1ᠰᠠᠷ᠎ᠠ ᠶᠢᠨ 26 ᠤ ᠡᠳᠦᠷ᠂ ᠪᠦᠬᠦ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ | ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠲᠣᠬᠢᠷᠠᠭᠤᠯᠬᠤ ᠬᠤᠷᠠᠯ ᠬᠤᠷᠠᠯᠳᠤᠭᠰᠠᠨ ᠪᠠᠶᠢᠨ᠎ᠠ᠃ ᠬᠤᠰᠢᠭᠤ ᠳᠡᠳ᠋ ᠳᠠᠷᠤᠭ᠎ᠠ ᠯᠢᠦ ᠵᠧᠩ ᠬᠤᠷᠠᠯ ᠡᠷᠭᠢᠯᠡᠵᠦ | ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠰᠢᠭᠤ | ᠨᠠᠮ ᠤᠨ ᠬᠤᠷᠢᠶᠠᠨ ᠤ ᠠᠯᠪᠠᠨ ᠬᠡᠷ᠂ ᠵᠠᠰᠠᠭ ᠤᠨ ᠣᠷᠳᠣᠨ ᠤ ᠠᠯᠪᠠᠨ ᠬᠡᠷ᠂ ᠬᠤᠰᠢᠭᠤ ᠰᠢᠭᠤᠳ ᠬᠠᠷᠢᠶ᠎ᠠ | ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠡᠯ᠎ᠡ ᠰᠤᠮᠤ ᠪᠠᠯᠭᠠᠰᠤᠨ ᠤ ᠭᠤᠤᠯ ᠬᠠᠷᠢᠭᠤᠴᠠᠯᠭᠠᠲᠠᠨ ᠬᠤᠷᠠᠯ ᠳᠤ | ᠤᠷᠤᠯᠴᠠᠪᠠ᠃ | ᠬᠤᠷᠠᠯ ᠳᠡᠭᠡᠷ᠎ᠡ ᠵᠠᠰᠠᠭ ᠤᠨ ᠣᠷᠳᠣᠨ ᠤ ᠠᠯᠪᠠᠨ ᠬᠡᠷ ᠤᠨ ᠬᠠᠷᠢᠭᠤᠴᠠᠯᠭᠠᠲᠠᠨ ᠠᠴᠠ ︽ᠦᠦᠰᠢᠨ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠬᠠᠮᠢᠶᠠᠷᠤᠯᠳᠠ ᠪᠠᠨ ᠴᠢᠩᠭᠠᠳᠬᠠᠨ ᠠᠵᠤ | ᠠᠬᠤᠶᠢᠯᠠᠯ ᠤᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾᠂ ︽ᠥᠥᠰᠢᠨ | ᠬᠤᠰᠢᠭᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ | ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠶ ᠦᠦᠰᠢᠨ | ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ︾᠂ ︽ᠣᠷᠳᠣᠰ ᠬᠤᠲᠠ ᠶᠢᠨ | ᠨᠠᠮ ᠤᠨ ᠬᠤᠷᠢᠶᠠᠨ ᠤ ᠠᠯᠪᠠᠨ ᠬᠡᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠢᠨ᠎ᠡ ᠬᠡᠯᠪᠡᠷᠢ ᠶᠢᠨ | ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ᠵᠡᠷᠭᠡ ᠬᠤᠲᠠ᠂ ᠬᠤᠰᠢᠭᠤ ᠬᠤᠶᠠᠷ | ᠱᠠᠲᠤᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠠᠶᠢᠨ᠎ᠠ᠃ | ᠯᠢᠦ ᠵᠧᠩ ᠵᠢᠭᠠᠵᠤ ᠭᠠᠷᠭᠠᠬᠤ ᠳᠤ ᠪᠠᠨ᠂ ︽ᠪᠠᠶᠢᠴᠠᠭᠠᠬᠤ ᠪᠣᠭᠤᠮᠲᠠ︾ ᠶᠢ ᠪᠠᠲᠤ ᠰᠠᠬᠢᠵᠤ ᠨᠠᠩ ᠴᠢᠩᠭ᠎ᠠ | ᠠᠷᠭ᠎ᠠ ᠬᠡᠮᠵᠢᠶ᠎ᠡ ᠠᠪᠤᠨ ᠬᠠᠮᠢᠶ᠎ᠠ ᠪᠥᠬᠦᠶ ᠭᠤᠤᠯᠳᠠᠯᠭ᠎ᠠ ᠲᠠᠢ ᠬᠥᠮᠦᠰ ᠢ ᠪᠠᠶᠢᠴᠠᠭᠠᠬᠤ ᠶᠢ ᠪᠥᠬᠦ ᠬᠦᠴᠦᠨ ᠢᠶᠠᠷ ᠢᠶᠠᠨ | ᠰᠠᠶᠢᠲᠤᠷ ᠬᠢᠵᠦ ᠬᠢᠵᠢᠭ ᠤᠨ ᠪᠠᠶᠢᠳᠠᠯ ᠳᠡᠯᠭᠡᠷᠡᠬᠦ ᠶᠢ ᠡᠷᠡᠰ ᠰᠡᠷᠭᠡᠶᠢᠯᠡᠨ ᠬᠤᠷᠢᠭᠯᠠᠵᠤ ᠡᠯ᠎ᠡ ᠭᠠᠵᠠᠷ ᠤᠷᠤᠨ ᠡᠯ᠎ᠡ | ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ ᠪᠠᠴᠢᠮ ᠪᠠᠶᠢᠳᠠᠯ | ᠢ ᠰᠢᠢᠳᠪᠦᠷᠢᠯᠡᠬᠦ ᠪᠡᠯᠡᠳᠬᠡᠯ ᠲᠥᠰᠦᠯ ᠪᠠ ᠰᠢᠢᠳᠪᠦᠷᠢᠯᠡᠬᠦ ᠪᠡᠯᠡᠳᠬᠡᠯ ᠢ ᠰᠠᠶᠢᠲᠤᠷ ᠬᠢᠵᠦ ᠡᠷᠲᠡ ᠢᠯᠡᠷᠡᠭᠦᠯᠬᠦ᠂ | ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ ᠡᠮᠨᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ︽ᠪᠡᠯᠡᠳᠬᠡᠯ | ᠪᠣᠭᠤᠮᠲᠠ︾ ᠶᠢ ᠪᠠᠲᠤ ᠰᠠᠬᠢᠵᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠬᠠᠮᠤᠭ ᠤᠨ ᠭᠦᠢᠴᠡᠳ | ᠪᠡᠯᠡᠳᠬᠡᠯ ᠢᠶᠠᠨ ᠰᠠᠶᠢᠲᠤᠷ ᠬᠢᠵᠦ ᠭᠥᠮᠤᠨ᠂ ᠡᠳ᠋ ᠪᠤᠳᠠᠰ᠂ ᠲᠥᠷᠢᠮ ᠤᠨ ᠪᠥᠷᠢᠨ ᠪᠠᠶᠢᠬᠤ ᠶᠢ ᠴᠢᠬᠤᠯᠠᠴᠢᠯᠠᠬᠤ | ᠭᠡᠷᠡᠭᠳᠠᠢ᠃ ︽ᠶᠠᠷᠢᠶ᠎ᠠ ᠬᠡᠯᠡᠯᠴᠡᠭᠡᠨ ᠤ ᠪᠣᠭᠤᠮᠲᠠ︾ ᠶᠢ ᠪᠠᠲᠤ ᠰᠠᠬᠢᠵᠤ ᠤᠬᠠᠭᠤᠯᠭ᠎ᠠ ᠪᠠ ᠢᠨᠲ᠋ᠧᠷ ᠰᠦᠯᠵᠢᠶ᠎ᠡ | ᠮᠡᠳᠡᠭᠡ ᠵᠠᠩᠭᠢ ᠶᠢᠨ ᠰᠠᠯᠠᠭ᠎ᠠ ᠮᠥᠴᠢᠷ ᠤᠨ ᠬᠢᠨ ᠶᠠᠷᠢᠶ᠎ᠠ ᠬᠡᠯᠡᠯᠴᠡᠭᠡᠨ ᠤ ᠬᠠᠮᠢᠶᠠᠷᠤᠨ ᠡᠵᠡᠮᠳᠡᠬᠦ ᠬᠠᠮᠢᠶ᠎ᠠ ᠪᠦᠬᠦᠢ | ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠢᠵᠢᠭ | ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠬᠢᠯᠲᠠ ᠶᠢᠨ ᠪᠠᠶᠢᠳᠠᠯ ᠢ ᠴᠠᠭ ᠲᠤᠬᠠᠶ ᠳᠤᠨᠢ ᠤᠯᠠᠮᠵᠢᠯᠠᠨ ᠲᠠᠷᠬᠠᠭᠠᠵᠤ | ᠴᠤᠤᠷᠬᠠᠯ ᠲᠠᠯᠪᠢᠨ ᠴᠤᠤᠷᠬᠠᠯ ᠲᠠᠷᠬᠠᠭᠠᠬᠤ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ | ᠥᠭᠴᠦ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠡᠷᠡᠰ ᠬᠠᠮᠭᠠᠯᠠᠬᠤ ᠭᠡᠷᠡᠭᠳᠠᠢ᠃ ︽ᠬᠠᠷᠢᠭᠤᠴᠠᠯᠭ᠎ᠠ ᠶᠢᠨ | ᠪᠣᠭᠤᠮᠲᠠ︾ ᠶᠢ ᠪᠠᠳᠤ ᠰᠠᠭᠢᠵᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠲᠣᠰ ᠲᠣᠰ ᠤᠨ ᠠᠵᠢᠯ ᠤᠨ ᠡᠭᠦᠷᠭᠡ | ᠬᠠᠷᠢᠭᠤᠴᠠᠯᠭ᠎ᠠ ᠶᠣᠰᠣᠭᠠᠷ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠠᠲᠠᠭᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠶ᠃ ᠵᠠᠪᠠᠯ | ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠷ ᠡᠭᠦᠷᠭᠡ ᠬᠠᠷᠢᠭᠤᠴᠠᠯᠭ᠎ᠠ | ᠪᠠᠨ ᠨᠠᠷᠢᠨ ᠬᠢᠨᠠᠮᠠᠭᠠᠢ ᠭᠦᠢᠴᠡᠳᠬᠡᠵᠦ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ ᠣᠯᠠᠨ ᠤ | ᠤᠬᠠᠭᠠᠨ ᠬᠠᠮᠲᠤ ᠶᠢᠨ ᠬᠦᠴᠦᠨ ᠢ ᠨᠢᠭᠲᠠᠷᠠᠭᠤᠯᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠡᠯ᠎ᠡ | ᠵᠦᠢᠯ ᠤᠨ ᠠᠵᠢᠯ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠰᠠᠶᠢᠲᠤᠷ ᠠᠳᠬᠤᠵᠤ ᠠᠷᠠᠳ | ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠨ ᠪᠦᠬᠦ ᠬᠤᠰᠢᠭᠤᠨ ᠤ ᠠᠵᠤ | ᠠᠬᠤᠢ ᠨᠡᠶᠢᠭᠡᠮ ᠤᠨ ᠲᠣᠭᠲᠠᠭᠤᠨ ᠡᠷᠡᠭᠦᠯ ᠢᠶᠠᠷ ᠬᠥᠭᠵᠢᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ | ᠦᠵᠡᠭᠦᠯᠬᠦ ᠬᠡᠷᠡᠭᠲᠡᠢ ᠭᠡᠰᠡᠨ ᠪᠠᠶᠢᠨ᠎ᠠ᠃ |