ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠧᠢ ᠯᠣ᠋ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠵᠢᠯᠤᠭᠤᠳᠪᠠ
ᠨᠡᠶᠢᠲᠡᠯᠡᠭᠰᠡᠨ ᠴᠠᠭ᠄
2020-02-04
     
     1ᠰᠠᠷ᠎ᠠ ᠶᠢᠨ 29 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠧᠢ ᠯᠣ᠋ ᠨᠠᠷ ᠦᠦᠰᠢᠨᠵᠣᠣ ᠪᠠᠯᠭᠠᠰᠣᠨ ᠤ ᠠᠵᠣ ᠠᠬᠤᠶᠢᠯᠠᠯ᠂ ᠨᠡᠶᠢᠬᠡᠮ ᠳᠣᠭᠤᠷᠢᠭ᠂ ᠭᠤᠣᠯᠳᠠᠯᠭᠠᠲᠣ ᠡᠷᠡᠬᠦᠯ ᠬᠠᠮᠠᠭᠠᠯᠠᠯ ᠤᠨ ᠬᠤᠷᠢᠶ᠎ᠠ ᠪᠠ ᠳᠤᠭ ᠪᠠᠯᠭᠠᠰᠣᠨ ᠤ ᠬᠤᠵᠢᠷᠲᠣ ᠶᠢᠨ ᠪᠠᠶᠢᠴᠠᠭᠠᠬᠤ ᠴᠡᠭ ᠲᠤ ᠬᠦᠷᠴᠦ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠵᠢᠯᠣᠭᠤᠳᠣᠭᠰᠠᠨ ᠪᠠᠶᠢᠨ᠎ᠠ᠃      
     ᠵᠣᠣ ᠹᠧᠢ ᠯᠤ᠋ ᠨᠠᠷ ᠣᠷᠢᠳ ᠬᠤᠵᠢᠳ ᠵᠦᠩ ᠮᠧᠢ ᠪᠦᠯᠦᠭᠯᠡᠯ ᠤᠨ ᠮᠧᠩ ᠳ᠋ᠠ ᠰᠢᠨ᠎ᠡ ᠡᠨᠧᠷᠬᠢ ᠬᠢᠮᠢ ᠶᠢᠨ ᠦᠢᠯᠡᠳᠪᠦᠷᠢ ᠶᠢᠨ ᠬᠢᠵᠠᠭᠠᠷᠲᠣ ᠺᠣᠮᠫᠠᠨᠢ᠂ ᠦᠦᠰᠢᠨᠵᠣᠣ ᠠᠮᠢ ᠠᠬᠤᠢ ᠠᠵᠣ ᠦᠢᠯᠡᠰ ᠤᠨ ᠬᠦᠭᠵᠢᠯᠲᠡ ᠶᠢᠨ ᠬᠢᠵᠠᠭᠠᠷᠲᠣ ᠺᠣᠮᠫᠠᠨᠢ ᠳᠤ ᠬᠦᠷᠴᠦ ᠳᠡᠳᠡᠨ ᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠮᠡᠳᠡᠬᠦᠯᠦᠯᠲᠡ ᠶᠢ ᠰᠣᠨᠣᠰᠴᠦ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠪᠠ ᠠᠷᠭ᠎ᠠ ᠪᠠᠷᠢᠯ ᠢ ᠲᠤᠭᠤᠰᠢᠯᠠᠭᠤᠯᠵᠤ ᠪᠠᠶᠢᠭ᠎ᠠ ᠪᠠᠶᠢᠳᠠᠯ ᠳᠤ ᠵᠢᠯᠣᠭᠤᠳᠣᠯᠭ᠎ᠠ ᠬᠢᠭᠰᠡᠨ ᠪᠠᠶᠢᠨ᠎ᠠ᠃ ᠵᠣᠣ ᠹᠧᠢ ᠯᠣ᠋ ᠴᠢᠬᠤᠯᠠᠴᠢᠯᠠᠬᠤ ᠳᠠᠭᠠᠨ᠂ ᠴᠠᠭᠠᠨ ᠰᠠᠷ᠎ᠠ ᠶᠢᠨ ᠬᠤᠭᠤᠴᠠᠭᠠᠨ  ᠳᠤ ᠠᠵᠣ ᠠᠬᠤᠶᠢᠯᠠᠯ ᠤᠨ ᠠᠮᠠᠷᠠᠯᠳᠠ ᠪᠠᠷ ᠳᠦᠷᠦᠯ ᠰᠠᠳᠣᠨ ᠢᠶᠠᠨ ᠡᠷᠬᠢᠵᠦ ᠦᠵᠡᠵᠦ ᠪᠠᠶᠢᠭ᠎ᠠ ᠬᠦᠮᠦᠰ ᠠᠷᠪᠢᠨ ᠪᠤᠯᠬᠤᠷ ᠦᠢᠯᠡᠳᠪᠦᠷᠢᠯᠠᠯ ᠤᠨ ᠳᠦᠯᠦᠪᠯᠡᠭᠡ ᠪᠠᠨ ᠴᠠᠭ ᠳᠣᠬᠠᠢ ᠳᠤᠨᠢ ᠳᠣᠬᠢᠷᠠᠭᠤᠯᠵᠦ ᠨᠣᠳᠤᠭ ᠲᠠᠭᠠᠨ ᠪᠣᠴᠠᠭᠰᠠᠨ ᠬᠦᠮᠦᠰ ᠢ ᠳᠦᠷ ᠴᠠᠭ ᠳᠠᠭᠤᠳᠠᠬᠤ ᠦᠬᠡᠢ ᠪᠠᠶᠢᠬᠤ ᠭᠡᠷᠡᠭᠳᠠᠢ᠃ ᠦᠢᠯᠡᠳᠪᠦᠷᠢ ᠶᠢᠨ ᠳᠣᠭᠤᠷᠢᠭ ᠲᠠᠬᠢ ᠣᠷᠣᠵᠦ ᠭᠠᠷᠬᠤ ᠬᠠᠮᠢᠶᠠᠷᠣᠯᠳᠠ ᠶᠢ ᠴᠢᠩᠭᠠᠳᠬᠠᠵᠦ ᠠᠮᠠᠪᠴᠢ ᠵᠡᠬᠦᠵᠦ ᠠᠵᠢᠯᠯᠠᠬᠤ ᠶᠢ ᠬᠡᠷᠡᠭᠵᠢᠬᠦᠯᠦᠨ ᠨᠡᠶᠢᠳᠡ ᠶᠢᠨ ᠳᠣᠭᠤᠷᠢᠭ ᠪᠠ ᠠᠮᠢᠳᠣᠷᠠᠯ ᠤᠨ ᠳᠣᠭᠤᠷᠢᠭ ᠢ ᠰᠠᠶᠢᠳᠣᠷ ᠠᠷᠢᠭᠤᠳᠬᠠᠵᠦ ᠳᠡᠭᠡᠲᠦ ᠬᠡᠮᠵᠢᠶᠡᠨ ᠤ ᠬᠠᠷᠢᠭᠤᠴᠠᠯᠭᠠᠲᠣ ᠣᠪᠣᠷ ᠢᠶᠠᠷ ᠬᠢᠵᠢᠭ ᠢ ᠰᠡᠷᠭᠡᠶᠢᠯᠡᠨ ᠡᠵᠡᠮᠳᠡᠬᠦ ᠠᠷᠭ᠎ᠠ ᠪᠠᠷᠢᠯ ᠤᠨ ᠪᠣᠳᠠᠳᠠᠢ ᠳᠤ ᠲᠤᠭᠤᠰᠢᠯᠠᠭᠳᠠᠬᠤ ᠶᠢ ᠪᠠᠳᠣᠯᠠᠬᠤ ᠬᠡᠷᠡᠭᠲᠡᠢ ᠬᠡᠪᠡ᠃
     ᠦᠦᠰᠢᠨᠵᠣᠣ ᠪᠠᠯᠭᠠᠰᠣᠨ ᠤ ᠨᠡᠬᠦᠳᠡᠯ ᠠᠷᠠᠳ ᠤᠨ ᠳᠣᠭᠤᠷᠢᠭ ᠲᠤ᠂ ᠵᠣᠣ ᠹᠧᠢ ᠯᠣ᠋ ᠬᠡᠷ ᠪᠦᠯᠢ ᠪᠠᠷ ᠢᠶᠠᠨ ᠳᠣᠰᠠᠭᠠᠷᠯᠠᠭᠳᠠᠨ ᠠᠵᠢᠭᠯᠠᠭᠳᠠᠵᠦ ᠪᠠᠶᠢᠭ᠎ᠠ ᠬᠦᠮᠦᠰ ᠤᠨ ᠠᠮᠢᠳᠣᠷᠠᠯ ᠤᠨ ᠪᠠᠶᠢᠳᠠᠯ ᠪᠠ ᠬᠦᠴᠢᠷᠳᠡᠯ ᠢ ᠨᠢ ᠯᠠᠪᠯᠠᠨ ᠠᠰᠠᠭᠤᠬᠤ ᠶᠢᠨ ᠬᠠᠮᠲᠣ ᠴᠢᠬᠤᠯᠠᠴᠢᠯᠠᠬᠤ ᠳᠠᠭᠠᠨ᠂ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠨᠢ ᠬᠦᠮᠦᠨ ᠪᠦᠷᠢ  ᠲᠠᠢ ᠨᠢᠭᠳᠠ ᠬᠤᠯᠪᠣᠭᠳᠠᠵᠦ ᠪᠠᠶᠢᠭ᠎ᠠ ᠶᠣᠮ᠂ ᠣᠯᠣᠰ ᠤᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠡᠷᠡᠰ ᠭᠤᠶᠢᠪᠢᠰᠢ ᠦᠬᠡᠢ ᠲᠤᠭᠤᠰᠢᠯᠠᠭᠤᠯᠵᠤ ᠪᠠᠶᠢᠴᠠᠭᠠᠵᠦ ᠭᠠᠷᠭᠠᠭᠰᠠᠨ ᠭᠤᠣᠯᠳᠠᠯᠭ᠎ᠠ ᠲᠠᠢ ᠬᠦᠮᠦᠰ ᠢ ᠳᠣᠰᠠᠭᠠᠷᠯᠠᠨ᠂ ᠠᠨᠠᠭᠠᠬᠤ ᠣᠬᠠᠭᠠᠨ ᠤ ᠠᠵᠢᠭᠯᠠᠯᠳᠠ ᠬᠢᠬᠦ ᠬᠡᠷᠡᠭᠲᠡᠢ᠃ ᠡᠬᠦᠨ ᠤ ᠬᠠᠮᠲᠣ ᠳᠡᠳᠡᠨ ᠳᠤ ᠠᠮᠢᠳᠣᠷᠠᠯ ᠤᠨ ᠦᠢᠯᠡᠴᠢᠯᠡᠭᠡ ᠶᠢ ᠰᠠᠶᠢᠳᠣᠷ ᠬᠠᠩᠭᠠᠵᠦ ᠳᠡᠳᠡᠨ ᠢ ᠬᠠᠯᠠᠮᠵᠢᠯᠠᠬᠤ ᠬᠡᠷᠡᠭᠲᠡᠢ ᠬᠡᠪᠡ᠃
     ᠦᠦᠰᠢᠨᠵᠣᠣ ᠪᠠᠯᠭᠠᠰᠣᠨ ᠤ ᠭᠤᠣᠯᠳᠠᠯᠭᠠᠲᠣ ᠡᠷᠡᠬᠦᠯ ᠬᠠᠮᠠᠭᠠᠯᠠᠯ ᠤᠨ ᠬᠤᠷᠢᠶ᠎ᠠ ᠳᠤ ᠵᠣᠣ ᠹᠧᠢ ᠯᠣ᠋ ᠨᠠᠷ ᠬᠠᠯᠠᠭᠤᠷᠠᠬᠤ ᠶᠢ ᠪᠠᠶᠢᠴᠠᠭᠠᠬᠤ ᠡᠬᠦᠳᠡᠨ ᠡᠮᠨᠡᠯᠬᠡ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠦᠷᠨᠢᠬᠦᠯᠵᠦ ᠪᠠᠶᠢᠭ᠎ᠠ ᠪᠠᠶᠢᠳᠠᠯ ᠪᠠ ᠳᠣᠯᠭᠠᠷᠠᠵᠦ ᠪᠠᠶᠢᠭ᠎ᠠ ᠬᠦᠴᠢᠷᠳᠡᠯ ᠢ ᠨᠠᠷᠢᠨ ᠣᠶᠢᠯᠠᠭᠠᠭᠰᠠᠨ ᠪᠠᠶᠢᠨ᠎ᠠ᠃ ᠵᠣᠣ ᠹᠧᠢ ᠯᠣ᠋ ᠠᠴᠠ᠂ ᠣᠳᠣᠬᠠᠨ ᠤ ᠬᠢᠵᠢᠭ ᠢ ᠰᠡᠷᠭᠡᠶᠢᠯᠡᠨ ᠬᠤᠷᠢᠭᠯᠠᠬᠤ ᠪᠠᠶᠢᠳᠠᠯ ᠬᠦᠨᠲᠦ ᠨᠣᠴᠢᠳᠠᠢ ᠪᠠᠶᠢᠨ᠎ᠠ᠂ ᠠᠵᠢᠯᠳᠠᠳ ᠤᠨ ᠳᠣᠬᠢᠷᠠᠭᠤᠯᠣᠯᠳᠠ ᠶᠢ ᠣᠯᠠᠮ ᠨᠢᠬᠡ ᠠᠯᠬᠤᠮ ᠴᠢᠩᠭᠠᠳᠬᠠᠵᠦ ᠣᠷᠢᠳᠴᠢᠯᠠᠨ ᠬᠠᠮᠠᠭᠠᠯᠠᠬᠤ ᠠᠵᠢᠯ ᠢ ᠰᠢᠨᠵᠢᠯᠡᠬᠦ ᠣᠬᠠᠭᠠᠨᠴᠢ ᠪᠠᠷ ᠲᠦᠷᠢᠮᠵᠢᠬᠦᠯᠦᠨ ᠰᠠᠶᠢᠳᠣᠷ ᠬᠢᠵᠦ ᠬᠢᠵᠢᠭ ᠢ ᠰᠡᠷᠭᠡᠶᠢᠯᠡᠨ ᠡᠵᠡᠮᠳᠡᠬᠦ ᠱᠣᠭᠤᠮ ᠢ ᠪᠠᠳᠣᠳᠠᠢ ᠰᠠᠬᠢᠬᠤ ᠬᠡᠷᠡᠭᠲᠡᠢ ᠬᠡᠵᠤ ᠶᠠᠷᠢᠪᠠ᠃
     ᠬᠤᠵᠢᠷᠲᠣ ᠶᠢᠨ ᠪᠠᠶᠢᠴᠠᠭᠠᠬᠤ ᠴᠡᠭ ᠲᠤ ᠵᠤᠤ ᠹᠧᠢ ᠯᠣ᠋ ᠨᠠᠷ ᠠᠵᠢᠯᠳᠠᠳ ᠤᠨ ᠳᠣᠬᠢᠷᠠᠭᠤᠯᠣᠯᠲᠠ ᠪᠠ ᠦᠪᠡᠷ  ᠢ ᠪᠠᠨ ᠬᠠᠮᠠᠭᠠᠯᠠᠵᠤ ᠪᠠᠶᠢᠭ᠎ᠠ ᠪᠠᠶᠢᠳᠠᠯ᠂ ᠠᠷᠣ ᠳᠠᠯ᠎ᠠ ᠶᠢᠨ ᠦᠢᠯᠡᠴᠢᠯᠡᠬᠡᠨ ᠤ ᠪᠠᠶᠢᠳᠠᠯ ᠢ ᠨᠠᠷᠢᠨ ᠣᠶᠢᠯᠠᠭᠠᠵᠦ ᠣᠷᠣᠵᠦ ᠭᠠᠷᠴᠦ ᠪᠠᠶᠢᠭ᠎ᠠ ᠬᠦᠮᠦᠰ᠂ ᠳᠡᠷᠭᠡ ᠮᠠᠰᠢᠨ ᠤ ᠳᠡᠮᠳᠡᠭᠯᠡᠯ ᠪᠠ ᠪᠡᠶ᠎ᠡ ᠶᠢᠨ ᠳᠣᠯᠠᠭᠠᠨ ᠤ ᠪᠠᠶᠢᠴᠠᠭᠠᠯᠳᠠ ᠵᠡᠷᠭᠡ ᠠᠵᠢᠯ ᠢ ᠪᠠᠶᠢᠴᠠᠭᠠᠭᠰᠠᠨ ᠪᠠᠶᠢᠨ᠎ᠠ᠃ ᠵᠣᠣ ᠹᠧᠢ ᠯᠣ᠋ ᠴᠢᠬᠤᠯᠠᠴᠢᠯᠠᠬᠤ ᠳᠠᠭᠠᠨ᠂ ᠪᠠᠶᠢᠴᠠᠭᠠᠬᠤ ᠴᠡᠭ ᠭᠠᠷᠭᠠᠨ ᠪᠠᠶᠢᠴᠠᠭᠠᠵᠤ ᠪᠠᠶᠢᠬᠤ ᠨᠢ ᠬᠢᠵᠢᠭ ᠤᠨ ᠳᠠᠷᠬᠠᠯᠳᠠ ᠶᠢ ᠬᠤᠷᠢᠭᠯᠠᠬᠤ ᠳᠤ ᠳᠦᠢᠯ ᠤᠨ ᠴᠢᠬᠤᠯᠠ᠂ ᠡᠯ᠎ᠡ ᠪᠠᠶᠢᠴᠠᠭᠠᠬᠤ ᠴᠡᠭ ᠤᠨ ᠠᠵᠢᠯᠳᠠᠳ ᠳᠡᠭᠡᠲᠦ ᠬᠡᠮᠵᠢᠶᠡᠨ ᠤ ᠬᠠᠷᠢᠭᠤᠴᠠᠯᠭᠠᠲᠣ ᠣᠪᠣᠷ ᠢᠶᠠᠷ ᠰᠡᠷᠭᠡᠶᠢᠯᠡᠨ ᠡᠵᠡᠮᠳᠡᠬᠦ ᠱᠣᠭᠤᠮ ᠢ ᠰᠠᠶᠢᠳᠣᠷ ᠰᠠᠬᠢᠵᠦ ᠬᠢᠵᠢᠭ ᠢ ᠪᠦᠲᠦᠮᠵᠢᠲᠡᠢ ᠬᠤᠷᠢᠭᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠯᠳᠣᠭᠠᠨ ᠤ ᠢᠯᠠᠯᠳᠠ ᠣᠯᠬᠤ ᠶᠢ ᠪᠠᠳᠣᠯᠠᠵᠦ ᠣᠯᠠᠨ ᠲᠦᠮᠡᠨ ᠤ ᠪᠡᠶ᠎ᠡ ᠮᠠᠬᠠᠪᠤᠳ ᠤᠨ ᠡᠷᠡᠬᠦᠯ ᠴᠢᠬᠢᠷᠠᠭ ᠪᠠ ᠠᠮᠢ ᠨᠠᠰᠣᠨ ᠤ ᠠᠶᠣᠯᠬᠦᠢ ᠶᠢ ᠪᠠᠳᠣᠯᠠᠬᠤ ᠬᠡᠷᠡᠭᠲᠡᠢ ᠬᠡᠪᠡ᠃
     ᠬᠤᠰᠢᠭᠤ ᠳᠡᠳ᠋ ᠳᠠᠷᠤᠭ᠎ᠠ ᠯᠢᠦ ᠵᠧᠩ ᠪᠠ ᠬᠤᠰᠢᠭᠤ ᠳᠣᠳᠣᠭᠠᠲᠣ ᠶᠢ ᠬᠠᠮᠠᠭᠠᠯᠠᠬᠤ ᠳᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠣᠯᠳᠠ ᠶᠢᠨ ᠳᠣᠪᠴᠢᠶ᠎ᠠ᠂ ᠡᠨᠧᠷᠬᠢ ᠶᠢᠨ ᠳᠣᠪᠴᠢᠶ᠎ᠠ ᠪᠠ ᠦᠦᠰᠢᠨᠵᠣᠣ ᠪᠠᠯᠭᠠᠰᠣ᠂ ᠳᠤᠭ ᠪᠠᠯᠭᠠᠰᠣᠨ ᠤ ᠬᠠᠷᠢᠭᠤᠴᠠᠯᠭᠠᠳᠠᠳ ᠪᠠᠷᠠᠳᠠᠨ ᠪᠠᠶᠢᠴᠠᠭᠠᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号