ᠣᠷᠳᠣᠰ ᠬᠤᠲᠠ ᠶᠢᠨ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠨ ᠪᠠᠶᠢᠴᠠᠭᠠᠯᠳᠠ ᠶᠢᠨ ᠬᠠᠷᠢᠭᠤ ᠮᠡᠳᠡᠭᠦᠯᠥᠯᠳᠠ ᠶᠢᠨ ᠬᠤᠷᠠᠯ ᠪᠤᠯᠤᠨ ᠸᠢᠳᠢᠤ᠋ ᠲᠣᠬᠢᠷᠠᠭᠤᠯᠤᠯᠲᠠ ᠶᠢᠨ ᠬᠤᠷᠠᠯ ᠬᠤᠷᠠᠯᠳᠤᠵᠤ ᠮᠠᠨ ᠤ ᠬᠤᠰᠢᠭᠤ ᠸᠢᠳᠢᠤ᠋ ᠬᠤᠷᠠᠯ ᠤᠨ ᠭᠡᠯᠪᠠᠷᠢ ᠪᠠᠷ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2020-02-04
     1 ᠰᠠᠷ᠎ᠠ ᠶᠢᠨ 28 ᠤ ᠡᠳᠤᠷ᠂ ᠣᠷᠳᠣᠰ ᠬᠤᠲᠠ ᠶᠢᠨ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠨ ᠪᠠᠶᠢᠴᠠᠭᠠᠯᠳᠠ ᠶᠢᠨ ᠬᠠᠷᠢᠭᠤ ᠮᠡᠳᠡᠭᠦᠯᠥᠯᠳᠠ ᠶᠢᠨ ᠬᠤᠷᠠᠯ ᠪᠤᠯᠤᠨ ᠸᠢᠳᠢᠤ᠋ ᠲᠣᠬᠢᠷᠠᠭᠤᠯᠤᠯᠲᠠ ᠶᠢᠨ ᠬᠤᠷᠠᠯ ᠬᠤᠷᠠᠯᠳᠤᠵᠤ ᠮᠠᠨ ᠤ ᠬᠤᠰᠢᠭᠤ ᠸᠢᠳᠢᠤ᠋ ᠬᠤᠷᠠᠯ ᠤᠨ ᠭᠡᠯᠪᠠᠷᠢ ᠪᠠᠷ ᠬᠤᠷᠠᠯ ᠳᠤ ᠤᠷᠤᠯᠴᠠᠭᠰᠠᠨ ᠪᠠᠶᠢᠨ᠎ᠠ᠃ ᠬᠤᠲᠠ  ᠶᠢᠨ ᠨᠠᠮ ᠤᠨ ᠬᠤᠷᠢᠶᠠᠨ ᠤ ᠳᠡᠳ᠋ ᠱᠦᠵᠢ ᠬᠤᠲᠠ ᠶᠢᠨ ᠲᠠᠷᠤᠭ᠎ᠠ ᠤᠷᠳᠤᠰ ᠬᠤᠲᠠ ᠶᠢᠨ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠰᠡᠴᠡᠨᠪᠢᠯᠢᠭ ᠬᠤᠷᠠᠯ ᠳᠤ ᠤᠷᠤᠯᠴᠠᠨ ᠶᠠᠷᠢᠶ᠎ᠠ ᠲᠠᠯᠪᠢᠵᠤ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ ᠹᠸᠢ ᠯᠤ᠋᠂ ᠬᠤᠰᠢᠭᠤ ᠲᠡᠳ᠋ ᠲᠠᠷᠤᠭ᠎ᠠ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠲᠠᠷᠤᠭ᠎ᠠ ᠭᠤᠤ ᠬᠤ᠋᠂ ᠬᠤᠰᠢᠭᠤ ᠲᠡᠳ᠋ ᠲᠠᠷᠤᠭ᠎ᠠ ᠪᠠᠶᠠᠠᠴᠢᠮᠡᠭ᠂ ᠬᠤᠰᠢᠭᠤ ᠲᠡᠳ᠋ ᠲᠠᠷᠤᠭ᠎ᠠ ᠯᠢᠤ ᠵᠧᠩ ᠵᠢᠴᠢ ᠵᠠᠰᠠᠭ ᠤᠨ ᠤᠷᠳᠤᠨ ᠤ ᠠᠯᠪᠠᠨ ᠭᠡᠷ᠂ ᠤᠬᠠᠭᠤᠯᠬᠤ ᠭᠡᠯᠳᠡᠰ᠂ ᠡᠷᠡᠭᠦᠯ ᠬᠠᠮᠠᠭᠠᠯᠠᠯ ᠡᠷᠡᠭᠦᠯ ᠮᠠᠨᠳᠤ ᠶᠢᠨ ᠵᠥᠪᠯᠠᠯ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠮᠠᠨ  ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃
     ᠬᠤᠷᠠᠯ ᠲᠡᠭᠡᠷ᠎ᠡ᠂ ᠱᠠᠭᠠᠷᠳᠠᠨ ᠪᠠᠶᠢᠴᠠᠭᠠᠯᠳᠠ ᠶᠢᠨ 9 ᠲᠤᠭᠤᠶᠢᠯᠠᠩ ᠠᠴᠠ ᠡᠯ᠎ᠡ ᠬᠤᠰᠢᠭᠤ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠥᠭᠰᠡᠨ ᠪᠠᠶᠢᠳᠠᠯ ᠪᠠ ᠤᠷᠤᠰᠢᠵᠤ ᠪᠠᠶᠢᠭ᠎ᠠ ᠠᠰᠠᠭᠤᠳᠠᠯ ᠢ ᠬᠠᠷᠢᠭᠤ ᠮᠡᠳᠡᠭᠦᠯᠪᠠ᠃ ᠲᠤᠭᠢᠷᠠᠭᠤᠯᠤᠯᠳᠠ ᠶᠢᠨ ᠬᠤᠷᠠᠯ ᠲᠡᠭᠡᠷ᠎ᠡ ᠡᠯ᠎ᠠ ᠬᠤᠰᠢᠭᠤ ᠲᠤᠭᠤᠷᠢᠭ ᠤᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠤ ᠪᠠᠶᠢᠭ᠎ᠠ ᠪᠠᠶᠢᠳᠠᠯ ᠢ ᠰᠤᠨᠤᠰᠤᠨ ᠭᠢᠵᠢᠭ ᠢ ᠰᠠᠷᠭᠡᠶᠢᠯᠠᠭᠦ ᠪᠠᠶᠢᠳᠠᠯ ᠢ ᠵᠠᠳᠠᠯᠵᠤ ᠲᠠᠷᠠᠭᠠᠴᠢ ᠶᠢᠨ ᠠᠯᠬᠤᠮ ᠤᠨ ᠰᠡᠷᠭᠡᠶᠢᠯᠡᠨ ᠡᠵᠡᠮᠳᠡᠬᠦ ᠠᠵᠢᠯ ᠢ ᠳᠠᠬᠢᠨ ᠪᠠᠶᠢᠷᠢᠯᠠᠭᠤᠯᠵᠤ  ᠳᠠᠬᠢᠨ ᠲᠣᠬᠢᠷᠠᠭᠤᠯᠪᠠ᠃
           ᠰᠡᠴᠡᠨᠪᠢᠯᠢᠭ ᠵᠢᠭᠠᠵᠤ ᠭᠠᠷᠭᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠥᠭᠰᠡᠨ ᠠᠴᠠ ᠨᠠᠰᠢ ᠪᠥᠬᠦ ᠬᠤᠲᠠ ᠪᠠᠷ ᠢᠶᠠᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠤᠭᠢᠶᠠᠨ ᠪᠠᠶᠢᠭᠤᠯᠤᠯᠳᠠ ᠳᠣᠤᠷ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠰᠡᠷᠭᠡᠶᠢᠯᠡᠨ ᠡᠵᠡᠮᠳᠡᠬᠦ ᠠᠵᠢᠯ ᠪᠠᠴᠢᠮ ᠪᠥᠭᠡᠳ ᠡᠮᠬᠢ ᠵᠢᠷᠤᠮ ᠲᠠᠢ ᠶᠠᠪᠤᠭᠳᠠᠨ ᠱᠠᠳᠤᠴᠢ ᠴᠢᠨᠠᠷᠲᠠᠶ ᠦᠷ᠎ᠡ ᠪᠦᠲᠦᠮᠵᠢ ᠤᠯᠪᠠ᠃ ᠭᠡᠪᠡᠴᠦ ᠪᠠᠶᠢᠴᠠᠭᠠᠯᠲᠠ ᠶᠢᠨ ᠲᠤᠮᠳᠠ ᠡᠯ᠎ᠡ ᠬᠤᠰᠢᠭᠤ ᠲᠣᠭᠤᠷᠢᠭ ᠤᠨ ᠪᠠᠶᠢᠴᠠᠭᠠᠯᠲᠠ ᠨᠢ ᠲᠤᠶᠢᠯᠪᠤᠷᠢᠲᠠᠶ ᠪᠢᠰᠢ᠂ ᠪᠠᠶᠢᠴᠠᠭᠠᠬᠤ ᠴᠢᠭ ᠤᠨ ᠲᠣᠬᠢᠷᠠᠭᠤᠯᠤᠯᠲᠠ ᠨᠢ ᠰᠢᠨᠵᠢᠯᠡᠬᠦ ᠤᠬᠠᠭᠠᠨᠴᠢ ᠪᠢᠰᠢ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ᠂ ᠰᠡᠷᠭᠡᠶᠢᠯᠡᠯᠳᠠ ᠶᠢᠨ ᠡᠳ᠋ ᠪᠣᠳᠠᠰ ᠨᠡᠯᠢᠶᠡᠳ ᠳᠤᠲᠠᠭᠳᠠᠵᠤ ᠪᠠᠶᠢᠬᠤ ᠬᠡᠰᠡᠭ ᠺᠠᠳ᠋ᠷ ᠣᠯᠠᠨ ᠲᠦᠮᠡᠨ ᠤ ᠰᠡᠷᠭᠡᠶᠢᠯᠡᠨ ᠬᠠᠮᠠᠭᠠᠯᠠᠬᠤ ᠤᠬᠠᠮᠰᠠᠷ ᠴᠢᠩᠭ᠎ᠠ ᠪᠢᠰᠢ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠵᠡᠶ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠡᠨᠡ ᠤᠳᠠᠭᠠᠨ ᠤ ᠬᠢᠵᠢᠭ ᠤᠨ ᠬᠦᠨᠳᠦ ᠨᠤᠴᠢᠲᠠᠢ ᠴᠢᠨᠠᠷ ᠪᠣᠯᠤᠨ ᠰᠠᠷᠭᠡᠶᠢᠯᠠᠨ ᠡᠵᠡᠮᠳᠡᠬᠦ ᠴᠢᠨᠠᠷ ᠢ ᠭᠦᠶᠴᠡᠳ ᠲᠠᠨᠢᠵᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ ᠪᠣᠳᠠᠲᠤ ᠪᠠᠶᠢᠳᠠᠯ ᠳᠤ ᠰᠠᠭᠤᠷᠢᠯᠠᠵᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠴᠢᠩᠭᠠᠷᠠᠭᠤᠯᠵᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ ᠭᠡᠵᠡᠢ᠃
     ᠰᠡᠴᠡᠨᠪᠢᠯᠢᠭ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠨᠠᠮ ᠤᠨ ᠲᠥᠪ ᠬᠤᠷᠢᠶ᠎ᠠ᠂ ᠲᠥᠷᠤ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠪᠥᠭᠡᠳ ᠨᠠᠷᠢᠨ ᠨᠢᠮᠪᠠᠶ ᠰᠠᠶᠢᠲᠤᠷ ᠬᠢᠬᠦ ᠭᠡᠷᠡᠭᠳᠠᠢ᠃ ᠲᠤᠶᠢᠯᠪᠤᠷᠢᠲᠠᠶ ᠪᠠᠶᠢᠴᠠᠭᠠᠵᠤ ᠴᠢᠩᠭ᠎ᠠ ᠬᠠᠮᠢᠶᠠᠷᠬᠤ ᠶᠢ ᠪᠠᠷᠢᠮᠲᠠᠯᠠᠬᠤ ᠬᠡᠷᠡᠭᠲᠡᠶ᠃ ᠬᠠᠷᠢᠶ᠎ᠠ ᠣᠷᠣᠨ  ᠠᠴᠠ ᠭᠠᠳᠠᠨᠠᠬᠢ ᠬᠥᠮᠦᠰ ᠨᠡᠩ ᠢᠯᠠᠩᠭᠤᠶ᠎ᠠ ᠬᠤᠪᠸᠢ ᠮᠤᠵᠢ ᠠᠴᠠ ᠢᠷᠡᠭᠰᠡᠨ ᠬᠥᠮᠦᠰ ᠢ ᠨᠠᠷᠢᠨ ᠪᠠᠶᠢᠴᠠᠭᠠᠵᠤ ᠬᠠᠯᠳᠠᠪᠤᠷᠢᠯᠠᠨ ᠲᠠᠷᠬᠠᠬᠤ ᠡᠪᠡᠳᠴᠢᠨ ᠤ ᠵᠢᠱᠢᠶ᠎ᠡ ᠶᠢ ᠠᠯᠢ ᠴᠢᠳᠠᠬᠤ ᠪᠠᠷ ᠪᠠᠭᠠᠰᠬᠠᠬᠤ ᠬᠡᠷᠡᠭᠲᠡᠶ︔ ᠰᠡᠵᠢᠭᠯᠡᠯᠲᠡᠶ ᠡᠪᠡᠳᠴᠢᠨ ᠤ ᠵᠢᠱᠢᠶ᠎ᠡ ᠪᠠ ᠤᠶᠢᠷᠠᠲᠤᠵᠤ ᠬᠦᠷᠦᠯᠴᠡᠭᠰᠡᠳ ᠢ ᠠᠨᠠᠭᠠᠬᠤ ᠤᠬᠠᠭᠠᠨ ᠤ ᠱᠠᠭᠠᠷᠳᠠᠯᠭ᠎ᠠ ᠶᠣᠰᠣᠭᠠᠷ ᠲᠤᠰᠠᠭᠠᠷᠯᠠᠨ ᠪᠠᠶᠢᠴᠠᠭᠠᠵᠤ ᠲᠤᠰᠬᠠᠶ ᠬᠥᠮᠦᠨ ᠲᠣᠮᠢᠯᠠᠨ ᠬᠠᠮᠢᠶᠠᠷᠤᠭᠤᠯᠵᠤ ᠡᠷᠲᠡ ᠢᠯᠡᠷᠡᠭᠦᠯᠬᠦ᠂ ᠡᠷᠳᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ ᠡᠮᠨᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠴᠢᠩᠭ᠎ᠠ ᠰᠡᠷᠭᠡᠶᠢᠯᠡᠨ ᠰᠠᠬᠢᠬᠤ ᠶᠢ ᠪᠠᠷᠢᠮᠲᠠᠯᠠᠬᠤ ᠬᠡᠷᠡᠭᠲᠡᠢ᠃ ᠭᠤᠣᠯᠳᠠᠯᠭ᠎ᠠ ᠲᠠᠢ ᠲᠠᠯᠠᠪᠤᠷ᠂ ᠭᠤᠣᠯᠳᠠᠯᠭ᠎ᠠ ᠲᠠᠢ ᠣᠷᠣᠨ ᠪᠠᠶᠢᠷᠢ᠂ ᠭᠤᠣᠯᠳᠠᠯᠭ᠎ᠠ ᠲᠠᠢ ᠠᠵᠢᠯᠲᠠᠨ ᠢ ᠦᠨᠡᠨᠬᠦ ᠠᠳᠬᠤᠵᠤ ᠪᠦᠬᠦ ᠬᠤᠲᠠ ᠶᠢᠨ ᠭᠤᠣᠯ ᠵᠠᠮ ᠤᠨ ᠲᠣᠭᠤᠷᠢᠨ ᠳᠤ ᠪᠠᠶᠢᠴᠠᠭᠠᠬᠤ ᠴᠢᠭ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ ᠠᠵᠢᠯᠲᠠᠨ ᠤ ᠬᠦᠴᠦᠨ ᠢ ᠵᠣᠬᠢᠰᠲᠠᠢ  ᠲᠤᠬᠢᠷᠠᠭᠤᠯᠵᠤ ᠭᠥᠮᠤᠰ ᠤᠨ ᠣᠷᠣᠵᠤ ᠭᠠᠷᠬᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ︔ ᠡᠮᠤᠨ᠎ᠠ ᠹᠷᠣᠨᠲ ᠤᠨ ᠠᠵᠢᠯᠲᠠᠨ ᠢ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠵᠦ ᠬᠠᠯᠳᠠᠪᠤᠷᠢᠯᠠᠬᠤ ᠶᠢ ᠴᠢᠩᠭ᠎ᠠ ᠰᠡᠷᠭᠡᠶᠢᠯᠡᠭᠦ ᠬᠡᠷᠡᠭᠲᠡᠶ︔ ᠠᠵᠤ ᠦᠶᠯᠡᠳᠪᠦᠷᠢ  ᠶᠢᠨ ᠬᠦᠷᠢᠶᠡᠯᠡᠩ ᠲᠣᠭᠤᠷᠢᠭ᠂ ᠦᠶᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠨᠢᠯᠲᠠ ᠶᠢ ᠳᠡᠭᠡᠭᠰᠢᠯᠡᠭᠦᠯᠵᠦ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠠᠵᠢᠯᠲᠠᠳ ᠤᠨ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ ᠬᠡᠪᠡ᠃      ᠰᠡᠴᠡᠨᠪᠢᠯᠢᠭ ᠱᠠᠭᠠᠷᠳᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠵᠢᠯᠣᠭᠤᠳᠬᠤ ᠭᠠᠵᠠᠷ ᠨᠢ ᠶᠡᠷᠤᠩᠭᠡᠶᠢᠯᠡᠨ ᠵᠣᠬᠢᠴᠠᠭᠤᠯᠵᠤ ᠨᠢᠭᠡᠳᠦᠯᠲᠡᠶ ᠲᠥᠯᠥᠪᠯᠡᠨ ᠳᠣᠭᠢᠷᠠᠭᠤᠯᠵᠤ ᠡᠯ᠎ᠡ ᠠᠵᠢᠯ ᠲᠥᠷᠥᠯ᠂ ᠡᠯ᠎ᠡ ᠹᠷᠣᠨᠲ᠂ ᠡᠯ᠎ᠡ ᠰᠢᠰᠲ᠋ᠧᠮ ᠤᠨ ᠰᠡᠷᠭᠡᠶᠢᠯᠡᠨ ᠡᠵᠡᠮᠳᠡᠬᠦ ᠦᠶᠯᠡᠳᠦᠯ ᠢ ᠭᠦᠶᠴᠡᠳ ᠪᠠᠳᠠᠷᠠᠭᠤᠯᠬᠤ ᠬᠡᠷᠡᠭᠲᠡᠶ᠃ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠠᠵᠢᠯ ᠤᠨ ᠪᠠᠶᠢᠷᠢᠰᠢᠯ ᠢ ᠪᠠᠶᠢᠭᠤᠯᠤᠨ ᠨᠡᠶᠢᠭᠡᠮ ᠲᠣᠭᠤᠷᠢᠭ ᠤᠨ ᠰᠦᠯᠵᠢᠶᠡᠵᠢᠭᠦᠯᠦᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠷᠠᠭᠤᠯᠵᠤ ᠲᠤᠤᠷ ᠰᠥᠯᠵᠢᠶᠡᠨ ᠤ ᠦᠶᠯᠡᠳᠦᠯ  ᠢ ᠭᠦᠶᠴᠡᠳ ᠪᠠᠳᠠᠷᠠᠭᠤᠯᠤᠨ  ᠣᠯᠠᠨ ᠲᠦᠮᠡᠨ ᠤ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠢ ᠲᠡᠭᠡᠭᠰᠢᠯᠠᠭᠦᠯᠭᠦ ᠬᠡᠷᠡᠭᠲᠡᠶ᠃ ᠮᠡᠳᠡᠭᠡ ᠵᠠᠩᠭᠢ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ ᠪᠦᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠤ ᠪᠠᠶᠢᠭ᠎ᠠ ᠪᠠᠶᠢᠳᠠᠯ ᠢ ᠴᠠᠭ ᠲᠤᠬᠠᠶ ᠳᠤᠨᠢ ᠨᠠᠶᠢᠳᠡᠯᠡᠵᠤ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ ᠬᠠᠮᠢᠶ᠎ᠠ ᠪᠦᠬᠦᠢ ᠮᠡᠳᠡᠯᠭᠡ ᠶᠢ ᠲᠠᠶᠢᠯᠪᠤᠷᠢᠯᠠᠵᠤ ᠬᠤᠲᠠ ᠶᠢᠨ ᠨᠠᠮ ᠤᠨ ᠬᠤᠷᠢᠶ᠎ᠠ᠂ ᠵᠠᠰᠠᠭ   ᠤᠨ ᠣᠷᠳᠣᠨ ᠤ ᠠᠪᠤᠭᠰᠠᠨ ᠠᠷᠭ᠎ᠠ ᠭᠡᠮᠵᠢᠶ᠎ᠡ ᠪᠣᠯᠤᠨ ᠳᠤᠷᠠᠳᠤᠭᠰᠠᠨ ᠱᠠᠭᠠᠷᠳᠠᠯᠭ᠎ᠠ ᠶᠢ ᠴᠠᠭ ᠲᠤᠬᠠᠶ ᠳᠤᠨᠢ ᠮᠡᠳᠡᠬᠡᠯᠡᠨ ᠣᠯᠠᠨ ᠨᠡᠶᠢᠲᠡ ᠶᠢ ᠬᠢᠵᠢᠭ ᠤᠨ ᠪᠠᠶᠢᠳᠠᠯ ᠳᠤ ᠣᠶᠤᠨᠴᠢ ᠪᠠᠷ ᠬᠠᠨᠳᠤᠬᠤ ᠶᠢ ᠭᠥᠳᠤᠯᠤᠨ ᠵᠢᠯᠤᠭᠤᠳᠬᠤ ᠬᠡᠷᠡᠭᠲᠡᠶ᠃ ᠡᠳ᠋ ᠪᠣᠳᠠᠰ ᠤᠨ ᠪᠠᠲᠤᠯᠠᠭ᠎ᠠ ᠶᠢ ᠴᠢᠩᠭᠠᠳᠬᠠᠵᠤ ᠤᠯᠠᠨ ᠲᠡᠰ ᠳᠠᠪᠬᠤᠷᠭ᠎ᠠ᠂ ᠤᠯᠠᠨ ᠠᠷᠭ᠎ᠠ ᠵᠠᠮ ᠢᠶᠠᠷ ᠠᠮᠠᠪᠴᠢ᠂ ᠰᠡᠷᠭᠡᠶᠢᠯᠡᠨ ᠬᠠᠮᠠᠭᠠᠯᠠᠬᠤ ᠬᠡᠷᠡᠭᠰᠡᠯ ᠂ ᠡᠮ ᠵᠡᠷᠭᠡ ᠡᠮ ᠡᠮᠨᠡᠯᠭᠡ ᠡᠷᠡᠭᠦᠯ ᠬᠠᠮᠠᠭᠠᠯᠠᠯ ᠤᠨ ᠮᠠᠲ᠋ᠧᠷᠢᠶᠠᠯ ᠢ ᠴᠤᠭᠯᠠᠭᠤᠯᠵᠤ ᠤᠯᠠᠨ ᠲᠦᠮᠡᠨ ᠤ ᠠᠮᠢᠳᠤᠷᠠᠯ  ᠤᠨ ᠬᠡᠷᠡᠭᠰᠡᠯ ᠵᠡᠷᠭᠡ   ᠶᠢᠨ ᠦᠢᠯᠡᠳᠪᠦᠷᠢᠯᠡᠯ ᠤᠨ ᠲᠤᠭᠢᠷᠠᠭᠤᠯᠭ᠎ᠠ ᠶᠢ ᠰᠠᠶᠢᠲᠤᠷ ᠵᠣᠬᠢᠶᠠᠨ ᠪᠠᠶᠢᠭᠤᠯᠵᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠨᠡᠶᠢᠭᠡᠮ ᠤᠨ ᠶᠡᠷᠦᠩᠭᠡᠢ ᠪᠠᠶᠢᠳᠠᠯ ᠤᠨ ᠲᠣᠭᠲᠠᠭᠤᠨ ᠪᠠᠶᠢᠬᠤ ᠶᠢ ᠬᠠᠮᠠᠭᠠᠯᠠᠬᠤ ᠬᠡᠷᠡᠭᠲᠡᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号