ᠮᠠᠨ ᠤ ᠬᠤᠰᠢᠭᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠨ ᠪᠠᠶᠢᠴᠠᠭᠠᠯᠳᠠ  ᠶᠢᠨ ᠲᠤᠭᠤᠶᠢᠯᠠᠩ ᠲᠠᠢ ᠰᠠᠭᠤᠳᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-02-04
     1 ᠰᠠᠷ᠎ᠠ ᠶᠢᠨ 27 ᠤ ᠡᠳᠦᠷ᠂ ᠮᠠᠨ ᠤ ᠬᠤᠰᠢᠭᠤ ᠵᠠᠰᠠᠭ ᠵᠠᠬᠢᠷᠭᠠᠨ ᠤ ᠦᠶᠯᠡᠴᠢᠯᠡᠭᠡᠨ ᠤ ᠲᠥᠪ ᠲᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠨ ᠪᠠᠶᠢᠴᠠᠭᠠᠯᠳᠠ ᠶᠢᠨ ᠲᠤᠭᠤᠶᠢᠯᠠᠩ ᠲᠠᠢ ᠰᠠᠭᠤᠳᠠᠯ ᠤᠨ ᠬᠤᠷᠠᠯ ᠬᠤᠷᠠᠯᠳᠤᠭᠤᠯᠪᠠ᠃ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠨ ᠪᠠᠶᠢᠴᠠᠭᠠᠯᠳᠠ ᠶᠢᠨ ᠳᠤᠭᠤᠶᠢᠯᠠᠩ ᠤᠨ ᠬᠢᠨ ᠪᠤᠯᠤᠨ ᠬᠤᠰᠢᠭᠤ ᠲᠡᠳ᠋ ᠳᠠᠷᠤᠭ᠎ᠠ ᠯᠢᠦ ᠵᠧᠩ᠂ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ᠂ ᠵᠠᠰᠠᠭ ᠤᠨ ᠣᠷᠳᠣᠨ ᠤ ᠠᠯᠪᠠᠨ ᠬᠡᠷ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠪᠠ ᠡᠯ᠎ᠡ ᠰᠤᠮᠤ ᠪᠠᠯᠭᠠᠰᠤᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      ᠱᠠᠭᠠᠷᠳᠠᠨ ᠪᠠᠶᠢᠴᠠᠭᠠᠯᠳᠠ ᠶᠢᠨ ᠲᠤᠭᠤᠶᠢᠯᠠᠩ ᠤᠨ ᠬᠢᠨ ᠴᠢᠬᠤᠯᠠᠴᠢᠯᠠᠭᠰᠠᠨ ᠨᠢ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠠᠵᠢᠯ ᠢᠶᠠᠨ ᠥᠷᠨᠢᠭᠦᠯᠵᠦ ᠭᠠᠯᠲᠤ ᠲᠡᠷᠭᠡᠨ ᠥᠷᠲᠡᠭᠡ᠂ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠪᠣᠯᠤᠨ ᠵᠠᠰᠠᠮᠠᠯ ᠵᠠᠮ ᠤᠨ ᠬᠢᠯᠢ ᠳᠤ ᠣᠷᠣᠬᠤ ᠡᠭᠦᠳᠡ ᠵᠡᠷᠭᠡ ᠭᠠᠵᠠᠷ ᠲᠤ ᠢᠯᠡ ᠲᠣᠳᠣ ᠬᠢᠯᠢ ᠪᠠᠷ ᠣᠷᠣᠬᠤ ᠰᠠᠨᠠᠭᠤᠯᠤᠮᠵᠢ᠂ ᠰᠡᠷᠡᠮᠵᠢᠯᠡᠭᠦᠯᠬᠦ ᠫᠠᠶᠢᠰᠠ ᠳᠣᠭᠢᠷᠠᠭᠤᠯᠵᠤ ᠪᠠᠶᠢᠴᠠᠭᠠᠬᠤ ᠴᠡᠭ ᠤᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠨ ᠨᠢᠭᠡᠳ ᠨᠢᠭᠡ ᠪᠠᠷ ᠪᠠᠶᠢᠴᠠᠭᠠᠨ ᠪᠡᠶ᠎ᠡ ᠶᠢᠨ ᠭᠠᠷᠤᠯ ᠢ ᠬᠢᠨᠠᠨ ᠬᠠᠷᠭᠤᠭᠤᠯᠬᠤ ᠬᠡᠷᠡᠭᠲᠡᠶ᠃ ᠲᠦᠷ ᠴᠠᠭ ᠲᠤᠰᠠᠭᠠᠷᠯᠠᠬᠤ ᠥᠷᠥᠭᠡ ᠶᠢ ᠰᠠᠶᠢᠲᠤᠷ ᠪᠡᠯᠡᠳᠬᠡᠵᠦ ᠮᠠᠰᠢᠨ ᠲᠡᠷᠭᠡ᠂ ᠭᠠᠯᠲᠤ ᠲᠡᠷᠭᠡ ᠵᠡᠷᠭᠡ ᠨᠢᠭᠡᠨᠳᠠ ᠪᠢᠲᠡᠭᠦᠮᠵᠢᠯᠡᠭᠰᠡᠨ ᠵᠠᠮ ᠬᠠᠷᠢᠯᠴᠠᠭᠠᠨ ᠤ ᠪᠠᠭᠠᠵᠢ ᠶᠢ ᠰᠠᠯᠬᠢ ᠨᠠᠪᠳᠠᠷᠠᠭᠦᠯᠤᠨ ᠠᠷᠢᠭᠤᠳᠬᠠᠬᠤ ᠬᠡᠷᠡᠭᠲᠡᠶ᠃ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠰᠢᠨ᠎ᠡ ᠮᠠᠶ᠋ᠢᠭ ᠤᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠰᠡᠵᠢᠭᠯᠡᠯᠲᠡᠶ ᠡᠪᠡᠳᠴᠢᠨ ᠤ ᠵᠢᠱᠢᠶ᠎ᠡ᠂ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢ ᠣᠯᠵᠤ ᠮᠡᠳᠡᠪᠡᠯ ᠴᠠᠭ ᠲᠤᠬᠠᠶ ᠳᠤᠨᠢ ᠮᠡᠳᠡᠭᠦᠯᠵᠦ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠴᠤ ᠦᠬᠠᠨ ᠵᠡᠷᠭᠡ ᠭᠤᠤᠯᠳᠠᠯᠭ᠎ᠠ ᠲᠠᠢ ᠭᠠᠵᠠᠷ ᠣᠷᠣᠨ ᠠᠴᠠ ᠢᠷᠡᠭᠰᠠᠨ ᠬᠥᠮᠦᠰ ᠢ ᠪᠠᠶᠢᠴᠠᠭᠠᠬᠤ ᠠᠵᠢᠯ ᠢ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ᠤᠬᠠᠭᠤᠯᠭ᠎ᠠ ᠬᠥᠮᠦᠵᠢᠯ ᠪᠣᠯᠤᠨ ᠶᠠᠷᠢᠶ᠎ᠠ ᠬᠡᠯᠡᠯᠴᠡᠭᠡᠨ ᠢᠶᠠᠷ ᠬᠥᠲᠥᠯᠥᠨ ᠵᠢᠯᠤᠭᠤᠳᠴᠤ ᠡᠷᠡᠭᠦᠯ ᠮᠡᠨᠳᠦ ᠶᠢᠨ ᠰᠠᠨᠠᠭᠤᠯᠤᠮᠵᠢ ᠵᠡᠷᠭᠡ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠴᠠᠭ ᠲᠤᠬᠠᠶ ᠳᠤᠨᠢ ᠨᠠᠶᠢᠳᠠᠯᠠᠨ ᠨᠡᠶᠢᠭᠡᠮ ᠤᠨ ᠠᠩᠬᠠᠷᠤᠯ ᠲᠠᠯᠪᠢᠵᠤ ᠪᠠᠶᠭ᠎ᠠ ᠠᠰᠠᠭᠤᠳᠠᠯ ᠳᠤ ᠬᠠᠷᠢᠭᠤ ᠥᠭᠬᠦ ᠶᠢᠨ ᠬᠠᠮᠲᠤ ᠨᠡᠶᠢᠭᠡᠮ ᠤᠨ ᠲᠣᠭᠲᠠᠭᠤᠨ ᠢ ᠨᠥᠯᠥᠭᠡᠯᠡᠭᠦ ᠳᠠᠯᠳᠠ ᠭᠡᠮ ᠪᠣᠯᠤᠨ ᠲᠤᠪᠤᠶᠢᠮ᠎ᠠ ᠠᠰᠠᠭᠤᠳᠠᠯ ᠢ ᠲᠣᠬᠢᠲᠠᠶ ᠰᠢᠶᠳᠪᠦᠷᠢᠯᠡᠬᠦ ᠬᠡᠷᠡᠭᠲᠡᠶ ᠭᠡᠵᠡᠢ᠃      ᠯᠢᠦ ᠵᠧᠩ ᠱᠠᠭᠠᠷᠳᠠᠨ ᠪᠠᠶᠢᠴᠠᠭᠠᠯᠳᠠ ᠶᠢᠨ ᠲᠤᠭᠤᠶᠢᠯᠠᠩ ᠤᠨ ᠬᠢᠨ ᠳᠤ ᠮᠠᠨ ᠤ ᠬᠤᠰᠢᠭᠤᠨ ᠤ ᠣᠶᠢᠷ᠎ᠠ  ᠶᠢᠨ ᠬᠤᠭᠤᠴᠠᠭᠠᠨ ᠤ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠤᠨ ᠪᠠᠶᠢᠳᠠᠯ ᠵᠢᠴᠢ ᠣᠳᠣᠬᠠᠨ ᠳᠤ ᠲᠤᠯᠭᠠᠷᠠᠵᠤ ᠪᠠᠶᠢᠭ᠎ᠠ ᠬᠢᠵᠢᠭ ᠰᠡᠷᠭᠡᠶᠢᠯᠡᠬᠦ ᠡᠳ᠋ ᠪᠣᠳᠠᠰ ᠳᠤᠲᠠᠭᠳᠠᠵᠤ ᠪᠠᠶᠢᠭ᠎ᠠ ᠪᠣᠳᠠᠲᠠᠶ ᠬᠦᠴᠢᠷᠳᠡᠯ ᠤᠨ ᠲᠤᠬᠠᠶ ᠨᠠᠷᠢᠨ ᠮᠡᠳᠡᠭᠦᠯᠦᠯᠲᠡ ᠬᠢᠵᠡᠶ᠃ ᠲᠠᠷᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ︽ᠬᠢᠵᠢᠭ ᠤᠨ ᠪᠠᠶᠢᠳᠠᠯ ᠪᠣᠯ ᠵᠠᠷᠯᠢᠭ᠂ ᠰᠡᠷᠭᠡᠶᠢᠯᠡᠨ ᠡᠵᠡᠮᠳᠡᠬᠦ ᠪᠣᠯ ᠬᠠᠷᠢᠭᠤᠴᠠᠯᠭ᠎ᠠ ᠮᠥᠨ︾ ᠭᠡᠬᠦ ᠦᠵᠡᠯ ᠰᠠᠨᠠᠭ᠎ᠠ ᠶᠢ ᠪᠠᠲᠤ ᠪᠣᠶ ᠪᠣᠯᠭᠠ ᠬᠠᠷᠢᠶᠠᠲᠤ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠢᠯ ᠲᠥᠷᠥᠯ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠬᠢᠵᠢᠭ ᠤᠨ ᠢᠷᠡᠯᠲᠡ ᠶᠢ ᠬᠢᠨᠠᠨ ᠪᠠᠶᠢᠴᠠᠭᠠᠬᠤ᠂ ᠬᠠᠮᠳᠤᠷᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠳᠬᠠᠨ ᠬᠢᠵᠢᠭ ᠬᠠᠯᠳᠠᠪᠤᠷᠢᠯᠠᠬᠤ ᠠᠴᠠ ᠡᠷᠡᠰ ᠵᠠᠶᠢᠯᠠᠰᠬᠢᠵᠦ ᠠᠷᠠᠳ ᠣᠯᠠᠨ ᠤ ᠡᠷᠡᠭᠦᠯ ᠮᠡᠨᠳᠦ ᠶᠢ ᠪᠠᠳᠤᠯᠠᠬᠤ ᠬᠡᠷᠡᠭᠲᠡᠶ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号