1 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠪᠦᠬᠦ ᠬᠤᠲᠠ ᠶᠢᠨ ᠰᠢᠨ᠎ᠡ ᠬᠡᠯᠪᠡᠷᠢ ᠶᠢᠨ | ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠤᠨ ᠭᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠭ᠊ ᠲᠣᠬᠢᠷᠠᠭᠤᠯᠬᠤ ᠬᠤᠷᠠᠯ ᠬᠤᠷᠠᠯᠳᠤᠵᠤ᠂ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ | ᠪᠣᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠡᠯ᠎ᠡ ᠲᠠᠯ᠎ᠠ ᠶᠢᠨ ᠰᠢᠶᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠮᠠᠨ ᠤ ᠬᠤᠲᠠ ᠶᠢᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠳᠠᠬᠢᠨ ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠪᠠ᠃ | ᠬᠤᠲᠠ ᠶᠢᠨ ᠨᠠᠮ ᠤᠨ ᠬᠤᠷᠢᠶᠠᠨ ᠤ ᠱᠦᠵᠢ᠂ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ | ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠨᠢᠤ ᠵᠢᠶᠦ᠋ᠨ ᠶᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠰᠢᠨ᠎ᠡ ᠬᠡᠯᠪᠡᠷᠢ ᠶᠢᠨ | ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠰᠡᠴᠡᠨᠪᠢᠯᠢᠭ ᠬᠤᠷᠠᠯ ᠢ ᠡᠷᠭᠢᠯᠡᠪᠡ᠃ | ᠡᠯ᠎ᠡ ᠬᠤᠰᠢᠭᠤ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠨᠢᠤ ᠵᠢᠶᠦ᠋ᠨ ᠶᠠᠨ ᠵᠢᠭᠠᠵᠤ ᠭᠠᠷᠭᠠᠬᠤ ᠳᠤ ᠪᠠᠨ᠂ | ᠣᠳᠣᠬᠠᠨ ᠳᠤ ᠶᠠᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ | ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠨ᠎ᠠ᠃ ᠪᠦᠬᠦ ᠬᠤᠲᠠ ᠶᠢᠨ ᠡᠯ᠎ᠡ | ᠭᠠᠵᠠᠷ ᠤᠷᠤᠨ ᠡᠯ᠎ᠡ ᠰᠠᠯᠠᠭ᠎ᠠ ᠮᠥᠴᠢᠷ ᠪᠣᠯᠤᠨ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠬᠢᠵᠢᠭ ᠤᠨ ᠪᠠᠶᠢᠳᠠᠯ | ᠢ ᠰᠡᠷᠭᠡᠶᠢᠯᠡᠨ ᠡᠵᠡᠮᠳᠡᠬᠦ ᠠᠵᠢᠯ ᠢ ᠣᠳᠣᠬᠠᠨ ᠤ ᠬᠠᠮᠤᠭ ᠤᠨ ᠲᠤᠯᠭᠠᠮ᠎ᠠ ᠤᠯᠤᠰ ᠲᠥᠷᠦ ᠶᠢᠨ ᠡᠭᠦᠷᠭᠡ ᠪᠣᠯᠭᠠᠵᠤ᠂ | ︽ᠳᠥᠷᠪᠡᠨ ᠤᠬᠠᠮᠰᠠᠷ︾ ᠢᠶᠠᠨ ᠴᠢᠩᠭᠠᠳᠬᠠᠵᠤ ︽ᠳᠥᠷᠪᠡᠨ ᠢᠲᠡᠭᠡᠯ︾ ᠢᠶᠠᠨ ᠪᠠᠲᠤᠳᠬᠠᠨ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠦ ᠲᠡᠭᠡᠳᠦ ᠬᠡᠮᠵᠢᠶ᠎ᠡ ᠪᠠᠷ ᠰᠣᠨᠣᠷ ᠰᠡᠷᠡᠮᠵᠢ ᠪᠠᠨ ᠲᠡᠭᠡᠭᠰᠢᠯᠠᠭᠦᠯᠤᠨ ᠴᠢᠩᠭ᠎ᠠ ᠨᠠᠷᠢᠯᠢᠭ | ᠂ ᠭᠡᠴᠢᠶᠡᠩᠬᠦᠢ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠢ ᠭᠡᠵᠡᠢ᠃ | ᠨᠢᠦ ᠵᠢᠶᠦ᠋ᠨ ᠶᠠᠨ ᠴᠢᠬᠤᠯᠠᠴᠢᠯᠠᠬᠤ ᠳᠤ ᠪᠠᠨ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢ ᠥᠷᠭᠡᠨ ᠳᠡᠯᠭᠡᠷ ᠰᠠᠶᠢᠲᠤᠷ ᠬᠢᠵᠦ ᠣᠯᠠᠨ ᠬᠡᠯᠪᠡᠷᠢ | ᠶᠢᠨ ᠠᠴᠢᠶᠠᠯᠠᠪᠤᠷᠢ ᠶᠢ ᠠᠰᠢᠭᠯᠠᠨ ᠰᠡᠷᠭᠡᠶᠢᠯᠡᠨ ᠡᠵᠡᠮᠳᠡᠬᠦ ᠮᠡᠳᠡᠯᠭᠡ ᠶᠢ ᠲᠦᠭᠡᠮᠡᠯᠵᠢᠭᠦᠯᠦᠨ ᠣᠯᠠᠨ ᠲᠦᠮᠡᠨ ᠤ | ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ ᠴᠣᠯᠭᠤᠷᠠᠨ ᠭᠠᠷᠤᠭᠰᠠᠨ | ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ᠂ ᠲᠡᠷᠢᠭᠦᠨ ᠤ ᠦᠶᠯᠡ ᠠᠵᠢᠯᠯᠠᠭ᠎ᠠ ᠶᠢ ᠤᠬᠠᠭᠤᠯᠤᠨ ᠮᠡᠳᠡᠭᠡᠯᠡᠬᠦ ᠠᠵᠢᠯ ᠢ | ᠰᠠᠶᠢᠲᠤᠷ ᠬᠢᠬᠦ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ ᠬᠤᠷᠢᠭ᠎ᠠ ᠱᠤᠭᠤᠮ ᠢ ᠰᠠᠶᠢᠲᠤᠷ ᠰᠠᠬᠢᠬᠤ ᠬᠡᠷᠡᠭᠲᠡᠢ᠃ ᠰᠡᠷᠭᠡᠶᠢᠯᠡᠨ ᠡᠵᠡᠮᠳᠡᠬᠦ ᠲᠣᠤᠷ | ᠰᠦᠯᠵᠢᠶ᠎ᠡ ᠶᠢ ᠪᠠᠶᠢᠭᠤᠯᠵᠤ ︽ᠲᠣᠮᠣ ᠳ᠋ᠠᠶᠢᠲ᠋ᠠ + ᠲᠤᠤᠷᠵᠢᠭᠤᠯᠬᠤ︾ ᠠᠷᠭ᠎ᠠ ᠪᠠᠷᠢᠯ ᠢ ᠭᠦᠶᠴᠡᠳ ᠠᠰᠢᠭᠯᠠᠨ | ᠡᠯ᠎ᠡ ᠲᠥᠷᠥᠯ ᠤᠨ ᠬᠠᠮᠢᠶ᠎ᠠ ᠪᠥᠬᠦᠶ ᠬᠥᠮᠦᠰ ᠢ ᠤᠶᠢᠯᠠᠭᠠᠨ ᠨᠡᠶᠢᠭᠡᠮ ᠲᠣᠭᠤᠷᠢᠭ᠂ ᠮᠠᠯᠵᠢᠬᠤ ᠲᠠᠷᠢᠶᠠᠯᠠᠬᠤ ᠣᠷᠣᠨ | ᠵᠡᠷᠭᠡ ᠭᠤᠤᠯᠳᠠᠯᠭ᠎ᠠ ᠲᠠᠢ ᠤᠷᠤᠨ ᠢ ᠰᠠᠶᠢᠨ ᠠᠩᠬᠠᠷᠴᠤ ᠬᠢᠵᠢᠭ ᠤᠷᠤᠵᠤ ᠢᠷᠠᠭᠦ ᠶᠢ ᠴᠢᠩᠭ᠎ᠠ ᠰᠡᠷᠭᠡᠶᠢᠯᠡᠬᠦ ᠬᠡᠷᠡᠭᠲᠡᠶ | ᠃ ᠮᠡᠳᠡᠭᠡ ᠵᠠᠩᠭᠢ ᠨᠡᠶᠢᠲᠡᠯᠡᠬᠦ ᠶᠢ ᠴᠠᠭ ᠲᠤᠬᠠᠢ ᠳᠤ ᠨᠢ ᠬᠡᠷᠡᠭᠵᠢᠭᠦᠯᠵᠦ ᠬᠢᠵᠢᠭ ᠤᠨ ᠪᠠᠶᠢᠳᠠᠯ ᠤᠨ ᠡᠳᠦᠷ ᠤᠨ | ᠮᠡᠳᠡᠭᠦᠯᠦᠯᠲᠡ᠂ ᠴᠢᠬᠤᠯᠠ ᠶᠡᠭᠡ ᠪᠠᠶᠢᠳᠠᠯ ᠢ ᠴᠠᠭ ᠲᠤᠬᠠᠢ ᠳᠤ ᠨᠢ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ | ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠪᠠ ᠰᠡᠷᠭᠡᠶᠢᠯᠡᠨ ᠡᠵᠡᠮᠳᠡᠬᠦ ᠠᠵᠢᠯ ᠤᠨ ᠠᠬᠢᠴᠠ ᠶᠢ ᠬᠠᠤᠯᠢ ᠶᠣᠰᠣᠭᠠᠷ | ᠴᠠᠭ ᠲᠤᠬᠠᠶ ᠳᠤ ᠨᠢ ᠣᠨᠣᠪᠴᠢᠲᠠᠶ ᠢᠯᠡ ᠪᠤᠯᠭᠠᠨ ᠴᠤᠤᠷᠬᠠᠯ ᠲᠠᠷᠬᠠᠭᠠᠬᠤ ᠦᠢᠯᠡ ᠠᠵᠢᠯᠯᠠᠭ᠎ᠠ ᠳᠤ ᠡᠷᠡᠰ | ᠴᠣᠬᠢᠯᠲᠠ ᠥᠭᠴᠦ ᠦᠨᠡᠨ ᠪᠣᠳᠠᠲᠠᠶ ᠪᠤᠰᠤ ᠶᠠᠷᠢᠶ᠎ᠠ ᠬᠡᠯᠡᠯᠴᠡᠭᠡ ᠶᠢ ᠴᠠᠭ ᠲᠤᠬᠠᠶ ᠳᠤ ᠨᠢ ᠢᠯᠭᠠᠷᠠᠭᠤᠯᠬᠤ ᠬᠡᠷᠡᠭᠲᠡᠶ | ᠃ ᠬᠠᠮᠤᠭ ᠴᠢᠩᠭ᠎ᠠ ᠬᠠᠷᠢᠭᠤᠴᠠᠯᠭ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠲᠤᠯᠠᠵᠤ ᠨᠠᠮ | ᠤᠨ ᠭᠡᠰᠢᠭᠦᠨ ᠤᠳᠤᠷᠢᠳᠬᠤ ᠺᠠᠳ᠋ᠷᠴᠤᠳ ᠡᠮᠦᠨ᠎ᠡ ᠹᠷᠣᠨᠲ ᠳᠡᠭᠡᠷ᠎ᠡ ᠭᠠᠪᠰᠢᠭᠠᠶᠢᠯᠠᠵᠤ ᠰᠠᠶᠢᠨ ᠬᠡᠪ ᠳᠠᠭᠤᠷᠢᠶᠠᠯ | ᠪᠣᠯᠬᠤ ᠬᠡᠷᠡᠭᠲᠡᠢ᠃ ᠡᠯ᠎ᠡ ᠬᠤᠰᠢᠭᠤ ᠲᠣᠭᠤᠷᠢᠭ᠂ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠡᠭᠦᠷᠭᠡ | ᠬᠠᠷᠢᠭᠤᠴᠠᠯᠭ᠎ᠠ ᠪᠠᠨ ᠬᠦᠢᠴᠡᠳᠬᠡᠵᠤ ᠡᠯ᠎ᠡ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠵᠦ ᠰᠡᠷᠭᠡᠶᠢᠯᠡᠨ ᠡᠵᠡᠮᠳᠡᠬᠦ | ᠨᠡᠶᠢᠯᠡᠮᠡᠯ ᠬᠦᠴᠦᠨ ᠢ ᠪᠦᠷᠢᠯᠳᠦᠭᠦᠯᠵᠦ ᠡᠷᠡᠰ ᠴᠢᠩᠭ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠳᠠᠶᠢᠯᠠᠯᠳᠤᠭᠠᠨ ᠤ ᠢᠯᠠᠯᠲᠠ ᠶᠢ ᠣᠯᠬᠤ ᠬᠡᠷᠡᠭᠲᠡᠶ ᠭᠡᠵᠡᠢ᠃ | ᠰᠡᠴᠡᠨᠪᠢᠯᠢᠭ ᠬᠤᠷᠠᠯ ᠡᠷᠬᠢᠯᠡᠨ ᠵᠢᠭᠠᠵᠤ ᠭᠠᠷᠭᠠᠬᠤ ᠳᠤ ᠪᠠᠨ᠂ ᠦᠩᠭᠡᠷᠡᠭᠰᠡᠨ ᠬᠤᠭᠤᠴᠠᠭᠠᠨ ᠳᠤ ᠬᠢᠵᠢᠭ | ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠨᠢ ᠦᠷ᠎ᠡ ᠪᠦᠲᠦᠮᠵᠢ ᠣᠯᠤᠭᠰᠠᠨ ᠪᠣᠯᠪᠠᠴᠤ ᠬᠢᠵᠢᠭ ᠤᠨ ᠪᠠᠶᠢᠳᠠᠯ | ᠮᠥᠨ ᠬᠦᠨᠳᠦ ᠨᠣᠴᠢᠲᠠᠶ ᠪᠠᠶᠢᠵᠤ ᠬᠡᠮ ᠰᠣᠭᠤᠭ ᠤᠨ ᠠᠰᠠᠭᠤᠳᠠᠯ ᠨᠡᠯᠢᠶᠡᠳ ᠣᠯᠠᠨ ᠪᠠᠶᠢᠨ᠎ᠠ᠃ ᠡᠯ᠎ᠡ ᠱᠠᠲᠤ᠂ | ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ ᠪᠤᠳᠠᠲᠠᠶᠢᠵᠢᠭᠤᠯᠵᠤ ᠬᠢᠵᠢᠭ | ᠤᠨ ᠪᠠᠶᠢᠳᠠᠯ ᠢ ᠬᠠᠷᠢᠶ᠎ᠠ ᠭᠠᠵᠠᠷ ᠲᠤ ᠲᠡᠯᠭᠡᠷᠡᠭᠦᠯᠬᠦ ᠦᠬᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠲᠤᠶᠢᠯᠪᠤᠷᠢᠲᠠᠶ ᠪᠠᠶᠢᠴᠠᠭᠠᠨ ᠴᠢᠩᠭ᠎ᠠ ᠬᠠᠮᠢᠶᠠᠷᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ ᠬᠠᠷᠢᠶᠠᠲᠤ ᠣᠷᠣᠨ | ᠤ ᠬᠢᠵᠢᠭ ᠤᠨ ᠭᠤᠤᠯᠳᠠᠯᠭ᠎ᠠ ᠲᠠᠢ ᠭᠠᠵᠠᠷ ᠣᠷᠣᠨ ᠤ ᠬᠥᠮᠦᠰ ᠢ ᠣᠶᠢᠯᠠᠭᠠᠬᠤ ᠶᠢᠨ ᠬᠠᠮᠲᠤ ᠴᠢᠩᠭ᠎ᠠ ᠲᠤᠰᠠᠭᠠᠷᠯᠠᠨ | ᠬᠠᠮᠢᠶᠠᠷᠬᠤ ᠬᠡᠷᠡᠭᠲᠡᠶ᠃ ᠬᠢᠵᠢᠭ ᠠᠴᠠ ᠪᠤᠯᠵᠤ ᠠᠳᠡᠯ ᠡᠭᠦᠰᠬᠦ ᠶᠢ ᠴᠢᠩᠭ᠎ᠠ ᠰᠡᠷᠭᠡᠶᠢᠯᠡᠵᠦ ᠬᠦᠮᠦᠨ ᠠᠮᠠ | ᠲᠦᠪᠯᠡᠷᠡᠭᠰᠡᠨ ᠭᠠᠵᠠᠷ᠂ ᠭᠤᠤᠯᠳᠠᠯᠭ᠎ᠠ ᠲᠠᠢ ᠲᠠᠯᠠᠪᠤᠷ᠂ ᠴᠢᠬᠤᠯᠠ ᠵᠠᠮ ᠬᠠᠷᠢᠯᠴᠠᠭᠠᠨ ᠤ ᠠᠭᠤᠯᠵᠠᠷ ᠳᠡᠭᠡᠷ᠎ᠡ | ᠠᠩᠬᠠᠷᠤᠯ ᠢᠶᠠᠨ ᠲᠥᠪᠯᠡᠷᠡᠭᠦᠯᠵᠦ ᠣᠷᠣᠵᠤ ᠭᠠᠷᠬᠤ ᠬᠥᠮᠦᠰ ᠢ ᠬᠠᠮᠢᠶᠠᠷᠤᠨ ᠡᠵᠡᠮᠳᠡᠬᠦ ᠶᠢ ᠦᠨᠡᠨᠬᠦ ᠴᠢᠩᠭᠠᠳᠬᠠᠬᠤ | ᠬᠡᠷᠡᠭᠲᠡᠶ᠃ ᠡᠭᠦᠨ ᠤ ᠬᠠᠮᠲᠤ ᠤᠯᠠᠨ ᠲᠦᠮᠡᠨ ᠤ ᠬᠡᠪ ᠤᠨ ᠣᠷᠣᠵᠤ ᠭᠠᠷᠬᠤ ᠪᠠ ᠠᠵᠤ ᠦᠶᠯᠡᠳᠪᠦᠷᠢ ᠶᠢᠨ | ᠦᠢᠯᠡᠳᠬᠦᠨ᠂ ᠡᠳᠦᠷ ᠲᠤᠲᠤᠮ ᠤᠨ ᠬᠡᠷᠡᠭᠯᠡᠭᠡᠨ ᠤ ᠵᠦᠶᠯ ᠤᠨ ᠬᠡᠪ ᠤᠨ ᠭᠦᠶᠯᠭᠡᠭᠡ ᠶᠢ ᠪᠠᠲᠤᠯᠠᠬᠤ ᠬᠡᠷᠡᠭᠲᠡᠶ᠃ | ᠵᠠᠮ ᠬᠠᠷᠢᠯᠴᠠᠭᠠᠨ ᠤ ᠲᠡᠭᠡᠭᠡᠪᠦᠷᠢ ᠶᠢᠨ ᠪᠠᠲᠤᠯᠠᠭ᠎ᠠ ᠶᠢ ᠴᠢᠩᠭᠠᠳᠬᠠᠨ ᠡᠮᠴᠢᠯᠡᠭᠡᠨ ᠤ ᠬᠠᠮᠠᠭᠠᠯᠠᠯᠲᠠ ᠪᠠ | ᠦᠶᠯᠡᠳᠪᠦᠷᠢᠯᠡᠯ ᠠᠮᠢᠳᠤᠷᠠᠯ ᠤᠨ ᠡᠳ᠋ ᠪᠠᠷᠠᠭ᠎ᠠ ᠰᠠᠭᠠᠳ ᠦᠭᠡᠢ ᠨᠡᠪᠲᠡᠷᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠡᠮᠨᠡᠯᠭᠡ ᠶᠢᠨ ᠠᠵᠢᠯᠲᠠᠨ ᠤ ᠪᠤᠯᠪᠠᠰᠤᠷᠠᠯ ᠢ ᠴᠢᠩᠭᠠᠳᠬᠠᠵᠤ | ᠰᠡᠷᠭᠡᠶᠢᠯᠡᠨ ᠡᠵᠡᠮᠳᠡᠬᠦ ᠪᠠ ᠠᠪᠤᠷᠠᠨ ᠡᠮᠨᠡᠬᠦ ᠮᠡᠷᠭᠡᠵᠢᠯ ᠢ ᠲᠡᠭᠡᠭᠰᠢᠯᠡᠬᠦᠯᠬᠦ ᠬᠡᠷᠡᠭᠲᠡᠶ᠃ ᠡᠯ᠎ᠡ ᠱᠠᠲᠤᠨ ᠤ ᠵᠢᠯᠣᠭᠤᠳᠬᠤ | ᠭᠠᠵᠠᠷ ᠶᠡᠷᠦᠩᠬᠡᠶᠢᠯᠡᠨ ᠲᠣᠬᠢᠷᠠᠭᠤᠯᠬᠤ ᠦᠶᠯᠡᠳᠦᠯ ᠢᠶᠠᠨ ᠭᠦᠶᠴᠡᠳ ᠪᠠᠳᠠᠷᠠᠭᠤᠯᠵᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠥᠨᠳᠥᠷ ᠦᠷ᠎ᠡ ᠪᠦᠲᠦᠮᠵᠢᠲᠡᠶ᠂ ᠡᠮᠬᠢ ᠵᠢᠷᠤᠮ ᠲᠠᠢ᠂ ᠪᠣᠳᠠᠲᠠᠶ ᠶᠢ ᠡᠷᠬᠢᠮᠯᠡᠨ | ᠥᠷᠨᠢᠭᠦᠯᠬᠦ ᠶᠢ ᠠᠬᠢᠭᠤᠯᠬᠤ ᠬᠡᠷᠡᠭᠲᠡᠶ ᠭᠡᠵᠡᠢ᠃ |