ᠦᠷᠭᠡᠨ ᠤᠯᠠᠨ ᠬᠤᠲᠠ ᠶᠢᠨ ᠠᠷᠠᠳ ᠲᠤ ᠢᠯᠡᠭᠡᠬᠦ‍ ᠨᠢᠭᠡ ᠬᠤᠪᠢ ᠵᠠᠬᠢᠳᠡᠯ
ᠨᠡᠶᠢᠲᠡᠯᠡᠭᠰᠡᠨ ᠴᠠᠭ᠄
2020-02-04
ᠦᠷᠭᠡᠨ ᠤᠯᠠᠨ ᠬᠤᠲᠠ ᠶᠢᠨ ᠠᠷᠠᠳ ᠲᠦᠮᠡᠨ ᠨᠡᠶᠢᠵᠠ ᠨᠦᠬᠦᠳ ᠡ᠄      ᠴᠠᠭᠠᠨ ᠰᠠᠷ᠎ᠠ ᠶᠢᠨ ᠬᠤᠭᠤᠴᠠᠭᠠᠨ ᠤ ᠬᠠᠯᠲᠠᠪᠦᠷᠢᠲᠦ ᠡᠪᠡᠳᠴᠢᠨ ᠲᠠᠷᠬᠠᠬᠤ ᠠᠶᠤᠯ ᠲᠦᠭᠰᠢᠭᠦᠷᠢ ᠶᠢ ᠦᠨᠠᠨᠬᠦ ᠪᠠᠭᠠᠰᠬᠠᠵᠣ ᠲᠠ ᠪᠦᠬᠦᠨ ᠳᠤ ᠡᠷᠡᠭᠦᠯ ᠮᠡᠨᠲᠦ ᠣᠷᠴᠢᠨ ᠳᠣᠭᠤᠷᠢᠨ ᠢ ᠬᠠᠩᠭᠠᠵᠣ ᠳᠠᠶᠠᠭᠠᠷ ᠢᠶᠠᠨ ᠠᠮᠤᠷ ᠲᠠᠶᠢᠪᠤᠡᠭ᠂ ᠬᠦᠷ ᠬᠦᠭᠵᠢᠶᠠᠨ ᠲᠠᠢ᠂ ᠵᠣᠯ ᠵᠢᠷᠭᠠᠯ ᠲᠠᠢ ᠪᠠᠷ ᠰᠢᠨ᠎ᠡ ᠵᠢᠯ ᠴᠠᠭᠠᠨ ᠰᠠᠷ᠎ᠠ ᠪᠠᠨ ᠦᠩᠭᠡᠷᠡᠭᠦᠯᠬᠦ ᠶᠢᠨ ᠲᠦᠯᠦᠭᠡ᠂ ᠦᠤᠰᠢᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠲᠦ ᠶᠢᠨ ᠵᠦᠪᠯᠡᠯ ᠠᠴᠠ ᠦᠷᠭᠡᠨ ᠤᠯᠠᠨ ᠬᠤᠲᠠ ᠶᠢᠨ ᠠᠷᠠᠳ ᠪᠣᠯᠣᠨ ᠤᠨᠴᠠᠭᠠᠶᠢᠯᠠᠨ ᠦᠬᠠᠨ ᠬᠤᠲᠠ ᠠᠴᠠ ᠢᠷᠡᠭᠰᠡᠨ ᠬᠦᠮᠦᠰ ᠲᠤ ᠰᠠᠨᠠᠭᠤᠯᠵᠣ ᠪᠠᠶᠢᠨ᠎ᠠ᠃        ᠨᠢᠭᠡ᠄ ᠭᠡᠷ ᠠᠴᠠ ᠪᠠᠨ ᠲᠤᠲᠠᠭᠤ ᠭᠠᠷᠴᠤ ᠨᠠᠶᠢᠷ ᠬᠤᠭᠤᠯᠠᠨ ᠳᠤ ᠴᠦᠭᠡᠨ ᠣᠷᠣᠯᠴᠠᠨ ᠦᠪᠡᠷ ᠤᠨ ᠡᠷᠡᠭᠦᠯ ᠮᠡᠨᠲᠦ ᠶᠢᠨ ᠪᠠᠶᠢᠲᠠᠯ ᠢᠶᠠᠨ ᠨᠠᠷᠢᠨ ᠠᠩᠬᠠᠷᠴᠤ ᠴᠠᠭᠠᠨ ᠰᠠᠷ᠎ᠠ ᠶᠢᠨ ᠬᠤᠭᠤᠴᠠᠭᠠᠨ ᠳᠤ ᠭᠠᠲᠠᠭᠰᠢ ᠭᠠᠷᠴᠤ ᠨᠠᠭᠠᠳᠬᠤ ᠪᠠ ᠡᠯ᠎ᠡ ᠵᠦᠢᠯ ᠤᠨ ᠨᠠᠶᠢᠷ ᠴᠣᠭᠯᠠᠭᠠᠨ ᠳᠤ ᠤᠷᠤᠯᠴᠠᠬᠤ ᠪᠠᠨ ᠪᠠᠭᠠᠰᠬᠠᠬᠤ ᠬᠡᠷᠡᠭᠲᠡᠢ᠃      ᠬᠤᠶᠠᠷ᠄ ᠬᠤᠪᠢ ᠬᠦᠮᠤᠨ ᠤ ᠡᠷᠡᠭᠦᠯ ᠬᠠᠮᠠᠭᠠᠯᠠᠯ ᠢ ᠡᠷᠬᠢᠮᠯᠡᠬᠦ ᠬᠡᠷᠡᠭᠲᠡᠢ᠃ ᠭᠠᠷ ᠢᠶᠠᠨ ᠪᠠᠶᠢᠩᠭᠤ ᠤᠬᠢᠶᠠᠵᠦ ᠬᠡᠷ ᠲᠤ ᠪᠠᠨ ᠰᠠᠯᠬᠢ ᠨᠡᠪᠲᠡᠷᠡᠭᠦᠯᠦᠨ ᠬᠡᠷ ᠤᠨ ᠭᠠᠲᠠᠨ᠎ᠠ ᠲᠤᠷ᠎ᠠ ᠪᠠᠷ ᠨᠤᠯᠮᠤᠬᠤ ᠦᠭᠡᠢ᠂ ᠨᠠᠶᠢᠲᠠᠬᠤ ᠪᠤᠶᠤ ᠬᠠᠨᠢᠶᠠᠬᠤ ᠳᠤ ᠪᠠᠨ ᠴᠠᠭᠠᠰᠦ ᠪᠠᠷ ᠠᠮᠠ ᠬᠠᠮᠠᠷ ᠢᠶᠠᠨ ᠲᠠᠭᠯᠠᠵᠦ ᠬᠡᠷᠡᠭᠯᠡᠭᠰᠡᠨ ᠴᠠᠭᠠᠰᠤ ᠪᠠᠨ ᠲᠤᠷ᠎ᠠ ᠪᠠᠷ ᠬᠠᠶᠠᠵᠦ ᠪᠤᠯᠬᠤ ᠦᠭᠡᠢ ᠬᠤᠭ ᠤᠨ ᠰᠠᠪᠠᠨ ᠳᠤ ᠬᠢᠬᠦ ᠬᠡᠷᠡᠭᠲᠡᠢ᠃      ᠭᠤᠷᠪᠠ᠄ ᠤᠬᠠᠮᠰᠠᠷ ᠠᠴᠠ ᠪᠠᠨ ᠡᠮᠨᠡᠨ ᠵᠠᠰᠠᠬᠤ ᠶᠢ ᠬᠦᠯᠢᠶᠠᠬᠦ ᠬᠡᠷᠡᠭᠲᠡᠢ᠃ ᠬᠠᠨᠢᠶᠠᠬᠤ᠂ ᠬᠠᠯᠠᠭᠤᠷᠠᠬᠤ᠂ ᠲᠠᠮᠢᠷᠲᠠᠬᠤ ᠵᠡᠷᠭᠡ ᠢᠯᠡᠷᠡᠯ ᠭᠠᠷᠪᠠᠯ ᠠᠮᠠᠪᠴᠢ ᠵᠠᠭᠦᠵᠦ ᠪᠤᠰᠤᠳ ᠬᠦᠮᠤᠰ ᠲᠠᠢ ᠣᠶᠢᠷᠠᠳᠴᠣ ᠪᠣᠯᠬᠤ ᠦᠬᠡᠢ᠃  ᠬᠤᠪᠢ ᠶᠢᠨ ᠮᠠᠰᠢᠨ ᠳᠤ ᠰᠠᠭᠤᠬᠤ ᠪᠣᠶᠣ ᠶᠠᠪᠠᠭᠠᠨ ᠠᠯᠬᠤᠬᠤ ᠶᠢ ᠰᠠᠨᠠᠭᠠᠴᠢᠯᠠᠵᠦ ᠴᠠᠭ ᠳᠠᠷᠣᠢ ᠳᠤᠨᠢ ᠡᠮᠴᠢᠯᠡᠭᠡᠨ  ᠤ ᠪᠠᠶᠢᠭᠤᠯᠤᠮᠵᠢ ᠶᠢᠨ ᠬᠠᠯᠠᠭᠤᠷᠠᠬᠤ ᠡᠭᠦᠲᠡᠨ ᠡᠮᠨᠡᠯᠭᠡ ᠳᠤ ᠭᠦᠷᠴᠤ ᠪᠠᠶᠢᠴᠠᠭᠠᠯᠭᠠᠨ ᠣᠬᠠᠮᠰᠠᠷ ᠠᠴᠠ ᠪᠠᠨ ᠡᠮᠴᠢ ᠨᠠᠷ ᠲᠤ ᠡᠪᠡᠳᠴᠢᠨ ᠬᠦᠲᠡᠯᠬᠦ ᠠᠴᠠ ᠡᠮᠤᠨᠡᠬᠢ ᠠᠶᠠᠯᠠᠯ ᠤᠨ ᠪᠠᠶᠢᠳᠡᠯ ᠢᠶᠠᠨ ᠮᠡᠳᠡᠭᠳᠡᠨ ᠢᠯᠠᠩᠭᠤᠶ᠎ᠠ ᠦᠬᠠᠨ ᠵᠡᠷᠭᠡ ᠭᠠᠵᠠᠷ ᠣᠷᠣᠨ ᠪᠣᠯᠣᠨ ᠦᠬᠠᠨ ᠤ ᠡᠷᠬᠢᠨ ᠲᠤᠭᠤᠷᠢᠨ ᠤ ᠭᠠᠵᠠᠷ ᠣᠷᠣᠨ ᠢᠶᠠᠷ ᠤᠴᠢᠵᠦ ᠦᠩᠭᠡᠷᠡᠭᠰᠡᠨ ᠪᠠᠶᠢᠪᠠᠯ ᠮᠡᠳᠡᠭᠳᠡᠨ ᠮᠡᠳᠡᠭᠦᠯᠬᠦ ᠬᠡᠷᠡᠭᠳᠡᠢ᠃       ᠲᠦᠷᠪᠠ᠄ ᠡᠪᠡᠳᠴᠢᠨ ᠤ ᠪᠠᠶᠢᠴᠠᠭᠠᠯᠳᠠ ᠶᠢ ᠬᠠᠮᠵᠢᠯᠴᠠᠨ ᠬᠠᠪᠰᠣᠷᠬᠤ ᠬᠡᠷᠡᠭᠲᠡᠢ᠃ ᠬᠠᠯᠲᠠᠪᠤᠷᠢᠲᠦ ᠡᠪᠳᠴᠢᠨ ᠲᠠᠷᠬᠠᠬᠤ ᠪᠠ ᠭᠡᠷ ᠤᠨ ᠬᠦᠮᠤᠰ ᠵᠢᠴᠢ ᠤᠶᠢᠷ᠎ᠠ ᠬᠠᠪᠢ ᠶᠢᠨ ᠬᠦᠮᠦᠰ ᠤᠨ ᠡᠷᠡᠭᠦᠯ ᠮᠡᠨᠲᠦ ᠶᠢ  ᠨᠦᠯᠦᠭᠡᠯᠡᠬᠦ ᠦᠭᠡᠢ ᠶᠢᠨ ᠲᠦᠯᠦᠭᠡ ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ ᠰᠠᠯᠠᠭ᠎ᠠ ᠮᠦᠴᠢᠷ ᠲᠠᠢ ᠢᠲᠡᠪᠬᠢᠲᠡᠢ ᠬᠠᠮᠵᠢᠯᠴᠠᠵᠦ  ᠬᠠᠯᠲᠠᠪᠤᠷᠢᠯᠠᠬᠤ ᠶᠢ ᠰᠠᠶᠢᠲᠦᠷ ᠰᠡᠷᠭᠡᠶᠢᠯᠡᠬᠦ ᠬᠡᠷᠡᠭᠲᠡᠢ᠃ ᠲᠠᠨ ᠤ ᠶᠠᠪᠣᠵᠣ ᠰᠠᠭᠤᠭᠰᠠᠨ ᠦᠩᠭᠡᠷᠡᠯᠲᠡ ᠪᠤᠶᠤ ᠵᠣᠭᠠᠴᠠᠨ ᠳᠣᠭᠤᠷᠢᠭᠰᠠᠨ ᠦᠡᠭᠭᠡᠷᠡᠯᠲᠡ ᠵᠡᠷᠭᠡ ᠡᠪᠡᠳᠴᠢᠨ ᠬᠠᠯᠲᠠᠪᠦᠷᠢᠯᠠᠭᠲᠠᠭᠰᠠᠨ ᠪᠠᠶᠢᠳᠠᠯ ᠢᠶᠠᠨ ᠰᠠᠶᠢᠨ ᠳᠤᠷ᠎ᠠ ᠠᠴᠠ ᠦᠨᠡᠨ ᠮᠦᠨ ᠢᠶᠠᠷ ᠮᠡᠲᠡᠭᠦᠯᠵᠦ ᠨᠢᠭᠤᠨ ᠳᠠᠯᠳᠠᠯᠠᠵᠣ ᠤᠷᠬᠢᠭᠲᠠᠭᠤᠯᠵᠦ ᠪᠤᠯᠬᠤ ᠦᠭᠡᠢ᠃     ᠲᠠᠪᠤ᠄ ᠴᠤᠤᠷᠬᠠᠯ ᠢ ᠢᠲᠡᠭᠡᠬᠦ ᠦᠭᠡᠢ᠂ ᠬᠤᠲᠠᠯ ᠶᠠᠷᠢᠶ᠎ᠠ ᠬᠡᠯᠡᠯᠴᠡᠭᠡᠷ ᠢ ᠲᠠᠷᠬᠠᠭᠠᠬᠤ ᠦᠭᠡᠢ᠃ ᠤᠯᠠᠨ   ᠢᠶᠠᠷ  ᠢᠶᠠᠨ ︽ᠡᠷᠡᠭᠦᠯ ᠡᠩᠬᠡ ᠦᠤᠰᠢᠨ︾ ᠤᠯᠠᠨ ᠨᠡᠶᠢᠲᠡ ᠶᠢᠨ ᠵᠢᠷᠭᠢᠭᠡ ᠲᠠᠪᠴᠠᠩ ᠢ ᠠᠩᠬᠠᠷᠴᠤ ᠪᠢᠲᠠ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠤ ᠦᠷᠪᠢᠰᠤᠯ ᠤᠨ ᠬᠢᠵᠢᠭ ᠤᠨ ᠪᠠᠶᠢᠲᠠᠯ ᠢ ᠴᠠᠭ ᠲᠤᠬᠠᠢ ᠳᠤ ᠨᠢ ᠵᠠᠷᠯᠡᠨ ᠨᠡᠶᠢᠲᠡᠯᠡᠵᠦ ᠬᠤᠲᠠᠯ ᠬᠠᠭᠤᠷᠮᠠᠭ ᠮᠡᠲᠡᠭᠡ ᠵᠠᠩᠬᠢ ᠶᠢ ᠡᠰᠡᠷᠭᠦᠴᠡᠵᠦ  ᠴᠤᠤᠷᠬᠠᠯ ᠢ ᠢᠲᠡᠭᠡᠭᠦ ᠦᠭᠡᠢ ᠴᠤᠤᠷᠬᠠᠯ ᠢ ᠲᠠᠮᠵᠢᠭᠤᠯᠬᠤ ᠦᠭᠡᠢ ᠪᠠᠶᠢᠵᠦ ᠬᠤᠪᠢ ᠬᠦᠮᠦᠨ ᠤ ᠬᠠᠮᠠᠭᠠᠯᠠᠯᠲᠠ ᠶᠢ ᠰᠠᠶᠢᠲᠦᠷ ᠬᠢᠬᠦ ᠬᠡᠷᠡᠭᠲᠡᠢ᠂ ᠬᠡᠪᠡᠴᠤ ᠬᠡᠲᠦᠷᠭᠡᠢ ᠠᠶᠤᠵᠦ ᠡᠮᠢᠶᠡᠭᠰᠡᠨ ᠤ ᠬᠡᠷᠡᠭ ᠦᠭᠡᠢ᠂ ᠰᠡᠷᠭᠡᠶᠢᠯᠡᠬᠦ ᠨᠢ ᠡᠮᠨᠡᠭᠦᠯᠬᠦ ᠠᠴᠠ ᠴᠢᠬᠤᠯᠠ᠂ ᠢᠯᠡᠭᠦᠤ ᠨᠢᠭᠡ ᠬᠤᠪᠢ ᠰᠡᠳᠬᠢᠯ ᠲᠠᠯᠪᠢᠪᠠᠯ ᠨᠢᠭᠡ ᠬᠤᠪᠢ ᠲᠠᠯᠲᠠ ᠬᠡᠮ ᠠᠴᠠ ᠵᠠᠶᠢᠯᠠᠵᠦ ᠴᠢᠲᠠᠬᠤ ᠪᠤᠯᠤᠨ᠎ᠠ᠃ ᠪᠢᠲᠠ ᠠᠮᠢ ᠨᠠᠰᠤ᠂ ᠡᠷᠡᠭᠦᠯ ᠮᠡᠨᠲᠦ ᠪᠠᠨ ᠨᠠᠨᠳᠢᠩᠨᠠᠵᠣ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠦᠷᠢᠯᠠᠬᠰᠡᠨ ᠠᠭᠤᠰᠬᠢᠨ ᠤ ᠦᠷᠪᠢᠰᠤᠯ ᠤᠨ ᠬᠠᠯᠲᠠᠪᠤᠷᠢᠯᠠᠬᠤ ᠶᠢ ᠰᠡᠷᠭᠡᠶᠢᠯᠡᠬᠦ ᠠᠵᠢᠯ ᠳᠤ ᠢᠲᠡᠪᠬᠢᠲᠡᠢ ᠤᠷᠤᠯᠴᠠᠵᠦ ᠪᠠᠶᠠᠷ ᠭᠦᠷ ᠲᠠᠢ ᠡᠶ᠎ᠡ ᠨᠠᠶᠢᠷ ᠲᠠᠢ ᠴᠠᠭᠠᠨ ᠰᠠᠷ᠎ᠠ ᠶᠢ ᠦᠩᠭᠡᠷᠡᠭᠦᠯᠦᠶ᠎ᠡ︕     ᠣᠨᠴᠠᠭᠠᠶᠢᠯᠠᠨ ᠰᠠᠨᠠᠭᠤᠯᠬᠤ ᠨᠢ᠄ ᠤᠷᠴᠢᠮ ᠤᠨ ᠬᠤᠶᠠᠷ ᠭᠠᠷᠠᠭ ᠤᠨ ᠲᠤᠲᠤᠷ᠎ᠠ ᠬᠤᠪᠸᠢ ᠮᠤᠵᠢ ᠪᠣᠯᠣᠨ ᠦᠬᠠᠨ ᠬᠤᠲᠠ ᠵᠡᠷᠭᠡ ᠭᠠᠵᠠᠷ ᠤᠴᠢᠵᠦ ᠦᠩᠭᠡᠷᠡᠭᠰᠡᠨ ᠬᠦᠮᠦᠰ ᠤᠬᠠᠮᠰᠠᠷ ᠠᠴᠠ ᠪᠠᠨ 14 ᠡᠲᠦᠷ ᠠᠴᠠ ᠲᠡᠭᠡᠭᠰᠢ ᠭᠡᠷ ᠲᠡᠭᠡᠨ ᠰᠠᠭᠤᠵᠦ ᠪᠠᠶ᠎ᠡ ᠶᠢᠨ ᠪᠠᠶᠢᠲᠠᠯ ᠢᠶᠠᠨ ᠠᠵᠢᠭᠯᠠᠬᠤ ᠬᠡᠷᠡᠭᠲᠡᠢ᠃ ᠵᠢᠱᠢᠶᠡᠯᠡᠪᠠᠯ ᠬᠠᠯᠠᠭᠤᠷᠠᠬᠤ᠂ ᠬᠠᠭᠤᠷᠠᠢ ᠪᠠᠷ ᠬᠠᠨᠢᠶᠠᠬᠤ᠂ ᠠᠮᠢᠰᠬᠤᠯ ᠪᠠᠴᠢᠮᠲᠠᠬᠤ ᠵᠡᠷᠭᠡ ᠪᠠᠶᠢᠲᠠᠯ ᠭᠠᠷᠪᠠᠯ ᠰᠢᠭᠤᠳ ᠡᠮᠴᠢᠯᠡᠭᠡᠨ ᠤ ᠪᠠᠶᠢᠭᠤᠯᠤᠮᠵᠢ  ᠶᠢᠨ ᠬᠠᠯᠠᠭᠤᠷᠠᠬᠤ ᠶᠢ ᠪᠠᠶᠢᠴᠠᠭᠠᠬᠤ ᠡᠭᠦᠲᠡᠨ ᠡᠮᠨᠡᠯᠭᠡ ᠳᠤ ᠤᠴᠢᠵᠦ ᠦᠵᠡᠬᠦᠯᠦᠭᠡᠷᠡᠢ︕ ᠬᠠᠯᠲᠠᠪᠦᠷᠢᠯᠠᠬᠤ ᠠᠴᠠ ᠰᠡᠷᠭᠡᠶᠢᠯᠡᠵᠦ ᠴᠠᠭ ᠲᠤᠬᠠᠢ ᠳᠤᠨᠢ ᠡᠮᠨᠡᠨ ᠵᠠᠰᠠᠭᠤᠯᠬᠤ ᠬᠡᠷᠡᠭᠲᠡᠢ᠃ ᠡᠨᠡ ᠪᠤᠯ ᠲᠠ ᠪᠦᠬᠦᠨ ᠤ ᠡᠷᠡᠬᠦᠯ ᠴᠢᠬᠢᠷᠠᠭ ᠪᠣᠯᠣᠨ ᠵᠣᠯ ᠵᠢᠷᠭᠠᠯ ᠲᠠᠢ ᠬᠤᠯᠪᠣᠭᠳᠠᠬᠤ ᠨᠢᠭᠡ ᠵᠦᠢᠯ ᠤᠨ ᠣᠬᠠᠮᠰᠠᠷ ᠮᠦᠷᠳᠡᠬᠡᠨ ᠨᠢᠭᠡ ᠵᠤᠶᠢᠯ ᠤᠨ ᠡᠬᠦᠷᠬᠡ ᠬᠠᠷᠢᠭᠤᠴᠠᠯᠭ᠎ᠠ ᠪᠣᠯᠣᠨ᠎ᠠ᠃ ᠬᠠᠮᠤᠭ ᠤᠨ ᠰᠡᠭᠦᠯ ᠳᠤ ᠲᠠ ᠪᠦᠬᠦᠨ ᠤ ᠴᠠᠭᠠᠨ ᠰᠠᠷ᠎ᠠ ᠪᠠᠨ ᠪᠠᠶᠠᠷ ᠬᠦᠷ ᠲᠠᠢ᠂ ᠠᠮᠤᠷ ᠠᠮᠤᠭᠤᠯᠠᠩ ᠦᠩᠭᠡᠷᠡᠬᠦᠯᠬᠦ ᠶᠢ ᠢᠷᠣᠬᠡᠨ ᠵᠦᠩᠨᠡᠶ᠎ᠡ︕        ᠢᠲᠡᠪᠬᠢᠲᠡᠢ ᠲᠠᠮᠵᠢᠭᠤᠯᠬᠤ ᠪᠤᠯᠪᠠᠤ︖                       ᠦᠤᠰᠢᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠲᠦ ᠶᠢᠨ ᠵᠦᠪᠯᠡᠯ ᠠᠴᠠ                                 2020 ᠣᠨ ᠤ 1 ᠰᠠᠷ᠎ᠠ ᠶᠢᠨ 24 ᠤ ᠡᠳᠣᠷ
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号