1 ᠰᠠᠷ᠎ᠠ ᠶᠢᠨ 29 ᠤ ᠡᠳᠦᠷ᠂ ᠪᠦᠬᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠥ | ᠬᠤᠷᠢᠬᠯᠠᠨ ᠬᠢᠵᠠᠭᠠᠷᠯᠠᠬᠤ ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠤᠯᠬᠤ ᠲᠠᠶᠢᠴᠢᠯᠠᠯᠳᠠ ᠶᠢᠨ ᠬᠤᠷᠠᠯ | ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠳᠤ | ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ ᠪᠥᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ᠪᠣᠯᠤᠨ ᠥᠷᠭᠡᠨ ᠣᠯᠠᠨ ᠡᠪ ᠬᠠᠮᠲᠤ ᠨᠠᠮ ᠤᠨ ᠭᠡᠰᠢᠭᠦᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠥ | ᠬᠤᠷᠢᠬᠯᠠᠨ ᠬᠢᠵᠠᠭᠠᠷᠯᠠᠬᠤ ᠲᠡᠶᠢᠯᠠᠯᠳᠤᠭᠠᠨ ᠤ ᠢᠯᠠᠯᠲᠠ ᠶᠢ ᠲᠡᠮᠡᠴᠡᠨ ᠤᠯᠬᠤ ᠤᠯᠤᠰ ᠲᠥᠷᠥ ᠶᠢᠨ | ᠬᠠᠷᠢᠭᠤᠴᠠᠯᠭ᠎ᠠ ᠶᠢ ᠡᠷᠡᠰ ᠡᠭᠦᠷᠭᠡᠯᠡᠵᠦ ᠨᠠᠮ ᠤᠨ ᠤᠳᠤᠷᠢᠳᠤᠯᠭ᠎ᠠ ᠶᠢ ᠴᠢᠩᠭᠠᠳᠬᠠᠨ ᠪᠠᠶᠢᠭᠤᠯᠤᠯ ᠤᠨ ᠳᠠᠪᠠᠭᠤᠯᠢᠭ ᠢ | ᠪᠠᠳᠠᠷᠠᠭᠤᠯᠵᠤ ᠠᠵᠢᠯ ᠤᠨ ᠰᠤᠷᠲᠠᠯ ᠢᠶᠠᠨ ᠰᠠᠶᠢᠵᠢᠷᠠᠭᠤᠯᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ | ᠠᠳᠬᠤᠵᠤ ᠡᠷᠡᠰ ᠬᠦᠴᠦᠲᠡᠶ ᠠᠵᠢᠯᠯᠠᠭ᠎ᠠ ᠪᠠᠷ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠬᠦᠯᠵᠤ | ︽ᠬᠤᠶᠠᠷ ᠢ ᠬᠠᠮᠠᠭᠠᠯᠠᠬᠤ︾ ᠶᠢ ᠢᠯᠡᠷᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠳᠡᠳ᠋ ᠱᠦᠵᠢ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠬᠤᠷᠠᠯ ᠢ | ᠡᠷᠭᠢᠯᠡᠵᠦ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ | ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ ᠮᠠᠨ ᠤ ᠣᠷᠣᠨ ᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠢ ᠮᠡᠳᠡᠭᠳᠡᠪᠡ᠃ | | | | | | | ᠬᠤᠷᠠᠯ ᠢ ᠸᠢᠳᠢᠣ᠋ ᠬᠤᠷᠠᠯ ᠤᠨ ᠬᠡᠯᠪᠡᠷᠢ ᠪᠠᠷ ᠬᠤᠷᠠᠯᠳᠤᠭᠤᠯᠵᠤ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ | ᠬᠤᠲᠠ᠂ ᠲᠣᠭᠤᠷᠢᠭ︶᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠶᠡᠭᠡ ᠬᠢᠩᠭᠠᠨ | ᠳᠠᠪᠠᠭ᠎ᠠ ᠶᠢᠨ ᠣᠶ ᠰᠢᠭᠤᠶ ᠶᠢᠨ ᠬᠠᠮᠢᠶᠠᠷᠤᠯᠲᠠ ᠶᠢᠨ ᠲᠣᠪᠴᠢᠶ᠎ᠠ ᠳᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃ | ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ | ᠬᠤᠰᠢᠭᠤ ᠳᠠᠷᠤᠭ᠎ᠠ ᠵᠣᠣ ᠹᠸᠢ ᠯᠦ ᠵᠡᠷᠭᠡ ᠤᠳᠤᠷᠢᠳᠤᠯᠭ᠎ᠠ ᠨᠠᠷ ᠮᠠᠨ ᠤ ᠬᠤᠰᠢᠭᠤᠨ ᠤ ᠬᠤᠪᠢᠶᠠᠷᠢ ᠲᠠᠯᠠᠪᠠᠢ ᠳᠤ | ᠬᠤᠷᠠᠯ ᠳᠤ ᠣᠷᠣᠯᠴᠠᠪᠠ᠃ | | | | | | | ᠱᠢ ᠲᠠᠢ ᠹᠧᠩ ᠵᠢᠭᠠᠵᠤ ᠭᠠᠷᠭᠠᠬᠤ ᠳᠤ ᠪᠠᠨ᠂ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠨᠢ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ | ᠬᠤᠯᠪᠣᠭᠳᠠᠵᠤ ᠥᠭᠡᠷᠡᠴᠢᠯᠡᠯᠲᠡ ᠬᠥᠭᠵᠢᠯᠲᠡ ᠲᠣᠭᠲᠠᠭᠤᠨ ᠪᠠᠶᠢᠳᠠᠯ ᠤᠨ ᠪᠥᠬᠦ ᠲᠠᠯ᠎ᠠ ᠳᠤ ᠬᠤᠯᠪᠣᠭᠳᠠᠨ᠎ᠠ᠃ | ᠶᠡᠷᠦᠩᠬᠡᠶ ᠱᠦᠵᠢ ᠰᠢ ᠶᠢᠨ ᠫᠢᠩ ᠡᠨᠡ ᠤᠳᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠦ ᠪᠡᠶ᠎ᠡ ᠪᠠᠷ ᠢᠶᠠᠨ ᠵᠢᠯᠣᠭᠤᠳᠴᠤ ᠪᠡᠶ᠎ᠡ ᠪᠠᠷ ᠢᠶᠠᠨ ᠪᠠᠶᠢᠷᠢᠯᠠᠭᠤᠯᠪᠠ᠃ ᠪᠦᠬᠦ | ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ | ᠺᠠᠳ᠋ᠷᠴᠤᠳ ︽ᠳᠥᠷᠪᠡᠨ ᠤᠬᠠᠮᠰᠠᠷ︾ ᠢᠶᠠᠨ ᠦᠨᠡᠨ ᠬᠦ ᠴᠢᠩᠭᠠᠳᠬᠠᠵᠤ ︽ᠳᠥᠷᠪᠡᠨ ᠢᠲᠡᠭᠡᠯ︾ ᠢᠶᠠᠨ | ᠪᠠᠲᠤᠳᠬᠠᠨ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠰᠠᠶᠢᠲᠤᠷ ᠬᠢᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠤ ᠬᠤᠷᠢᠬᠯᠠᠨ ᠬᠢᠵᠠᠭᠠᠷᠯᠠᠬᠤ ᠳᠠᠶᠢᠯᠠᠯᠳᠤᠭᠠᠨ ᠤ | ᠢᠯᠡᠯᠳᠠ ᠶᠢ ᠲᠡᠮᠡᠴᠡᠨ ᠤᠯᠬᠤ ᠶᠢᠨ ᠲᠦᠢᠯ ᠤᠨ ᠴᠢᠬᠤᠯᠠ ᠴᠢᠨᠠᠷ ᠪᠣᠯᠤᠨ ᠪᠣᠳᠠᠲᠤ ᠲᠤᠯᠭᠠᠮ᠎ᠠ ᠴᠢᠨᠠᠷ ᠢ ᠬᠦᠢᠴᠡᠳ | ᠲᠠᠨᠢᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠣᠳᠣᠬᠠᠨ ᠤ ᠬᠠᠮᠤᠭ ᠤᠨ ᠴᠢᠬᠤᠯᠠ ᠠᠵᠢᠯ | ᠪᠣᠯᠭᠠᠵᠥ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ | ᠨᠠᠩ ᠲᠡᠭᠡᠳᠦ ᠬᠡᠮᠵᠢᠶ᠎ᠡ ᠪᠠᠷ ᠴᠢᠬᠤᠯᠠᠴᠢᠯᠠᠠ ᠦᠵᠡᠵᠤ ᠨᠠᠩ ᠴᠢᠩᠭ᠎ᠠ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ | ᠰᠡᠳᠬᠢᠯᠭᠡ᠂ ᠲᠦᠭᠰᠢᠭᠦᠷᠢᠲᠦ ᠰᠡᠳᠬᠢᠯᠭᠡ ᠪᠠᠷ ᠠᠵᠢᠯ ᠢᠶᠠᠨ ᠰᠠᠶᠢᠲᠤᠷ ᠬᠢᠵᠦ ᠲᠡᠶᠢᠯᠠᠯᠳᠤᠭᠠᠨ ᠤ ᠦᠶ᠎ᠡ ᠶᠢᠨ | ᠪᠠᠶᠢᠳᠠᠯ ᠢ ᠪᠠᠲᠤᠯᠠᠵᠤ ᠴᠠᠭ ᠮᠦᠴᠡ ᠲᠠᠢ ᠤᠷᠤᠯᠳᠤᠨ ᠬᠢᠵᠢᠭ ᠤᠨ ᠪᠠᠶᠢᠳᠠᠯ ᠲᠠᠢ ᠦᠵᠡᠯᠴᠡᠵᠦ ᠪᠥᠬᠦ | ᠬᠦᠴᠦᠨ ᠢᠶᠠᠷ ᠢᠶᠠᠨ ᠳᠠᠶᠢᠯᠠᠯᠳᠤᠭᠠᠨ ᠳᠤ ᠪᠡᠯᠡᠳᠬᠡᠨ ᠲᠠᠶᠢᠯᠠᠯᠲᠤᠭᠠᠨ ᠬᠢᠵᠤ ᠠᠷᠭ᠎ᠠ ᠪᠦᠬᠦᠨ ᠢ ᠰᠦᠪᠡᠭᠴᠢᠯᠡᠨ | ᠬᠢᠵᠢᠭ ᠤᠨ ᠪᠠᠶᠢᠳᠠᠯ ᠤᠨ ᠦᠷᠬᠡᠵᠢᠨ ᠳᠡᠯᠭᠡᠷᠡᠬᠦ ᠶᠢ ᠬᠤᠷᠢᠬᠯᠠᠬᠤ ᠬᠡᠷᠡᠭᠳᠡᠢ ᠭᠡᠪᠡ᠃ | | | | | | | ᠱᠢ ᠲᠠᠢ ᠹᠧᠩ ᠴᠢᠬᠤᠯᠠᠴᠢᠯᠠᠬᠤ ᠳᠤ ᠪᠠᠨ᠂ ᠡᠨᠡ ᠤᠳᠠᠭᠠᠨ ᠤ ᠬᠤᠷᠢᠬᠯᠠᠨ ᠬᠢᠵᠠᠭᠠᠷᠯᠠᠬᠤ | ᠳᠠᠶᠢᠯᠠᠯᠳᠤᠭᠠᠨ ᠳᠤ ᠭᠠᠵᠠᠷ ᠪᠣᠯᠭᠠᠨ ᠪᠦᠷ ᠳᠠᠶᠢᠨ ᠤ ᠲᠠᠯᠠᠪᠤᠷ᠂ ᠬᠥᠮᠦᠨ ᠪᠦᠬᠦᠨ ᠪᠦᠷ ᠪᠠᠶᠢᠯᠳᠤᠭᠴᠢ ᠮᠦᠨ᠃ | ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠵᠤ ᠨᠠᠮ ᠤᠨ ᠤᠯᠤᠰ ᠲᠥᠷᠥ ᠶᠢᠨ ᠳᠠᠪᠠᠭᠤᠯᠢᠭ᠂ ᠵᠣᠬᠢᠶᠠᠨ | ᠪᠠᠶᠢᠭᠤᠯᠤᠯᠲᠠ ᠶᠢᠨ ᠳᠠᠪᠠᠭᠤᠯᠢᠭ᠂ ᠤᠯᠠᠨ ᠳᠦᠮᠡᠨ ᠲᠠᠢ ᠨᠢᠭᠲᠠ ᠬᠠᠷᠢᠯᠴᠠᠬᠤ ᠪᠠ ᠣᠯᠠᠨ ᠲᠦᠮᠡᠨ ᠢ ᠵᠣᠬᠢᠶᠠᠨ | ᠪᠠᠶᠢᠭᠤᠯᠤᠨ ᠳᠠᠶᠢᠴᠢᠯᠠᠬᠤ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ ᠪᠢᠳᠠᠨ ᠤ ᠪᠠᠶᠢᠭᠤᠯᠤᠯ ᠤᠨ | ᠳᠠᠪᠠᠭᠤᠯᠢᠭ ᠢᠶᠠᠨ ᠵᠠᠰᠠᠯᠲᠠ ᠶᠢᠨ ᠦᠢᠯᠡᠳᠦᠯ ᠴᠢᠲᠠᠮᠵᠢ ᠪᠣᠯᠭᠠᠨ ᠬᠤᠪᠢᠷᠠᠭᠤᠯᠵᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠵᠥ ᠬᠤᠷᠢᠬᠯᠠᠨ ᠬᠢᠵᠠᠭᠠᠷᠯᠠᠬᠤ ᠳᠠᠶᠢᠯᠠᠯᠲᠤᠭᠠᠨ ᠤ ᠢᠯᠠᠯᠲᠠ ᠶᠢ ᠣᠯᠬᠤ ᠳᠤ ᠪᠠᠲᠤ ᠴᠢᠩᠭ᠎ᠠ | ᠤᠯᠤᠰ ᠲᠥᠷᠥ ᠶᠢᠨ ᠪᠠᠲᠤᠯᠠᠭ᠎ᠠ ᠬᠠᠩᠭᠠᠬᠤ ᠬᠡᠷᠡᠭᠲᠡᠶ ᠬᠡᠰᠡᠨ ᠪᠠᠶᠢᠨ᠎ᠠ᠃ | | | | | | | ᠱᠢ ᠲᠠᠢ ᠹᠧᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢ ᠬᠥᠮᠦᠨ ᠠᠷᠠᠳ ᠤᠨ ᠠᠮᠢ ᠨᠠᠰᠤᠨ ᠳᠤ | ᠬᠤᠯᠪᠣᠭᠳᠠᠨ᠎ᠠ᠂ ᠡᠯ᠎ᠡ ᠱᠠᠲᠤᠨ ᠤ ᠬᠢᠨ ᠠᠵᠢᠯ ᠤᠨ ᠰᠤᠷᠲᠠᠯ ᠢᠶᠠᠨ ᠦᠨᠡᠨ ᠬᠦ ᠬᠠᠯᠠᠨ ᠰᠠᠶᠢᠵᠢᠷᠠᠭᠤᠯᠵᠤ ᠠᠷᠠᠳ | ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠠᠭᠠᠯᠠᠬᠤ ᠲᠤᠭᠤᠷᠢᠨ | ᠳᠤ ᠠᠵᠢᠯᠯᠠᠵᠤ ᠵᠢᠩᠬᠢᠨᠢ ᠬᠡᠷᠡᠭᠴᠡᠭᠡ ᠲᠠᠢ ᠠᠵᠢᠯ ᠬᠢᠵᠦ ᠠᠯᠳᠠᠰᠢ ᠠᠳᠡᠰᠢ ᠲᠠᠢ ᠵᠦᠢᠯ ᠢ ᠨᠦᠬᠦᠪᠦᠷᠢᠯᠡᠬᠦ ᠠᠵᠢᠯ ᠢ | ᠬᠢᠬᠦ ᠬᠡᠷᠡᠭᠳᠡᠢ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠳᠠᠶᠢᠯᠠᠯᠲᠤᠭᠠᠨ ᠤ ᠲᠠᠯᠠᠪᠤᠷ ᠲᠤ ᠶᠠᠭᠠᠬᠢᠭᠰᠠᠨ ᠴᠤ ᠭᠠᠷᠭᠠᠵᠦ ᠪᠣᠯᠬᠤ ᠦᠭᠡᠶ᠃ ᠡᠯ᠎ᠡ ᠱᠠᠲᠤᠨ ᠤ ᠨᠠᠮ ᠤᠨ ᠬᠤᠷᠢᠶ᠎ᠠ | ︵ᠨᠠᠮ ᠤᠨ ᠤᠳᠤᠷᠢᠳᠬᠤ ᠳᠤᠭᠤᠶᠢᠯᠠᠩ︶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠤᠨ᠎ᠡ ᠹᠷᠣᠨᠲ ᠲᠤ | ᠺᠠᠳ᠋ᠷ ᠢ ᠰᠢᠯᠭᠠᠨ ᠪᠠᠶᠢᠴᠠᠭᠠᠵᠥ᠂ ᠢᠯᠭᠠᠨ ᠲᠠᠨᠢᠵᠤ᠂ ᠦᠨᠡᠯᠡᠵᠥ᠂ ᠬᠡᠷᠡᠭᠯᠡᠵᠥ ᠥᠷᠭᠡᠨ ᠣᠯᠠᠨ ᠨᠠᠮ ᠤᠨ ᠭᠡᠰᠢᠭᠦᠨ᠂ | ᠺᠠᠳ᠋ᠷᠴᠤᠳ ᠤᠨ ᠠᠶᠤᠯ ᠲᠦᠭᠰᠢᠭᠦᠷᠢ ᠲᠤᠯᠭᠠᠷᠠᠭᠰᠠᠨ ᠦᠶ᠎ᠡ ᠳᠤ ᠡᠷᠳᠡᠮ ᠴᠢᠳᠠᠯ ᠢᠶᠠᠨ ᠪᠠᠳᠠᠷᠠᠭᠤᠯᠵᠤ ᠬᠤᠰᠢᠭᠤᠴᠢ | ᠪᠣᠯᠬᠤ ᠪᠠᠷ ᠴᠢᠷᠮᠠᠶᠢᠨ ᠲᠡᠷᠢᠬᠦᠨ ᠳᠤ ᠭᠠᠪᠰᠢᠭᠠᠢᠢᠯᠠᠬᠤ ᠶᠢ ᠤᠷᠮᠠᠰᠢᠭᠤᠯᠤᠨ ᠬᠦᠳᠦᠯᠦᠨ ᠳᠠᠭᠠᠭᠤᠯᠬᠤ ᠬᠡᠷᠡᠭᠳᠡᠢ | ᠬᠡᠵᠥ ᠴᠢᠬᠤᠯᠠᠴᠢᠯᠠᠪᠠ᠃ | | | | | | | ᠪᠦ᠋ ᠰᠢᠶᠤᠤ ᠯᠢᠨ ᠬᠤᠷᠠᠯ ᠢ ᠡᠷᠭᠢᠯᠡᠨ ᠶᠠᠷᠢᠶ᠎ᠠ ᠲᠠᠯᠪᠢᠬᠤ ᠳᠠᠭᠠᠨ᠂ ᠪᠥᠬᠦ ᠣᠷᠣᠨ ᠤ ᠡᠯ᠎ᠡ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠡᠷᠬᠡᠪᠰᠢ ᠠᠷᠠᠳ | ᠲᠦᠮᠡᠨ ᠤ ᠠᠰᠢᠭ ᠲᠤᠰᠠ ᠠᠯᠢᠪᠠ ᠠᠴᠠ ᠴᠢᠬᠤᠯᠠ ᠪᠠᠶᠢᠬᠤ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠪᠥᠬᠦ ᠬᠦᠴᠦᠨ ᠢᠶᠠᠷ ᠢᠶᠠᠨ | ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠵᠤ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠢᠯᠠᠩᠭᠤᠶ᠎ᠠ ᠭᠤᠤᠯ | ᠬᠠᠷᠢᠭᠤᠴᠠᠯᠭᠠᠲᠠᠳ ᠪᠡᠶ᠎ᠡ ᠪᠠᠷ ᠢᠶᠠᠨ ᠬᠡᠪ ᠲᠦᠷᠢᠮ ᠪᠣᠯᠵᠣ ᠨᠠᠮ ᠤᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ | ᠲᠦᠷᠦᠭᠦᠯᠡᠨ ᠦᠢᠯᠡᠳᠦᠯᠭᠡᠵᠢᠬᠦᠯᠵᠤ ︽ᠬᠤᠶᠠᠷ ᠢ ᠬᠠᠮᠠᠭᠠᠯᠠᠬᠤ︾ ᠶᠢ ᠲᠦᠷᠦᠭᠦᠯᠡᠨ ᠪᠡᠶᠡᠯᠡᠭᠦᠯᠬᠦ ᠬᠡᠷᠡᠭᠲᠡᠶ᠃ ᠡᠨᠡ | ᠬᠦ ᠣᠨᠴᠠᠭᠠᠶ ᠴᠠᠭ ᠦᠶ᠎ᠡ ᠳᠤ ᠡᠷᠬᠡᠪᠰᠢ ᠲᠠᠶᠢᠨ ᠤ ᠦᠶ᠎ᠡ ᠶᠢᠨ ᠤᠬᠠᠮᠰᠠᠷ ᠢᠶᠠᠨ ᠴᠢᠩᠭᠠᠳᠬᠠᠵᠤ ᠲᠠᠶᠢᠨ ᠤ | ᠦᠶ᠎ᠡ ᠶᠢᠨ ᠪᠠᠶᠢᠳᠠᠯ ᠳᠤ ᠪᠦᠭᠦ ᠲᠠᠯ᠎ᠠ ᠪᠠᠷ ᠣᠷᠣᠵᠥ ᠶᠠᠮᠠᠷᠪᠠ ᠬᠡᠯᠪᠡᠷᠢᠴᠢ ᠦᠵᠡᠯ᠂ ᠨᠣᠶᠠᠨᠴᠢ ᠰᠤᠷᠲᠠᠯ ᠪᠠᠶᠢᠬᠤ ᠶᠢ | ᠤᠬᠳᠤ ᠵᠥᠪᠰᠢᠶᠡᠷᠡᠬᠦ ᠦᠭᠡᠢ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠲᠦᠷᠭᠡᠨ᠂ ᠬᠦᠴᠦᠲᠡᠶ᠂ ᠡᠮᠬᠢ | ᠵᠢᠷᠤᠮ ᠲᠠᠢ᠂ ᠪᠦᠲᠦᠮᠵᠢᠲᠡᠶ ᠪᠠᠶᠢᠬᠤ ᠬᠡᠷᠡᠭᠲᠡᠶ᠃ ᠠᠷᠠᠳ ᠤᠯᠠᠨ ᠢ ᠨᠢᠬᠳᠠ ᠲᠦᠰᠢᠭᠯᠡᠵᠦ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠵᠤ ᠬᠤᠷᠢᠬᠯᠠᠨ ᠬᠢᠵᠠᠭᠠᠷᠯᠠᠬᠤ ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠤᠯᠬᠤ ᠬᠦᠴᠦᠷᠬᠡᠭ | ᠶᠡᠭᠡ ᠬᠦᠴᠦᠨ ᠢ ᠨᠢᠭᠲᠠᠷᠠᠭᠤᠯᠵᠤ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ | ᠡᠷᠡᠭᠦᠯ ᠮᠡᠨᠳᠤ ᠶᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠬᠡᠪᠡ᠃ | ᠬᠤᠷᠠᠯ ᠤᠨ ᠳᠠᠷᠠᠭ᠎ᠠ ᠮᠠᠨ ᠤ ᠬᠤᠰᠢᠭᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ | ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠬᠢᠷᠠᠭᠤᠯᠤᠯᠲᠠ ᠶᠢᠨ ᠬᠤᠷᠠᠯ | ᠬᠤᠷᠠᠯᠳᠤᠭᠤᠯᠵᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ | ᠬᠤᠰᠢᠭᠤ ᠳᠠᠷᠤᠭ᠎ᠠ ᠵᠣᠣ ᠹᠸᠢ ᠯᠦ ᠵᠡᠷᠭᠡ ᠬᠤᠰᠢᠭᠤ ᠤᠳᠤᠷᠢᠳᠤᠯᠭ᠎ᠠ ᠨᠠᠷ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ ᠪᠦᠬᠦ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ | ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠤ ᠪᠠᠶᠢᠭ᠎ᠠ ᠪᠠᠶᠢᠳᠠᠯ ᠤᠨ ᠲᠤᠬᠠᠢ | ᠮᠡᠳᠡᠭᠦᠯᠦᠯᠲᠡ ᠶᠢ ᠰᠤᠨᠤᠰᠪᠠ᠃ | ᠬᠤᠷᠠᠯ ᠠᠴᠠ ᠵᠢᠭᠠᠬᠤ ᠳᠤ ᠪᠠᠨ᠂ ᠤᠳᠤᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠨᠢ | ᠵᠠᠩᠭᠢᠯᠠᠭ᠎ᠠ ᠶᠢᠨ ᠬᠤᠭᠤᠴᠠᠭᠠᠨ ᠳᠤ ᠣᠷᠣᠭᠠᠳ ᠪᠠᠶᠢᠨ᠎ᠠ᠃ ᠬᠠᠯᠳᠠᠪᠤᠷᠢᠲᠦ ᠬᠢᠵᠢᠭ ᠤᠯᠠᠮ ᠨᠢᠭᠡ ᠠᠯᠬᠤᠮ ᠲᠠᠷᠬᠠᠬᠤ | ᠠᠶᠤᠯ ᠲᠠᠢ ᠪᠣᠯᠬᠤᠷ ᠪᠦᠬᠦ ᠬᠤᠰᠢᠭᠤᠨ ᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠤᠯᠤᠰ | ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠵᠢᠯ ᠤᠨ | ᠡᠭᠦᠷᠭᠡ ᠬᠠᠷᠢᠭᠤᠴᠠᠯᠭᠠᠲᠦ ᠰᠡᠳᠬᠢᠯᠭᠡ᠂ ᠪᠠᠴᠢᠮ ᠲᠤᠯᠭᠠᠮ᠎ᠠ ᠰᠡᠳᠬᠢᠯᠭᠡ ᠪᠠᠨ ᠴᠢᠩᠭᠠᠳᠬᠠᠨ ᠠᠷᠠᠳ ᠲᠦᠮᠡᠨ ᠤ | ᠠᠮᠢ ᠨᠠᠰᠤᠨ ᠤ ᠠᠮᠤᠷ ᠳᠥᠪᠰᠢᠨ᠂ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠲᠡᠷᠢᠭᠦᠨ ᠪᠠᠶᠢᠷᠢᠨ ᠳᠤ ᠲᠠᠯᠪᠢᠵᠤ | ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠣᠷᠣᠨ᠂ ᠬᠤᠲᠠ ᠶᠢᠨ ᠨᠠᠮ ᠤᠨ | ᠬᠤᠷᠢᠶᠠᠨ ᠤ ᠰᠢᠢᠳᠪᠦᠷᠢᠲᠤ ᠪᠣᠳᠣᠯᠭ᠎ᠠ ᠯᠤᠭ᠎ᠠ ᠨᠢᠭᠡᠳᠬᠡᠨ ᠬᠤᠯᠪᠣᠭᠠᠯᠠᠨ ᠰᠡᠷᠭᠡᠶᠢᠯᠡᠨ ᠬᠤᠷᠢᠭᠯᠠᠵᠤ ᠬᠢᠵᠢᠭ ᠢ | ᠰᠡᠷᠭᠡᠶᠢᠯᠡᠨ ᠡᠵᠡᠮᠳᠡᠵᠤ ᠬᠤᠷᠢᠭᠯᠠᠨ ᠠᠷᠢᠯᠭᠠᠬᠤ ᠳᠠᠶᠢᠯᠠᠯᠳᠤᠭᠠᠨ ᠤ ᠢᠯᠠᠯᠲᠠ ᠶᠢ ᠤᠯᠬᠤ ᠪᠠᠷ ᠡᠷᠡᠰ ᠴᠢᠷᠮᠠᠶᠢᠬᠤ | ᠬᠡᠷᠡᠭᠲᠡᠢ ᠭᠡᠵᠡᠢ᠃ | | | | | | | ᠬᠤᠷᠠᠯ ᠠᠴᠠ ᠱᠠᠭᠠᠷᠳᠠᠬᠤ ᠳᠤ ᠪᠠᠨ᠂ ᠪᠦᠬᠦ ᠬᠤᠰᠢᠭᠤᠨ ᠤ ᠡᠯ᠎ᠡ ᠰᠤᠮᠤ ᠪᠠᠯᠭᠠᠰᠤ ᠡᠯ᠎ᠡ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠬᠢᠨ ᠡᠷᠬᠡᠪᠰᠢ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠤᠳᠤᠬᠠᠨ ᠤ ᠬᠦᠨᠳᠦ ᠴᠢᠬᠤᠯᠠ | ᠤᠯᠤᠰ ᠲᠦᠷᠦ ᠶᠢᠨ ᠡᠭᠦᠷᠭᠡ ᠪᠤᠯᠠᠭᠠᠨ ᠰᠠᠶᠢᠲᠤᠷ ᠠᠳᠬᠤᠬᠤ ᠬᠡᠷᠡᠭᠲᠡᠢ᠃ ᠪᠠᠶᠢᠳᠠᠯ ᠢ ᠤᠶᠢᠯᠠᠭᠠᠨ ᠪᠠᠶᠢᠴᠠᠭᠠᠯᠲᠠ | ᠬᠢᠬᠦ ᠬᠦᠴᠦᠯᠡᠴᠡ ᠪᠠᠨ ᠨᠡᠮᠡᠭᠳᠡᠭᠦᠯᠦᠨ ᠡᠯ᠎ᠡ ᠵᠠᠮ ᠤᠨ ᠠᠮᠠ᠂ ᠪᠠᠶᠢᠴᠠᠭᠠᠬᠤ ᠴᠢᠭ ᠲᠤ ᠥᠩᠭᠡᠷᠡᠨ ᠨᠡᠪᠲᠡᠷᠡᠬᠦ | ᠬᠦᠮᠦᠰ ᠢ ᠬᠢᠨᠠᠮᠠᠭᠠᠢ ᠪᠠᠶᠢᠴᠠᠭᠠᠵᠤ ᠬᠢᠵᠢᠭ ᠤᠨ ᠣᠷᠣᠨ ᠳᠤ ᠣᠴᠢᠵᠤ ᠥᠩᠭᠡᠷᠡᠭᠰᠡᠨ ᠪᠤᠶᠤ ᠬᠢᠵᠢᠭ ᠤᠨ | ᠣᠷᠣᠨ ᠠᠴᠠ ᠦᠦᠰᠢᠨ ᠳᠤ ᠪᠣᠴᠠᠵᠤ ᠢᠷᠡᠭᠰᠡᠨ ᠬᠦᠮᠦᠰ ᠢ ᠨᠠᠷᠢᠨ ᠳᠠᠩᠰᠠᠯᠠᠵᠤ ᠪᠡᠶ᠎ᠡ ᠶᠢᠨ ᠳᠤᠯᠠᠭᠠᠨ ᠢ | ᠪᠠᠶᠢᠴᠠᠭᠠᠬᠤ ᠬᠡᠷᠡᠭᠲᠡᠢ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ | ᠭᠡᠰᠢᠭᠦᠳ ᠤᠨ ᠬᠢᠵᠢᠭ ᠢ ᠰᠡᠷᠭᠡᠶᠢᠯᠡᠬᠦ ᠳᠠᠶᠢᠯᠠᠯᠳᠤᠭᠠᠨ ᠤ ᠳᠤᠮᠳᠠᠬᠢ ᠬᠤᠰᠢᠭᠤᠴᠢ ᠳᠠᠭᠤᠷᠢᠶᠠᠯ ᠦᠢᠯᠡᠳᠦᠯ ᠢᠶᠠᠨ | ᠪᠠᠳᠠᠷᠠᠭᠤᠯᠬᠤ ᠶᠢᠨ ᠬᠠᠮᠲᠦ ᠤᠯᠠᠨ ᠲᠥᠮᠡᠨ ᠢ ᠳᠠᠶᠢᠴᠢᠯᠠᠨ ᠤᠬᠠᠮᠰᠠᠷ ᠠᠴᠠ ᠪᠠᠨ ᠰᠡᠷᠭᠡᠶᠢᠯᠡᠨ ᠬᠤᠷᠢᠭᠯᠠᠵᠤ | ᠪᠠᠶᠢᠴᠠᠭᠠᠬᠤ ᠠᠵᠢᠯ ᠳᠤ ᠤᠷᠤᠯᠴᠠᠭᠤᠯᠬᠤ ᠪᠠᠷ ᠴᠢᠷᠮᠠᠶᠢᠬᠤ ᠬᠡᠷᠡᠭᠲᠡᠢ᠃ ᠭᠠᠴᠠᠭ᠎ᠠ ᠲᠤᠰᠬᠤᠨ ᠢᠶᠠᠷ ᠨᠢᠭᠡᠴᠢ ᠪᠣᠯᠭᠠᠨ | ᠲᠣᠣᠷᠵᠢᠭᠤᠯᠤᠭᠰᠠᠨ ᠬᠠᠮᠢᠶᠠᠷᠤᠯᠲᠠ ᠶᠢᠨ ᠠᠷᠭ᠎ᠠ ᠶᠢ ᠲᠤᠭᠤᠰᠢᠯᠠᠭᠤᠯᠵᠤ ᠥᠪᠡᠷ ᠤᠨ ᠪᠡᠶ᠎ᠡ ᠶᠢᠨ ᠬᠠᠮᠠᠭᠠᠯᠠᠯᠲᠠ ᠪᠠᠨ | ᠡᠷᠡᠰ ᠬᠢᠵᠣ ᠬᠢᠵᠢᠭ ᠤᠨ ᠲᠠᠷᠬᠠᠯᠲᠠ ᠶᠢᠨ ᠡᠬᠢ ᠰᠤᠷᠪᠤᠯᠵᠢ ᠶᠢ ᠬᠤᠷᠢᠭᠯᠠᠨ ᠳᠠᠰᠤᠯᠬᠤ ᠬᠡᠷᠡᠭᠲᠡᠢ᠃ ᠬᠤᠲᠠ | ᠪᠠᠯᠭᠠᠰᠤ ᠨᠡᠶᠢᠬᠡᠮ ᠲᠣᠭᠤᠷᠢᠭ ᠤᠨ ᠬᠢᠨ ᠡᠷᠬᠡᠪᠰᠢ ᠳᠠᠷᠤᠢ ᠲᠦᠷᠭᠡᠨ ᠪᠡᠶ᠎ᠡ ᠶᠢᠨ ᠳᠤᠯᠠᠭᠠᠨ ᠢ ᠬᠡᠮᠵᠢᠬᠦ ᠪᠣᠯᠣᠨ | ᠭᠠᠳᠠᠨ᠎ᠠ ᠠᠴᠠ ᠢᠷᠡᠭᠰᠡᠨ ᠬᠦᠮᠦᠨ ᠪᠠ ᠲᠡᠷᠭᠡ ᠶᠢ ᠲᠠᠩᠰᠠᠯᠠᠬᠤ ᠠᠵᠢᠯ᠂ ᠬᠤᠯᠪᠣᠭᠠᠯᠠᠨ ᠰᠡᠷᠭᠡᠶᠢᠯᠡᠨ ᠡᠵᠡᠮᠳᠡᠬᠦ᠂ | ᠣᠯᠠᠨ ᠢᠶᠠᠷ ᠢᠶᠠᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠲᠤᠭᠤᠰᠢᠯᠠᠭᠤᠯᠵᠤ ᠬᠢᠵᠢᠭ ᠢ ᠰᠡᠷᠭᠡᠶᠢᠯᠡᠨ ᠡᠵᠡᠮᠳᠡᠵᠤ | ᠬᠤᠷᠢᠭᠯᠠᠨ ᠬᠢᠵᠠᠭᠠᠷᠯᠠᠬᠤ ᠳᠠᠶᠢᠯᠠᠯᠳᠤᠭᠠᠨ ᠤ ᠪᠦᠬᠦ ᠲᠠᠯ᠎ᠠ ᠶᠢᠨ ᠢᠯᠠᠯᠲᠠ ᠶᠢ ᠣᠯᠬᠤ ᠪᠠᠷ ᠴᠢᠷᠮᠠᠶᠢᠬᠤ ᠬᠡᠷᠡᠭᠲᠡᠢ᠃ | ᠡᠳ᠋ ᠪᠣᠳᠠᠰ ᠤᠨ ᠬᠠᠩᠭᠠᠯᠭ᠎ᠠ ᠶᠢᠨ ᠪᠠᠲᠤᠯᠠᠭ᠎ᠠ ᠶᠢ ᠴᠢᠩᠭᠠᠳᠬᠠᠵᠤ ᠬᠢᠵᠢᠭ ᠢ ᠰᠡᠷᠭᠡᠶᠢᠯᠡᠨ ᠡᠵᠡᠮᠳᠡᠬᠦ ᠳᠤ ᠪᠠᠴᠢᠮ | ᠬᠡᠷᠡᠭᠰᠡᠬᠦ ᠠᠮᠠᠪᠴᠢ᠂ ᠰᠡᠷᠭᠡᠶᠢᠯᠡᠨ ᠬᠠᠮᠠᠭᠠᠯᠠᠬᠤ ᠬᠤᠪᠴᠠᠰᠤᠨ ᠤ ᠬᠠᠩᠭᠠᠯᠭ᠎ᠠ ᠶᠢ ᠪᠠᠲᠤᠯᠠᠬᠤ ᠠᠵᠢᠯ ᠢ ᠨᠢᠭᠡᠲᠦᠯᠲᠠᠢ | ᠲᠥᠯᠦᠪᠵᠢᠭᠦᠯᠵᠤ ᠬᠢᠵᠢᠭ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠦ | ᠡᠯ᠎ᠡ ᠲᠣᠮᠣ ᠬᠡᠯᠪᠡᠷᠢ ᠶᠢᠨ ᠬᠤᠳᠠᠯᠳᠤᠭᠠᠨ ᠤ ᠭᠠᠵᠠᠷ᠂ ᠴᠢᠯᠦᠭᠡᠲᠤ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ | ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠳᠣᠭᠲᠠᠭᠤᠨ ᠪᠤᠯᠤᠨ ᠬᠠᠩᠭᠠᠯᠭ᠎ᠠ ᠶᠢᠨ ᠪᠦᠷᠢᠨ ᠬᠦᠢᠴᠡᠳ ᠢ ᠪᠠᠲᠤᠯᠠᠵᠤ | ᠬᠤᠷᠠᠮᠳᠤᠭᠤᠯᠤᠨ ᠳᠠᠷᠤᠵᠤ ᠵᠠᠪᠰᠢᠨ ᠬᠤᠨᠵᠢᠬᠤ᠂ ᠪᠠᠷᠠᠭᠠᠨ ᠤ ᠦᠨ᠎ᠡ ᠶᠢ ᠶᠡᠬᠡᠪᠡᠷ ᠦᠰᠬᠡᠬᠦ ᠵᠡᠷᠭᠡ ᠠᠵᠢᠯᠯᠠᠭ᠎ᠠ ᠳᠤ | ᠡᠷᠡᠰ ᠴᠣᠬᠢᠯᠲᠠ ᠥᠭᠬᠦ ᠬᠡᠷᠡᠭᠲᠡᠢ᠃ ᠤᠬᠠᠭᠤᠯᠤᠨ ᠳᠠᠶᠢᠴᠢᠯᠠᠬᠤ ᠬᠦᠴᠦᠯᠡᠴᠡ ᠪᠠᠨ ᠨᠡᠮᠡᠭᠳᠡᠭᠦᠯᠵᠦ ᠬᠢᠵᠢᠭ ᠤᠨ | ᠪᠠᠶᠢᠳᠠᠯ ᠤᠨ ᠲᠤᠬᠠᠢ ᠰᠤᠷᠠᠭ ᠵᠠᠩᠭᠢ ᠶᠢ ᠴᠠᠭ ᠳᠠᠷᠤᠢ ᠳᠤᠨᠢ ᠮᠡᠳᠡᠭᠡᠯᠡᠨ ᠤᠯᠠᠮᠵᠢᠯᠠᠵᠤ ᠬᠤᠰᠢᠭᠤ ᠬᠠᠮ | ᠵᠠᠭᠤᠴᠢᠯᠠᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠤᠨ ᠲᠥᠭᠦᠮ ᠲᠣᠳᠣᠷᠬᠠᠢ ᠦᠭᠡ ᠬᠡᠯᠡ ᠪᠠᠷ ᠬᠢᠵᠢᠭ ᠤᠨ | ᠪᠠᠶᠢᠳᠠᠯ ᠢ ᠰᠡᠷᠭᠡᠶᠢᠯᠡᠨ ᠬᠤᠷᠢᠭᠯᠠᠬᠤ ᠮᠡᠳᠡᠯᠭᠡ ᠶᠢ ᠤᠬᠠᠭᠤᠯᠬᠤ ᠡᠷᠴᠢᠮ ᠢᠶᠠᠨ ᠴᠢᠩᠭᠠᠳᠬᠠᠵᠤ ᠰᠢᠨᠵᠢᠯᠡᠬᠦ | ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠮᠡᠳᠡᠯᠭᠡ ᠶᠢ ᠪᠦᠲᠥᠮᠵᠢᠲᠠᠢ ᠲᠥᠭᠡᠮᠡᠯᠵᠢᠭᠦᠯᠵᠤ ᠣᠯᠠᠨ ᠲᠥᠮᠡᠨ ᠢ ᠭᠠᠳᠠᠭᠰᠢ | ᠭᠠᠷᠬᠤ ᠪᠠᠨ ᠪᠠᠭᠠᠰᠬᠠᠨ ᠲᠦᠪᠯᠡᠷᠡᠨ ᠴᠤᠭᠯᠠᠷᠠᠬᠤ ᠦᠭᠡᠢ ᠪᠠᠶᠢᠬᠤ ᠶᠢ ᠣᠷᠢᠶᠠᠯᠠᠬᠤ ᠬᠡᠷᠡᠭᠲᠡᠢ᠃ ᠬᠠᠷᠢᠭᠤᠴᠠᠯᠭ᠎ᠠ ᠪᠠᠨ | ᠲᠤᠭᠤᠰᠢᠯᠠᠭᠤᠯᠬᠤ ᠶᠢ ᠴᠢᠩᠭᠠᠳᠬᠠᠬᠤ ᠬᠡᠷᠡᠭᠲᠡᠢ᠃ ᠪᠦᠬᠦ ᠬᠤᠰᠢᠭᠤᠨ ᠤ ᠡᠯ᠎ᠡ ᠱᠠᠲᠤᠨ ᠤ ᠨᠠᠮ ᠵᠠᠰᠠᠭ ᠤᠨ | ᠤᠳᠤᠷᠢᠳᠤᠯᠭ᠎ᠠ᠂ ᠺᠠᠳ᠋ᠷᠴᠤᠳ᠂ ᠢᠯᠠᠩᠭᠤᠶ᠎ᠠ ᠭᠤᠣᠯ ᠬᠠᠷᠢᠭᠤᠴᠠᠯᠭᠠᠲᠠᠳ ᠠᠵᠢᠯ ᠤᠨ ᠪᠠᠶᠢᠷᠢ ᠪᠠᠨ ᠪᠠᠲᠦ ᠰᠠᠬᠢᠵᠤ | ᠲᠦᠷᠦᠭᠦᠯᠡᠨ ᠵᠢᠯᠣᠭᠤᠳᠴᠦ ᠲᠤᠰ ᠲᠤᠰ ᠤᠨ ᠡᠭᠦᠷᠭᠡ ᠬᠠᠷᠢᠭᠤᠴᠠᠯᠭ᠎ᠠ᠂ ᠡᠯ᠎ᠡ ᠭᠤᠭᠴᠤᠭᠠᠨ ᠤ ᠬᠠᠷᠢᠭᠤᠴᠠᠯᠭ᠎ᠠ | ᠪᠠᠨ ᠦᠨᠡᠨᠬᠦ ᠲᠤᠭᠤᠰᠢᠯᠠᠭᠤᠯᠤᠨ ᠨᠠᠶᠢᠲᠠᠪᠤᠷᠢᠵᠢᠭᠤᠯᠬᠤ ᠬᠡᠷᠡᠭᠲᠡᠢ ᠭᠡᠪᠡ᠃ | | |