1 ᠰᠠᠷ᠎ᠠ ᠶᠢᠨ 27 ᠤ ᠡᠳᠦᠷ᠂ ᠪᠥᠬᠦ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ | ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠲᠣᠬᠢᠷᠠᠭᠤᠯᠤᠯᠲᠠ ᠶᠢᠨ ᠬᠤᠷᠠᠯ ᠢ ᠬᠤᠰᠢᠭᠤ ᠵᠠᠰᠠᠭ ᠵᠠᠬᠢᠷᠭᠠᠨ ᠤ ᠦᠶᠯᠡᠴᠢᠯᠡᠭᠡᠨ ᠤ ᠲᠥᠪ ᠲᠤ ᠬᠤᠷᠠᠯᠳᠤᠭᠤᠯᠪᠠ᠃ | ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ | ᠬᠤᠰᠢᠭᠤ ᠳᠠᠷᠤᠭ᠎ᠠ ᠵᠣᠣ ᠹᠸᠢ ᠯᠦ᠂ ᠬᠤᠰᠢᠭᠤ ᠤᠳᠤᠷᠢᠳᠤᠯᠭ᠎ᠠ ᠯᠢᠦ ᠵᠧᠩ ᠪᠤᠯᠤᠨ ᠡᠯ᠎ᠡ ᠰᠤᠮᠤ ᠪᠠᠯᠭᠠᠰᠤ᠂ | ᠬᠤᠰᠢᠭᠤ ᠵᠠᠰᠠᠭ ᠤᠨ ᠣᠷᠳᠣᠨ ᠤ ᠠᠯᠪᠠᠨ ᠬᠡᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ | ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ | ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ᠬᠤᠷᠠᠯ ᠠᠴᠠ ᠥᠪᠡᠷᠲᠡᠭᠡᠨ ᠵᠠᠰᠠᠬᠤ | ᠣᠷᠣᠨ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠢ | ᠤᠯᠠᠮᠵᠢᠯᠠᠪᠠ᠃ | | | | | | | ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ᠬᠢᠵᠢᠭ ᠤᠨ ᠪᠠᠶᠢᠳᠠᠯ ᠪᠣᠯ ᠵᠠᠷᠯᠢᠭ᠂ ᠰᠡᠷᠭᠡᠶᠢᠯᠡᠨ ᠡᠵᠡᠮᠳᠡᠬᠦ ᠪᠣᠯ | ᠬᠠᠷᠢᠭᠤᠴᠠᠯᠭ᠎ᠠ ᠮᠥᠨ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ | ᠪᠠᠨ ᠦᠨᠡᠨ ᠬᠦ ᠳᠡᠭᠡᠭᠰᠢᠯᠡᠭᠦᠯᠵᠦ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠡᠯ᠎ᠡ ᠵᠦᠶᠯ ᠤᠨ | ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ | ᠮᠡᠨᠳᠦ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠣᠳᠣᠬᠠᠨ ᠤ ᠬᠠᠮᠤᠭ ᠤᠨ ᠴᠢᠬᠤᠯᠠ ᠠᠵᠢᠯ ᠪᠣᠯᠭᠠᠨ ᠠᠳᠬᠤᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠲᠣᠭᠲᠠᠴᠠ ᠶᠢ ᠲᠠᠭᠦᠯᠳᠠᠷᠵᠢᠭᠦᠯᠤᠨ ᠨᠠᠮ ᠵᠠᠰᠠᠭ ᠤᠨ ᠬᠠᠷᠢᠭᠤᠴᠠᠯᠭᠠᠲᠠᠳ ᠵᠢᠯᠤᠭᠤᠳᠤᠨ ᠪᠡᠶ᠎ᠡ | ᠪᠠᠷ ᠢᠶᠠᠨ ᠲᠣᠬᠢᠷᠠᠭᠤᠯᠵᠤ ᠬᠠᠷᠢᠭᠤᠴᠠᠯᠭ᠎ᠠ ᠶᠢ ᠪᠤᠲᠠᠲᠠᠶᠢᠵᠢᠭᠤᠯᠤᠨ ᠡᠭᠦᠷᠭᠡ ᠬᠠᠷᠢᠭᠤᠴᠠᠯᠭ᠎ᠠ ᠪᠠᠨ ᠭᠥᠢᠴᠡᠳᠭᠡᠭᠦ | ᠬᠡᠷᠡᠭᠲᠡᠶ᠃ ᠰᠠᠯᠠᠭ᠎ᠠ ᠮᠥᠴᠢᠷ ᠬᠠᠷᠢᠯᠴᠠᠨ ᠬᠠᠮᠵᠢᠯᠴᠠᠵᠤ ᠦᠨᠳᠦᠰᠦᠨ ᠱᠠᠲᠤᠨ ᠤ ᠤᠬᠠᠭᠤᠯᠭ᠎ᠠ ᠪᠠᠨ ᠴᠢᠩᠭᠠᠳᠬᠠᠨ | ᠣᠯᠠᠨ ᠲᠦᠮᠡᠨ ᠪᠣᠯᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ | ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠢᠳᠡᠪᠬᠢᠲᠡᠢ ᠬᠠᠮᠵᠢᠯᠴᠠᠨ ᠰᠠᠨᠠᠭᠠᠴᠢᠯᠠᠭ᠎ᠠ ᠠᠴᠠ ᠪᠠᠨ | ᠣᠷᠣᠯᠴᠠᠵᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠠᠵᠢᠯ ᠤᠨ ᠪᠠᠶᠢᠷᠢᠰᠢᠯ ᠢ ᠪᠤᠢ ᠪᠣᠯᠭᠠᠬᠤ ᠶᠢ | ᠵᠢᠯᠤᠭᠤᠳᠬᠤ ᠬᠡᠷᠡᠭᠲᠡᠶ᠃ ᠡᠳ᠋ ᠪᠣᠳᠠᠰ ᠤᠨ ᠬᠠᠩᠭᠠᠯᠭ᠎ᠠ ᠶᠢ ᠰᠠᠶᠢᠲᠤᠷ ᠬᠢᠵᠦ ᠡᠮᠴᠢᠯᠡᠭᠡᠨ ᠳᠤ ᠬᠡᠷᠡᠭᠯᠡᠬᠦ | ᠲᠥᠬᠦᠭᠡᠷᠦᠮᠵᠢ ᠪᠣᠯᠤᠨ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠬᠡᠷᠡᠭᠰᠡᠯ ᠢ ᠪᠠᠲᠤᠯᠠᠵᠤ ᠪᠠᠴᠢᠮ ᠪᠠᠶᠢᠳᠠᠯ ᠢ | ᠰᠢᠢᠳᠪᠦᠷᠢᠯᠡᠬᠦ ᠲᠥᠰᠦᠯ ᠢ ᠲᠡᠭᠦᠯᠳᠡᠷᠵᠢᠭᠦᠯᠦᠨ ᠠᠵᠢᠯᠲᠠᠨ ᠤ ᠪᠤᠯᠪᠠᠰᠤᠷᠠᠯ ᠢ ᠴᠢᠩᠭᠠᠳᠬᠠᠨ ᠬᠢᠵᠢᠭ ᠢ ᠰᠡᠷᠭᠡᠶᠢᠯᠡᠨ | ᠡᠵᠡᠮᠳᠡᠬᠦ ᠠᠵᠢᠯ ᠢ ᠰᠠᠶᠢᠨ ᠭᠢᠭᠦ ᠬᠡᠷᠡᠭᠲᠡᠶ ᠭᠡᠵᠡᠢ᠃ | ᠵᠣᠣ ᠹᠸᠢ ᠯᠦ ᠴᠢᠬᠤᠯᠠᠴᠢᠯᠠᠭᠰᠠᠨ ᠨᠢ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠣᠶᠢᠷ᠎ᠠ ᠶᠢᠨ | ᠬᠤᠭᠤᠴᠠᠭᠠᠨ ᠳᠤ ᠦᠬᠠᠨ ᠳᠤ ᠤᠴᠢᠵᠤ ᠦᠩᠭᠡᠷᠡᠭᠰᠡᠨ ᠬᠥᠮᠦᠰ ᠢ ᠳᠠᠬᠢᠨᠲᠠ ᠪᠠᠶᠢᠴᠠᠭᠠᠨ ᠪᠠᠶᠢᠳᠠᠯ ᠢ | ᠦᠨᠳᠦᠰᠦᠯᠡᠨ ᠵᠤᠭᠢᠰᠳᠠᠢ ᠰᠢᠢᠳᠪᠤᠷᠢᠯᠠᠭᠦ ᠬᠡᠷᠡᠭᠲᠡᠶ᠃ ᠬᠠᠷᠢᠯᠴᠠᠨ ᠬᠠᠯᠳᠠᠪᠤᠷᠢᠯᠠᠬᠤ ᠠᠴᠠ ᠵᠠᠶᠢᠯᠠᠰᠭᠢᠨ ᠬᠢᠵᠢᠭ ᠤᠨ | ᠪᠠᠶᠢᠳᠠᠯ ᠤᠨ ᠪᠠᠶᠢᠴᠠᠭᠠᠯᠳᠠ ᠶᠢ ᠴᠢᠩᠭᠠᠳᠬᠠᠵᠤ ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠳᠠ ᠲᠤᠰᠠᠭᠠᠷᠯᠠᠬᠤ᠂ | ᠡᠷᠲᠡ ᠣᠨᠣᠰᠢᠯᠠᠬᠤ᠂ ᠡᠷᠲᠡ ᠵᠠᠰᠠᠬᠤ ᠶᠢ ᠦᠨᠡᠨᠬᠦ ᠪᠡᠶᠡᠯᠡᠭᠦᠯᠵᠦ ᠠᠷᠠᠳ ᠣᠯᠠᠨ ᠤ ᠠᠮᠢ ᠨᠠᠰᠤᠨ ᠤ ᠠᠮᠤᠷ | ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ | ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ ᠬᠥᠮᠦᠨ ᠣᠯᠠᠨ ᠴᠤᠭᠯᠠᠷᠠᠭᠰᠠᠨ ᠭᠠᠵᠠᠷ᠂ ᠣᠯᠠᠨ ᠨᠠᠶᠢᠳᠠ ᠶᠢᠨ | ᠲᠠᠯᠠᠪᠤᠷ᠂ ᠠᠰᠠᠷ ᠤᠨ ᠱᠠᠲᠤ ᠴᠠᠬᠢᠯᠭᠠᠨ ᠱᠠᠲᠤ ᠶᠢᠨ ᠰᠠᠯᠬᠢ ᠨᠡᠪᠲᠡᠷᠡᠭᠦᠯᠦᠨ ᠠᠷᠢᠭᠤᠳᠬᠠᠬᠤ ᠠᠵᠢᠯ ᠢ ᠰᠠᠶᠢᠲᠤᠷ | ᠬᠢᠵᠦ ᠣᠯᠠᠨ ᠲᠦᠮᠡᠨ ᠤ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠪᠠ ᠰᠡᠷᠭᠡᠶᠢᠯᠡᠨ ᠬᠠᠮᠠᠭᠠᠯᠠᠬᠤ ᠴᠢᠳᠠᠪᠤᠷᠢ | ᠶᠢ ᠲᠡᠭᠡᠭᠰᠢᠯᠠᠭᠦᠯᠤᠨ ᠭᠠᠳᠠᠭᠰᠢ ᠭᠠᠷᠬᠤ ᠪᠠ ᠨᠠᠶᠢᠷ ᠴᠤᠭᠯᠠᠭᠠᠨ ᠤ ᠠᠵᠢᠯᠯᠠᠭ᠎ᠠ ᠳᠤ ᠣᠷᠣᠯᠴᠠᠬᠤ ᠦᠭᠡᠢ ᠪᠠᠶᠢᠬᠤ ᠶᠢ | ᠵᠤᠷᠢᠭᠵᠢᠭᠤᠯᠬᠤ ᠬᠡᠷᠡᠭᠲᠡᠶ᠃ ᠵᠠᠪᠰᠢᠶᠠᠨ ᠢ ᠳᠠᠯᠢᠮᠳᠠᠭᠤᠯᠤᠨ ᠡᠳ᠋ ᠪᠣᠳᠠᠰ ᠢ ᠬᠤᠷᠠᠮᠳᠤᠭᠤᠯᠤᠨ ᠬᠠᠳᠠᠭᠠᠯᠠᠭᠰᠠᠨ᠂ | ᠪᠠᠷᠠᠭᠠᠨ ᠤ ᠦᠨ᠎ᠡ ᠶᠢ ᠥᠰᠬᠡᠭᠰᠡᠨ᠂ ᠬᠤᠳᠠᠯ ᠬᠠᠭᠤᠷᠮᠠᠭ ᠲᠠᠸᠠᠷ ᠬᠤᠳᠠᠯᠳᠤᠭᠰᠠᠨ ᠬᠠᠤᠯᠢ ᠪᠤᠰᠤ | ᠬᠤᠳᠠᠯᠳᠤᠭᠠᠴᠢᠨ ᠢ ᠴᠠᠭ ᠲᠤᠬᠠᠶ ᠳᠤ ᠨᠢ ᠢᠯᠠᠴᠢᠯᠠᠨ ᠴᠢᠩᠭ᠎ᠠ ᠴᠣᠬᠢᠯᠲᠠ ᠥᠭᠴᠦ ᠡᠳ᠋ ᠪᠣᠳᠠᠰ ᠤᠨ ᠬᠠᠩᠭᠠᠯᠭ᠎ᠠ | ᠭᠦᠶᠴᠡᠳ᠂ ᠪᠠᠷᠠᠭᠠᠨ ᠤ ᠦᠨ᠎ᠡ ᠶᠢᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠶ ᠭᠡᠵᠡᠢ᠃ | |