1 ᠰᠠᠷ᠎ᠠ ᠶᠢᠨ 30 ᠤ ᠡᠳᠦᠷ᠂ ᠮᠠᠨ ᠤ ᠬᠤᠰᠢᠭᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ | ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠤᠳᠤᠷᠢᠳᠬᠤ ᠲᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠤᠭᠰᠠᠨ ᠪᠠᠶᠢᠨ᠎ᠠ᠃ ᠬᠤᠰᠢᠭᠤ | ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠬᠤᠰᠢᠭᠤ ᠨᠠᠮ ᠤᠨ | ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠠᠮᠠᠨᠳᠤᠬᠤ ᠵᠢᠴᠢ ᠮᠠᠨ ᠤ ᠬᠤᠰᠢᠭᠤᠨ ᠤ ᠳᠥᠷᠪᠡᠨ | ᠶᠡᠭᠡ ᠤᠳᠤᠷᠢᠳᠬᠤ ᠪᠠᠭ ᠤᠨ ᠬᠡᠷ ᠲᠡᠭᠡᠨ ᠪᠠᠶᠢᠭ᠎ᠠ ᠰᠢᠶᠠᠨ ᠤ ᠲᠡᠰ ᠤᠨ ᠤᠳᠤᠷᠢᠳᠤᠯᠭ᠎ᠠ ᠬᠤᠷᠠᠯ ᠳᠤ ᠣᠷᠣᠯᠴᠠᠵᠤ | ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ | ᠬᠠᠷᠢᠭᠤᠴᠠᠯᠭᠠᠲᠠᠳ ᠬᠤᠷᠠᠯ ᠳᠤ ᠤᠷᠤᠯᠴᠠᠪᠠ᠃ | | | | | | | ᠬᠤᠷᠠᠯ ᠲᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠲᠤᠬᠠᠢ ᠴᠢᠬᠤᠯᠠ ᠵᠢᠭᠠᠪᠤᠷᠢ ᠪᠣᠯᠤᠨ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠰᠠᠶᠢᠳ ᠯᠢ ᠺᠧ ᠴᠢᠶᠠᠩ ᠤᠨ | ᠴᠤᠬᠤᠯᠠᠪᠤᠷᠢ ᠶᠢᠨ ᠵᠣᠷᠢᠭ ᠰᠠᠨᠠᠭ᠎ᠠ ᠵᠢᠴᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠪᠣᠯᠤᠨ ᠬᠤᠯᠪᠣᠭᠳᠠᠯ ᠪᠦᠬᠦᠢ ᠮᠡᠳᠡᠭᠳᠡᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ᠬᠤᠷᠠᠯ ᠳᠡᠭᠡᠷ᠎ᠡ᠂ ᠵᠣᠣ ᠹᠸᠢ ᠯᠦ ᠥᠪᠡᠷᠲᠡᠭᠡᠨ ᠵᠠᠰᠠᠬᠤ ᠣᠷᠣᠨ ᠤ ᠰᠢᠨ᠎ᠡ ᠬᠡᠯᠪᠡᠷᠢ ᠶᠢᠨ ᠲᠢᠳᠢᠮᠯᠢᠭ | ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠵᠢᠯᠣᠭᠤᠳᠬᠤ ᠭᠠᠵᠠᠷ ᠤᠨ ᠠᠷᠪᠠᠨ ᠲᠦᠷᠦᠯ ᠤᠨ ᠠᠷᠭ᠎ᠠ ᠬᠡᠮᠵᠢᠶ᠎ᠡ ᠠᠪᠴᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠲᠤᠬᠠᠶ ᠮᠡᠳᠡᠭᠳᠡᠯ ᠤᠨ ᠵᠣᠷᠢᠭ ᠰᠠᠨᠠᠭ᠎ᠠ ᠲᠠᠢ ᠤᠶᠠᠯᠳᠤᠭᠤᠯᠤᠨ | ᠪᠥᠬᠦ ᠬᠤᠰᠢᠭᠤᠨ ᠤ ᠰᠡᠷᠭᠡᠶᠢᠯᠡᠨ ᠡᠵᠡᠮᠳᠡᠬᠦ ᠠᠵᠢᠯ ᠢ ᠨᠠᠷᠢᠯᠢᠬᠵᠢᠭᠤᠯᠤᠨ ᠪᠠᠶᠢᠷᠢᠯᠠᠭᠤᠯᠪᠠ᠃ | ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠤᠯᠤᠰ | ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠴᠢᠬᠤᠯᠠ ᠴᠢᠨᠠᠷ ᠪᠣᠯᠤᠨ ᠪᠡᠷᠬᠡ | ᠬᠠᠳᠠᠭᠤᠵᠢᠯᠲᠠᠢ ᠴᠢᠨᠠᠷ ᠢ ᠭᠦᠶᠴᠡᠳ ᠲᠠᠨᠢᠵᠤ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠪᠣᠯᠤᠨ ᠶᠠᠷᠢᠶᠠᠨ ᠤ ᠵᠣᠷᠢᠭ ᠰᠠᠨᠠᠭ᠎ᠠ ᠶᠢ | ᠣᠨᠣᠪᠴᠢᠲᠠᠶ ᠤᠶᠢᠯᠠᠭᠠᠵᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ | ᠵᠠᠰᠠᠬᠤ ᠣᠷᠣᠨ᠂ ᠬᠤᠲᠠ ᠶᠢᠨ ᠡᠯ᠎ᠡ ᠪᠠᠶᠢᠷᠢᠯᠠᠭᠤᠯᠤᠯᠲᠠ ᠱᠠᠭᠠᠷᠳᠠᠯᠭ᠎ᠠ ᠶᠤᠰᠤᠭᠠᠷ ᠴᠢᠩᠭ᠎ᠠ ᠨᠠᠶᠢᠳᠠᠪᠤᠷᠢᠵᠢᠭᠤᠯᠵᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ ᠲᠠᠶᠢᠨ ᠳᠤ ᠪᠥᠬᠦ ᠬᠦᠴᠦᠨ ᠢᠶᠠᠷ ᠢᠶᠠᠨ | ᠢᠯᠠᠯᠲᠠ ᠤᠯᠬᠤ ᠬᠡᠷᠡᠭᠲᠡᠶ ᠭᠡᠵᠡᠶ᠃ | ᠡᠷᠳᠡᠨᠢᠪᠢᠯᠢᠭ ᠴᠢᠬᠤᠯᠠᠴᠢᠯᠠᠭᠰᠠᠨ ᠨᠢ᠂ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ | ᠨᠢᠭᠡᠳᠦᠯᠲᠡᠢ ᠳᠣᠭᠢᠷᠠᠭᠤᠯᠤᠨ ᠵᠢᠯᠣᠭᠤᠳᠬᠤ ᠦᠢᠯᠡᠳᠦᠯ ᠢ ᠭᠦᠶᠴᠡᠳ ᠪᠠᠳᠠᠷᠠᠭᠤᠯᠵᠤ ᠡᠯ᠎ᠡ ᠲᠠᠯ᠎ᠠ ᠶᠢᠨ ᠡᠬᠢ | ᠪᠠᠶᠠᠯᠢᠭ ᠤᠨ ᠦᠢᠯᠡᠳᠦᠯ ᠢ ᠵᠣᠬᠢᠴᠠᠭᠤᠯᠤᠨ ᠡᠯ᠎ᠡ ᠵᠣᠬᠢᠴᠠᠭᠤᠯᠬᠤ ᠳᠤᠭᠤᠶᠢᠯᠠᠩ ᠡᠭᠦᠷᠭᠡ ᠬᠠᠷᠢᠭᠤᠴᠠᠯᠭ᠎ᠠ ᠪᠠᠨ | ᠰᠠᠶᠢᠲᠤᠷ ᠪᠠᠳᠠᠷᠠᠭᠤᠯᠵᠤ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠪᠠᠨ | ᠦᠨᠡᠨᠬᠦ ᠭᠦᠶᠴᠡᠳᠬᠡᠵᠦ ᠥᠨᠳᠥᠷ ᠦᠷ᠎ᠡ ᠪᠦᠲᠦᠮᠵᠢᠲᠡᠶ᠂ ᠠᠮᠤᠷ ᠲᠦᠪᠰᠢᠨ ︽ᠰᠡᠷᠭᠡᠶᠢᠯᠡᠨ ᠡᠵᠡᠮᠳᠡᠬᠦ ᠲᠣᠤᠷ︾ ᠢ | ᠪᠦᠷᠢᠯᠳᠦᠭᠦᠯᠬᠦ ᠬᠡᠷᠡᠭᠲᠡᠶ᠃ ᠪᠥᠬᠦ ᠬᠤᠰᠢᠭᠤᠨ ᠤ ᠰᠡᠷᠭᠡᠶᠢᠯᠡᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠡᠮᠬᠢᠯᠡᠵᠦ | ᠠᠵᠢᠯ ᠤᠨ ᠰᠡᠳᠬᠢᠴᠡ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ ᠶᠢ | ᠲᠠᠰᠤᠷᠠᠯᠲᠠ ᠥᠬᠡᠶ ᠳᠡᠭᠡᠭᠰᠢᠯᠡᠭᠦᠯᠵᠦ ᠬᠢᠵᠢᠭ ᠤᠷᠤᠵᠤ ᠢᠷᠡᠬᠦ ᠵᠠᠮ ᠢ ᠡᠷᠡᠰ ᠬᠠᠰᠢᠬᠤ ᠬᠡᠷᠡᠭᠲᠡᠶ᠃ | ᠬᠠᠷᠢᠭᠤᠴᠠᠯᠭ᠎ᠠ ᠶᠢᠨ ᠤᠬᠠᠮᠰᠠᠷ ᠢᠶᠠᠨ ᠳᠡᠭᠡᠭᠰᠢᠯᠡᠭᠦᠯᠵᠦ ᠰᠡᠷᠭᠡᠶᠢᠯᠡᠨ ᠡᠵᠡᠮᠳᠡᠬᠦ ᠠᠵᠢᠯ ᠤᠨ ᠬᠠᠮᠲᠤᠷᠠᠯ ᠭᠦᠴᠦᠨ ᠢ | ᠨᠢᠭᠲᠠᠷᠠᠭᠤᠯᠵᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠪᠠ ᠥᠷᠭᠡᠨ ᠤᠯᠠᠨ | ᠨᠠᠮ ᠤᠨ ᠭᠡᠰᠢᠭᠦᠨ ᠤ ᠬᠤᠰᠢᠭᠤᠴᠢ ᠦᠢᠯᠡᠳᠦᠯ ᠢ ᠭᠦᠢᠴᠡᠳ ᠪᠠᠳᠠᠷᠠᠭᠤᠯᠤᠨ ᠨᠠᠮ ᠤᠨ ᠲᠤᠭ ᠢ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠲᠡᠮᠡᠴᠡᠯ ᠤᠨ ᠨᠢᠭᠡᠳᠦᠭᠡᠷ ᠹᠷᠣᠨᠲ ᠲᠤ ᠥᠨᠳᠥᠷ ᠨᠠᠮᠢᠷᠠᠭᠤᠯᠬᠤ ᠬᠡᠷᠡᠭᠲᠡᠢ᠃ ᠡᠯ᠎ᠡ | ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠤᠷᠢᠳᠴᠢᠯᠠᠨ ᠪᠠᠶᠢᠴᠠᠭᠠᠵᠤ ᠰᠠᠯᠭᠠᠨ | ᠣᠨᠣᠰᠢᠯᠠᠬᠤ᠂ ᠬᠠᠯᠠᠭᠤᠷᠠᠬᠤ ᠶᠢ ᠪᠠᠶᠢᠴᠠᠭᠠᠬᠤ ᠡᠭᠦᠳᠡᠨ ᠡᠮᠨᠡᠯᠭᠡ ᠪᠠ ᠬᠠᠯᠠᠭᠤᠷᠠᠬᠤ ᠶᠢ ᠪᠠᠶᠢᠴᠠᠭᠠᠬᠤ ᠡᠮᠴᠢᠯᠡᠭᠡᠨ ᠤ | ᠲᠠᠰᠤᠭ ᠤᠨ ᠦᠶᠯᠡᠳᠦᠯ ᠢ ᠰᠠᠶᠢᠲᠤᠷ ᠪᠠᠳᠠᠷᠠᠭᠤᠯᠤᠨ ᠡᠮᠴᠢ ᠰᠤᠪᠢᠯᠠᠭᠴᠢ ᠶᠢᠨ ᠪᠤᠯᠪᠠᠰᠤᠷᠠᠯ ᠢ ᠴᠢᠩᠭᠠᠳᠬᠠᠬᠤ ᠶᠢᠨ | ᠬᠠᠮᠲᠤ ᠡᠳ᠋ ᠪᠣᠳᠠᠰ ᠤᠨ ᠬᠠᠩᠭᠠᠯᠭ᠎ᠠ ᠶᠢ ᠢᠳᠡᠪᠬᠢᠲᠡᠶ ᠰᠠᠶᠢᠲᠤᠷ ᠬᠢᠵᠦ ᠡᠮ ᠡᠮᠨᠡᠯᠭᠡ ᠡᠷᠡᠭᠦᠯ ᠬᠠᠮᠠᠭᠠᠯᠠᠯ ᠤᠨ | ᠬᠡᠷᠡᠭᠴᠡᠭᠡ ᠱᠠᠭᠠᠷᠳᠠᠯᠭ᠎ᠠ ᠪᠠ ᠤᠯᠠᠨ ᠲᠦᠮᠡᠨ ᠤ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠬᠡᠷᠡᠭᠲᠡᠶ᠃ ᠡᠯ᠎ᠡ | ᠲᠠᠯ᠎ᠠ ᠶᠢᠨ ᠬᠦᠴᠦᠨ ᠢ ᠪᠠᠳᠠᠷᠠᠭᠤᠯᠵᠤ ᠣᠯᠠᠨ ᠢᠶᠠᠷ ᠢᠶᠠᠨ ᠰᠡᠷᠭᠡᠶᠢᠯᠡᠵᠦ ᠡᠵᠡᠮᠳᠡᠬᠦ ᠪᠠᠶᠢᠳᠠᠯ ᠢ ᠴᠢᠷᠮᠠᠶᠢᠨ ᠪᠣᠶ | ᠪᠣᠯᠭᠠᠵᠤ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠣᠯᠠᠨ ᠲᠦᠮᠡᠨ ᠳᠤ ᠲᠦᠰᠢᠭᠯᠡᠨ ᠣᠯᠠᠨ ᠲᠦᠮᠡᠨ ᠢ | ᠵᠣᠬᠢᠶᠠᠨ ᠪᠠᠶᠢᠭᠤᠯᠵᠤ ᠰᠠᠭᠤᠭ᠎ᠠ ᠭᠠᠵᠠᠷ ᠤᠨ ᠠᠵᠤ ᠠᠬᠤᠶᠢᠯᠠᠯ ᠨᠡᠶᠢᠭᠡᠮ ᠤᠨ ᠪᠦᠯᠬᠦᠮ᠂ ᠨᠡᠶᠢᠭᠡᠮ ᠲᠤᠭᠤᠷᠢᠭ ᠤᠨ | ᠰᠠᠭᠤᠭᠠᠯᠢ ᠠᠷᠠᠳ ᠵᠡᠷᠭᠡ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠨ ᠬᠤᠯᠪᠣᠭᠠᠯᠠᠨ ᠰᠡᠷᠭᠡᠶᠢᠯᠡᠵᠦ ᠬᠠᠮᠲᠤᠷᠠᠨ | ᠡᠵᠡᠮᠳᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠬᠤᠷᠢᠭᠯᠠᠨ ᠴᠣᠬᠢᠬᠤ ᠳᠠᠶᠢᠨ ᠳᠤ ᠡᠷᠡᠰ ᠢᠯᠠᠯᠲᠠ ᠤᠯᠬᠤ ᠬᠡᠷᠡᠭᠲᠡᠶ᠃ ᠡᠯ᠎ᠡ ᠭᠠᠴᠠᠭ᠎ᠠ ᠲᠣᠰᠬᠤᠨ ᠤ ︽ | 3+1︾ ᠬᠠᠷᠢᠯᠴᠠᠨ ᠬᠠᠪᠰᠤᠷᠤᠯᠴᠠᠬᠤ ᠨᠢᠭᠡᠴᠢ᠂ ᠭᠠᠴᠠᠭ᠎ᠠ ᠲᠣᠰᠬᠤᠨ ᠳᠤ ᠰᠠᠭᠤᠭ᠎ᠠ ᠡᠯ᠎ᠡ ᠨᠢᠭᠡᠳᠦᠭᠡᠷ ᠱᠦᠵᠢ | ᠲᠦᠷᠭᠡᠨ ᠬᠥᠳᠡᠯᠦᠯᠴᠡᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠢ ᠣᠷᠣᠯᠴᠠᠬᠤ | ᠬᠡᠷᠡᠭᠲᠡᠶ᠃ ᠢᠨᠲ᠋ᠧᠷ ᠰᠦᠯᠵᠢᠶᠡᠨ ᠤ ᠦᠶᠯᠡᠳᠦᠯ ᠢ ᠪᠠᠳᠠᠷᠠᠭᠤᠯᠵᠤ ᠲᠣᠮᠣ ᠳ᠋ᠠᠶᠢᠲ᠋ᠠ ᠪᠠ ᠮᠡᠳᠡᠭᠡ ᠵᠠᠩᠭᠢᠴᠢᠯᠠᠯᠲᠠ ᠶᠢᠨ | ᠠᠷᠭ᠎ᠠ ᠪᠠᠷᠢᠯ ᠵᠡᠷᠭᠡ ᠶᠢ ᠪᠦᠲᠦᠮᠵᠢᠲᠡᠶ ᠠᠰᠢᠭᠯᠠᠵᠤ ᠰᠡᠷᠭᠡᠶᠢᠯᠡᠨ ᠡᠵᠡᠮᠳᠡᠬᠦ ᠠᠵᠢᠯ ᠢ ᠨᠠᠩ ᠥᠨᠳᠥᠷ ᠪᠦᠲᠦᠮᠵᠢᠲᠡᠶ | ᠪᠤᠯᠭᠠᠬᠤ ᠬᠡᠷᠡᠭᠲᠡᠶ᠃ ᠤᠬᠠᠭᠤᠯᠭ᠎ᠠ ᠬᠥᠮᠦᠵᠢᠯ ᠢ ᠴᠢᠩᠭᠠᠳᠬᠠᠵᠤ ᠶᠠᠷᠢᠶ᠎ᠠ ᠬᠡᠯᠡᠯᠴᠡᠭᠡ ᠪᠠᠷ ᠬᠥᠲᠥᠯᠥᠨ | ᠵᠢᠯᠣᠭᠤᠳᠬᠤ᠂ ᠮᠡᠳᠡᠭᠡ ᠵᠠᠩᠬᠢ ᠶᠢᠨ ᠲᠠᠪᠴᠠᠩ ᠤᠨ ᠬᠠᠮᠢᠶᠠᠷᠤᠯᠲᠠ ᠵᠡᠷᠭᠡ ᠠᠵᠢᠯ ᠢ ᠴᠢᠬᠤᠯᠠᠴᠢᠯᠠᠨ ᠰᠠᠶᠢᠲᠤᠷ | ᠬᠢᠵᠦ ᠮᠣᠩᠭᠤᠯ ᠬᠢᠲᠠᠳ ᠬᠤᠤᠰ ᠬᠡᠯᠡ ᠪᠠᠷ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠨᠡᠶᠢᠲᠡᠯᠡᠬᠦ ᠪᠠ ᠰᠡᠷᠭᠡᠶᠢᠯᠡᠨ | ᠡᠵᠡᠮᠳᠡᠬᠦ ᠠᠵᠢᠯ ᠢ ᠴᠠᠭ ᠲᠤᠬᠠᠶ ᠳᠤ ᠨᠢ ᠰᠠᠶᠢᠲᠤᠷ ᠬᠢᠵᠦ ᠡᠪᠡᠳᠴᠢᠨ ᠡᠮᠭᠡᠭ ᠢ ᠰᠡᠷᠭᠡᠶᠢᠯᠡᠬᠦ ᠮᠡᠳᠡᠯᠭᠡ ᠶᠢ ᠥᠷᠭᠡᠨ | ᠢᠶᠠᠷ ᠲᠦᠭᠡᠮᠡᠯᠵᠢᠭᠦᠯᠦᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠴᠤᠤᠷᠬᠠᠯ ᠢ ᠥᠯᠥ ᠢᠲᠡᠭᠡᠬᠦ᠂ | ᠴᠤᠤᠷᠬᠠᠯ ᠢ ᠦᠯᠦ ᠳᠠᠮᠵᠢᠭᠤᠯᠬᠤ᠂ ᠣᠯᠠᠨ ᠲᠦᠮᠡᠨ ᠤ ᠰᠡᠷᠭᠡᠶᠢᠯᠡᠬᠦ ᠦᠵᠡᠯ ᠤᠬᠠᠮᠰᠠᠷ ᠪᠠ ᠰᠡᠷᠭᠡᠶᠢᠯᠡᠬᠦ ᠢᠲᠡᠭᠡᠯ ᠢ | ᠨᠡᠮᠡᠭᠳᠡᠭᠦᠯᠬᠦ ᠶᠢᠨ ᠬᠠᠮᠲᠤ ᠨᠡᠶᠢᠭᠡᠮ ᠤᠨ ᠲᠣᠭᠲᠠᠭᠤᠨ ᠢ ᠬᠠᠮᠠᠭᠠᠯᠠᠵᠤ ᠦᠨᠳᠦᠰᠦᠲᠡᠨ ᠤ ᠪᠦᠯᠬᠦᠮᠳᠡᠯ ᠵᠡᠷᠭᠡ ᠠᠵᠢᠯ | ᠢ ᠰᠠᠶᠢᠲᠤᠷ ᠬᠢᠵᠦ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠶ | ᠭᠡᠵᠠᠢ᠃ |