1 ᠰᠠᠷ᠎ᠠ ᠶᠢᠨ 29 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠥᠵᠢ᠂ ᠬᠤᠰᠢᠭᠤ ᠨᠠᠮ ᠤᠨ | ᠬᠤᠷᠢᠶᠠᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ | ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠲᠠᠷᠤᠭ᠎ᠠ ᠡᠷᠳᠡᠨᠢᠪᠢᠯᠢᠭ ᠬᠤᠰᠢᠭᠤ ᠨᠠᠮ ᠤᠨ | ᠬᠤᠷᠢᠶᠠᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ | ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭᠠᠨ ᠤ ᠬᠤᠷᠠᠯ ᠵᠢᠴᠢ | ᠵᠢᠯᠣᠭᠤᠳᠬᠤ ᠭᠠᠵᠠᠷ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠶᠡᠷᠦᠩᠬᠡᠶ ᠱᠦᠵᠢ ᠰᠢ | ᠶᠢᠨ ᠫᠢᠩ ᠤᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ ᠲᠥᠪ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠠᠷᠳᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ ᠮᠠᠨ ᠤ ᠬᠤᠰᠢᠭᠤᠨ ᠤ ᠣᠳᠣᠬᠠᠨ ᠤ ᠠᠩᠬᠠᠳᠤᠭᠠᠷ ᠱᠠᠲᠤᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠰᠣᠨᠣᠰᠴᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠳᠠᠬᠢᠨ ᠲᠣᠬᠢᠷᠠᠭᠤᠯᠵᠤ᠂ ᠳᠠᠬᠢᠨ ᠪᠠᠶᠢᠷᠢᠯᠠᠭᠤᠯᠵᠤ᠂ ᠳᠠᠬᠢᠨ ᠨᠠᠶᠢᠳᠠᠪᠤᠷᠢᠵᠢᠭᠤᠯᠪᠠ᠃ | | | | | | | ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ | ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠷᠢᠭᠤᠴᠠᠯᠭ᠎ᠠ ᠬᠦᠨᠳᠦ ᠶᠡᠭᠡ᠂ | ᠡᠭᠦᠷᠭᠡ ᠬᠠᠲᠠᠭᠤ ᠪᠡᠷᠬᠡ᠂ ᠪᠠᠶᠢᠳᠠᠯ ᠬᠦᠨᠳᠦ ᠨᠣᠴᠢᠲᠠᠶ ᠪᠠᠶᠢᠨ᠎ᠠ᠃ ᠪᠦᠬᠦ ᠬᠤᠰᠢᠭᠤᠨ ᠤ ᠡᠯ᠎ᠡ ᠭᠠᠵᠠᠷ ᠤᠷᠤᠨ᠂ | ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠲᠡᠭᠡᠳᠣ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠯᠤᠰ ᠲᠥᠷᠥ ᠶᠢᠨ | ᠵᠣᠭᠰᠣᠴᠠ ᠪᠠᠨ ᠲᠡᠭᠡᠭᠰᠢᠯᠠᠭᠦᠯᠤᠨ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ | ᠤᠨ ᠡᠷᠡᠭᠦᠯ ᠴᠢᠭᠢᠷᠠᠭ ᠢ ᠲᠡᠷᠢᠭᠦᠨ ᠪᠠᠶᠢᠷᠢᠨ ᠳᠤ ᠲᠠᠯᠪᠢᠵᠤ ᠠᠯᠢ ᠣᠯᠠᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ | ᠬᠦᠴᠦᠨ ᠢᠶᠠᠨ ᠲᠥᠪᠯᠡᠷᠡᠭᠦᠯᠦᠨ ᠰᠡᠷᠭᠡᠶᠢᠯᠡᠨ ᠡᠵᠡᠮᠳᠡᠬᠦ ᠠᠵᠢᠯ ᠢ ᠲᠥᠷᠭᠡᠨ ᠥᠷᠨᠢᠭᠦᠯᠬᠦ ᠬᠡᠷᠡᠭᠲᠡᠶ ᠭᠡᠵᠡᠢ᠃ | | | | | | | ᠡᠷᠳᠡᠨᠢᠪᠢᠯᠢᠭ ᠱᠠᠭᠠᠷᠳᠠᠭᠰᠠᠨ ᠨᠢ᠂ ᠵᠢᠯᠣᠭᠤᠳᠬᠤ ᠭᠠᠵᠠᠷ ᠤᠨ ᠡᠭᠦᠷᠭᠡ ᠬᠠᠷᠢᠭᠤᠴᠠᠯᠭ᠎ᠠ ᠴᠢᠳᠠᠪᠤᠷᠢ ᠶᠢ | ᠲᠤᠳᠤᠷᠬᠠᠶᠢᠯᠠᠨ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠪᠦᠲᠦᠮᠵᠢᠲᠡᠶ ᠥᠷᠨᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ | ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠨ ᠠᠵᠢᠯᠲᠠᠨ ᠢ ᠪᠥᠬᠦ ᠲᠠᠯ᠎ᠠ ᠪᠠᠷ ᠳᠠᠶᠢᠴᠢᠯᠠᠨ ᠲᠡᠷᠡ ᠳᠠᠷᠤᠶ ᠳᠤ ᠨᠢ | ᠠᠵᠢᠯ ᠤᠨ ᠪᠠᠶᠢᠷᠢ ᠳᠤᠨᠢ ᠤᠴᠢᠭᠤᠯᠵᠤ ᠲᠣᠰ ᠲᠣᠰ ᠤᠨ ᠠᠵᠢᠯ ᠤᠨ ᠬᠤᠪᠢᠶᠠᠷᠢᠯᠠᠯ ᠶᠣᠰᠣᠭᠠᠷ ᠦᠳᠲᠡᠷ ᠲᠥᠷᠭᠡᠨ | ᠢᠶᠠᠷ ᠠᠵᠢᠯ ᠢᠶᠠᠨ ᠥᠷᠨᠢᠭᠦᠯᠵᠦ ᠪᠥᠬᠦ ᠬᠤᠰᠢᠭᠤ ᠶᠢ ᠬᠠᠮᠤᠷᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠲᠣᠤᠷ ᠢ ᠪᠥᠷᠢᠯᠳᠤᠭᠦᠯᠤᠨ ᠢᠯᠠᠩᠭᠤᠶ᠎ᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠪᠣᠯᠤᠨ | ᠦᠨᠳᠦᠰᠦᠨ ᠱᠠᠲᠤᠨ ᠤ ᠲᠣᠤᠷᠵᠢᠯ ᠤᠨ ᠦᠶᠯᠡᠳᠦᠯ ᠢ ᠰᠠᠶᠢᠲᠤᠷ ᠪᠠᠳᠠᠷᠠᠭᠤᠯᠵᠤ ᠨᠢᠭᠡ ᠡᠷᠦᠬᠡ᠂ ᠨᠢᠭᠡ ᠬᠥᠮᠦᠨ ᠢ | ᠴᠦ ᠣᠷᠬᠢᠭᠳᠠᠭᠤᠯᠬᠤ ᠥᠬᠡᠶ ᠪᠠᠶᠢᠬᠤ ᠶᠢ ᠪᠡᠶᠡᠯᠡᠭᠦᠯᠬᠦ ᠬᠡᠷᠡᠭᠲᠡᠶ᠃ ᠡᠮᠴᠢᠯᠡᠭᠡ ᠡᠷᠡᠭᠦᠯ ᠬᠠᠮᠠᠭᠠᠯᠠᠯ ᠤᠨ ᠪᠠᠲᠤᠯᠠᠭ᠎ᠠ | ᠶᠢᠨ ᠠᠵᠢᠯ ᠢ ᠴᠢᠩᠭᠠᠳᠬᠠᠵᠤ ᠡᠮᠴᠢᠯᠡᠭᠡᠨ ᠤ ᠡᠳ᠋ ᠪᠠᠷᠠᠭ᠎ᠠ ᠨᠥᠭᠡᠴᠡᠯᠡᠬᠦ ᠠᠵᠢᠯ ᠢ ᠰᠠᠶᠢᠲᠤᠷ ᠬᠢᠵᠦ ᠡᠮᠨᠡᠯᠭᠡ ᠶᠢᠨ | ᠬᠤᠷᠢᠶᠠᠨ ᠤ ᠰᠡᠷᠭᠡᠶᠢᠯᠡᠨ ᠬᠠᠮᠭᠠᠯᠠᠬᠤ ᠬᠠᠮᠢᠶᠠᠷᠤᠯᠲᠠ ᠪᠠ ᠡᠮᠨᠡᠯᠭᠡ ᠶᠢᠨ ᠠᠵᠢᠯᠲᠠᠨ ᠤ ᠪᠣᠯᠪᠠᠰᠤᠷᠠᠯ ᠤᠨ ᠡᠷᠴᠢᠮ ᠢ | ᠴᠢᠩᠭᠠᠷᠠᠭᠤᠯᠵᠤ ᠡᠮᠴᠢ ᠰᠤᠪᠢᠯᠠᠭᠴᠢ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ ᠭᠡᠵᠡᠢ᠃ | | | | | | | ᠡᠷᠳᠡᠨᠢᠪᠢᠯᠢᠭ ᠴᠢᠬᠤᠯᠠᠴᠢᠯᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠡᠳ᠋ | ᠪᠣᠳᠠᠰ ᠪᠣᠯᠤᠨ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠬᠤ ᠶᠢᠨ ᠬᠠᠮᠲᠤ ᠠᠮᠢᠳᠤᠷᠠᠯ ᠤᠨ ᠡᠳ᠋ ᠪᠣᠳᠠᠰ ᠤᠨ | ᠪᠠᠲᠤᠯᠠᠭ᠎ᠠ ᠪᠣᠯᠤᠨ ᠬᠠᠩᠭᠠᠯᠭ᠎ᠠ ᠶᠢᠨ ᠠᠵᠢᠯ ᠢ ᠰᠠᠶᠢᠲᠤᠷ ᠬᠢᠵᠦ ᠨᠡᠶᠢᠭᠡᠮ ᠤᠨ ᠡᠮᠬᠢ ᠳᠢᠭᠯᠢᠮ ᠤᠨ ᠲᠣᠭᠲᠠᠭᠤᠨ ᠢ | ᠪᠠᠲᠤᠯᠠᠬᠤ ᠬᠡᠷᠡᠭᠲᠡᠶ᠃ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠬᠢᠨ ᠨᠢᠭᠡᠳᠦᠯᠲᠡᠶ | ᠲᠥᠯᠥᠪᠯᠡᠨ ᠵᠣᠬᠢᠴᠠᠭᠤᠯᠵᠤ ᠳᠣᠭᠢᠷᠠᠭᠤᠯᠬᠤ ᠦᠶᠯᠡᠳᠦᠯ ᠢᠶᠠᠨ ᠰᠠᠶᠢᠲᠤᠷ ᠪᠠᠳᠠᠷᠠᠭᠤᠯᠵᠤ ᠭᠤᠤᠯᠳᠠᠯᠭ᠎ᠠ ᠲᠠᠢ ᠣᠷᠣᠨ | ᠪᠦᠰᠡ᠂ ᠰᠠᠯᠠᠭ᠎ᠠ ᠮᠥᠴᠢᠷ ᠤᠨ ᠬᠤᠭᠤᠷᠣᠨᠳᠣᠬᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠪᠠᠨ | ᠴᠢᠩᠭᠠᠳᠬᠠᠨ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠵᠢᠯ | ᠤᠨ ᠨᠠᠶᠢᠳᠠᠪᠤᠷᠢᠵᠢᠭᠤᠯᠤᠯᠲᠠ ᠶᠢ ᠠᠳᠬᠤᠵᠤ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ | ᠮᠠᠬᠠᠪᠣᠳ ᠤᠨ ᠡᠷᠡᠭᠦᠯ ᠮᠡᠨᠳᠦ ᠶᠢ ᠬᠠᠮᠠᠭᠠᠯᠠᠬᠤ ᠬᠡᠷᠡᠭᠲᠡᠶ ᠭᠡᠵᠡᠢ᠃ | | | | | | | ᠬᠤᠷᠠᠯ ᠤᠨ ᠳᠠᠷᠠᠭ᠎ᠠ᠂ ᠡᠷᠳᠡᠨᠢᠪᠢᠯᠢᠭ ᠨᠠᠷ ᠰᠦᠯᠳᠡ ᠰᠤᠮᠤᠨ ᠤ ᠲᠤᠯᠢ ᠰᠦᠶᠳᠬᠡᠯ ᠬᠤᠷᠢᠶᠠᠬᠤ ᠥᠷᠲᠡᠭᠡ᠂ | ᠲᠤᠯᠢ ᠭᠠᠴᠠᠭ᠎ᠠ᠂ ᠬᠠᠶᠢᠷ᠎ᠠ ᠬᠠᠯᠠᠮᠵᠢ ᠶᠢᠨ ᠰᠠᠭᠤᠭᠠᠯᠢ ᠲᠣᠭᠤᠷᠢᠭ᠂ ᠱᠢ ᠵᠢᠶᠠ ᠰᠠᠭᠤᠭᠠᠯᠢ ᠲᠣᠭᠤᠷᠢᠭ᠂ ᠷᠠᠰᠢᠶᠠᠨ | ᠲᠤᠬᠤᠢ ᠲᠤᠰᠬᠤᠨ᠂ ᠯᠢᠦᠶ ᠶᠤᠸᠠᠨ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠲᠤ ᠬᠦᠷᠴᠦ ᠬᠢᠵᠢᠭ ᠤᠨ | ᠪᠠᠶᠢᠳᠠᠯ ᠢ ᠰᠠᠷᠭᠡᠶᠢᠯᠠᠨ ᠡᠵᠡᠮᠳᠡᠬᠦ ᠠᠵᠢᠯ ᠪᠠ ᠨᠡᠶᠢᠭᠡᠮ ᠤᠨ ᠠᠮᠢᠳᠤᠷᠠᠯ ᠤᠨ ᠡᠳ᠋ ᠪᠣᠳᠠᠰ ᠤᠨ ᠪᠠᠲᠤᠯᠠᠭ᠎ᠠ | ᠬᠠᠩᠭᠠᠯᠭ᠎ᠠ ᠶᠢᠨ ᠠᠵᠢᠯ ᠢ ᠪᠠᠶᠢᠴᠠᠭᠠᠪᠠ᠃ |