ᠤᠶᠢᠷ᠎ᠠ ᠶᠢᠨ ᠡᠳᠤᠷ᠂ ᠬᠤᠰᠢᠭᠤ ᠲᠡᠳ᠋ ᠳᠠᠷᠤᠭ᠎ᠠ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ | ᠭᠤᠤ ᠬᠤ᠋᠂ ᠬᠤᠰᠢᠭᠤ ᠲᠡᠳ᠋ ᠲᠠᠷᠤᠭ᠎ᠠ ᠪᠠᠶᠠᠠᠴᠢᠮᠡᠭ ᠨᠠᠷ ᠲᠤᠰ ᠲᠤᠰ ᠪᠠᠶᠢᠴᠠᠭᠠᠬᠤ ᠲᠤᠭᠤᠶᠢᠯᠠᠩ ᠤᠨ ᠬᠢᠨ ᠢ | ᠲᠠᠭᠠᠭᠤᠯᠤᠨ ᠪᠠᠶᠢᠴᠠᠭᠠᠬᠤ ᠡᠮᠤᠨ᠎ᠠ ᠹᠷᠣᠨᠲ ᠪᠠ ᠲᠤᠭ ᠪᠠᠯᠭᠠᠰᠤᠨ ᠤ ᠠᠵᠤ ᠠᠬᠤᠶᠢᠯᠠᠯ ᠳᠤ ᠭᠦᠨᠵᠡᠭᠡᠶᠢᠷᠡᠨ ᠰᠢᠨ᠎ᠡ | ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠭᠰᠠᠨ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ | ᠰᠠᠷᠭᠡᠶᠢᠯᠠᠨ ᠡᠵᠡᠮᠳᠡᠬᠦ ᠠᠵᠢᠯ ᠳᠤ ᠪᠠᠶᠢᠴᠠᠭᠠᠯᠳᠠ ᠭᠢᠨᠠᠨ ᠵᠢᠯᠤᠭᠤᠳᠤᠯᠭ᠎ᠠ ᠭᠢᠭᠰᠡᠨ ᠪᠠᠶᠢᠨ᠎ᠠ᠃ | ᠭᠥᠷᠥᠭᠰᠠᠨ ᠭᠠᠵᠠᠷ ᠪᠤᠯᠭᠠᠨ ᠳᠤ ᠭᠤᠤ ᠬᠤ᠋ ᠪᠠᠶᠢᠴᠠᠭᠠᠬᠤ ᠴᠡᠭ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ | ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠳᠠᠩᠰᠠ ᠲᠡᠮᠳᠡᠭᠯᠡᠯ ᠢ ᠨᠠᠷᠢᠯᠢᠭ ᠭᠢᠭᠰᠡᠨ ᠡᠰᠠᠭᠦ ᠶᠢ ᠯᠠᠪᠯᠠᠨ | ᠠᠰᠠᠭᠤᠭᠰᠠᠨ ᠪᠥᠭᠡᠳ ᠴᠠᠭᠳᠠᠭᠠᠨ ᠤ ᠬᠦᠴᠦᠨ ᠤ ᠲᠣᠬᠢᠷᠠᠭᠤᠯᠤᠯᠲᠠ ᠪᠠ ᠬᠠᠰᠢᠨ ᠪᠠᠶᠢᠴᠠᠭᠠᠬᠤ ᠴᠡᠭ ᠤᠨ | ᠠᠵᠢᠯᠲᠠᠨ ᠤ ᠬᠤᠨᠤᠭ ᠤᠨ ᠪᠠᠶᠢᠳᠠᠯ᠂ ᠠᠮᠢᠳᠤᠷᠠᠯ ᠤᠨ ᠪᠠᠶᠢᠳᠠᠯ ᠢ ᠨᠠᠷᠢᠨ ᠤᠶᠢᠯᠠᠭᠠᠭᠰᠠᠨ ᠪᠠᠶᠢᠨ᠎ᠠ᠃ | | | | | | | ᠪᠠᠶᠢᠴᠠᠭᠠᠯᠲᠠ ᠶᠢᠨ ᠳᠤᠮᠳᠠ ᠭᠤᠤ ᠬᠤ᠋ ᠴᠢᠬᠤᠯᠠᠴᠢᠯᠠᠬᠤ ᠳᠠᠭᠠᠨ᠂ ᠣᠳᠣᠬᠠᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠬᠦᠨᠳᠦ ᠬᠡᠴᠡᠭᠦᠦ ᠪᠠᠶᠢᠳᠠᠯ ᠢ ᠭᠥᠢᠴᠡᠳ ᠲᠠᠨᠢᠨ ᠤᠯᠤᠰ ᠲᠥᠷᠥ ᠶᠢᠨ | ᠵᠣᠭᠰᠣᠴᠠ ᠪᠠᠨ ᠳᠡᠭᠡᠭᠰᠢᠯᠡᠭᠦᠯᠵᠦ ᠠᠵᠢᠯ ᠤᠨ ᠠᠷᠭ᠎ᠠ ᠬᠡᠮᠵᠢᠶ᠎ᠡ ᠶᠢ ᠴᠢᠩᠬ᠎ᠠ ᠨᠠᠶᠢᠳᠠᠪᠤᠷᠢᠵᠢᠭᠤᠯᠤᠨ ᠲᠡᠷᠭᠡ ᠪᠠ | ᠭᠥᠮᠤᠨ ᠢ ᠪᠥᠷ ᠪᠠᠶᠢᠴᠠᠭᠠᠬᠤ᠂ ᠮᠡᠳᠡᠭᠡ ᠵᠠᠩᠭᠢ ᠶᠢ ᠳᠠᠩᠰᠠᠯᠠᠬᠤ ᠶᠢ ᠪᠡᠶᠡᠯᠡᠭᠦᠯᠵᠦ ᠬᠠᠯᠠᠭᠤᠷᠠᠬᠤ ᠪᠤᠶᠤ ᠪᠡᠶ᠎ᠡ ᠨᠢ | ᠡᠪ ᠦᠭᠡᠶ ᠬᠥᠮᠦᠰ ᠲᠣᠬᠢᠶᠠᠯᠳᠤᠪᠠᠯ ᠡᠷᠬᠡᠪᠰᠢ ᠲᠡᠷᠡ ᠳᠠᠷᠤᠶ ᠳᠤᠨᠢ ᠡᠷᠡᠭᠦᠯ ᠬᠠᠮᠠᠭᠠᠯᠠᠯ ᠡᠷᠡᠬᠦᠯ ᠮᠠᠨᠳᠤ ᠶᠢᠨ | ᠰᠠᠯᠠᠭ᠎ᠠ ᠮᠥᠴᠢᠷ ᠲᠤ ᠮᠡᠳᠡᠭᠳᠠᠨ ᠲᠤᠰᠠᠭᠠᠷᠯᠠᠵᠤ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ ᠭᠢᠵᠢᠭ | ᠲᠠᠷᠬᠠᠬᠤ ᠶᠢ ᠡᠷᠡᠰ ᠬᠤᠷᠢᠭᠯᠠᠵᠤ ᠬᠠᠷᠢᠶ᠎ᠠ ᠭᠠᠵᠠᠷ ᠤᠨ ᠲᠣᠮᠢᠯᠠᠭᠰᠠᠨ ᠰᠠᠯᠪᠤᠷᠢ ᠪᠠ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠴᠠᠭᠳᠠᠨ ᠪᠠᠶᠢᠴᠠᠭᠠᠯᠳᠠ ᠰᠠᠷᠭᠡᠶᠢᠯᠠᠯᠳᠠ᠂ ᠲᠣᠰᠬᠤᠨ ᠤ ᠵᠠᠮ ᠵᠢᠴᠢ ᠪᠤᠰᠤᠳ | ᠪᠠᠭ᠎ᠠ ᠵᠠᠮ ᠤᠨ ᠬᠠᠮᠢᠶᠠᠷᠤᠯᠳᠠ ᠶᠢ ᠴᠢᠩᠭᠠᠳᠬᠠᠬᠤ ᠬᠡᠷᠡᠭᠲᠡᠶ᠃ ᠡᠭᠦᠨ ᠤ ᠬᠠᠮᠲᠤ ᠰᠤᠮᠤ ᠪᠠᠯᠭᠠᠰᠤᠨ ᠤ ᠬᠠᠮᠢᠶ᠎ᠠ | ᠪᠦᠬᠦᠢ ᠰᠠᠯᠠᠭ᠎ᠠ ᠮᠥᠴᠢᠷ᠂ ᠣᠯᠠᠨ ᠲᠦᠮᠡᠨ ᠤ ᠬᠦᠴᠢᠷᠳᠡᠯ ᠢ ᠰᠢᠶᠳᠪᠦᠷᠢᠯᠡᠬᠦ ᠠᠵᠢᠯ ᠢ ᠤᠷᠢᠳᠴᠢᠯᠠᠨ ᠰᠠᠶᠢᠲᠤᠷ | ᠭᠢᠵᠤ ᠵᠠᠮ ᠬᠠᠰᠢᠬᠤ ᠠᠴᠠ ᠪᠤᠯᠵᠤ ᠣᠯᠠᠨ ᠲᠦᠮᠡᠨ ᠳᠤ ᠳᠥᠭᠦᠮ ᠪᠤᠰᠤ ᠶᠢ ᠠᠪᠴᠢᠷᠠᠵᠤ ᠬᠠᠷᠢᠯᠴᠠᠨ ᠵᠥᠷᠢᠴᠡᠯ | ᠡᠭᠦᠰᠭᠡᠬᠦ ᠠᠴᠠ ᠵᠠᠶᠢᠯᠠᠰᠭᠢᠭᠦ ᠬᠡᠷᠡᠭᠲᠡᠶ ᠭᠡᠵᠡᠢ᠃ | ᠭᠤᠤ ᠬᠤ᠋ ᠴᠢᠬᠤᠯᠠᠴᠢᠯᠠᠭᠰᠠᠨ ᠨᠢ᠂ ᠡᠯ᠎ᠡ ᠬᠠᠰᠢᠨ ᠪᠠᠶᠢᠴᠠᠭᠠᠬᠤ ᠴᠡᠭ ᠨᠢ ᠬᠤᠰᠢᠭᠤ ᠨᠠᠮ ᠤᠨ ᠬᠤᠷᠢᠶ᠎ᠠ | ᠵᠠᠰᠠᠭ ᠤᠨ ᠣᠷᠳᠣᠨ ᠪᠣᠯᠤᠨ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠢ ᠴᠢᠩᠭ᠎ᠠ | ᠵᠢᠷᠤᠮᠯᠠᠨ ᠦᠶᠯᠡᠳᠦᠯ ᠢᠶᠠᠨ ᠰᠠᠶᠢᠲᠤᠷ ᠪᠠᠳᠠᠷᠠᠭᠤᠯᠵᠤ ᠬᠢᠵᠢᠭ ᠤᠨ ᠪᠠᠶᠢᠳᠠᠯ ᠢ ᠰᠠᠷᠭᠡᠶᠢᠯᠠᠨ ᠡᠵᠡᠮᠳᠡᠬᠦ ᠢᠯᠠᠯᠲᠠ ᠶᠢ | ᠤᠯᠬᠤ ᠬᠡᠷᠡᠭᠲᠡᠶ᠃ ᠡᠭᠦᠨ ᠤ ᠬᠠᠮᠲᠤ ᠡᠯ᠎ᠡ ᠰᠠᠯᠠᠭ᠎ᠠ ᠮᠥᠴᠢᠷ ᠤᠨ ᠬᠢᠨ ᠬᠠᠮᠵᠢᠯᠴᠠᠭ᠎ᠠ ᠪᠠᠨ ᠴᠢᠩᠭᠠᠳᠬᠠᠵᠤ ᠠᠷᠠᠳ | ᠤᠨ ᠴᠠᠭᠳᠠᠭ᠎ᠠ᠂ ᠲᠤᠰᠠᠯᠠᠬᠤ ᠴᠠᠭᠳᠠᠭ᠎ᠠ ᠪᠣᠯᠤᠨ ᠬᠢᠵᠢᠭ ᠢ ᠰᠠᠷᠭᠡᠶᠢᠯᠠᠭᠦ ᠠᠵᠢᠯᠲᠠᠨ ᠤ ᠠᠮᠢᠳᠤᠷᠠᠯ ᠢ ᠢᠯᠠᠭᠦᠭᠡᠨ | ᠬᠠᠯᠠᠮᠵᠢᠯᠠᠵᠤ ᠴᠢᠬᠤᠯᠠ ᠪᠥᠬᠦᠶ ᠰᠡᠷᠭᠡᠶᠢᠯᠡᠨ ᠡᠵᠡᠮᠳᠡᠬᠦ ᠲᠣᠨᠤᠭ ᠲᠥᠬᠦᠭᠡᠷᠦᠮᠵᠢ ᠶᠢ ᠪᠦᠷᠢᠨ ᠭᠦᠶᠴᠡᠳ | ᠳᠣᠭᠢᠷᠠᠭᠤᠯᠵᠤ ᠬᠠᠰᠢᠬᠤ ᠴᠡᠭ ᠤᠨ ᠡᠮᠤᠨ᠎ᠠ ᠹᠷᠣᠨᠲ ᠤᠨ ᠠᠵᠢᠯᠲᠠᠨ ᠤ ᠲᠣᠰ ᠪᠡᠶ᠎ᠡ ᠶᠢᠨ ᠠᠮᠤᠷ ᠲᠦᠪᠰᠢᠨ ᠤ | ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ ᠭᠡᠵᠡᠢ᠃ | ᠬᠤᠰᠢᠭᠤ ᠳᠡᠳ᠋ ᠳᠠᠷᠤᠭ᠎ᠠ ᠪᠠᠶᠠᠨᠴᠢᠮᠡᠭ ᠨᠠᠷ ᠤᠷᠢᠳ ᠬᠤᠵᠢᠳ ᠵᠦᠩ ᠲᠢᠶᠠᠨ ᠾᠧ ᠴᠤᠸᠠᠩ ᠺᠤᠮᠫᠠᠨᠢ᠂ | ᠬᠤᠯᠤᠰᠤ ᠨᠡᠭᠦᠷᠡᠰᠦᠨ ᠠᠭᠤᠷᠬᠠᠶ᠂ ᠬᠠᠢ ᠰᠢᠶᠠ ᠡᠨᠧᠷᠭᠢ ᠶᠢᠨ ᠪᠥᠯᠥᠭᠯᠠᠯ᠂ ᠬᠤᠯᠤᠰᠤ ᠨᠡᠭᠦᠷᠡᠰᠦᠨ ᠠᠭᠤᠷᠬᠠᠶ᠂ | ᠣᠷᠳᠣᠰ ᠶᠢᠨ ᠴᠧᠩ ᠲᠠᠢ ᠨᠠᠭᠦᠷᠠᠰᠤ ᠬᠢᠮᠢ ᠶᠢᠨ ᠠᠵᠤ ᠦᠶᠯᠡᠳᠪᠦᠷᠢ ᠵᠡᠷᠭᠡ 7 ᠠᠵᠤ ᠠᠬᠤᠶᠢᠯᠠᠯ ᠳᠤ ᠬᠦᠷᠴᠦ | ᠱᠠᠭᠠᠷᠳᠠᠨ ᠪᠠᠶᠢᠴᠠᠭᠠᠯᠳᠠ ᠭᠢᠪᠠ᠃ ᠪᠠᠶᠠᠨᠴᠢᠮᠡᠭ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠬᠢᠵᠢᠭ ᠤᠨ ᠪᠠᠶᠢᠳᠠᠯ | ᠢ ᠡᠵᠡᠮᠳᠡᠬᠦ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠤ | ᠨᠠᠶᠢᠳᠠᠪᠤᠷᠢᠵᠢᠭᠤᠯᠤᠭᠰᠠᠨ ᠪᠠᠶᠢᠳᠠᠯ ᠢ ᠤᠶᠢᠯᠠᠭᠠᠨ ᠲᠤᠰᠠᠭᠠᠷᠯᠠᠭᠰᠠᠨ ᠬᠥᠮᠦᠰ ᠤᠨ ᠮᠡᠳᠡᠭᠡ ᠵᠠᠩᠭᠢ ᠶᠢ ᠲᠠᠩᠰᠠᠯᠠᠭᠰᠠᠨ | ᠳᠡᠪᠲᠡᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠰᠢᠢᠳᠪᠦᠷᠢᠯᠡᠬᠦ ᠲᠥᠰᠦᠯ᠂ ᠠᠵᠢᠯ | ᠤᠨ ᠡᠬᠡ ᠲᠠᠩᠰᠠ ᠶᠢ ᠪᠠᠶᠢᠴᠠᠭᠠᠨ ᠦᠵᠡᠭᠰᠡᠨ ᠪᠥᠭᠡᠳ ᠠᠵᠤ ᠠᠬᠤᠶᠢᠯᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠬᠠᠷᠢᠭᠤᠴᠠᠯᠭ᠎ᠠ ᠶᠢᠨ ᠲᠦᠷᠢᠮ ᠪᠠ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠦ ᠠᠮᠠᠪᠴᠢ ᠵᠡᠭᠦᠵᠦ | ᠠᠵᠢᠯ ᠤᠨ ᠪᠠᠶᠢᠷᠢ ᠳᠤ ᠭᠠᠷᠬᠤ ᠪᠠ ᠲᠣᠭᠲᠠᠭᠰᠠᠨ ᠴᠠᠭ ᠲᠤ ᠠᠷᠢᠭᠤᠳᠬᠠᠬᠤ ᠲᠦᠷᠢᠮ ᠢ ᠴᠢᠩᠭ᠎ᠠ ᠭᠡᠷᠡᠭᠵᠢᠭᠦᠯᠵᠤ | ᠠᠵᠢᠯᠲᠠᠨ ᠳᠤ ᠰᠡᠷᠭᠡᠶᠢᠯᠡᠨ ᠬᠠᠮᠠᠭᠠᠯᠠᠬᠤ ᠪᠤᠳᠠᠰ ᠬᠤᠪᠢᠶᠠᠨ ᠰᠡᠷᠭᠡᠶᠢᠯᠡᠨ ᠡᠵᠡᠮᠳᠡᠬᠦ ᠮᠡᠳᠡᠯᠭᠡ ᠶᠢ ᠲᠦᠭᠡᠮᠡᠯᠵᠢᠭᠦᠯᠬᠦ | ᠬᠡᠷᠡᠭᠲᠡᠶ ᠭᠡᠵᠦ ᠱᠠᠭᠠᠷᠳᠠᠪᠠ᠃ | ᠪᠠᠶᠠᠨᠴᠢᠮᠡᠭ ᠴᠢᠬᠤᠯᠠᠴᠢᠯᠠᠬᠤ ᠳᠤ ᠪᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠣᠳᠣᠬᠠᠨ | ᠤ ᠬᠠᠮᠤᠭ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠬᠤ ᠬᠡᠷᠡᠭᠲᠡᠶ᠃ ᠡᠯ᠎ᠡ ᠦᠶᠯᠡᠳᠪᠦᠷᠢ ᠠᠭᠤᠷᠬᠠᠶ ᠶᠢᠨ | ᠠᠵᠤ ᠠᠬᠤᠶᠢᠯᠠᠯ᠂ ᠭᠠᠳᠠᠭᠰᠢ ᠭᠠᠷᠴᠤ ᠨᠤᠲᠤᠭ ᠲᠠᠭᠠᠨ ᠪᠤᠴᠠᠭᠰᠠᠨ ᠬᠥᠮᠦᠰ ᠢ ᠴᠢᠩᠭ᠎ᠠ ᠬᠢᠵᠠᠭᠠᠷᠯᠠᠵᠤ ᠴᠠᠭᠠᠨ | ᠰᠠᠷ᠎ᠠ ᠶᠢᠨ ᠬᠤᠭᠤᠴᠠᠭᠠᠨ ᠳᠤ ᠦᠬᠠᠨ᠂ ᠬᠤᠪᠧᠶ ᠮᠤᠵᠢ ᠵᠢᠴᠢ ᠪᠤᠰᠤᠳ ᠮᠤᠵᠢ ᠬᠤᠲᠠ ᠳᠤ ᠪᠤᠴᠠᠭᠰᠠᠨ ᠬᠥᠮᠦᠰ | ᠣᠶᠢᠷ᠎ᠠ ᠶᠢᠨ ᠬᠤᠭᠤᠴᠠᠭᠠᠨ ᠳᠤ ᠦᠶᠯᠡᠳᠪᠦᠷᠢ ᠳᠡᠭᠡᠨ ᠪᠤᠴᠠᠬᠤ ᠶᠢ ᠬᠤᠷᠢᠭᠯᠠᠨ ᠠᠵᠤ ᠠᠬᠤᠶᠢᠯᠠᠯ ᠤᠨ ᠲᠡᠭᠡᠭᠡᠪᠦᠷᠢ | ᠶᠢᠨ ᠲᠡᠷᠭᠡ ᠶᠢ ᠦᠨᠡᠨ ᠨᠡᠷ᠎ᠡ ᠪᠠᠷ ᠨᠢ ᠳᠠᠩᠰᠠᠯᠠᠭᠤᠯᠵᠤ ᠳᠡᠭᠡᠭᠰᠢ ᠮᠡᠳᠡᠭᠦᠯᠵᠤ ᠮᠡᠳᠡᠭᠦᠯᠬᠦ ᠦᠭᠡᠶ ᠪᠤᠶᠤ | ᠤᠷᠭᠢᠭᠳᠠᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠮᠡᠳᠡᠭᠡ ᠵᠠᠩᠭᠢ ᠶᠢ ᠲᠠᠩᠰᠠᠯᠠᠬᠤ᠂ ᠪᠦᠷᠢᠳᠬᠡᠬᠦ᠂ ᠪᠡᠶ᠎ᠡ | ᠶᠢᠨ ᠳᠤᠯᠠᠭᠠᠨ ᠢ ᠬᠢᠨᠠᠨ ᠬᠡᠮᠵᠢᠬᠦ ᠵᠡᠷᠭᠡ ᠠᠵᠢᠯ ᠢ ᠰᠠᠶᠢᠲᠤᠷ ᠭᠢᠵᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠢ | ᠪᠠᠲᠤᠯᠠᠭ᠎ᠠ ᠶᠢᠨ ᠪᠢᠴᠢᠭ ᠪᠢᠴᠢᠬᠦᠯᠦᠨ ᠬᠢᠵᠢᠭ ᠤᠨ ᠪᠠᠶᠢᠳᠠᠯ ᠢ ᠰᠡᠷᠭᠡᠶᠢᠯᠡᠬᠦ ᠡᠯ᠎ᠡ ᠵᠦᠶᠯ ᠤᠨ ᠠᠷᠭ᠎ᠠ ᠬᠡᠮᠵᠢᠶ᠎ᠡ ᠶᠢ | ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃ |