1ᠰᠠᠷ᠎ᠠ ᠶᠢᠨ 31 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠰᠤᠪᠤᠷᠭ᠎ᠠ ᠨᠡᠶᠢᠬᠡᠮ | ᠲᠣᠭᠤᠷᠢᠭ ᠪᠣᠯᠣᠨ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠳᠤ ᠬᠦᠷᠴᠤ ᠰᠢᠨ᠎ᠡ ᠬᠡᠯᠪᠡᠷᠢ ᠶᠢᠨ ᠲᠢᠳᠢᠮᠯᠢᠭ | ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠤ | ᠪᠠᠶᠢᠭ᠎ᠠ ᠠᠵᠢᠯ ᠢ ᠬᠢᠨᠠᠨ ᠵᠢᠯᠣᠭᠤᠳᠴᠦ ᠪᠠᠶᠢᠴᠠᠭᠠᠯᠲᠠ ᠬᠢᠬᠦ ᠳᠡᠭᠡᠨ᠂ ᠬᠤᠯᠪᠣᠭᠠᠯᠠᠨ ᠰᠡᠷᠭᠡᠶᠢᠯᠡᠨ ᠡᠵᠡᠮᠳᠡᠬᠦ ᠠᠵᠢᠯ | ᠪᠣᠯᠣᠨ ᠪᠠᠴᠢᠮ ᠪᠠᠶᠢᠳᠠᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠬᠢᠨᠠᠮᠠᠭᠠᠢ ᠲᠤᠭᠤᠰᠢᠯᠠᠭᠤᠯᠵᠤ ᠪᠦᠬᠦ | ᠬᠦᠴᠦᠨ ᠢᠶᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠬᠢᠯᠡᠯᠲᠡ ᠶᠢᠨ ᠳᠠᠶᠢᠯᠠᠯᠳᠤᠭᠠᠨ ᠤ ᠢᠯᠠᠯᠲᠠ ᠶᠢ | ᠣᠯᠬᠤ ᠪᠠᠷ ᠴᠢᠷᠮᠠᠶᠢᠬᠤ ᠬᠡᠷᠡᠭᠲᠡᠢ ᠭᠡᠵᠤ ᠴᠢᠬᠤᠯᠠᠴᠢᠯᠠᠪᠠ᠃ | | | | | | | ᠰᠤᠪᠤᠷᠭ᠎ᠠ ᠨᠡᠶᠢᠬᠡᠮ ᠲᠣᠭᠤᠷᠢᠭ ᠲᠤ ᠡᠷᠳᠡᠨᠢᠪᠢᠯᠢᠭ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ | ᠹᠷᠤᠨᠲ ᠲᠤ ᠪᠠᠶᠢᠭ᠎ᠠ ᠠᠵᠢᠯᠲᠠᠳ ᠲᠤ ᠴᠢᠩ ᠰᠡᠳᠬᠢᠯ ᠤᠨ ᠳᠠᠯᠠᠷᠬᠠᠯ ᠪᠣᠯᠣᠨ ᠡᠷᠬᠢᠮ ᠳᠡᠭᠡᠲᠦ ᠬᠦᠨᠳᠦᠳᠬᠡᠯ ᠢᠶᠠᠨ | ᠳᠡᠪᠰᠢᠭᠦᠯᠵᠤ ᠲᠡᠳᠡᠨ ᠢ ᠰᠢᠨᠵᠢᠯᠡᠬᠦ ᠤᠬᠠᠭᠠᠨᠴᠢ ᠪᠠᠷ ᠤᠯᠠᠨ ᠲᠦᠮᠡᠨ ᠢ ᠳᠠᠶᠢᠴᠢᠯᠠᠨ ᠬᠢᠵᠢᠭ ᠢ ᠰᠡᠷᠭᠡᠶᠢᠯᠡᠨ | ᠡᠵᠡᠮᠳᠡᠬᠦ ᠶᠢᠨ ᠬᠠᠮᠲᠦ ᠥᠪᠡᠷ ᠤᠨ ᠪᠡᠶ᠎ᠡ ᠶᠢᠨ ᠬᠠᠮᠠᠭᠠᠯᠠᠯᠲᠠ ᠪᠠᠨ ᠦᠨᠡᠨᠬᠦ ᠴᠢᠩᠭᠠᠳᠬᠠᠬᠤ ᠶᠢ ᠬᠦᠰᠡᠪᠡ᠃ | ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠨᠡᠶᠢᠬᠡᠮ ᠲᠣᠭᠤᠷᠢᠭ ᠤᠨ ᠬᠢᠨ ᠬᠢᠵᠢᠭ ᠢ ᠰᠡᠷᠭᠡᠶᠢᠯᠡᠨ ᠡᠵᠡᠮᠳᠡᠬᠦ | ᠠᠵᠢᠯ ᠤᠨ ᠳᠤᠮᠲᠠ ᠴᠢᠬᠤᠯᠠ ᠦᠢᠯᠡᠳᠦᠯ ᠦᠵᠡᠭᠦᠯᠵᠤ ᠪᠠᠶᠢᠭ᠎ᠠ ᠪᠣᠯᠬᠤᠷ ᠨᠡᠶᠢᠬᠡᠮ ᠲᠣᠭᠤᠷᠢᠭ ᠲᠤ ᠪᠠᠶᠢᠭ᠎ᠠ | ᠨᠠᠮ ᠤᠨ ᠭᠡᠰᠢᠭᠦᠨ ᠺᠠᠳ᠋ᠷᠴᠤᠳ ᠢ ᠳᠠᠶᠢᠴᠢᠯᠠᠨ ᠳᠣᠯᠣᠭᠠᠶᠢᠯᠠᠭᠴᠢ ᠶᠢᠨ ᠦᠢᠯᠡᠳᠦᠯ ᠢᠶᠠᠨ ᠪᠠᠳᠠᠷᠠᠭᠤᠯᠵᠤ ᠸᠢᠴᠠᠲ | ᠵᠡᠷᠭᠡ ᠮᠡᠳᠡᠭᠡ ᠵᠠᠩᠬᠢᠴᠢᠯᠠᠯᠲᠠ ᠶᠢᠨ ᠠᠷᠭ᠎ᠠ ᠪᠠᠷ ᠰᠡᠷᠭᠡᠶᠢᠯᠡᠨ ᠡᠵᠡᠮᠳᠡᠬᠦ ᠠᠵᠢᠯ ᠢ ᠪᠦᠲᠦᠮᠵᠢᠲᠠᠢ ᠥᠷᠨᠢᠭᠦᠯᠵᠤ | ᠬᠤᠯᠪᠣᠭᠠᠯᠠᠨ ᠰᠡᠷᠭᠡᠶᠢᠯᠡᠨ ᠡᠵᠡᠮᠳᠡᠬᠦ᠂ ᠤᠯᠠᠨ ᠢᠶᠠᠷ ᠢᠶᠠᠨ ᠰᠡᠷᠭᠡᠶᠢᠯᠡᠨ ᠡᠵᠡᠮᠳᠡᠬᠦ ᠠᠵᠢᠯ ᠢ ᠲᠤᠭᠤᠰᠢᠯᠠᠭᠤᠯᠬᠤ | ᠬᠡᠷᠡᠭᠲᠡᠢ᠃ ᠠᠵᠢᠯᠲᠠᠳ ᠤᠨ ᠰᠡᠷᠭᠡᠶᠢᠯᠡᠨ ᠬᠠᠮᠠᠭᠠᠯᠠᠬᠤ ᠪᠣᠯᠣᠨ ᠪᠠᠶᠢᠴᠠᠭᠠᠬᠤ ᠬᠡᠷᠡᠭᠰᠡᠯ ᠢ ᠪᠦᠬᠦ ᠬᠦᠴᠦᠨ ᠢᠶᠠᠷ | ᠪᠠᠲᠤᠯᠠᠵᠤ ᠠᠵᠢᠯ ᠤᠨ ᠳᠦᠷᠢᠮᠵᠢᠯ ᠢ ᠴᠢᠩᠭᠠᠳᠬᠠᠬᠤ ᠬᠡᠷᠡᠭᠲᠡᠢ᠃ ᠨᠡᠭᠦᠳᠡᠯ ᠬᠦᠮᠦᠨ ᠠᠮᠠ ᠶᠢᠨ ᠬᠠᠮᠢᠶᠠᠷᠤᠯᠲᠠ | ᠡᠵᠡᠮᠳᠡᠯ ᠢ ᠴᠢᠩᠭᠠᠳᠬᠠᠵᠤ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠪᠤᠳᠠᠳᠠᠶᠢᠵᠢᠭᠤᠯᠤᠨ ᠲᠤᠭᠤᠰᠢᠯᠠᠭᠤᠯᠬᠤ | ᠬᠡᠷᠡᠭᠲᠡᠢ᠃ ᠤᠬᠠᠭᠤᠯᠭ᠎ᠠ ᠶᠢᠨ ᠠᠷᠭ᠎ᠠ ᠮᠠᠶ᠋ᠢᠭ ᠢᠶᠠᠨ ᠦᠷᠬᠦᠯᠵᠢᠯᠡᠨ ᠦᠭᠡᠷᠡᠴᠢᠯᠡᠵᠤ ᠣᠯᠠᠨ ᠵᠦᠢᠯ ᠤᠨ ᠬᠡᠯᠪᠡᠷᠢ ᠪᠠᠷ | ᠬᠢᠵᠢᠭ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠲᠥᠭᠡᠮᠡᠯᠵᠢᠭᠦᠯᠦᠨ ᠰᠠᠭᠤᠭᠠᠯᠢ ᠠᠷᠠᠳ ᠢ ᠠᠮᠠᠪᠴᠢ ᠵᠡᠬᠦᠬᠦ᠂ ᠠᠯᠢ | ᠪᠣᠯᠬᠤ ᠪᠠᠷ ᠭᠠᠳᠠᠭᠰᠢ ᠭᠠᠷᠬᠤ ᠦᠭᠡᠢ ᠪᠠᠶᠢᠬᠤ ᠶᠢ ᠤᠷᠢᠶᠠᠯᠠᠬᠤ ᠬᠡᠷᠡᠭᠲᠡᠢ ᠭᠡᠪᠡ᠃ | | | | | | | ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠳᠤ ᠡᠷᠳᠡᠨᠢᠪᠢᠯᠢᠭ ᠤᠷᠢᠳᠴᠢᠯᠠᠨ ᠪᠠᠶᠢᠴᠠᠭᠠᠵᠤ | ᠲᠤᠰᠠᠭᠠᠷᠯᠠᠨ ᠡᠮᠴᠢᠯᠡᠬᠦ᠂ ᠡᠳ᠋ ᠪᠤᠳᠠᠰ ᠤᠨ ᠨᠥᠭᠡᠴᠡ ᠵᠡᠷᠭᠡ ᠶᠢᠨ ᠪᠠᠶᠢᠳᠠᠯ ᠢ ᠨᠠᠷᠢᠨ ᠤᠶᠢᠯᠠᠭᠠᠭᠰᠠᠨ ᠤ ᠳᠠᠷᠠᠭ᠎ᠠ | ᠪᠦᠬᠦ ᠡᠮᠨᠡᠯᠭᠡ ᠶᠢᠨ ᠠᠵᠢᠯᠲᠠᠳ ᠢ ᠪᠦᠬᠦ ᠬᠦᠴᠦᠨ ᠢᠶᠠᠷ ᠢᠶᠠᠨ ᠪᠠᠴᠢᠮ ᠪᠠᠶᠢᠳᠠᠯ ᠢ ᠰᠢᠢᠳᠪᠦᠷᠢᠯᠡᠬᠦ ᠪᠡᠯᠡᠳᠬᠡᠯ | ᠠᠵᠢᠯ ᠢᠶᠠᠨ ᠰᠠᠶᠢᠲᠤᠷ ᠬᠢᠵᠤ ᠠᠷᠠᠳ ᠲᠥᠮᠡᠨ ᠤ ᠠᠮᠢ ᠨᠠᠰᠤᠨ ᠤ ᠠᠮᠤᠷ ᠳᠥᠪᠰᠢᠨ ᠪᠤᠯᠤᠨ ᠪᠡᠶ᠎ᠡ ᠮᠠᠬᠠᠪᠤᠳ ᠤᠨ | ᠡᠷᠡᠭᠦᠯ ᠮᠡᠨᠳᠦ ᠶᠢ ᠪᠠᠲᠤᠯᠠᠬᠤ ᠬᠡᠷᠡᠭᠲᠡᠢ ᠭᠡᠪᠡ᠃ ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠰᠡᠷᠭᠡᠶᠢᠯᠡᠨ ᠡᠵᠡᠮᠳᠡᠬᠦ | ᠪᠣᠯᠣᠨ ᠠᠪᠤᠷᠠᠨ ᠡᠮᠨᠡᠬᠦ ᠲᠤᠰᠬᠠᠢ ᠮᠡᠳᠡᠯᠭᠡ ᠶᠢᠨ ᠪᠤᠯᠪᠠᠰᠤᠷᠠᠯ ᠢ ᠴᠢᠩᠭᠠᠳᠬᠠᠵᠤ ᠪᠠᠴᠢᠮ ᠪᠠᠶᠢᠳᠠᠯ ᠢ ᠰᠢᠢᠳᠪᠦᠷᠢᠯᠡᠬᠦ | ᠴᠢᠳᠠᠪᠤᠷᠢ ᠶᠢ ᠳᠡᠭᠡᠭᠰᠢᠯᠡᠭᠦᠯᠦᠨ ᠥᠪᠡᠷ ᠤᠨ ᠪᠡᠶ᠎ᠡ ᠶᠢᠨ ᠬᠠᠮᠠᠭᠠᠯᠠᠯᠲᠠ ᠶᠢ ᠴᠢᠩᠭᠠᠳᠬᠠᠵᠤ ᠵᠠᠩᠭᠢᠯᠠᠭ᠎ᠠ ᠶᠢᠨ | ᠴᠠᠭ ᠲᠤ ᠥᠳᠲᠡᠷ ᠲᠥᠷᠭᠡᠨ ᠬᠥᠳᠡᠯᠦᠯᠴᠡᠵᠤ ᠰᠢᠨᠵᠢᠯᠡᠬᠦ ᠤᠬᠠᠭᠠᠨᠴᠢ ᠦᠨᠳᠦᠷ ᠪᠥᠲᠦᠮᠵᠢᠲᠠᠢ ᠪᠠᠷ ᠰᠢᠢᠳᠪᠦᠷᠢᠯᠡᠬᠦ | ᠬᠡᠷᠡᠭᠲᠡᠢ᠃ ᠵᠣᠬᠢᠴᠠᠭᠤᠯᠤᠨ ᠲᠣᠬᠢᠷᠠᠭᠤᠯᠬᠤ ᠶᠢ ᠲᠥᠷᠭᠡᠳᠬᠡᠨ ᠡᠮᠨᠡᠯᠭᠡ ᠶᠢᠨ ᠡᠳ᠋ ᠪᠤᠳᠠᠰ ᠢ ᠪᠦᠬᠦ ᠬᠦᠴᠦᠨ ᠢᠶᠠᠷ | ᠪᠠᠲᠤᠯᠠᠬᠤ ᠬᠡᠷᠡᠭᠲᠡᠢ᠃ ᠡᠯ᠎ᠡ ᠡᠮᠨᠡᠯᠭᠡ ᠶᠢᠨ ᠬᠤᠷᠢᠶ᠎ᠠ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠭᠠᠵᠠᠷ | ᠡᠷᠬᠡᠪᠰᠢ ᠬᠠᠮᠢᠶ᠎ᠠ ᠪᠦᠬᠦᠢ ᠮᠡᠳᠡᠯᠭᠡ ᠶᠢ ᠢᠳᠡᠪᠬᠢᠲᠠᠢ ᠤᠬᠠᠭᠤᠯᠵᠤ ᠨᠡᠶᠢᠬᠡᠮ ᠨᠡᠶᠢᠲᠡ ᠳᠤ ᠬᠢᠵᠢᠭ ᠤᠨ ᠪᠠᠶᠢᠳᠠᠯ ᠢ | ᠵᠦᠪ ᠢᠶᠠᠷ ᠲᠠᠨᠢᠭᠤᠯᠬᠤ ᠶᠢᠨ ᠬᠠᠮᠲᠦ ᠠᠷᠠᠳ ᠲᠥᠮᠡᠨ ᠤ ᠡᠳᠦᠷ ᠲᠣᠲᠣᠮ ᠤᠨ ᠡᠮᠴᠢᠯᠡᠭᠡ ᠶᠢ ᠪᠠᠲᠤᠯᠠᠬᠤ ᠬᠡᠷᠡᠭᠲᠡᠢ | ᠭᠡᠵᠡᠢ᠃ | |