ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠤ ᠦᠷᠪᠢᠰᠣᠯ ᠤᠨ ᠬᠢᠵᠢᠭ | ᠪᠦᠬᠦ ᠣᠯᠣᠰ ᠲᠤ ᠳᠡᠯᠬᠡᠷᠡᠵᠦ ᠪᠠᠶᠢᠭ᠎ᠠ ᠪᠠᠶᠢᠳᠠᠯ ᠳᠤ ᠴᠢᠭᠯᠡᠬᠦᠯᠦᠨ ᠴᠠᠭᠠᠨ ᠰᠠᠷ᠎ᠠ ᠶᠢᠨ ᠰᠢᠨ᠎ᠡ ᠶᠢᠨ ᠨᠢᠬᠡᠨ ᠤ | ᠦᠳᠡ ᠶᠢᠨ ᠡᠮᠦᠨ᠎ᠡ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠳᠣᠰᠬᠠᠢ ᠰᠡᠳᠣᠪᠲᠣ ᠬᠤᠷᠠᠯ | ᠬᠤᠷᠠᠯᠳᠣᠭᠤᠯᠵᠦ ᠪᠦᠬᠦ ᠬᠤᠰᠢᠭᠤᠨ ᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠳᠤ ᠳᠠᠬᠢᠨ ᠪᠠᠶᠢᠷᠢᠯᠠᠭᠤᠯᠣᠯᠲᠠ | ᠳᠣᠬᠢᠷᠠᠭᠤᠯᠣᠯᠲᠠ ᠬᠢᠵᠦ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠨ ᠬᠢᠨ ᠣᠯᠣᠰ ᠳᠦᠷᠦ ᠶᠢᠨ | ᠵᠣᠭᠰᠣᠴᠠ ᠪᠠᠨ ᠳᠡᠭᠡᠭᠰᠢᠯᠡᠬᠦᠯᠵᠦ ᠠᠷᠠᠳ ᠲᠦᠮᠡᠨ ᠤ ᠠᠮᠢ ᠨᠠᠰᠣᠨ ᠤ ᠠᠮᠣᠷ ᠳᠦᠪᠰᠢᠨ ᠪᠠ ᠡᠷᠡᠬᠦᠯ ᠴᠢᠬᠢᠷᠠᠭ ᠢ | ᠨᠢᠬᠡᠳᠦᠬᠡᠷ ᠪᠠᠶᠢᠷᠢᠨ ᠳᠤ ᠳᠠᠯᠪᠢᠵᠦ ᠬᠠᠷᠢᠭᠤᠴᠠᠯᠭᠠᠲᠣ ᠰᠡᠳᠬᠢᠯᠭᠡ ᠪᠠ ᠲᠤᠯᠭᠠᠮ ᠰᠡᠳᠬᠢᠯᠬᠡ ᠪᠠᠨ ᠦᠨᠡᠨᠬᠦ | ᠴᠢᠩᠭᠠᠳᠬᠠᠵᠦ ᠬᠤᠷᠢᠭ᠎ᠠ ᠱᠣᠭᠤᠮ ᠤᠨ ᠰᠡᠳᠬᠢᠬᠦᠢ ᠪᠠ ᠠᠶᠣᠯ ᠳᠦᠭᠰᠢᠬᠦᠷᠢ ᠶᠢᠨ ᠣᠬᠠᠮᠰᠠᠷ ᠢᠶᠠᠨ ᠴᠢᠩᠭᠠᠳᠬᠠᠨ | ︽ᠳᠠᠪᠤ ᠶᠢ ᠪᠣᠳᠠᠳᠠᠶᠢᠵᠢᠭᠤᠯᠬᠤ︾ ᠶᠢ ᠳᠣᠪᠣᠶᠢᠯᠭᠠᠵᠦ ᠠᠷᠠᠳ ᠣᠯᠠᠨ ᠤ ᠠᠮᠢ ᠨᠠᠰᠣ ᠡᠷᠡᠬᠦᠯ ᠮᠡᠨᠲᠣ ᠠᠮᠣᠷ | ᠳᠦᠪᠰᠢᠨ ᠪᠠ ᠨᠡᠶᠢᠬᠡᠮ ᠤᠨ ᠪᠦᠬᠦ ᠳᠠᠯ᠎ᠠ ᠶᠢᠨ ᠳᠣᠭᠳᠠᠭᠤᠨ ᠢ ᠪᠠᠳᠣᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ | ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠪᠠᠶᠢᠩᠭᠤ | ᠶᠢᠨ ᠬᠡᠰᠢᠬᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ ᠪᠤᠯᠤᠨ ᠡᠯ᠎ᠡ ᠰᠣᠮᠣ ᠪᠠᠯᠭᠠᠰᠣ᠂ ᠬᠤᠰᠢᠭᠤ ᠡᠳ᠋ ᠤᠨ | ᠵᠠᠰᠠᠭ᠂ ᠡᠷᠡᠬᠦᠯ ᠬᠠᠮᠠᠭᠠᠯᠠᠯ ᠡᠷᠡᠬᠦᠯ ᠮᠡᠨᠲᠣ ᠶᠢᠨ ᠵᠦᠪᠯᠡᠯ᠂ ᠠᠷᠠᠳ ᠤᠨ ᠡᠮᠨᠡᠯᠬᠡ ᠶᠢᠨ ᠬᠤᠷᠢᠶ᠎ᠠ᠂ ᠬᠢᠵᠢᠭ | ᠡᠪᠡᠳᠴᠢᠨ ᠢ ᠰᠡᠷᠭᠡᠶᠢᠯᠡᠨ ᠡᠵᠡᠮᠳᠡᠬᠦ ᠳᠦᠪ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠪᠠ | ᠭᠠᠯᠠᠭᠤᠲᠣ ᠪᠠᠯᠭᠠᠰᠣᠨ ᠤ ᠡᠯ᠎ᠡ ᠨᠡᠶᠢᠬᠡᠮ ᠳᠣᠭᠤᠷᠢᠭ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃ | | | | | | | ᠡᠷᠳᠡᠨᠢᠪᠢᠯᠢᠭ᠂ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠤ | ᠦᠷᠪᠢᠰᠣᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠣᠷ ᠠᠳᠬᠤᠬᠤ ᠨᠢ ᠣᠳᠣᠬᠠᠨ ᠤ ᠴᠢᠬᠤᠯᠠ | ᠣᠯᠣᠰ ᠳᠦᠷᠦ ᠶᠢᠨ ᠡᠬᠦᠷᠭᠡ ᠪᠠ ᠴᠢᠬᠤᠯᠠ ᠶᠡᠭᠡ ᠢᠨᠵᠧᠨᠧᠷᠢᠩ ᠮᠥᠨ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ | ᠮᠦᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠣᠷᠢ ᠶᠢᠨ ᠵᠣᠷᠢᠭ ᠰᠠᠨᠠᠭ᠎ᠠ ᠶᠢ ᠬᠦᠨᠵᠡᠭᠡᠢ | ᠰᠣᠷᠣᠯᠴᠠᠨ ᠲᠤᠭᠤᠰᠢᠯᠠᠭᠤᠯᠵᠤ ᠳᠦᠪ᠂ ᠦᠪᠡᠷᠳᠡᠭᠡᠨ ᠵᠠᠰᠠᠬᠤ ᠣᠷᠣᠨ ᠪᠠ ᠬᠤᠳᠠ ᠶᠢᠨ ᠪᠠᠶᠢᠷᠢᠯᠠᠭᠤᠯᠣᠯᠲᠠ ᠶᠢᠨ | ᠱᠠᠭᠠᠷᠳᠠᠯᠭ᠎ᠠ ᠶᠢ ᠡᠷᠡᠰ ᠲᠤᠭᠤᠰᠢᠯᠠᠭᠤᠯᠵᠤ ᠬᠠᠷᠢᠭᠤᠴᠠᠯᠭ᠎ᠠ ᠶᠢᠨ ᠣᠬᠠᠮᠰᠠᠷ ᠢᠶᠠᠨ ᠴᠢᠩᠭᠠᠳᠬᠠᠵᠦ ᠳᠦᠪ ᠴᠢᠩᠭ᠎ᠠ | ᠨᠠᠷᠢᠨ ᠬᠢᠨᠠᠮᠠᠭᠠᠢ ᠣᠪᠣᠷ ᠢᠶᠠᠷ ᠬᠢᠵᠢᠭ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠠᠳᠣᠳᠠᠢ ᠴᠢᠩᠭ᠎ᠠ | ᠠᠳᠬᠤᠬᠤ ᠬᠡᠷᠡᠭᠲᠡᠢ ᠬᠡᠵᠦ ᠴᠢᠬᠤᠯᠠᠴᠢᠯᠠᠪᠠ᠃ ᠡᠷᠳᠡᠨᠢᠪᠢᠯᠢᠭ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠳᠠᠨᠢᠯᠳᠠ | ᠪᠠᠨ ᠪᠣᠳᠠᠳᠠᠶᠢᠵᠢᠭᠤᠯᠬᠤ ᠬᠡᠷᠡᠭᠲᠡᠢ᠃ ᠪᠦᠬᠦ ᠬᠤᠰᠢᠭᠤ ᠪᠠᠷ ᠢᠶᠠᠨ ᠬᠢᠵᠢᠭ ᠢ ᠰᠡᠷᠬᠡᠶᠢᠯᠡᠨ ᠡᠵᠡᠮᠳᠡᠬᠦ ᠶᠢ ᠳᠡᠷᠢᠬᠦᠨ | ᠪᠠᠶᠢᠷᠢᠨ ᠳᠤ ᠳᠠᠯᠪᠢᠵᠦ ᠨᠠᠮ ᠤᠨ ᠳᠦᠪ ᠬᠤᠷᠢᠶ᠎ᠠ ᠳᠦᠷᠦ ᠶᠢᠨ ᠶᠠᠪᠣᠳᠠᠯ ᠤᠨ ᠬᠤᠷᠢᠶ᠎ᠠ ᠪᠠ ᠦᠪᠡᠷᠳᠡᠭᠡᠨ ᠵᠠᠰᠠᠬᠤ | ᠣᠷᠣᠨ᠂ ᠬᠤᠳᠠ ᠶᠢᠨ ᠬᠠᠮᠢᠶ᠎ᠠ ᠪᠦᠬᠦᠢ ᠪᠠᠶᠢᠷᠢᠯᠠᠭᠤᠯᠣᠯᠲᠠ ᠶᠢᠨ ᠱᠠᠭᠠᠷᠳᠠᠯᠭ᠎ᠠ ᠶᠢ ᠰᠠᠶᠢᠳᠣᠷ ᠲᠤᠭᠤᠰᠢᠯᠠᠭᠤᠯᠵᠤ | ᠡᠨᠡ ᠣᠳᠠᠭᠠᠨ ᠤ ︽ ᠣᠳᠤᠭ᠎ᠠ ᠦᠬᠡᠢ ᠳᠠᠶᠢᠨ︾ ᠤ ᠢᠯᠡᠯᠳᠡ ᠶᠢ ᠣᠯᠬᠤ ᠬᠡᠷᠡᠭᠲᠡᠢ᠃ ᠣᠷᠢᠳᠴᠢᠯᠠᠨ | ᠰᠡᠷᠡᠮᠵᠢᠯᠡᠬᠦᠯᠬᠦ ᠡᠮᠴᠢᠯᠡᠭᠡ ᠶᠢ ᠪᠣᠳᠠᠳᠠᠶᠢᠵᠢᠭᠤᠯᠬᠤ ᠬᠡᠷᠡᠭᠲᠡᠢ᠃ ᠬᠠᠷᠢᠶᠠᠲᠣ ᠭᠠᠵᠠᠷ ᠤᠨ ᠢᠶᠠᠨ ᠬᠠᠮᠢᠶᠠᠷᠣᠯᠳᠠ ᠶᠢ | ᠪᠣᠳᠠᠳᠠᠶᠢᠵᠢᠭᠤᠯᠵᠦ ᠣᠷᠢᠳᠴᠢᠯᠠᠨ ᠰᠡᠷᠡᠮᠵᠢᠯᠡᠬᠦᠯᠵᠦ ᠬᠢᠨᠠᠨ ᠪᠠᠶᠢᠴᠠᠭᠠᠯᠳᠠ ᠶᠢ ᠰᠠᠶᠢᠳᠣᠷ ᠬᠢᠵᠦ ᠭᠤᠣᠯᠳᠠᠯᠭ᠎ᠠ ᠲᠠᠢ | ᠬᠢᠵᠢᠭ ᠤᠨ ᠣᠷᠣᠨ᠂ ᠣᠨᠴᠠᠭᠠᠶᠢᠯᠠᠨ ᠦᠬᠠᠨ ᠠᠴᠠ ᠢᠷᠡᠵᠦ ᠶᠠᠪᠣᠭ᠎ᠠ ᠬᠦᠮᠦᠰ ᠤᠨ ᠬᠢᠨᠠᠨ ᠪᠠᠶᠢᠴᠠᠭᠠᠯᠳᠠ ᠶᠢ | ᠰᠠᠶᠢᠳᠣᠷ ᠬᠢᠬᠦ ᠬᠡᠷᠡᠭᠲᠡᠢ᠃ ᠳᠡᠷᠭᠡᠨ ᠦᠷᠳᠡᠭᠡ᠂ ᠳᠡᠮᠦᠷ ᠵᠠᠮ᠂ ᠵᠠᠰᠠᠮᠠᠯ ᠵᠠᠮ ᠵᠡᠷᠬᠡ ᠵᠠᠮ ᠬᠠᠷᠢᠯᠴᠠᠭᠠᠨ ᠤ ᠬᠢᠵᠢᠭ | ᠤᠨ ᠪᠠᠶᠢᠴᠠᠭᠠᠯᠳᠠ ᠶᠢ ᠴᠢᠩᠭᠠᠳᠬᠠᠵᠦ ᠬᠠᠮᠤᠭ ᠤᠨ ᠶᠡᠭᠡ ᠴᠢᠷᠮᠠᠶᠢᠯᠭ᠎ᠠ ᠪᠠᠷ ᠢᠶᠠᠨ ᠳᠠᠯᠳᠠ ᠬᠡᠮ ᠢ ᠢᠯᠡᠷᠡᠬᠦᠯᠵᠦ | ᠬᠢᠵᠢᠭ ᠡᠪᠡᠳᠴᠢᠨ ᠤ ᠳᠡᠯᠬᠡᠷᠡᠬᠦ ᠶᠢ ᠬᠤᠷᠢᠭᠯᠠᠬᠤ ᠬᠡᠷᠡᠭᠲᠡᠢ᠃ ᠬᠤᠰᠢᠭᠤᠨ ᠤ ᠡᠮ ᠡᠮᠨᠡᠯᠬᠡ ᠡᠷᠡᠬᠦᠯ ᠬᠠᠮᠠᠭᠠᠯᠠᠯ ᠤᠨ | ᠪᠠᠶᠢᠭᠤᠯᠣᠮᠵᠢ ᠪᠡᠯᠡᠳᠭᠡᠯ ᠢᠶᠠᠨ ᠰᠠᠶᠢᠳᠣᠷ ᠬᠢᠵᠦ ᠬᠠᠯᠠᠭᠤᠷᠠᠬᠤ ᠶᠢ ᠪᠠᠶᠢᠴᠠᠭᠠᠬᠤ ᠡᠬᠦᠳᠡᠨ ᠡᠮᠨᠡᠯᠬᠡ ᠶᠢ ᠪᠠᠶᠢᠭᠤᠯᠬᠤ | ᠶᠢ ᠴᠢᠩᠭᠠᠳᠬᠠᠵᠦ ᠴᠠᠭ ᠢ ᠠᠮᠵᠢᠨ ᠡᠮᠨᠡᠯᠬᠡ ᠶᠢᠨ ᠠᠵᠢᠯᠳᠠᠨ ᠤ ᠪᠣᠯᠪᠠᠰᠣᠷᠠᠯ ᠪᠠ ᠪᠠᠴᠢᠮ ᠪᠠᠶᠢᠳᠠᠯ ᠢ | ᠰᠢᠢᠳᠪᠦᠷᠢᠯᠡᠬᠦ ᠰᠣᠷᠢᠯᠳᠠ ᠵᠡᠷᠭᠡ ᠡᠯ᠎ᠡ ᠵᠦᠢᠯ ᠤᠨ ᠠᠵᠢᠯ ᠢ ᠰᠠᠶᠢᠳᠣᠷ ᠬᠢᠵᠦ ᠬᠢᠵᠢᠭ ᠡᠬᠦᠰᠬᠦ ᠳᠤ ᠬᠦᠷᠪᠡᠯ ᠬᠠᠮᠤᠭ | ᠳᠦᠷᠦᠬᠦᠨ ᠳᠤ ᠪᠦᠲᠦᠮᠵᠢᠲᠡᠢ ᠪᠠᠷ ᠰᠢᠢᠳᠪᠦᠷᠢᠯᠡᠨ ᠵᠦᠪ ᠣᠨᠣᠪᠴᠢᠲᠠᠢ ᠡᠮᠨᠡᠬᠦ ᠶᠢ ᠪᠠᠳᠣᠯᠠᠬᠤ ᠬᠡᠷᠡᠭᠲᠡᠢ᠃ | ᠬᠠᠮᠳᠣᠷᠠᠨ ᠰᠡᠷᠭᠡᠶᠢᠯᠡᠵᠦ ᠬᠠᠮᠳᠣᠷᠠᠨ ᠬᠤᠷᠢᠭᠯᠠᠬᠤ ᠶᠢ ᠪᠣᠳᠠᠳᠠᠶᠢᠵᠢᠭᠤᠯᠬᠤ ᠬᠡᠷᠡᠭᠲᠡᠢ᠃ ᠡᠷᠡᠬᠦᠯ ᠮᠡᠨᠲᠣ ᠡᠷᠡᠬᠦᠯ | ᠬᠠᠮᠠᠭᠠᠯᠠᠯ ᠤᠨ ᠰᠠᠯᠠᠭ᠎ᠠ ᠮᠦᠴᠢᠷ ᠤᠨ ᠬᠢᠨ ᠡᠯ᠎ᠡ ᠰᠣᠮᠣ ᠪᠠᠯᠭᠠᠰᠣ ᠪᠠ ᠳᠣᠳᠣᠭᠠᠲᠣ ᠶᠢ ᠬᠠᠮᠠᠭᠠᠯᠠᠬᠤ ᠳᠣᠪᠴᠢᠶ᠎ᠠ᠂ | ᠵᠠᠮ ᠬᠠᠷᠢᠯᠴᠠᠭ᠎ᠠ ᠳᠡᠭᠡᠭᠡᠪᠦᠷᠢ᠂ ᠵᠠᠬ᠎ᠠ ᠳᠡᠯᠬᠡᠬᠦᠷ ᠤᠨ ᠬᠢᠨᠠᠯᠲᠠ ᠬᠠᠮᠢᠶᠠᠷᠣᠯᠳᠠ᠂ ᠰᠣᠶᠣᠯ ᠵᠢᠭᠤᠯᠴᠢᠯᠠᠯ᠂ ᠳᠡᠮᠦᠷ | ᠵᠠᠮ ᠵᠡᠷᠬᠡ ᠰᠠᠯᠠᠭ᠎ᠠ ᠮᠦᠴᠢᠷ ᠲᠠᠢ ᠴᠠᠭ ᠢᠮᠠᠭᠳᠠ ᠬᠠᠷᠢᠯᠴᠠᠵᠦ ᠬᠠᠮᠳᠣᠷᠠᠨ ᠰᠡᠷᠭᠡᠶᠢᠯᠡᠵᠦ ᠬᠠᠮᠳᠣᠷᠠᠨ ᠡᠵᠡᠮᠳᠡᠬᠦ | ᠦᠢᠯᠡᠳᠦᠯ ᠢ ᠬᠦᠢᠴᠡᠳ ᠪᠠᠳᠠᠷᠠᠭᠤᠯᠵᠦ ᠳᠣᠰ ᠳᠣᠰ ᠤᠨ ᠢᠶᠠᠨ ᠬᠠᠷᠢᠭᠤᠴᠠᠯᠭ᠎ᠠ ᠪᠠᠨ ᠬᠦᠢᠴᠡᠳᠬᠡᠵᠦ ᠰᠡᠷᠭᠡᠶᠢᠯᠡᠨ | ᠡᠵᠡᠮᠳᠡᠬᠦ ᠪᠡᠯᠡᠳᠭᠡᠯ ᠢ ᠰᠠᠶᠢᠳᠣᠷ ᠬᠢᠬᠦ ᠬᠡᠷᠡᠭᠲᠡᠢ᠃ ᠪᠣᠳᠠᠰ ᠤᠨ ᠪᠠᠳᠣᠯᠠᠭ᠎ᠠ ᠶᠢ ᠪᠣᠳᠠᠳᠠᠶᠢᠵᠢᠭᠤᠯᠬᠤ ᠬᠡᠷᠡᠭᠲᠡᠢ᠃ | ᠬᠤᠰᠢᠭᠤ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠡᠮ ᠡᠮᠨᠡᠯᠬᠡ ᠶᠢᠨ ᠰᠢᠰᠲ᠋ᠧᠮ ᠢ ᠪᠦᠬᠦ ᠳᠠᠯ᠎ᠠ ᠪᠠᠷ | ᠳᠡᠮᠵᠢᠵᠦ ᠪᠠᠴᠢᠮ ᠪᠠᠶᠢᠳᠠᠯ ᠢ ᠰᠢᠢᠳᠪᠦᠷᠢᠯᠡᠬᠦ᠂ ᠠᠷᠢᠭᠤᠳᠬᠠᠬᠤ᠂ ᠪᠠᠶᠢᠴᠠᠭᠠᠯᠳᠠ ᠬᠢᠬᠦ ᠪᠠ ᠡᠷᠡᠬᠦᠯ ᠬᠠᠮᠠᠭᠠᠯᠠᠯ ᠤᠨ | ᠬᠠᠮᠠᠭᠠᠯᠠᠯᠳᠠ᠂ ᠡᠪᠡᠳᠴᠢᠳᠡᠨ ᠢ ᠰᠢᠯᠵᠢᠬᠦᠯᠬᠦ ᠵᠡᠷᠭᠡ ᠳᠦᠬᠦᠬᠡᠷᠦᠮᠵᠢ ᠪᠠ ᠪᠣᠳᠠᠰ ᠢ ᠣᠷᠢᠳᠴᠢᠯᠠᠨ ᠪᠡᠯᠡᠳᠬᠡᠵᠦ᠂ | ᠬᠢᠵᠢᠭ ᠢ ᠬᠢᠨᠠᠨ ᠪᠠᠶᠢᠴᠠᠭᠠᠬᠤ ᠪᠠ ᠪᠠᠶᠢᠴᠠᠭᠠᠯᠳᠠ ᠬᠢᠬᠦ ᠪᠡᠯᠡᠳᠬᠡᠯ ᠢ ᠰᠠᠶᠢᠳᠣᠷ ᠬᠢᠵᠦ ᠰᠡᠷᠭᠡᠶᠢᠯᠡᠨ ᠡᠵᠡᠮᠳᠡᠬᠦ ᠠᠵᠢᠯ | ᠳᠤ ᠪᠠᠳᠣ ᠪᠠᠬᠢ ᠰᠠᠭᠤᠷᠢ ᠳᠠᠯᠪᠢᠬᠤ ᠬᠡᠷᠡᠭᠲᠡᠢ᠃ ᠣᠬᠠᠭᠤᠯᠣᠨ ᠣᠳᠣᠷᠢᠳᠬᠤ ᠶᠢ ᠪᠣᠳᠠᠳᠠᠶᠢᠵᠢᠭᠤᠯᠬᠤ ᠬᠡᠷᠡᠭᠲᠡᠢ᠃ | ᠬᠤᠰᠢᠭᠤ ᠡᠷᠡᠬᠦᠯ ᠬᠠᠮᠠᠭᠠᠯᠠᠯ ᠳᠦᠯᠦᠪᠯᠡᠬᠡᠲᠦ ᠬᠦᠩᠬᠡᠵᠢᠯ ᠤᠨ ᠵᠦᠪᠯᠡᠯ ᠣᠬᠠᠭᠤᠯᠬᠤ ᠬᠡᠯᠳᠡᠰ ᠲᠠᠢ ᠬᠠᠮᠳᠣᠷᠠᠨ | ᠳᠣᠣᠷ ᠰᠦᠯᠵᠢᠶ᠎ᠡ᠂ ᠲᠧᠯᠸᠢᠰ᠂ ᠰᠣᠨᠢᠨ᠂ ᠷᠠᠳᠢᠤ᠋ ᠵᠡᠷᠭᠡ ᠵᠠᠭᠤᠴᠢᠯᠠᠭᠤᠷ ᠢᠶᠠᠷ ᠳᠠᠮᠵᠢᠨ ᠮᠣᠩᠭᠤᠯ ᠬᠢᠳᠠᠳ ᠬᠤᠣᠰ | ᠬᠡᠯᠡ ᠪᠠᠷ ᠬᠢᠵᠢᠭ ᠢ ᠰᠡᠷᠭᠡᠶᠢᠯᠡᠨ ᠡᠵᠡᠮᠳᠡᠬᠦ ᠮᠡᠳᠡᠯᠬᠡ ᠶᠢ ᠳᠦᠬᠡᠮᠡᠯᠵᠢᠬᠦᠯᠬᠦ ᠣᠬᠠᠭᠤᠯᠭ᠎ᠠ ᠶᠢᠨ ᠠᠵᠢᠯ ᠢ ᠪᠦᠬᠦ ᠳᠠᠯ᠎ᠠ | ᠪᠠᠷ ᠰᠠᠶᠢᠳᠣᠷ ᠬᠢᠵᠦ ᠨᠡᠶᠢᠬᠡᠮ ᠤᠨ ᠬᠠᠯᠠᠮᠵᠢᠯᠠᠵᠦ ᠪᠠᠶᠢᠭ᠎ᠠ ᠠᠰᠠᠭᠤᠳᠠᠯ ᠳᠤ ᠢᠳᠡᠪᠬᠢᠲᠡᠢ ᠪᠠᠷ ᠬᠠᠷᠢᠭᠤᠯᠳᠠ ᠦᠭᠴᠦ | ᠣᠯᠠᠨ ᠲᠦᠮᠡᠨ ᠤ ᠰᠡᠷᠭᠡᠶᠢᠯᠡᠨ ᠡᠵᠡᠮᠳᠡᠬᠦ ᠴᠢᠳᠠᠪᠣᠷᠢ ᠶᠢ ᠳᠡᠭᠡᠭᠰᠢᠯᠡᠬᠦᠯᠵᠦ ᠪᠦᠬᠦ ᠨᠡᠶᠢᠬᠡᠮ ᠳᠤ ︽ᠪᠦᠬᠦᠳᠡ ᠣᠯᠠᠨ | ᠢᠶᠠᠷ ᠢᠶᠠᠨ ᠬᠢᠵᠢᠭ ᠢ ᠮᠡᠳᠡᠵᠦ ᠪᠦᠬᠦ ᠨᠡᠶᠢᠳᠡ ᠪᠠᠷ ᠢᠶᠠᠨ ᠬᠢᠵᠢᠭ ᠢ ᠰᠡᠷᠭᠡᠶᠢᠯᠡᠬᠦ︾ ᠰᠠᠶᠢᠨ ᠤᠷᠴᠢᠨ ᠠᠬᠤᠢ ᠶᠢ ᠪᠣᠢ | ᠪᠣᠯᠭᠠᠬᠤ ᠬᠡᠷᠡᠭᠲᠡᠢ ᠬᠡᠪᠡ᠃ | | | | | | | ᠬᠤᠷᠠᠯ ᠤᠨ ᠳᠠᠷᠠᠭ᠎ᠠ᠂ ᠡᠷᠳᠡᠨᠢᠪᠢᠯᠢᠭ ᠨᠠᠷ ᠣᠯᠠᠭᠠᠨᠳᠣᠯᠣᠭᠠᠢ ᠪᠠᠯᠭᠠᠰᠣᠨ ᠤ ᠪᠠᠶᠢᠴᠠᠭᠠᠬᠤ ᠴᠡᠭ ᠪᠠ | ᠪᠠᠶᠠᠨᠴᠠᠶᠢᠳᠠᠮ ᠤᠨ ᠬᠠᠰᠢᠨ ᠪᠠᠶᠢᠴᠠᠭᠠᠬᠤ ᠴᠡᠭ ᠳᠡᠭᠡᠷ᠎ᠡ ᠬᠦᠷᠴᠦ ᠪᠠᠶᠢᠴᠠᠭᠠᠨ ᠵᠢᠯᠣᠭᠤᠳᠬᠤ ᠶᠢᠨ ᠬᠠᠮᠲᠣ ᠡᠮᠦᠨ᠎ᠡ | ᠹᠷᠣᠨᠲ ᠳᠡᠭᠡᠷ᠎ᠡ ᠠᠵᠢᠯᠯᠠᠵᠦ ᠪᠠᠶᠢᠭ᠎ᠠ ᠵᠠᠮ ᠬᠠᠷᠢᠯᠴᠠᠭᠠᠨ ᠤ ᠴᠠᠭᠳᠠᠭ᠎ᠠ ᠪᠠ ᠡᠮᠨᠡᠯᠬᠡ ᠶᠢᠨ ᠠᠵᠢᠯᠳᠠᠳ ᠢ ᠪᠣᠯᠭᠤᠭᠠᠨ | ᠳᠣᠬᠤᠨᠢᠭᠤᠯᠪᠠ᠃ ᠡᠷᠳᠡᠨᠢᠪᠢᠯᠢᠭ᠂ ᠡᠯ᠎ᠡ ᠠᠵᠢᠯ ᠤᠨ ᠪᠠᠶᠢᠷᠢᠨ ᠳᠤ ᠪᠠᠶᠢᠭ᠎ᠠ ᠠᠵᠢᠯᠳᠠᠳ ᠰᠣᠬᠤᠷ ᠪᠠᠯᠠᠢ ᠪᠠᠷ᠂ | ᠮᠢᠨᠴᠣᠬᠦᠷᠡᠨ ᠲᠠᠶᠢᠪᠤᠰᠢᠷᠠᠬᠤ ᠰᠡᠳᠬᠢᠯᠬᠡ ᠪᠠᠨ ᠡᠷᠡᠰ ᠦᠬᠡᠶᠢᠰᠬᠡᠵᠦ ᠬᠤᠪᠢ ᠪᠡᠶ᠎ᠡ ᠪᠠ ᠪᠦᠬᠦ ᠬᠤᠰᠢᠭᠤᠨ ᠤ ᠠᠷᠠᠳ | ᠲᠦᠮᠡᠨ ᠤ ᠠᠮᠢ ᠨᠠᠰᠣ ᠡᠷᠡᠬᠦᠯ ᠴᠢᠬᠢᠷᠠᠭ ᠠᠮᠣᠷ ᠳᠦᠪᠰᠢᠨ ᠳᠤ ᠳᠡᠭᠡᠲᠦ ᠬᠡᠮᠵᠢᠶ᠎ᠡ ᠪᠠᠷ ᠬᠠᠷᠢᠭᠤᠴᠠᠬᠤ ᠵᠣᠷᠢᠭ | ᠰᠠᠨᠠᠭ᠎ᠠ ᠪᠠᠷ ᠰᠠᠪᠠ ᠦᠩᠬᠡᠷᠡᠵᠦ ᠪᠠᠶᠢᠭ᠎ᠠ ᠳᠡᠷᠭᠡ ᠶᠢ ᠴᠢᠩᠭ᠎ᠠ ᠪᠠᠶᠢᠴᠠᠭᠠᠵᠦ ᠮᠠᠨ ᠤ ᠬᠤᠰᠢᠭᠤᠨ ᠤ ᠬᠢᠵᠢᠭ ᠢ | ᠰᠡᠷᠭᠡᠶᠢᠯᠡᠨ ᠡᠵᠡᠮᠳᠡᠬᠦ ᠠᠵᠢᠯ ᠢ ᠨᠡᠩ ᠨᠠᠷᠢᠯᠢᠭ ᠬᠢᠵᠦ ᠨᠡᠶᠢᠬᠡᠮ ᠤᠨ ᠪᠦᠬᠦ ᠳᠠᠯ᠎ᠠ ᠶᠢᠨ ᠳᠣᠭᠳᠠᠭᠤᠨ ᠢ ᠪᠠᠳᠣᠯᠠᠬᠤ | ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ | | | | | | | | | | | | ᠡᠷᠳᠡᠨᠢᠪᠢᠯᠢᠭ᠂ ᠡᠮᠦᠨ᠎ᠡ ᠹᠷᠣᠨᠲ ᠲᠤ ᠪᠠᠶᠢᠭ᠎ᠠ ᠠᠵᠢᠯᠳᠠᠳ ᠢ ᠬᠦᠨᠲᠦ ᠡᠬᠦᠷᠭᠡ ᠶᠢ ᠵᠣᠷᠢᠭᠳᠠᠢ ᠡᠬᠦᠷᠭᠡᠯᠡᠵᠦ | ᠠᠷᠠᠳ ᠣᠯᠠᠨ ᠤ ᠠᠮᠢ ᠨᠠᠰᠤᠨ ᠤ ᠠᠮᠣᠷ ᠳᠦᠪᠰᠢᠨ ᠪᠠ ᠡᠷᠡᠬᠦᠯ ᠴᠢᠬᠢᠷᠠᠭ ᠢ ᠬᠠᠮᠠᠭᠠᠯᠠᠬᠤ ᠶᠢᠨ ᠬᠠᠮᠲᠣ ᠬᠤᠪᠢ | ᠪᠡᠶ᠎ᠡ ᠶᠢᠨ ᠢᠶᠠᠨ ᠬᠠᠮᠠᠭᠠᠯᠠᠯᠲᠠ ᠶᠢ ᠴᠦ ᠰᠠᠶᠢᠳᠣᠷ ᠬᠢᠬᠦ ᠬᠡᠷᠡᠭᠲᠡᠢ ᠬᠡᠵᠦ ᠳᠣᠳᠣᠨᠣ ᠪᠠᠷ ᠨᠠᠶᠢᠳᠠᠭᠰᠠᠨ ᠪᠠᠶᠢᠨ᠎ᠠ᠃ | |