ᠮᠠᠨ ᠤ ᠬᠤᠰᠢᠭᠤ᠄ ᠣᠯᠠᠨ ᠳᠦᠮᠡᠨ ᠤ ᠬᠡᠷᠡᠭᠯᠡᠭᠡᠨ ᠤ ᠡᠳ᠋ ᠪᠤᠳᠡᠰ ᠤᠨ ᠬᠠᠩᠭᠠᠯᠭ᠎ᠠ ᠬᠦᠢᠴᠡᠳ ᠪᠠᠶᠢᠨ᠎ᠠ
ᠨᠡᠶᠢᠲᠡᠯᠡᠭᠰᠡᠨ ᠴᠠᠭ᠄
2020-02-04
      ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ ᠠᠭᠤᠰᠬᠢᠨ ᠤ ᠦᠷᠪᠢᠰᠦᠯ ᠤᠨ ᠬᠢᠵᠢᠭ ᠡᠪᠡᠳᠴᠢᠨ ᠢ ᠰᠡᠷᠭᠡᠶᠢᠯᠡᠨ ᠬᠤᠷᠢᠭᠯᠠᠵᠣ ᠪᠠᠶᠢᠭ᠎ᠠ ᠣᠨᠴᠠᠭᠠᠢ ᠴᠠᠭ ᠮᠦᠴᠡ ᠳᠤ ᠮᠠᠨ ᠤ ᠬᠤᠰᠢᠭᠤᠨ ᠤ ᠭᠤᠯᠢᠷ ᠳᠣᠳᠣᠷᠭ᠎ᠠ᠂ ᠠᠮᠤ ᠲᠤᠰᠣ᠂ ᠢᠳᠡᠰᠢᠨ ᠨᠣᠭᠤᠭ᠎ᠠ ᠵᠡᠷᠭᠡ ᠡᠳᠣᠷ ᠲᠤᠳᠣᠮ ᠤᠨ ᠬᠡᠷᠡᠭᠯᠡᠭᠡᠨ ᠤ ᠵᠣᠶᠢᠯ ᠤᠨ ᠬᠠᠩᠭᠠᠯᠭ᠎ᠠ ᠪᠦᠷᠢᠨ ᠬᠦᠢᠴᠡᠳ᠂ ᠡᠳ᠋ ᠪᠠᠷᠠᠭᠠᠡ ᠤ ᠦᠨ᠎ᠡ ᠬᠠᠨᠭ᠍ᠰᠢ ᠳᠤᠭᠲᠠᠪᠣᠷᠢᠳᠠᠢ ᠪᠠᠶᠢᠨ᠎ᠠ᠃
     ᠮᠠᠨ ᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠠᠮᠤ ᠪᠣᠳᠠᠭᠠᠨ ᠤ ᠬᠦᠮᠣᠷᠭᠡ ᠶᠢᠨ ᠨᠢᠭᠡ ᠪᠣᠯᠬᠤ ︽ᠳᠠᠯᠠᠢ︾ ᠠᠮᠤ ᠲᠣᠰᠣ ᠡᠵᠡᠩᠨᠡᠨ ᠪᠣᠷᠣᠯᠠᠭᠤᠯᠬᠤ ᠳᠡᠯᠭᠡᠬᠦᠷ ᠲᠤ ᠥᠩᠭᠡᠷᠡᠭᠰᠡᠨ ᠢ ᠪᠤᠳᠤᠪᠠᠯ ᠬᠦᠮᠣᠰ ᠨᠠᠯᠢᠶᠠᠳ ᠴᠦᠬᠡᠪᠳᠣᠷ ᠪᠠᠶᠢᠵᠤ ᠬᠤᠳᠠᠯᠳᠤᠨ ᠠᠪᠤᠭᠴᠢᠳ ᠴᠥᠮ ᠤᠬᠠᠮᠰᠠᠷ ᠠᠴᠠ ᠪᠠᠨ ᠠᠮᠠᠪᠴᠢ ᠵᠡᠭᠦᠵᠦ ᠥᠪᠡᠷ ᠤᠨ ᠬᠡᠷᠡᠭᠰᠡᠬᠦ ᠪᠠᠷᠠᠭ᠎ᠠ ᠪᠠᠨ ᠴᠠᠭ ᠲᠤᠬᠠᠶ ᠳᠤᠨᠢ ᠰᠣᠩᠭᠤᠵᠤ ᠠᠪᠤᠭᠰᠠᠨ ᠤ ᠳᠠᠷᠠᠭ᠎ᠠ ᠳᠠᠷᠤᠶ ᠲᠥᠷᠭᠡᠨ ᠠᠳᠠ ᠠᠴᠠ ᠶᠠᠪᠤᠵᠤ ᠠᠮᠤᠷ ᠲᠦᠪᠰᠢᠨ ᠤ ᠤᠬᠠᠮᠰᠠᠷ ᠲᠡᠭᠡᠭᠰᠢᠯᠡᠭᠰᠠᠨ ᠢ ᠤᠯᠵᠤ ᠬᠠᠷᠠᠯ᠎ᠠ᠃ ᠠᠵᠢᠯᠲᠠᠨ ᠰᠤᠷᠪᠤᠯᠵᠢᠯᠠᠭᠴᠢ ᠳᠤ ᠬᠡᠯᠡᠬᠦ ᠳᠡᠭᠡᠨ ᠳᠡᠯᠭᠡᠭᠦᠷ ᠤᠨ ᠲᠤᠲᠤᠷᠭ᠎ᠠ᠂ ᠴᠠᠭᠠᠨ ᠭᠤᠯᠢᠷ᠂ ᠢᠳᠡᠰᠢᠨ ᠲᠣᠰᠣ ᠵᠡᠷᠭᠡ ᠡᠯ᠎ᠡ ᠲᠥᠷᠥᠯ ᠤᠨ ᠡᠳ᠋ ᠪᠣᠳᠠᠰ ᠤᠨ ᠨᠥᠭᠡᠴᠡ ᠭᠦᠶᠴᠡᠳ ᠪᠠᠶᠢᠵᠤ ᠠᠷᠠᠳ ᠣᠯᠠᠨ ᠤ ᠬᠡᠪ ᠤᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠵᠤ ᠴᠢᠳᠠᠨ᠎ᠠ ᠭᠡᠵᠣ ᠪᠠᠶᠢᠯ᠎ᠠ᠃
     ᠭᠠᠯᠠᠭᠤᠳᠣ ᠪᠠᠯᠭᠠᠰᠣᠨ ᠤ ︽ᠳᠠᠯᠠᠢ︾ ᠠᠮᠤ ᠲᠣᠰᠣ ᠡᠵᠡᠩᠨᠡᠨ ᠪᠣᠷᠣᠯᠠᠭᠤᠯᠬᠤ ᠭᠠᠵᠠᠷ ᠤᠨ ᠬᠠᠷᠢᠭᠤᠴᠠᠯᠭᠠᠲᠠᠨ ᠴᠠᠩ ᠲᠠᠯᠠᠢ᠄ ︽ᠮᠠᠨ ᠤ ᠠᠮᠤ ᠪᠤᠳᠠᠭᠠᠨ ᠤ ᠳᠡᠯᠭᠡᠭᠦᠷ ᠪᠣᠯ ᠮᠠᠨ ᠤ ᠬᠤᠰᠢᠭᠤᠨ ᠤ ᠪᠣᠯᠪᠠᠰᠤᠷᠠᠭᠤᠯᠤᠭᠰᠠᠨ ᠠᠮᠤ ᠪᠤᠳᠠᠭᠠᠨ ᠤ ᠬᠠᠳᠠᠭᠠᠯᠠᠮᠵᠢ ᠶᠢᠨ ᠴᠡᠭ ᠪᠠᠶᠢᠵᠤ ᠤᠳᠤᠬᠠᠨ ᠳᠤ ᠭᠤᠯᠢᠷ 10 ᠲᠦᠮᠡᠨ ᠺᠢᠯᠣᠭ᠍ᠷᠠᠮ᠂ ᠲᠤᠲᠤᠷᠭ᠎ᠠ 19 ᠲᠦᠮᠡᠨ ᠺᠢᠯᠣᠭ᠍ᠷᠠᠮ᠂ ᠲᠤᠰᠤ 3 ᠲᠦᠮᠡᠨ ᠺᠢᠯᠣᠭ᠍ᠷᠠᠮ ᠪᠠᠶᠢᠵᠤ ᠠᠮᠤ ᠪᠤᠳᠠᠭᠠᠨ ᠤ ᠨᠥᠭᠡᠴᠡ ᠨᠢ ᠬᠠᠩᠭᠠᠮᠵᠢᠲᠠᠢ ᠲᠠᠢ ᠲᠡᠭᠡᠷ᠎ᠡ ᠮᠠᠷᠭᠠᠰᠢ ᠠᠴᠠ ᠪᠠᠰᠠ ᠨᠢᠭᠡ ᠪᠥᠯᠥᠭ ᠪᠠᠷᠠᠭ᠎ᠠ ᠢᠷᠡᠨ᠎ᠡ᠂ ᠪᠠᠷᠠᠭᠠᠨ ᠤ ᠬᠠᠩᠭᠠᠯᠳᠠ ᠨᠢ ᠨᠡᠯᠢᠶᠡᠳ ᠭᠦᠢᠴᠡᠳ ᠪᠣᠯᠬᠤᠷ ᠮᠠᠨ ᠤ ᠬᠤᠰᠢᠭᠤᠨ ᠤ ᠠᠷᠠᠳ ᠢᠷᠭᠡᠳ ᠰᠠᠨᠠᠭ᠎ᠠ ᠵᠣᠪᠠᠭ᠋ᠤ ᠬᠡᠷᠡᠭ ᠦᠭᠡᠢ︾ ᠬᠡᠵᠤ ᠶᠠᠷᠢᠵᠤ ᠪᠠᠶᠢᠯ᠎ᠠ᠃      ᠰᠤᠷᠪᠤᠯᠵᠢᠯᠠᠭᠴᠢ ᠭᠠᠯᠠᠭᠤᠳᠣ ᠪᠠᠯᠭᠠᠠᠰᠣᠨ ᠤ ︽ᠬᠤᠢ ᠹᠧᠩ ᠯᠢᠦᠢ ᠶᠤᠸᠠᠨ︾ ᠮᠠᠯ ᠲᠠᠷᠢᠶᠠᠯᠠᠩ ᠤᠨ ᠪᠦᠳᠣᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠤᠨ ︽ᠯᠢ ᠹᠧᠩ︾ ᠢᠳᠡᠰᠢᠨ ᠨᠣᠭᠤᠭ᠎ᠠ ᠠᠯᠢᠮ᠎ᠠ ᠵᠢᠮᠢᠰ ᠪᠦᠬᠡᠮᠯᠡᠬᠦ ᠳᠡᠯᠭᠡᠭᠦᠷ ᠲᠤ ᠬᠦᠷᠬᠦ ᠳᠤ 30 ᠲᠣᠨ ᠢᠳᠡᠰᠢᠨ ᠨᠣᠭᠤᠭ᠎ᠠ ᠵᠦᠭᠡᠭᠡᠪᠣᠷᠢᠯᠠᠨ ᠠᠪᠴᠢᠷᠠᠵᠣ ᠡᠯ᠎ᠡ ᠢᠳᠡᠰᠢᠨ ᠨᠣᠭᠤᠭ᠎ᠠ ᠶᠢᠨ ᠳᠡᠯᠭᠡᠭᠦᠷ ᠲᠤ ᠪᠦᠭᠡᠮᠯᠡᠨ ᠬᠤᠳᠠᠯᠳᠣᠭᠠᠳ ᠶᠠᠭᠠᠷᠴᠤ ᠪᠠᠶᠢᠯ᠎ᠠ᠃ ᠳᠡᠯᠭᠡᠬᠦᠷ ᠤᠨ ᠡᠵᠡᠭᠳᠡᠢ ᠯᠢ ᠵᠢᠶᠦ᠋ᠨ ᠰᠤᠷᠪᠤᠯᠵᠢᠯᠠᠭᠴᠢ ᠳᠤ ᠬᠡᠯᠡᠬᠦ ᠳᠡᠭᠡᠨ ᠥᠨᠥ ᠥᠷᠯᠥᠭᠡ ᠶᠢᠨ ᠬᠤᠶᠠᠷ ᠭᠤᠷᠪᠠᠨ ᠴᠠᠭ ᠲᠤ ᠲᠡᠭᠡᠭᠡᠪᠤᠷᠢᠯᠠᠨ ᠢᠷᠡᠭᠰᠠᠨ ᠨᠤᠭᠤᠭ᠎ᠠ ᠨᠢ ᠲᠦᠴᠢ ᠲᠠᠪᠢᠨ ᠲᠥᠷᠥᠯ ᠪᠠᠶᠢᠨ᠎ᠠ᠂ ᠬᠤᠶᠠᠷ ᠭᠤᠷᠪᠠᠨ ᠡᠳᠦᠷ ᠠᠯᠤᠰᠯᠠᠭᠠᠳ ᠨᠢᠭᠡ ᠲᠡᠷᠭᠡ ᠢᠷᠠᠵᠤ ᠨᠤᠭᠤᠭᠠᠨ ᠤ ᠬᠠᠩᠭᠠᠯᠳᠠ ᠶᠢ ᠪᠡᠳᠣᠯᠠᠨ ᠬᠡᠷᠡᠭᠯᠡᠭᠴᠢᠳ ᠤᠨ ᠬᠡᠷᠡᠭᠴᠡᠭᠡ ᠶᠢ ᠬᠠᠩᠭᠠᠵᠣ ᠪᠠᠶᠢᠨ᠎ᠠ ᠭᠡᠵᠤ ᠪᠠᠶᠢᠯ᠎ᠠ᠃
     ᠤᠶᠢᠯᠠᠭᠠᠭᠰᠡᠨ ᠢᠶᠠᠷ᠂ ᠣᠳᠣᠬᠠᠨ ᠳᠤ ᠮᠠᠨ ᠤ ᠬᠤᠰᠢᠭᠤᠨ ᠤ ᠣᠯᠠᠨ ᠳᠦᠮᠡᠨ ᠤ ᠡᠳᠣᠷ ᠲᠤᠳᠣᠮ ᠤᠨ ᠬᠡᠷᠡᠭᠯᠡᠭᠡᠨ ᠤ ᠡᠳ᠋ ᠪᠣᠳᠠᠰ ᠤᠨ ᠬᠠᠩᠭᠠᠯᠭ᠎ᠠ ᠪᠦᠷᠢᠨ ᠬᠦᠢᠴᠡᠳ ᠮᠦᠷᠳᠡᠭᠡᠨ ᠲᠠᠸᠠᠷ ᠤᠨ ᠦᠨ᠎ᠡ ᠬᠠᠩᠰᠢ ᠴᠤ ᠲᠤᠭᠳᠠᠪᠤᠷᠢᠳᠠᠢ ᠪᠠᠶᠢᠵᠤ ᠠᠮᠠᠪᠴᠢ᠂ ᠰᠫᠢᠷᠲ᠂ ᠠᠷᠢᠭᠤᠳᠬᠠᠯ ᠤᠨ ᠤᠰᠤ ᠵᠡᠷᠭᠡ ᠡᠮ ᠡᠮᠨᠡᠯᠭᠡ ᠶᠢᠨ ᠡᠳ᠋ ᠪᠣᠳᠠᠰ ᠢ ᠪᠦᠬᠦ ᠬᠦᠴᠣᠨ ᠢᠶᠠᠷ ᠣᠷᠣᠭᠤᠯᠬᠤ ᠪᠠᠷ ᠴᠢᠷᠮᠠᠶᠢᠬᠤ ᠶᠢᠨ ᠬᠠᠮᠳᠣ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠳᠠᠯᠳᠤᠭ᠎ᠠ ᠡᠵᠡᠩᠨᠡᠭᠴᠢᠳ ᠤᠨ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ᠂ ᠪᠠᠷᠠᠭᠠᠨ ᠤ ᠦᠨ᠎ᠡ ᠶᠢ ᠥᠰᠬᠡᠬᠦ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠪᠥᠭᠡᠳ ᠬᠦᠨᠳᠦ ᠪᠠᠷ ᠪᠠᠶᠢᠴᠠᠭᠠᠨ ᠰᠢᠢᠳᠪᠤᠷᠢᠯᠠᠭᠦ ᠪᠤᠯᠤᠨ᠎ᠠ᠃      ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠬᠤᠭᠤᠴᠠᠭᠠᠨ ᠳᠤ ᠬᠡᠰᠡᠭ ᠲᠣᠮᠣ ᠬᠡᠯᠪᠡᠷᠢ ᠶᠢᠨ   ᠬᠤᠳᠠᠯᠳᠤᠭᠠᠨ ᠤ ᠭᠠᠵᠠᠷ᠂ ᠬᠡᠲᠦ ᠳᠡᠯᠭᠡᠭᠦᠷ ᠬᠡᠪ ᠤᠨ ᠶᠣᠰᠣᠭᠠᠷ ᠡᠵᠡᠩᠨᠠᠯᠳᠠ ᠭᠢᠵᠤ ᠠᠷᠢᠭᠤᠳᠬᠠᠬᠤ ᠠᠵᠢᠯ ᠢ ᠰᠠᠶᠢᠨ ᠬᠢᠨ ᠣᠷᠣᠵᠤ ᠭᠠᠷᠬᠤ ᠬᠥᠮᠦᠰ ᠤᠨ ᠪᠡᠶ᠎ᠡ ᠶᠢᠨ ᠳᠤᠯᠠᠭᠠᠨ ᠢ ᠭᠡᠮᠵᠢᠵᠤ ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠤᠯᠠᠬᠤ ᠪᠠᠷ ᠪᠠᠶᠢᠨ᠎ᠠ᠃
     ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠳᠣᠪᠴᠢᠶᠠᠨ ᠤ ᠳᠠᠷᠤᠭ᠎ᠠ ᠯᠢᠦ ᠽᠢ ᠪᠢᠨ᠄ ︽ᠪᠦᠬᠦ ᠬᠤᠰᠢᠭᠤ ᠪᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠵᠤ ᠪᠠᠶᠢᠭ᠎ᠠ ᠪᠠᠶᠢᠳᠠᠯ ᠳᠣᠤᠷ᠎ᠠ ᠮᠠᠨ ᠤ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠥᠴᠢᠷ ᠪᠦᠬᠦ ᠬᠤᠰᠢᠭᠤᠨ ᠤ ᠥᠷᠭᠡᠨ ᠣᠯᠠᠨ ᠠᠷᠠᠳ ᠲᠦᠮᠡᠨ ᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠬᠠᠩᠭᠠᠯᠭ᠎ᠠ ᠶᠢ ᠪᠦᠬᠦ ᠬᠦᠴᠦᠨ ᠢᠶᠠᠷ ᠢᠶᠠᠨ ᠪᠠᠲᠤᠯᠠᠵᠤ ᠣᠳᠣᠬᠠᠨ ᠳᠤ ᠠᠮᠤ ᠲᠣᠰᠣ ᠢᠳᠡᠰᠢᠨ ᠨᠣᠭᠤᠭ᠎ᠠ ᠥᠨᠳᠡᠭᠡ ᠰᠥ ᠶᠢᠨ ᠵᠠᠬ᠎ᠠ ᠲᠡᠯᠭᠡᠭᠦᠷ ᠤᠨ ᠬᠠᠩᠭᠠᠯᠭ᠎ᠠ ᠭᠦᠶᠴᠡᠳ ᠪᠠᠶᠢᠨ᠎ᠠ᠃ ᠲᠠᠷᠠᠭ᠎ᠠ ᠨᠢ ᠪᠢᠳᠡ ᠵᠠᠬ᠎ᠠ ᠳᠡᠯᠭᠡᠭᠦᠷ ᠤᠨ ᠬᠡᠷᠡᠭᠯᠠᠭᠡᠨ ᠤ ᠵᠦᠢᠯ ᠤᠨ ᠦᠨ᠎ᠡ ᠬᠠᠩᠰᠢ ᠶᠢ ᠡᠷᠡᠰ ᠬᠠᠮᠢᠶᠠᠷᠤᠨ ᠡᠵᠡᠮᠳᠡᠵᠦ᠂ ᠬᠤᠷᠠᠮᠳᠤᠭᠤᠯᠤᠨ ᠳᠠᠷᠤᠬᠤ᠂ ᠪᠠᠷᠠᠭᠠᠨ ᠤ ᠦᠨ᠎ᠡ ᠬᠠᠩᠰᠢ ᠶᠢ ᠳᠤᠷ᠎ᠠ ᠪᠠᠷ ᠢᠶᠠᠨ ᠥᠰᠬᠡᠬᠦ ᠦᠵᠡᠭᠳᠡᠯ ᠢ ᠬᠤᠷᠢᠭᠯᠠᠨ᠎ᠠ᠃ ᠪᠥᠬᠦ ᠬᠤᠰᠢᠭᠤᠨ ᠤ ᠥᠷᠭᠡᠨ ᠣᠯᠠᠨ ᠰᠠᠭᠤᠭᠠᠯᠢ ᠠᠷᠠᠳ ᠠᠶᠤᠵᠤ ᠰᠠᠨᠳᠤᠷᠬᠤ ᠬᠡᠷᠡᠭ ᠥᠬᠡᠶ᠂ ᠵᠠᠪᠳᠤᠵᠤ ᠬᠤᠳᠠᠯᠳᠤᠨ ᠠᠪᠬᠤ ᠴᠢᠬᠤᠯᠠ ᠥᠬᠡᠶ᠂ ᠰᠠᠭᠠᠳ ᠥᠭᠡᠢ ᠵᠠᠮ ᠤᠨ ᠨᠡᠪᠲᠡᠷᠡᠬᠦ ᠶᠢ ᠳᠠᠭᠠᠯᠳᠤᠨ ᠪᠢᠳᠠ ᠡᠯ᠎ᠡ ᠲᠥᠷᠥᠯ ᠤᠨ ᠡᠳ᠋ ᠪᠣᠳᠠᠰ ᠤᠨ ᠭᠦᠶᠴᠡᠳ  ᠬᠠᠩᠭᠠᠯᠳᠠ ᠶᠢ ᠪᠠᠲᠤᠯᠠᠵᠤ ᠴᠢᠳᠠᠨ᠎ᠠ︾ ᠬᠡᠪᠠ
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号