬᠤᠬᠤ ᠬᠡᠷᠡᠭᠲᠡᠢ᠃ ᠬᠡᠨᠡᠳᠲᠡ ᠡᠭᠦᠰᠦᠭᠰᠡᠨ ᠬᠦᠨᠳᠦ ᠶᠡᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠰᠢᠢᠳᠪᠦᠷᠢᠯᠡᠬᠦ ᠳᠣᠭᠲᠠᠯᠴᠠᠭ᠎ᠠ ᠶᠤᠰᠤᠭᠠᠷ ᠬᠤᠯᠪᠣᠭᠠᠯᠠᠨ ᠰᠡᠷᠭᠡᠶᠢᠯᠡᠵᠤ ᠡᠵᠡᠮᠳᠡᠬᠦ ᠠᠵᠢᠯ ᠢ ᠰᠠᠶᠢᠲᠤᠷ ᠬᠢᠵᠤ ᠭᠠᠷᠴᠦ ᠥᠩᠭᠡᠷᠡᠬᠦ ᠲᠡᠷᠭᠡ ᠪᠣᠯᠣᠨ ᠵᠤᠭᠠᠴᠠᠭᠰᠠᠳ ᠪᠤᠯᠭᠠᠨ ᠢ ᠪᠠᠶᠢᠴᠠᠭᠠᠵᠤ ᠨᠢᠭᠡᠳ ᠨᠢᠭᠡ ᠪᠠᠷ ᠬᠠᠷᠭᠤᠭᠤᠯᠤᠨ ᠲᠣᠳᠣᠷᠬᠠᠶᠢᠯᠠᠬᠤ ᠬᠡᠷᠡᠭᠲᠡᠢ᠃ ᠣᠯᠠᠨ ᠲᠥᠮᠡᠨ ᠤ ᠦᠵᠡᠯ ᠰᠠᠨᠠᠭᠠᠨ ᠤ ᠠᠵᠢᠯ ᠢ ᠰᠠᠶᠢᠲᠤᠷ ᠬᠢᠵᠤ ᠤᠯᠠᠨ ᠲᠥᠮᠡᠨ ᠢ ᠳᠠᠶᠢᠴᠢᠯᠠᠨ ᠭᠠᠳᠠᠭᠰᠢ ᠭᠠᠷᠬᠤ ᠶᠢ ᠬᠠᠮᠤᠭ ᠶᠡᠭᠡ ᠬᠡᠮᠵᠢᠶ᠎ᠡ ᠪᠠᠷ ᠪᠠᠭᠠᠰᠬᠠᠵᠤ ᠪᠠᠴᠢᠮ ᠴᠢᠬᠤᠯᠠ ᠶᠠᠪᠤᠳᠠᠯ ᠦᠭᠡᠢ ᠪᠤᠯ ᠣᠷᠣᠵᠣ ᠢᠷᠡᠬᠦ ᠪᠠᠷ ᠪᠠᠶᠢᠭ᠎ᠠ ᠭᠠᠳᠠᠷ ᠮᠤᠵᠢ ᠣᠷᠣᠨ ᠤ ᠲᠡᠷᠭᠡ ᠶᠢ ᠵᠠᠷᠴᠢᠮ ᠳᠡᠭᠡᠷ᠎ᠡ ᠪᠠᠨ ᠢᠳᠬᠠᠵᠤ ᠪᠤᠴᠠᠭᠤᠯᠬᠤ ᠬᠡᠷᠡᠭᠲᠡᠢ᠃ ᠵᠢᠵᠢᠭᠦᠷᠯᠡᠵᠤ ᠪᠠᠶᠢᠭ᠎ᠠ ᠬᠦᠮᠦᠰ ᠤᠨ ᠠᠷᠦ ᠲᠠᠯ᠎ᠠ ᠶᠢᠨ ᠪᠠᠲᠤᠯᠠᠭ᠎ᠠ ᠪᠤᠯᠤᠨ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠵᠤ ᠠᠮᠤᠷ ᠳᠦᠪᠰᠢᠨ ᠢ ᠪᠠᠲᠤᠯᠠᠬᠤ ᠬᠡᠷᠡᠭᠲᠡᠢ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠤᠬᠠᠭᠤᠯᠭ᠎ᠠ ᠶᠢ ᠰᠠᠶᠢᠲᠤᠷ ᠬᠢᠵᠤ ᠡᠯ᠎ᠡ ᠵᠦᠢᠯ ᠤᠨ ᠵᠠᠭᠤᠴᠢᠯᠠᠭᠤᠷ ᠢᠶᠠᠷ ᠳᠠᠮᠵᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠶᠢ ᠲᠤᠰᠬᠤᠨ᠂ ᠳᠤᠭᠤᠶᠢᠯᠠᠩ᠂ ᠡᠷᠦᠬᠡ᠂ ᠬᠦᠮᠦᠨ ᠪᠤᠯᠭᠠᠨ ᠳᠤ ᠬᠦᠷᠭᠡᠵᠤ ᠤᠯᠠᠨ ᠲᠦᠮᠡᠨ ᠤ ᠬᠢᠨᠠᠯᠲᠠ ᠲᠠᠯᠪᠢᠵᠤ ᠢᠯᠡᠴᠢᠯᠡᠨ ᠮᠡᠳᠡᠬᠦᠯᠬᠦ ᠠᠷᠭ᠎ᠠ ᠵᠠᠮ ᠢ ᠰᠠᠭᠠᠳ ᠦᠭᠡᠢ ᠪᠤᠯᠭᠠᠨ ᠤᠯᠠᠨ ᠢᠶᠠᠷ ᠢᠶᠠᠨ ᠰᠡᠷᠭᠡᠶᠢᠯᠡᠨ ᠵᠠᠰᠠᠬᠤ ᠰᠢᠯᠢᠳᠡᠭ ᠰᠠᠶᠢᠨ ᠠᠵᠢᠯ ᠤᠨ ᠪᠠᠶᠢᠳᠠᠯ ᠢ ᠪᠤᠢ ᠪᠣᠯᠭᠠᠬᠤ ᠬᠡᠷᠡᠭᠲᠡᠢ᠃ ᠡᠾᠧᠨᠠᠨ ᠮᠤᠵᠢ ᠵᠡᠷᠭᠡ ᠭᠠᠵᠠᠷ ᠤᠳ ᠤᠨ ᠰᠡᠷᠭᠡᠶᠢᠯᠡᠨ ᠬᠤᠷᠢᠭᠯᠠᠬᠤ ᠠᠷᠭ᠎ᠠ ᠳᠤᠷᠰᠢᠯᠭ᠎ᠠ ᠶᠢ ᠬᠢᠨᠠᠮᠠᠭᠠᠢ ᠰᠤᠷᠤᠯᠴᠠᠵᠤ ᠬᠢᠵᠢᠭ ᠡᠪᠡᠳᠴᠢᠨ ᠬᠠᠯᠳᠠᠪᠤᠷᠢᠯᠠᠨ ᠣᠷᠣᠬᠤ ᠵᠠᠮ ᠢ ᠬᠠᠭᠠᠵᠤ ᠬᠢᠵᠢᠭ ᠤᠨ ᠪᠠᠶᠢᠳᠠᠯ ᠲᠠᠷᠬᠠᠬᠤ ᠠᠴᠠ ᠰᠡᠷᠭᠡᠶᠢᠯᠡᠬᠦ ᠬᠡᠷᠡᠭᠲᠡᠢ ᠭᠡᠵᠡᠢ᠃      ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠳᠤ ᠵᠣᠣ ᠹᠸᠢ ᠯᠦ ᠬᠠᠯᠠᠭᠤᠷᠠᠬᠤ ᠶᠢ ᠡᠮᠨᠡᠬᠦ ᠡᠭᠦᠳᠡᠨ ᠡᠮᠨᠡᠯᠭᠡ ᠪᠣᠯᠣᠨ ᠬᠠᠯᠳᠠᠪᠤᠷᠢᠲᠦ ᠡᠪᠡᠳᠴᠢᠨ ᠤ ᠡᠪᠡᠳᠴᠢᠲᠡᠨ ᠤ ᠭᠡᠷ ᠤᠨ ᠲᠣᠬᠢᠷᠠᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠥᠷᠪᠢᠰᠦᠯ ᠤᠨ ᠬᠢᠵᠢᠭ ᠢ ᠤᠷᠢᠳᠴᠢᠯᠠᠨ ᠪᠠᠶᠢᠴᠠᠭᠠᠵᠤ ᠬᠤᠪᠢᠶᠠᠨ ᠡᠮᠴᠢᠯᠡᠬᠦ ᠪᠠᠶᠢᠭᠤᠯᠤᠮᠵᠢ ᠶᠢᠨ ᠡᠷᠬᠢᠯᠲᠡ ᠶᠢᠨ ᠪᠠᠶᠢᠳᠠᠯ ᠢ ᠬᠢᠨᠠᠮᠠᠭᠠᠢ ᠤᠶᠢᠯᠠᠭᠠᠪᠠ᠃ ᠵᠣᠣ ᠹᠸᠢ ᠯᠦ ᠵᠢᠭᠠᠬᠤ ᠳᠤ ᠪᠠᠨ᠂ ᠡᠮᠨᠡᠯᠭᠡ ᠶᠢᠨ ᠬᠤᠷᠢᠶᠠᠨ ᠤ ᠡᠮᠴᠢ ᠰᠣᠪᠢᠯᠠᠭᠴᠢᠳ ᠤᠨ ᠪᠤᠯᠪᠠᠰᠤᠷᠠᠯ ᠬᠦᠮᠦᠵᠢᠯ ᠪᠣᠯᠣᠨ ᠥᠪᠡᠷ ᠪᠡᠶ᠎ᠡ ᠶᠢᠨ ᠬᠠᠮᠠᠭᠠᠯᠠᠯᠲᠠ ᠶᠢ ᠴᠢᠩᠭᠠᠳᠬᠠᠵᠤ ᠬᠢᠵᠢᠭ ᠤᠨ ᠪᠠᠶᠢᠳᠠᠯ ᠢ ᠰᠢᠢᠳᠪᠦᠷᠢᠯᠡᠬᠦ ᠡᠮᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠪᠠᠴᠢᠮ ᠪᠠᠶᠢᠳᠠᠯ ᠢ ᠰᠢᠢᠳᠪᠦᠷᠢᠯᠡᠬᠦ ᠪᠡᠯᠡᠳᠬᠡᠯ ᠪᠣᠯᠣᠨ ᠠᠷᠦ ᠲᠠᠯ᠎ᠠ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠤ ᠡᠮ ᠤᠨ ᠵᠦᠢᠯᠡᠰ᠂ ᠰᠡᠷᠭᠡᠶᠢᠯᠡᠨ ᠬᠠᠮᠠᠭᠠᠯᠠᠬᠤ ᠭᠡᠷᠡᠭᠰᠡᠯ ᠵᠡᠷᠭᠡ ᠶᠢᠨ ᠬᠠᠩᠭᠠᠯᠭ᠎ᠠ ᠶᠢ ᠪᠠᠲᠤᠯᠠᠬᠤ ᠬᠡᠷᠡᠭᠲᠡᠢ᠃ ᠡᠪᠡᠳᠴᠢᠨ ᠬᠢᠵᠢᠭ ᠢ ᠰᠡᠷᠭᠡᠶᠢᠯᠡᠨ ᠬᠤᠷᠢᠭᠯᠠᠬᠤ ᠰᠠᠯᠠᠭ᠎ᠠ ᠮᠥᠴᠢᠷ ᠤᠨ ᠰᠤᠷᠠᠭ ᠵᠠᠩᠭᠢ ᠶᠢᠨ ᠨᠡᠪᠲᠡᠷᠡᠯᠴᠡᠭᠡ ᠪᠣᠯᠣᠨ ᠬᠠᠮᠲᠤᠷᠠᠯᠴᠠᠭᠠᠨ ᠤ ᠲᠣᠭᠲᠠᠯᠴᠠᠭ᠎ᠠ ᠶᠢ ᠰᠠᠶᠢᠲᠤᠷ ᠬᠢᠵᠤ ᠡᠷᠲᠡᠬᠡᠨ ᠢᠯᠡᠷᠡᠭᠦᠯᠵᠤ᠂ ᠡᠷᠲᠡᠬᠡᠨ ᠮᠡᠳᠡᠭᠦᠯᠵᠤ᠂ ᠡᠷᠲᠡᠬᠡᠨ ᠲᠤᠰᠠᠭᠠᠷᠯᠠᠵᠤ᠂ ᠡᠷᠲᠡᠬᠡᠨ ᠡᠮᠨᠡᠵᠤ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠳᠠᠶᠢᠯᠠᠯᠲᠤᠭᠠᠨ ᠤ ᠢᠯᠠᠯᠲᠠ ᠶᠢ ᠣᠯᠬᠤ ᠪᠠᠷ ᠴᠢᠷᠮᠠᠶᠢᠬᠤ ᠬᠡᠷᠡᠭᠲᠡᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号