1ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠳᠠ ᠶᠢᠨ | ᠳᠡᠳ᠋ ᠳᠠᠷᠤᠭ᠎ᠠ ᠶᠢᠨ ᠡᠦ ᠨᠠᠷ ᠮᠠᠨ ᠤ ᠬᠤᠰᠢᠭᠤᠨ ᠳᠤ ᠢᠷᠡᠵᠦ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ | ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠳᠤ ᠪᠠᠶᠢᠴᠠᠭᠠᠨ ᠰᠤᠳᠤᠯᠤᠯᠳᠠ ᠵᠢᠭᠠᠨ | ᠵᠢᠯᠤᠭᠤᠳᠤᠯᠭ᠎ᠠ ᠭᠢᠭᠰᠡᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ | ᠹᠸᠢ ᠯᠦ᠂ ᠬᠤᠰᠢᠭᠤ ᠲᠡᠳ᠋ ᠳᠠᠷᠤᠭ᠎ᠠ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠲᠠᠷᠤᠭ᠎ᠠ ᠭᠤᠤ ᠬᠤ᠋ ᠵᠢᠴᠢ | ᠬᠤᠰᠢᠭᠤ ᠵᠠᠰᠠᠭ ᠤᠨ ᠣᠷᠳᠣᠨ ᠤ ᠠᠯᠪᠠᠨ ᠬᠡᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠪᠠᠷᠠᠳᠠᠨ ᠪᠠᠶᠢᠴᠠᠭᠠᠪᠠ᠃ | | | | | | | ᠶᠢᠨ ᠡᠤ ᠨᠡᠷ ᠤᠷᠢᠳ ᠬᠤᠵᠢᠳ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯᠤᠨ ᠵᠠᠬ᠎ᠠ | ᠲᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠬᠦᠷᠴᠦ ᠮᠠᠨ ᠤ ᠬᠤᠰᠢᠭᠤᠨ ᠤ ᠣᠳᠣᠬᠠᠨ ᠤ | ᠭᠤᠤᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠭᠰᠡᠨ ᠪᠠᠶᠢᠳᠠᠯ᠂ | ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠡᠷᠡᠭᠦᠯ ᠬᠠᠮᠠᠭᠠᠯᠠᠯ ᠤᠨ ᠨᠥᠬᠦᠴᠡᠯ᠂ ᠠᠮᠢᠳᠤ ᠵᠢᠭᠦᠷᠲᠡᠨ ᠬᠡᠭᠡᠷ᠎ᠡ | ᠶᠢᠨ ᠠᠮᠢᠲᠠᠨ ᠤ ᠵᠠᠬ᠎ᠠ ᠳᠡᠯᠭᠡᠭᠦᠷ ᠤᠨ ᠡᠭᠦᠳᠡ ᠪᠠᠨ ᠬᠠᠭᠠᠭᠰᠠᠨ ᠪᠠᠶᠢᠳᠠᠯ᠂ ᠡᠮᠨᠡᠯᠭᠡ ᠶᠢᠨ ᠬᠤᠷᠢᠶᠠᠨ ᠤ ᠬᠠᠯᠠᠭᠤᠷᠠᠯ | ᠢ ᠪᠠᠶᠢᠴᠠᠭᠠᠬᠤ ᠡᠭᠦᠳᠡᠨ ᠡᠮᠨᠡᠯᠭᠡ᠂ ᠲᠤᠰᠠᠭᠠᠷᠯᠠᠬᠤ ᠥᠷᠥᠭᠡ ᠵᠡᠷᠭᠡ ᠭᠤᠤᠯᠳᠠᠯᠭ᠎ᠠ ᠲᠠᠢ ᠰᠠᠯᠠᠭ᠎ᠠ ᠲᠠᠰᠤᠭ ᠤᠨ | ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠥᠭᠰᠠᠨ ᠪᠠᠶᠢᠳᠠᠯ ᠵᠢᠴᠢ ᠠᠮᠠᠪᠴᠢ᠂ ᠡᠮ ᠤᠨ ᠵᠦᠶᠯ᠂ ᠰᠡᠷᠭᠡᠶᠢᠯᠡᠨ | ᠬᠠᠮᠠᠭᠠᠯᠠᠬᠤ ᠬᠤᠪᠴᠠᠰᠤᠨ ᠤ ᠦᠨ᠎ᠡ ᠬᠠᠩᠰᠢ ᠶᠢᠨ ᠠᠰᠠᠭᠤᠳᠠᠯ᠂ ᠠᠪᠤᠷᠠᠨ ᠵᠠᠰᠠᠬᠤ ᠡᠳ᠋ ᠪᠣᠳᠠᠰ ᠤᠨ ᠨᠥᠭᠡᠴᠠ᠂ | ᠡᠮᠨᠡᠯᠭᠡ ᠶᠢᠨ ᠠᠵᠢᠯᠲᠠᠨ ᠤ ᠬᠢᠵᠢᠭ ᠤᠨ ᠪᠠᠶᠢᠳᠠᠯ ᠢ ᠰᠢᠶᠳᠪᠦᠷᠢᠯᠡᠬᠦ ᠶᠠᠪᠤᠴᠠ ᠵᠢᠴᠢ ᠠᠪᠤᠷᠠᠨ ᠵᠠᠰᠠᠬᠤ ᠠᠷᠭ᠎ᠠ | ᠬᠡᠮᠵᠢᠶ᠎ᠡ ᠶᠢ ᠡᠵᠡᠮᠰᠢᠭᠰᠡᠨ ᠪᠠᠶᠢᠳᠠᠯ ᠵᠡᠷᠭᠡ ᠶᠢ ᠨᠠᠷᠢᠨ ᠣᠶᠢᠯᠠᠭᠠᠪᠠ᠃ | | | | | | | ᠶᠢᠨ ᠡᠤ ᠴᠢᠬᠤᠯᠠᠴᠢᠯᠠᠭᠰᠠᠨ ᠨᠢ᠂ ᠪᠥᠬᠦ ᠲᠠᠯ᠎ᠠ ᠪᠠᠷ ᠬᠤᠯᠪᠣᠭᠠᠯᠠᠨ ᠰᠠᠷᠭᠡᠶᠢᠯᠠᠨ ᠡᠵᠡᠮᠳᠡᠵᠤ᠂ ᠪᠠᠶᠢᠴᠠᠭᠠᠬᠤ᠂ | ᠰᠡᠷᠭᠡᠶᠢᠯᠡᠬᠦ᠂ ᠪᠡᠯᠡᠳᠬᠡᠬᠦ᠂ ᠲᠣᠭᠲᠠᠭᠤᠨ ᠪᠠᠶᠢᠯᠭᠠᠬᠤ᠂ ᠵᠠᠰᠠᠬᠤ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠵᠤ ᠬᠠᠷᠢᠯᠴᠠᠨ ᠬᠠᠮᠲᠤᠷᠠᠯᠴᠠᠬᠤ ᠶᠢ ᠴᠢᠩᠭᠠᠳᠬᠠᠨ ᠪᠠᠴᠢᠮ ᠪᠠᠶᠢᠳᠠᠯ ᠢ ᠰᠢᠢᠳᠪᠦᠷᠢᠯᠡᠬᠦ ᠪᠡᠯᠡᠳᠬᠡᠯ | ᠲᠥᠰᠦᠯ ᠢ ᠨᠠᠷᠢᠯᠢᠬᠵᠢᠭᠤᠯᠤᠨ ᠡᠯ᠎ᠡ ᠲᠠᠯ᠎ᠠ ᠶᠢᠨ ᠡᠬᠢ ᠪᠠᠶᠠᠯᠢᠭ ᠢ ᠳᠠᠶᠢᠴᠢᠯᠠᠵᠤ ᠰᠡᠷᠭᠡᠶᠢᠯᠡᠨ ᠡᠵᠡᠮᠳᠡᠬᠦ ᠠᠵᠢᠯ ᠤᠨ | ᠠᠵᠢᠯᠲᠠᠨ᠂ ᠲᠥᠬᠦᠭᠡᠷᠦᠮᠵᠢ ᠶᠢ ᠪᠥᠷᠢᠨ ᠭᠥᠢᠴᠡᠳ ᠪᠠᠶᠢᠯᠭᠠᠨ ᠪᠠᠲᠤᠯᠠᠭ᠎ᠠ᠂ ᠬᠠᠷᠢᠭᠤᠴᠠᠯᠭ᠎ᠠ᠂ ᠠᠵᠢᠯᠯᠠᠭ᠎ᠠ ᠶᠢ | ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ ᠠᠵᠢᠯ ᠤᠨ ᠬᠠᠷᠢᠭᠤᠴᠠᠯᠭ᠎ᠠ ᠪᠠᠨ ᠭᠥᠢᠴᠡᠳᠭᠡᠨ ᠠᠵᠢᠯ ᠤᠨ ᠪᠠᠶᠢᠷᠢ | ᠪᠠᠨ ᠴᠢᠩᠭ᠎ᠠ ᠰᠠᠬᠢᠬᠤ ᠶᠢ ᠪᠡᠶᠡᠯᠡᠭᠦᠯᠬᠦ ᠬᠡᠷᠡᠭᠲᠡᠶ᠃ ᠤᠬᠠᠭᠤᠯᠭ᠎ᠠ ᠬᠥᠮᠦᠵᠢᠯ ᠢ ᠪᠥᠬᠦ ᠲᠠᠯ᠎ᠠ ᠪᠠᠷ ᠰᠠᠶᠢᠨ ᠬᠢᠵᠦ | ᠮᠡᠳᠡᠭᠡ ᠵᠠᠩᠭᠢ ᠨᠡᠶᠢᠲᠡᠯᠡᠬᠦ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠦᠨ ᠵᠢᠯᠣᠭᠤᠳᠬᠤ ᠪᠠᠨ ᠴᠢᠩᠭᠠᠳᠬᠠᠵᠤ | ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠮᠡᠳᠡᠯᠭᠡ᠂ ᠡᠷᠡᠭᠦᠯ ᠮᠡᠨᠳᠦ ᠶᠢᠨ ᠬᠥᠮᠦᠵᠢᠯ ᠤᠨ ᠮᠡᠳᠡᠯᠭᠡ ᠶᠢ | ᠲᠦᠭᠡᠮᠡᠯᠵᠢᠭᠦᠯᠬᠦ ᠠᠵᠢᠯ ᠢ ᠰᠠᠶᠢᠲᠤᠷ ᠬᠢᠵᠦ ᠣᠯᠠᠨ ᠨᠡᠶᠢᠲᠡ ᠶᠢᠨ ᠰᠡᠷᠭᠡᠶᠢᠯᠡᠨ ᠬᠠᠮᠠᠭᠠᠯᠠᠬᠤ ᠦᠵᠡᠯ ᠤᠬᠠᠮᠰᠠᠷ ᠢ | ᠲᠡᠭᠡᠭᠰᠢᠯᠠᠭᠦᠯᠤᠨ ᠣᠯᠠᠨ ᠲᠥᠮᠡᠨ ᠤ ᠰᠡᠷᠭᠡᠶᠢᠯᠡᠨ ᠡᠵᠡᠮᠳᠡᠬᠦ ᠠᠵᠢᠯ ᠢ ᠳᠡᠮᠵᠢᠨ ᠬᠠᠮᠵᠢᠯᠴᠠᠭᠤᠯᠬᠤ ᠶᠢ ᠵᠢᠯᠤᠭᠤᠳᠬᠤ | ᠬᠡᠷᠡᠭᠲᠡᠶ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠴᠠᠭᠠᠨ ᠰᠠᠷ᠎ᠠ ᠶᠢᠨ ᠠᠮᠠᠷᠠᠯᠲᠠ ᠪᠠᠨ ᠲᠠᠶᠠᠭᠳᠠᠨ | ᠨᠢᠭᠲᠠ ᠬᠠᠮᠵᠢᠯᠴᠠᠨ ᠬᠠᠮᠲᠤ ᠪᠠᠷ ᠭᠥᠳᠡᠯᠤᠯᠴᠠᠵᠤ ᠠᠷᠠᠳ ᠤᠯᠠᠨ ᠤ ᠡᠷᠡᠭᠦᠯ ᠮᠡᠨᠳᠦ ᠶᠢ ᠪᠥᠭᠦ ᠲᠠᠯ᠎ᠠ ᠪᠠᠷ | ᠪᠠᠳᠤᠯᠠᠬᠤ ᠬᠡᠷᠡᠭᠲᠡᠢ ᠭᠡᠵᠡᠢ᠃ | | | | |