ᠬᠢᠵᠢᠭ ᠤᠨ ᠪᠠᠶᠢᠳᠡᠯ ᠪᠣᠯ ᠵᠠᠷᠯᠢᠭ᠂ ᠰᠠᠷᠭᠡᠶᠢᠯᠡᠨ ᠡᠵᠡᠮᠳᠡᠬᠦ ᠪᠤᠯ ᠬᠠᠷᠢᠭᠤᠴᠠᠯᠭ᠎ᠠ ᠭᠡᠳᠡᠭ ᠢᠶᠠᠷ ᠣᠶᠢᠷ᠎ᠠ ᠶᠢᠨ | ᠡᠳᠦᠷ ᠤᠳ ᠲᠤ᠂ ᠮᠠᠨ ᠤ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠬᠠᠯᠳᠠᠪᠣᠷᠢᠯᠠᠨ ᠲᠡᠯᠭᠡᠷᠡᠵᠤ | ᠪᠠᠶᠢᠭ᠎ᠠ ᠬᠢᠵᠢᠭ ᠤᠨ ᠪᠠᠶᠢᠳᠡᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠭᠠᠵᠠᠷ ᠣᠷᠣᠨ ᠤ ᠪᠠᠨ ᠪᠣᠳᠡᠳᠣ | ᠪᠠᠶᠢᠳᠡᠯ ᠳᠤ ᠳᠣᠬᠢᠷᠠᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠠ ᠠᠪᠴᠣ ᠰᠡᠷᠭᠡᠶᠢᠯᠡᠨ ᠡᠵᠡᠮᠳᠡᠬᠦ ᠠᠵᠢᠯ ᠢᠶᠠᠨ | ᠪᠥᠬᠦ ᠲᠠᠯ᠎ᠠ ᠪᠠᠷ ᠦᠷᠨᠢᠬᠦᠯᠵᠣ ᠪᠠᠶᠢᠨ᠎ᠠ᠃ | ᠡᠳᠦᠷ ᠪᠣᠯᠭᠠᠨ ᠤ ᠦᠳᠡ ᠶᠢᠨ ᠡᠮᠣᠨ᠎ᠠ ᠶᠢᠨ ᠶᠢᠰᠦᠨ ᠴᠠᠭ ᠠᠴᠠ ᠡᠬᠢᠯᠡᠵᠣ ᠮᠠᠨ ᠤ ᠬᠤᠰᠢᠭᠤᠨ ᠤ 61 | ᠭᠠᠴᠠᠭ᠎ᠠ ᠲᠣᠰᠬᠤᠨ ᠤ ᠣᠬᠠᠭᠤᠯᠭ᠎ᠠ ᠶᠢᠨ ᠲᠣᠮᠣ ᠯᠠᠪᠠᠷ ᠢᠶᠠᠷ ᠠᠮᠠᠪᠴᠢ ᠵᠡᠬᠦᠬᠦ᠂ ᠭᠠᠳᠠᠭᠰᠢ ᠭᠠᠷᠬᠤ ᠦᠬᠡᠢ᠂ | ᠬᠠᠮᠲᠤ ᠪᠠᠷ ᠬᠤᠭᠤᠯᠠᠯᠠᠬᠤ ᠦᠬᠡᠢ᠂ ᠬᠤᠪᠢ ᠬᠥᠮᠦᠨ ᠪᠣᠯᠣᠨ ᠭᠡᠷ ᠪᠦᠯᠢ ᠶᠢᠨ ᠡᠷᠡᠭᠦᠯ ᠬᠠᠮᠠᠭᠠᠯᠠᠯ ᠢᠶᠠᠨ ᠴᠠᠭ | ᠢᠮᠡᠭ᠌ᠳᠠ ᠠᠩᠬᠠᠷᠬᠤ ᠵᠡᠷᠭᠡ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ | ᠦᠷᠪᠢᠰᠦᠯ ᠢ ᠰᠡᠷᠭᠡᠶᠢᠯᠡᠨ ᠡᠵᠡᠮᠳᠡᠬᠦ ᠶᠡᠷᠦ ᠶᠢᠨ ᠮᠡᠳᠡᠯᠭᠡ ᠶᠢᠨ ᠳᠣᠬᠠᠢ ᠨᠡᠪᠲᠡᠷᠡᠭᠦᠯᠵᠦ ᠮᠡᠯᠴᠢᠨ ᠳᠡᠷᠢᠶᠠᠴᠢᠳ ᠲᠤ | ᠣᠬᠠᠭᠤᠯᠣᠨ ᠳᠠᠮᠵᠢᠭᠤᠯᠵᠣ ᠪᠠᠶᠢᠯ᠎ᠠ᠃ ᠰᠢᠷᠬᠤᠰᠣᠨ ᠪᠠᠯᠭᠠᠰᠣᠨ ᠤ ᠮᠤᠤᠪᠤᠯᠠᠭ ᠳᠣᠰᠬᠤᠨ ᠤ ᠮᠠᠯᠴᠢᠨ ᠳᠤᠪᠴᠢᠨ ᠤ | ᠬᠢᠨ ᠭᠡᠳᠣᠶᠢᠪᠡᠷ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭ᠎ᠠ ᠪᠣᠯᠪᠠᠴᠣ ᠬᠢᠵᠢᠭ ᠡᠪᠡᠳᠴᠢᠨ ᠠᠴᠠ ᠪᠤᠯᠵᠦ | ᠳᠦᠷᠣᠯ ᠰᠡᠳᠣᠨ ᠳᠤ ᠪᠠᠨ ᠠᠶᠢᠯᠴᠢᠯᠠᠵᠣ ᠦᠬᠡᠢ ᠪᠠᠷ ᠭᠡᠷ ᠲᠤ ᠪᠠᠨ ᠰᠠᠭᠤᠵᠣ ᠬᠤᠨᠢ ᠮᠠᠯ ᠢᠶᠠᠨ ᠮᠠᠯᠵᠢᠬᠤ ᠶᠢᠨ | ᠳᠠᠭᠠᠣ ᠳᠤ ᠭᠡᠷ ᠤᠷᠤᠨ ᠢᠶᠠᠨ ᠠᠷᠢᠭᠤᠳᠬᠠᠵᠣ ᠴᠡᠪᠡᠷ ᠴᠡᠮᠴᠡᠭᠡᠷ ᠰᠠᠭᠤᠵᠣ ᠪᠠᠶᠢᠯ᠎ᠠ᠃ | ᠴᠠᠭᠠᠨ ᠰᠠᠷ᠎ᠠ ᠶᠢᠨ ᠬᠤᠭᠤᠴᠠᠭᠠᠨ ᠳᠤ ᠳᠣᠬᠢᠶᠠᠯᠳᠣᠭᠰᠠᠨ ᠡᠨ᠋ᠨ ᠣᠳᠠᠭᠠᠨ ᠤ ᠰᠢᠨ᠎ᠡ ᠬᠡᠯᠪᠡᠷᠢ ᠶᠢᠨ | ᠲᠢᠲᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠤ ᠦᠷᠪᠢᠰᠣᠯ ᠤᠨ ᠬᠢᠵᠢᠭ ᠤᠨ ᠪᠡᠶᠢᠳᠡᠯ ᠢ ᠰᠠᠷᠭᠡᠶᠢᠯᠡᠨ | ᠡᠵᠡᠮᠳᠡᠬᠦ ᠳᠤ ᠭᠠᠳᠠᠭᠰᠢ ᠭᠠᠷᠬᠤ ᠳᠤ ᠪᠠᠨ ᠠᠮᠠᠪᠴᠢ ᠵᠡᠬᠦᠬᠦ᠂ ᠠᠷᠢᠭᠤᠨ ᠴᠡᠪᠡᠷ ᠢ ᠡᠷᠬᠢᠮᠯᠡᠬᠦ᠂ ᠬᠦᠮᠦᠨ ᠤᠯᠠᠨᠲᠠᠢ | ᠭᠠᠵᠠᠷ ᠲᠤ ᠣᠴᠢᠬᠤ ᠦᠬᠡᠢ ᠭᠡᠷ ᠲᠤ ᠪᠠᠨ ᠰᠠᠭᠤᠬᠤ ᠵᠡᠷᠭᠡ ᠭᠤᠷᠪᠠᠨ ᠵᠠᠩᠭᠢᠯᠠᠭ᠎ᠠ ᠶᠢ ᠪᠡᠶᠡᠯᠡᠬᠦᠯᠵᠦ ᠮᠠᠯᠴᠢᠨ | ᠲᠠᠷᠢᠶᠠᠴᠢᠳ ᠰᠢᠨ᠎ᠡ ᠶᠢᠨ ᠵᠤᠯᠭᠠᠯᠲᠠ ᠪᠠᠨ ᠭᠠᠷ ᠤᠲᠠᠰᠤ᠂ ᠸᠢᠴᠠᠲ᠂ ᠤᠬᠤᠷ ᠮᠡᠳᠡᠭᠡ ᠵᠡᠷᠭᠡ ᠪᠠᠷ ᠬᠤᠭᠤᠷᠤᠨᠳᠤ | ᠪᠠᠨ ᠠᠮᠤᠷ ᠮᠡᠨᠳᠦ ᠪᠠᠨ ᠰᠣᠯᠢᠯᠴᠠᠬᠤ ᠶᠢ ᠣᠷᠢᠶᠠᠯᠠᠭᠰᠠᠨ ᠤ ᠬᠠᠮᠳᠣ ᠰᠡᠷᠭᠡᠶᠢᠯᠡᠨ ᠡᠵᠡᠮᠳᠡᠬᠦ ᠠᠵᠢᠯ ᠢᠶᠠᠨ ᠰᠠᠶᠢᠲᠤᠷ | ᠪᠠᠶᠢᠷᠢᠯᠠᠭᠤᠯᠵᠤ ᠦᠬᠠᠨ ᠳᠤ ᠶᠠᠪᠤᠵᠤ ᠦᠩᠭᠡᠷᠡᠭᠰᠡᠨ ᠪᠠ ᠦᠬᠠᠨ ᠠᠴᠠ ᠨᠤᠲᠤᠭ ᠲᠠᠭᠠᠨ ᠪᠤᠴᠠᠭᠰᠠᠨ ᠤᠶᠤᠲᠠᠳ ᠢ | ᠪᠠᠶᠢᠴᠠᠭᠠᠨ ᠳᠠᠩᠰᠠᠯᠠᠵᠣ ᠬᠢᠵᠢᠭ ᠤᠨ ᠪᠠᠶᠢᠳᠠᠯ ᠢ ᠪᠠᠶᠢᠴᠠᠭᠠᠵᠤ ᠲᠣᠳᠣᠯᠠᠨ ᠪᠦᠷᠢᠳᠭᠡᠬᠦ᠂ ᠤᠬᠠᠭᠤᠯᠭ᠎ᠠ ᠶᠢᠨ ᠠᠵᠢᠯ | ᠢ ᠪᠥᠬᠦ ᠲᠠᠯ᠎ᠠ ᠪᠠᠷ ᠴᠢᠩᠭᠠᠷᠠᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠬᠢᠵᠢᠭ ᠢ ᠰᠡᠷᠭᠡᠶᠢᠯᠡᠨ ᠡᠵᠡᠮᠳᠡᠵᠤ | ᠪᠠᠶᠢᠨ᠎ᠠ᠃ | ᠤᠳᠤᠬᠠᠨ ᠪᠤᠯᠲᠠᠯ᠎ᠠ᠂ ᠮᠠᠨ ᠤ ᠬᠤᠰᠢᠭᠤ ᠨᠢᠭᠡᠨᠲᠡ ᠲᠦᠷᠪᠡ ᠤᠳᠠᠭᠠᠨ ᠤ ᠠᠵᠢᠯ ᠤᠨ ᠪᠠᠶᠢᠷᠢᠯᠠᠭᠤᠯᠤᠯᠲᠠ | ᠲᠣᠬᠢᠷᠠᠭᠤᠯᠤᠯᠲᠠ ᠶᠢᠨ ᠬᠤᠷᠠᠯ ᠬᠢᠵᠦ ᠪᠥᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠵᠢᠯᠣᠭᠤᠳᠬᠤ ᠭᠠᠵᠠᠷ᠂ ᠰᠡᠷᠭᠡᠶᠢᠯᠡᠨ ᠡᠵᠡᠮᠳᠡᠬᠦ ᠲᠤᠰᠬᠠᠶ ᠮᠡᠷᠭᠡᠵᠢᠯᠲᠡᠨ ᠤ ᠳᠤᠭᠤᠶᠢᠯᠠᠩ ᠪᠣᠯᠣᠨ ᠡᠯ᠎ᠡ ᠰᠤᠮᠤ | ᠪᠠᠯᠭᠠᠰᠤ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ | ᠳᠤᠭᠤᠶᠢᠯᠠᠩ ᠢ ᠪᠠᠶᠢᠭᠤᠯᠵᠤ ᠬᠤᠰᠢᠭᠤ᠂ ᠰᠤᠮᠤ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠬᠢᠵᠢᠭ | ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠠᠵᠢᠯ ᠤᠨ ᠰᠢᠰᠲ᠋ᠧᠮ ᠪᠠ ᠲᠦᠷᠢᠮ ᠢ ᠲᠤᠭᠳᠠᠭᠠᠭᠰᠠᠨ | ᠪᠠᠶᠢᠨ᠎ᠠ᠃ ᠬᠤᠰᠢᠭᠤᠨ ᠤ ᠲᠡᠰ ᠤᠨ ᠠᠯᠪᠠᠨ ᠠᠴᠠ ᠪᠠᠶᠢᠭᠤᠯᠤᠭᠰᠠᠨ ᠬᠤᠶᠠᠷ ᠡᠮᠨᠡᠯᠭᠡ ᠶᠢᠨ ᠬᠤᠷᠢᠶ᠎ᠠ ᠪᠣᠯᠣᠨ ᠰᠤᠮᠤ | ᠪᠠᠯᠭᠠᠰᠤᠨ ᠤ ᠨᠠᠢᠮᠠᠨ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠬᠡᠮ ᠲᠣᠭᠤᠷᠢᠭ ᠤᠨ ᠨᠢᠭᠡ ᠡᠷᠡᠭᠦᠯ ᠬᠠᠮᠠᠭᠠᠯᠠᠯ ᠤᠨ | ᠦᠶᠯᠡᠴᠢᠯᠡᠭᠡᠨ ᠤ ᠲᠥᠪ ᠲᠤ ᠬᠠᠯᠠᠭᠤᠷᠠᠬᠤ ᠶᠢ ᠪᠠᠶᠢᠴᠠᠭᠠᠬᠤ ᠡᠭᠦᠳᠡᠨ ᠡᠮᠨᠡᠯᠭᠡ ᠳᠣᠬᠢᠷᠠᠭᠤᠯᠵᠣ ᠬᠤᠰᠢᠭᠤᠨ ᠤ | ᠠᠷᠠᠳ ᠤᠨ ᠡᠮᠨᠡᠯᠭᠡ ᠶᠢᠨ ᠬᠤᠷᠢᠶ᠎ᠠ ᠶᠢ ᠠᠪᠣᠷᠠᠨ ᠡᠮᠨᠡᠬᠦ ᠡᠮᠨᠡᠯᠭᠡ ᠶᠢᠨ ᠬᠤᠷᠢᠶ᠎ᠠ ᠪᠠᠷ ᠲᠤᠭᠲᠠᠭᠠᠨ ᠬᠤᠰᠢᠭᠤ | ᠴᠢᠬᠤᠯᠠ ᠵᠠᠮ ᠬᠠᠷᠢᠯᠴᠠᠭᠠᠨ ᠤ ᠠᠭᠤᠯᠵᠠᠷ ᠲᠤ ᠨᠠᠢᠮᠠᠨ ᠬᠠᠰᠢᠬᠤ ᠴᠡᠭ ᠢ ᠲᠤᠬᠢᠷᠠᠭᠤᠯᠵᠤ ᠨᠠᠰᠢ ᠴᠠᠰᠢ ᠥᠩᠭᠡᠷᠡᠬᠦ | ᠲᠡᠷᠭᠡᠨ ᠤ ᠮᠡᠳᠡᠭᠡ ᠵᠠᠩᠭᠢ ᠶᠢ ᠲᠡᠮᠳᠡᠭᠯᠡᠬᠦ᠂ ᠵᠢᠯᠣᠭᠤᠴᠢ ᠶᠢᠨ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ ᠪᠠ | ᠬᠡᠭᠡᠷ᠎ᠡ ᠶᠢᠨ ᠠᠮᠢᠲᠠᠨ ᠢ ᠪᠡᠶ᠎ᠡ ᠳᠡᠭᠡᠨ ᠠᠪᠴᠤ ᠶᠠᠪᠤᠬᠤ ᠵᠡᠷᠭᠡ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠨᠢᠮᠪᠠᠶ | ᠦᠷᠨᠢᠭᠦᠯᠵᠦ ᠴᠠᠭᠠᠨ ᠰᠠᠷ᠎ᠠ ᠶᠢᠨ ᠬᠤᠭᠤᠴᠠᠭᠠᠨ ᠤ ᠣᠯᠡᠨ ᠨᠡᠶᠢᠲᠡ ᠶᠢᠨ ᠠᠵᠢᠯᠯᠠᠭ᠎ᠠ ᠶᠢ ᠬᠦᠴᠦᠨ ᠥᠬᠡᠶ ᠪᠣᠯᠭᠠᠨ | ᠵᠣᠭᠰᠣᠭᠠᠵᠣ᠂ ᠣᠯᠠᠨ ᠨᠡᠶᠢᠲᠡ ᠶᠢᠨ ᠲᠠᠯᠠᠪᠤᠷ ᠪᠠ ᠮᠠᠰᠢᠨ ᠲᠡᠷᠭᠡᠨ ᠤ ᠥᠷᠲᠡᠭᠡ ᠶᠢ ᠬᠠᠭᠠᠨ ᠠᠶᠠᠨᠴᠢᠳ ᠤᠨ | ᠭᠠᠯᠲᠤ ᠲᠡᠷᠭᠡ ᠶᠢ ᠠᠷᠢᠭᠤᠳᠬᠠᠨ ᠠᠭᠠᠷ ᠨᠡᠪᠲᠡᠷᠡᠭᠦᠯᠬᠦ ᠶᠢ ᠴᠢᠩᠭᠠᠳᠬᠠᠵᠤ ᠬᠥᠳᠡᠭᠡ ᠲᠣᠰᠬᠤᠨ ᠤ ᠴᠤᠭᠯᠠᠭ᠎ᠠ | ᠮᠠᠶᠢᠮᠠᠶ ᠶᠢ ᠲᠦᠷ ᠵᠣᠭᠰᠣᠭᠠᠵᠤ ᠠᠮᠢᠲᠠᠨ ᠵᠢᠭᠦᠷᠲᠡᠨ ᠢ ᠠᠷᠠᠯᠵᠢᠶᠠᠯᠠᠬᠤ ᠶᠢ ᠴᠠᠭᠠᠵᠠᠯᠠᠵᠤ ᠬᠤᠷᠢᠮ ᠨᠠᠶᠢᠷ᠂ | ᠬᠠᠮᠳᠣ ᠶᠢᠨ ᠰᠢᠨ᠎ᠡ᠂ ᠭᠠᠰᠢᠭᠤᠳᠠᠯ ᠶᠢᠨ ᠬᠤᠷᠠᠯ ᠵᠡᠷᠭᠡ ᠶᠢ ᠬᠤᠶᠢᠰᠢᠯᠠᠭᠤᠯᠬᠤ ᠪᠣᠶᠣ ᠳᠦᠬᠦᠮᠴᠢᠯᠠᠬᠦ ᠶᠢ ᠱᠠᠭᠠᠷᠳᠡᠨ | ᠷᠡᠳᠢᠣ᠋ ᠲᠧᠯᠸᠢᠰ᠂ ᠸᠢᠴᠠᠲ ᠵᠡᠷᠭᠡ ᠲᠠᠪᠴᠠᠩ ᠢᠶᠠᠷ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠰᠠᠨᠠᠭᠠᠴᠢᠯᠠᠭ᠎ᠠ ᠶᠢᠨ ᠪᠢᠴᠢᠭ︾᠂ ︽ᠮᠠᠯᠴᠢᠨ ᠲᠠᠷᠢᠶᠠᠴᠢᠨ ᠤ ᠬᠢᠵᠢᠭ ᠢ ᠰᠡᠷᠭᠡᠶᠢᠯᠡᠬᠦ ᠶᠡᠷᠦ ᠶᠢᠨ ᠮᠡᠳᠡᠯᠭᠡ︾᠂ ︽ | ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠤᠨ ᠰᠢᠨᠵᠢᠯᠡᠬᠦ ᠣᠬᠠᠭᠠᠨᠴᠢ ᠲᠦᠭᠡᠮᠡᠯᠵᠢᠬᠦᠯᠦᠯᠲᠡ ᠶᠢᠨ ᠶᠠᠷᠣ ᠶᠢᠨ | ᠮᠡᠳᠡᠯᠭᠡ︾ ᠵᠡᠷᠭᠡ ᠮᠣᠩᠭᠤᠯ ᠬᠢᠲᠠᠳ ᠬᠤᠤᠰ ᠬᠡᠯᠡᠨ ᠤ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ ᠳᠡᠭᠡᠳᠦ | ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠬᠠᠮᠢᠶ᠎ᠠ ᠪᠦᠬᠦᠢ | ᠠᠭᠤᠯᠭ᠎ᠠ ᠶᠢ ᠰᠢᠩᠭᠡᠭᠡᠨ ᠦᠶᠯᠡᠳᠴᠦ 61 ᠭᠠᠴᠠᠭ᠎ᠠ ᠲᠣᠰᠬᠤᠨ ᠳᠤ ᠨᠡᠪᠳᠡᠷᠡᠬᠦᠯᠵᠤ ᠪᠠᠶᠢᠨ᠎ᠠ᠃ |