1 ᠰᠠᠷ᠎ᠠ ᠶᠢᠨ 31 ᠤ ᠤᠷᠤᠢ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠸᠢᠳᠢᠣ᠋ ᠲᠤᠭᠢᠷᠠᠭᠤᠯᠤᠯᠳᠠ ᠶᠢᠨ ᠬᠤᠷᠠᠯ ᠤᠨ ᠲᠠᠷᠠᠭ᠎ᠠ ᠬᠤᠰᠢᠭᠤ ᠨᠠᠮ ᠤᠨ ᠬᠤᠷᠢᠶᠠᠨ ᠤ | ᠱᠦᠵᠢ ᠡᠷᠳᠡᠨᠢᠪᠢᠯᠢᠭ ᠪᠥᠭᠦ ᠬᠤᠰᠢᠭᠤᠨ ᠤ ᠸᠢᠳᠢᠣ᠋ ᠲᠤᠭᠢᠷᠠᠭᠤᠯᠤᠯᠳᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ | ᠡᠯ᠎ᠠ ᠱᠠᠳᠤᠨ ᠤ ᠸᠢᠳᠢᠤ᠋ ᠲᠤᠭᠢᠷᠠᠭᠤᠯᠤᠯᠳᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠵᠤ | ᠪᠦᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠪᠠᠶᠢᠷᠢᠯᠠᠭᠤᠯᠤᠯᠳᠠ | ᠲᠤᠭᠢᠷᠠᠭᠤᠯᠤᠯᠳᠠ ᠭᠢᠭᠰᠡᠨ ᠪᠠᠶᠢᠨ᠎ᠠ᠃ | | | | | | | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠋ᠨᠨ ᠤ ᠡᠷᠬᠢᠯᠡᠭᠴᠢ ᠱᠢ ᠲᠠᠢ ᠹᠧᠩ ᠤᠨ | ᠲᠤᠭᠢᠷᠠᠭᠤᠯᠤᠯᠳᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠬᠤᠷᠠᠯ | ᠲᠡᠭᠡᠷ᠎ᠡ ᠡᠯ᠎ᠡ ᠠᠶᠢᠮᠠᠭ ᠬᠤᠲᠠ ᠳᠤ ᠣᠷᠣᠰᠢᠵᠤ ᠪᠠᠶᠢᠭ᠎ᠠ ᠭᠤᠤᠯ ᠠᠰᠠᠭᠤᠳᠠᠯ ᠪᠠ ᠵᠠᠷᠯᠠᠨ ᠮᠡᠳᠡᠭᠳᠡᠭᠰᠡᠨ ᠨᠡᠶᠢᠲᠡᠯᠢᠭ | ᠴᠢᠨᠠᠷᠲᠠᠶ ᠠᠰᠠᠭᠤᠳᠠᠯ ᠢ ᠵᠢᠭᠠᠨ ᠭᠠᠷᠭᠠᠵᠤ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠵᠢᠯᠣᠭᠤᠳᠬᠤ ᠭᠠᠵᠠᠷ ᠠᠴᠠ ᠥᠪᠡᠷᠲᠡᠭᠡᠨ ᠵᠠᠰᠠᠬᠤ ᠣᠷᠣᠨ ᠤ ᠭᠢᠨᠠᠨ ᠵᠢᠯᠣᠭᠤᠳᠬᠤ ᠳᠤᠭᠤᠶᠢᠯᠠᠩ ᠤᠨ | ᠢᠯᠡᠷᠡᠭᠦᠯᠦᠭᠰᠡᠨ ᠣᠷᠳᠣᠰ ᠬᠤᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠮᠡᠳᠡᠭᠳᠡᠪᠡ᠃ | | | | | | | ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ᠪᠥᠬᠦ ᠬᠤᠰᠢᠭᠤ ᠪᠠᠷ ᠢᠶᠠᠨ ᠡᠯ᠎ᠡ ᠱᠠᠲᠤᠨ ᠤ ᠬᠤᠷᠠᠯ ᠤᠨ ᠵᠣᠷᠢᠭ | ᠰᠠᠨᠠᠭ᠎ᠠ ᠪᠠ ᠮᠡᠳᠡᠭᠳᠡᠯ ᠤᠨ ᠵᠣᠷᠢᠭ ᠰᠠᠨᠠᠭ᠎ᠠ ᠶᠢ ᠴᠠᠭ ᠲᠤᠬᠠᠶ ᠳᠤᠨᠢ ᠤᠯᠠᠮᠵᠢᠯᠠᠨ ᠰᠤᠷᠤᠯᠴᠠᠵᠤ ᠤᠯᠤᠰ ᠲᠥᠷᠥ | ᠶᠢᠨ ᠵᠣᠭᠰᠣᠴᠠ ᠪᠠᠨ ᠳᠡᠭᠡᠭᠰᠢᠯᠡᠭᠦᠯᠦᠨ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠡᠷᠬᠡᠪᠰᠢ ᠬᠠᠮᠤᠭ ᠤᠨ ᠴᠢᠬᠤᠯᠠ ᠪᠠᠶᠢᠷᠢᠨ ᠳᠤ ᠲᠠᠯᠪᠢᠵᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠳᠠᠶᠢᠯᠠᠯᠳᠤᠭᠠᠨ ᠤ ᠢᠯᠠᠯᠲᠠ ᠶᠢ ᠤᠯᠬᠤ ᠬᠡᠷᠡᠭᠲᠡᠶ᠃ ᠡᠯ᠎ᠡ ᠭᠠᠵᠠᠷ ᠤᠷᠤᠨ ᠡᠯ᠎ᠡ ᠰᠠᠯᠠᠭ᠎ᠠ | ᠮᠥᠴᠢᠷ ᠸᠢᠴᠠᠲ᠂ ᠳ᠋ᠢᠶᠠᠩᠬᠤᠸᠠ ᠵᠡᠷᠭᠡ ᠠᠷᠭ᠎ᠠ ᠬᠡᠯᠪᠡᠷᠢ ᠪᠠᠷ ᠡᠯ᠎ᠡ ᠱᠠᠲᠤᠨ ᠤ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠵᠤ ᠣᠳᠣᠬᠠᠨ ᠤ ᠠᠵᠢᠯ ᠢ ᠲᠤᠬᠢᠷᠠᠭᠤᠯᠤᠨ ᠪᠠᠶᠢᠷᠢᠯᠠᠭᠤᠯᠬᠤ ᠬᠡᠷᠡᠭᠲᠡᠶ ᠭᠡᠵᠡᠢ᠃ | ᠡᠷᠳᠡᠨᠢᠪᠢᠯᠢᠭ ᠴᠢᠬᠤᠯᠠᠴᠢᠯᠠᠭᠰᠠᠨ ᠨᠢ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ | ᠠᠳᠬᠤᠵᠤ ᠣᠳᠣᠬᠠᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠨᠡᠶᠢᠲᠡᠯᠢᠭ ᠴᠢᠨᠠᠷᠲᠠᠶ ᠪᠠ ᠲᠣᠪᠣᠶᠢᠮ᠎ᠠ | ᠠᠰᠠᠭᠤᠳᠠᠯ ᠳᠤ ᠴᠢᠭᠯᠡᠭᠦᠯᠦᠨ ᠨᠠᠷᠢᠨ ᠲᠠᠩᠰᠠ ᠭᠠᠷᠭᠠᠨ ᠴᠡᠭᠴᠡᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ | ᠱᠠᠭᠠᠷᠳᠠᠯᠭ᠎ᠠ ᠶᠢ ᠨᠠᠷᠢᠯᠢᠬᠵᠢᠭᠤᠯᠵᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ | ᠬᠡᠷᠡᠭᠲᠡᠶ᠃ ᠨᠠᠮ ᠤᠨ ᠭᠡᠰᠢᠭᠦᠨ ᠤ ᠲᠠᠭᠤᠷᠢᠶᠠᠯ ᠲᠠᠭᠠᠭᠤᠯᠤᠭᠴᠢ ᠶᠢᠨ ᠦᠶᠯᠡᠳᠦᠯ ᠢ ᠭᠦᠶᠴᠡᠳ ᠪᠠᠳᠠᠷᠠᠭᠤᠯᠵᠤ | ᠥᠷᠭᠡᠨ ᠣᠯᠠᠨ ᠨᠠᠮ ᠤᠨ ᠭᠡᠰᠢᠭᠦᠨ᠂ ᠺᠠᠳ᠋ᠷ᠂ ᠢᠯᠠᠩᠭᠤᠶ᠎ᠠ ᠤᠳᠤᠷᠢᠳᠬᠤ ᠺᠠᠳ᠋ᠷ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠳᠤ ᠢᠳᠡᠪᠭᠢᠯᠠᠨ ᠤᠷᠤᠯᠴᠠᠬᠤ ᠶᠢ ᠵᠤᠷᠢᠭᠵᠢᠭᠤᠯᠤᠨ ᠨᠠᠮ ᠤᠨ ᠭᠡᠰᠢᠭᠦᠨ ᠤ | ᠬᠤᠰᠢᠭᠤᠴᠢ ᠠᠵᠢᠯ ᠤᠨ ᠪᠠᠶᠢᠷᠢ ᠶᠢ ᠪᠠᠶᠢᠭᠤᠯᠵᠤ ᠨᠠᠮ ᠤᠨ ᠭᠡᠰᠢᠭᠦᠨ ᠤ ᠬᠤᠰᠢᠭᠤᠴᠢ ᠠᠩᠭᠢ ᠶᠢ ᠵᠣᠬᠢᠶᠠᠨ | ᠪᠠᠶᠢᠭᠤᠯᠤᠨ ᠨᠠᠮ ᠤᠨ ᠭᠡᠰᠢᠭᠦᠨ ᠤ ᠡᠮᠦᠨ᠎ᠡ ᠹᠷᠣᠨᠲ ᠲᠠᠬᠢ ᠲᠡᠷᠢᠭᠦᠨ ᠤ ᠦᠶᠯᠡ ᠠᠵᠢᠯᠯᠠᠭ᠎ᠠ ᠶᠢ ᠤᠬᠠᠭᠤᠯᠬᠤ | ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠤᠨ᠎ᠠ ᠹᠷᠣᠨᠲ ᠲᠤ ᠺᠠᠳ᠋ᠷ ᠢ ᠪᠠᠶᠢᠴᠠᠭᠠᠵᠤ᠂ ᠢᠯᠭᠠᠨ | ᠲᠠᠨᠢᠵᠤ᠂ ᠦᠨᠡᠯᠡᠵᠦ᠂ ᠵᠤᠭᠢᠰᠳᠠᠢ ᠬᠡᠷᠡᠭᠯᠡᠬᠦ ᠬᠡᠷᠡᠭᠲᠡᠶ᠃ ᠤᠬᠠᠭᠤᠯᠭ᠎ᠠ ᠬᠥᠮᠦᠵᠢᠯ ᠢ ᠴᠢᠩᠭᠠᠳᠬᠠᠨ ᠨᠡᠶᠢᠭᠡᠮ | ᠳᠠᠶᠠᠭᠠᠷ ᠤᠨ ᠰᠡᠷᠭᠡᠶᠢᠯᠡᠨ ᠡᠵᠡᠮᠳᠡᠬᠦ ᠠᠵᠢᠯ ᠳᠤ ᠬᠠᠮᠳᠤ ᠪᠠᠷ ᠤᠷᠤᠯᠴᠠᠬᠤ ᠶᠢ ᠵᠢᠯᠤᠭᠤᠳᠬᠤ ᠬᠡᠷᠡᠭᠲᠡᠶ᠃ | ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠠᠵᠢᠯ ᠢ ᠥᠷᠨᠢᠭᠦᠯᠵᠤ ᠡᠯ᠎ᠡ ᠳᠠᠭᠠᠭᠠᠴᠢᠯᠠᠨ ᠬᠠᠷᠢᠯᠴᠠᠬᠤ | ᠤᠳᠤᠷᠢᠳᠤᠯᠭ᠎ᠠ᠂ ︽3 + 1︾ ᠬᠠᠪᠰᠤᠷᠤᠨ ᠲᠡᠳᠬᠦᠬᠦ ᠨᠢᠭᠡᠴᠢ᠂ ᠪᠤᠯᠪᠠᠰᠤᠨ ᠬᠤᠲᠠ ᠶᠢᠨ ᠡᠭᠦᠳᠦᠨ | ᠪᠠᠶᠢᠭᠤᠯᠤᠯᠳᠠ ᠶᠢᠨ ᠬᠠᠷᠢᠯᠴᠠᠬᠤ ᠨᠢᠭᠡᠴᠢ ᠨᠦᠭᠦᠳ ᠲᠦᠷᠭᠡᠨ ᠬᠥᠳᠡᠯᠦᠯᠴᠡᠵᠦ ᠡᠯ᠎ᠡ ᠭᠠᠵᠠᠷ ᠤᠷᠤᠨ ᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠠᠪᠰᠤᠷᠤᠨ ᠵᠢᠯᠣᠭᠤᠳᠬᠤ ᠬᠡᠷᠡᠭᠲᠡᠶ︔ ᠡᠯ᠎ᠡ ᠭᠠᠴᠠᠭ᠎ᠠ ᠲᠣᠰᠬᠤᠨ᠂ | ᠨᠡᠶᠢᠭᠡᠮ ᠲᠣᠭᠤᠷᠢᠭ ᠭᠤᠤᠯ ᠬᠦᠴᠦᠨ ᠤ ᠦᠶᠯᠡᠳᠦᠯ ᠢᠶᠠᠨ ᠰᠠᠶᠢᠲᠤᠷ ᠪᠠᠳᠠᠷᠠᠭᠤᠯᠵᠤ ᠠᠬᠠᠮᠠᠳ ᠨᠠᠮ ᠤᠨ ᠭᠡᠰᠢᠭᠦᠨ᠂ | ᠠᠬᠠᠮᠠᠳ ᠺᠠᠳ᠋ᠷ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠂ ᠲᠡᠷᠢᠭᠦᠨ ᠤ ᠵᠢᠱᠢᠶᠡᠴᠢ᠂ ᠲᠣᠰᠬᠤᠨ ᠤ ᠡᠮᠴᠢ | ᠪᠠ ᠠᠳᠠᠯ ᠠᠬᠤᠶ ᠶᠢᠨ ᠺᠣᠮᠫᠠᠨᠢ᠂ ᠰᠠᠭᠤᠭᠠᠯᠢ ᠠᠷᠠᠳ ᠤᠨ ᠵᠥᠪᠯᠡᠯ ᠵᠡᠷᠭᠡ ᠭᠥᠮᠤᠰ ᠢ ᠦᠨᠡᠨᠬᠦ ᠳᠠᠶᠢᠴᠢᠯᠠᠨ ᠣᠯᠠᠨ | ᠢᠶᠠᠷ ᠢᠶᠠᠨ ᠰᠠᠷᠭᠡᠶᠢᠯᠠᠨ ᠡᠵᠡᠮᠳᠡᠬᠦ ᠪᠠᠶᠢᠳᠠᠯ ᠢ ᠪᠣᠶ ᠪᠣᠯᠭᠠᠬᠤ ᠬᠡᠷᠡᠭᠲᠡᠶ᠃ ᠠᠵᠢᠯᠲᠠᠨ ᠤ ᠥᠪᠡᠷ ᠢ ᠪᠠᠨ ᠰᠡᠷᠭᠡᠶᠢᠯᠡᠬᠦ | ᠦᠵᠡᠯ ᠤᠬᠠᠮᠰᠠᠷ ᠢ ᠳᠡᠭᠡᠭᠰᠢᠯᠡᠭᠦᠯᠵᠦ ᠳ᠋ᠢᠶᠠᠩᠬᠤᠸᠠ᠂ ᠸᠢᠴᠠᠲ᠂ ᠰᠠᠭᠤᠭᠠᠯᠢ ᠲᠣᠭᠤᠷᠢᠭ ᠤᠨ ᠣᠷᠣᠵᠤ ᠭᠠᠷᠬᠤ ᠶᠢ | ᠳᠠᠩᠰᠠᠯᠠᠬᠤ ᠵᠡᠷᠭᠡ ᠠᠷᠭ᠎ᠠ ᠮᠠᠶ᠋ᠢᠭ ᠢ ᠠᠰᠢᠭᠯᠠᠨ ᠮᠡᠳᠡᠭᠡ ᠵᠠᠩᠭᠢ ᠶᠢ ᠡᠵᠡᠮᠰᠢᠨ ᠪᠠᠶᠢᠴᠠᠭᠠᠵᠤ ᠪᠠᠶᠢᠳᠠᠯ ᠢ ᠲᠣᠳᠣᠷᠬᠠᠶ | ᠤᠶᠢᠯᠠᠭᠠᠬᠤ ᠶᠢ ᠦᠨᠡᠨᠬᠦ ᠪᠠᠶᠠᠯᠠᠭᠦᠯᠭᠦ ᠬᠡᠷᠡᠭᠲᠡᠶ ᠭᠡᠪᠡ᠃ | | | | | | | ᠬᠤᠷᠠᠯ ᠢᠶᠠᠷ ᠨᠠᠷᠢᠨ ᠪᠠᠶᠢᠴᠠᠭᠠᠯᠳᠠ ᠭᠢᠭᠦ᠂ ᠰᠡᠷᠭᠡᠶᠢᠯᠡᠨ ᠡᠵᠡᠮᠳᠡᠬᠦ ᠬᠦᠴᠦᠨ ᠢ ᠵᠣᠬᠢᠶᠠᠨ ᠪᠠᠶᠢᠭᠤᠯᠬᠤ᠂ | ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠵᠡᠷᠭᠡ ᠪᠠᠶᠢᠳᠠᠯ ᠤᠨ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ | ᠤ ᠱᠦᠵᠢ ᠶᠢᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ᠂ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠦ᠋ ᠰᠢᠨ ᠹᠠ᠂ ᠬᠤᠰᠢᠭᠤ | ᠳᠡᠳ᠋ ᠳᠠᠷᠤᠭ᠎ᠠ ᠪᠠᠶᠠᠨᠴᠢᠮᠡᠭ ᠪᠤᠯᠤᠨ ᠭᠡᠰᠡᠭ ᠰᠤᠮᠤ ᠪᠠᠯᠭᠠᠰᠤ᠂ ᠵᠠᠰᠠᠭ ᠤᠨ ᠣᠷᠳᠣᠨ ᠤ ᠠᠯᠪᠠᠨ ᠬᠡᠷ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠭᠤᠤᠯ ᠬᠠᠷᠢᠭᠤᠴᠠᠯᠭᠠᠲᠠᠨ ᠭᠤᠤᠯ ᠬᠤᠷᠠᠯ ᠤᠨ ᠲᠠᠯᠠᠪᠠᠶ ᠳᠤ ᠬᠤᠷᠠᠯ | ᠳᠤ ᠣᠷᠣᠯᠴᠠᠵᠤ ᠡᠯ᠎ᠡ ᠰᠤᠮᠤ ᠪᠠᠯᠭᠠᠰᠤᠨ ᠤ ᠤᠳᠤᠷᠢᠳᠬᠤ ᠪᠠᠭ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ | ᠣᠷᠣᠯᠴᠠᠵᠠᠶ᠃ |