2 ᠰᠠᠷ᠎ᠠ ᠶᠢᠨ 1 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠨᠢᠤ ᠵᠢᠶᠦ᠋ᠨ ᠶᠠᠨ ᠱᠥᠵᠢ ᠶᠢᠨ ᠠᠵᠢᠯ | ᠤᠨ ᠲᠣᠬᠢᠷᠠᠭᠤᠯᠤᠯᠲᠠ ᠶᠢᠨ ᠭᠠᠷ ᠤᠲᠠᠰᠤᠨ ᠤ ᠸᠢᠳᠢᠣ᠋ ᠬᠤᠷᠠᠯ ᠤᠨ ᠳᠠᠷᠠᠭ᠎ᠠ ᠬᠤᠰᠢᠭᠤ ᠨᠠᠮ ᠤᠨ ᠬᠤᠷᠢᠶᠠᠨ ᠤ | ᠱᠦᠵᠢ ᠡᠷᠳᠡᠨᠢᠪᠢᠯᠢᠭ ᠰᠤᠮᠤ ᠪᠠᠯᠭᠠᠰᠤ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ᠂ ᠵᠠᠮ ᠬᠠᠷᠢᠯᠴᠠᠭᠠᠨ ᠤ | ᠪᠠᠶᠢᠴᠠᠭᠠᠬᠤ ᠴᠢᠭ ᠲᠤ ᠬᠦᠷᠴᠦ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠬᠢᠨᠠᠨ ᠵᠢᠯᠣᠭᠤᠳᠴᠤ ᠪᠥᠬᠦ | ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠠᠬᠢᠨ ᠵᠢᠷᠤᠮᠵᠢᠭᠤᠯᠤᠨ ᠳᠠᠬᠢᠨ | ᠪᠠᠶᠢᠷᠢᠯᠠᠭᠤᠯᠵᠤ ᠳᠠᠬᠢᠨ ᠲᠤᠬᠢᠷᠠᠭᠤᠯᠤᠨ ᠳᠠᠬᠢᠨ ᠨᠠᠶᠢᠳᠠᠪᠤᠷᠢᠵᠢᠭᠤᠯᠤᠭᠰᠠᠨ ᠪᠠᠶᠢᠨ᠎ᠠ᠃ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠵᠣᠣ ᠶᠦᠩ ᠹᠧᠩ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠳᠠᠷᠤᠭ᠎ᠠ ᠯᠢ ᠵᠥᠩ ᠯᠢᠨ ᠵᠢᠴᠢ ᠡᠯ᠎ᠡ | ᠰᠤᠮᠤ ᠪᠠᠯᠭᠠᠰᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠡᠷᠡᠭᠦᠯ ᠬᠠᠮᠠᠭᠠᠯᠠᠯ ᠡᠷᠡᠭᠦᠯ ᠮᠡᠨᠳᠦ | ᠶᠢᠨ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | | | | | | ᠡᠯ᠎ᠡ ᠴᠢᠬᠤᠯᠠ ᠵᠠᠮ ᠤᠨ ᠪᠠᠶᠢᠴᠠᠭᠠᠯᠲᠠ ᠶᠢᠨ ᠴᠡᠭ ᠲᠤ ᠠᠵᠢᠯᠲᠠᠳ ᠳᠠᠩᠰᠠᠯᠠᠬᠤ᠂ ᠪᠡᠶ᠎ᠡ ᠶᠢᠨ ᠳᠤᠯᠠᠭᠠᠨ ᠢ | ᠪᠠᠶᠢᠴᠠᠭᠠᠨ ᠰᠢᠯᠭᠠᠬᠤ᠂ ᠤᠬᠠᠭᠤᠯᠤᠨ ᠵᠢᠯᠣᠭᠤᠳᠬᠤ ᠵᠡᠷᠭᠡ ᠠᠵᠢᠯ ᠢ ᠭᠢᠨᠠᠮᠠᠭᠠᠢ ᠥᠷᠨᠢᠭᠦᠯᠵᠦ ᠪᠠᠶᠢᠯ᠎ᠠ᠃ | ᠡᠷᠳᠡᠨᠢᠪᠢᠯᠢᠭ ᠬᠢᠵᠢᠭ ᠤᠨ ᠪᠠᠶᠢᠳᠠᠯ ᠤᠨ ᠳᠡᠩᠰᠡᠯᠡᠯᠲᠡ ᠶᠢᠨ ᠬᠦᠰᠦᠨᠦᠭᠲᠦ ᠶᠢ ᠨᠠᠷᠢᠨ ᠪᠠᠶᠢᠴᠠᠭᠠᠨ ᠦᠵᠡᠵᠦ | ᠪᠠᠶᠢᠴᠠᠭᠠᠬᠤ ᠶᠠᠪᠤᠴᠠ ᠪᠠ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠠᠰᠠᠭᠤᠨ ᠯᠠᠪᠯᠠᠭᠰᠠᠨ ᠪᠥᠭᠡᠳ ᠲᠡᠳᠡᠨ ᠳᠤ | ᠳᠤᠯᠠᠭᠠᠯᠠᠭ᠎ᠠ ᠶᠢᠨ ᠪᠤᠳᠠᠰ᠂ ᠬᠤᠪᠴᠠᠰᠤ ᠵᠡᠷᠭᠡ ᠶᠢ ᠬᠦᠷᠭᠡᠨ ᠨᠢᠤ ᠵᠢᠶᠦ᠋ᠨ ᠶᠠᠨ ᠱᠦᠵᠢ ᠶᠢᠨ ᠬᠠᠶᠢᠷ᠎ᠠ ᠬᠠᠯᠠᠮᠵᠢ | ᠶᠢ ᠲᠡᠷᠡ ᠳᠠᠷᠤᠶ ᠳᠤᠨᠢ ᠡᠮᠤᠨ᠎ᠠ ᠹᠷᠣᠨᠲ ᠶᠢ ᠪᠠᠲᠤ ᠰᠠᠬᠢᠵᠤ ᠪᠠᠶᠢᠭ᠎ᠠ ᠠᠵᠢᠯᠲᠠᠨ ᠳᠤ ᠭᠥᠷᠭᠡᠨ ᠥᠭᠪᠡ᠃ | ᠲᠡᠷᠡᠴᠢᠯᠡᠨ ᠡᠭᠦᠷᠭᠡ ᠭᠦᠶᠴᠡᠳᠬᠡᠵᠦ ᠪᠠᠶᠢᠭ᠎ᠠ ᠬᠥᠮᠦᠰ ᠤᠨ ᠥᠪᠡᠷ ᠤᠨ ᠬᠠᠮᠠᠭᠠᠯᠠᠯᠳᠠ ᠪᠠᠨ ᠴᠢᠩᠭᠠᠳᠬᠠᠨ ᠬᠢᠵᠢᠭ | ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠢᠬᠦ ᠶᠢᠨ ᠬᠠᠮᠲᠤ ᠥᠪᠠᠷ | ᠤᠨ ᠪᠡᠶ᠎ᠡ ᠶᠢᠨ ᠢᠶᠠᠨ ᠠᠮᠤᠷ ᠲᠦᠪᠰᠢᠨ ᠢ ᠪᠠᠲᠤᠯᠠᠬᠤ ᠶᠢ ᠰᠠᠨᠠᠭᠤᠯᠵᠠᠢ᠃ ᠡᠷᠳᠡᠨᠢᠪᠢᠯᠢᠭ ᠱᠠᠭᠠᠷᠳᠠᠬᠤ ᠳᠤ ᠪᠠᠨ | ᠠᠮᠠᠪᠴᠢ᠂ ᠰᠠᠷᠭᠡᠶᠢᠯᠠᠯᠳᠠ ᠶᠢᠨ ᠬᠤᠪᠴᠠᠰᠤ᠂ ᠨᠢᠳᠦᠨ ᠤ ᠪᠦᠲᠡᠭᠡᠯᠭᠡ ᠵᠡᠷᠭᠡ ᠰᠡᠷᠭᠡᠶᠢᠯᠡᠨ ᠡᠵᠡᠮᠳᠡᠬᠦ ᠡᠳ᠋ ᠪᠣᠳᠠᠰ ᠢ | ᠨᠥᠭᠡᠴᠢᠯᠠᠨ ᠡᠮᠤᠨ᠎ᠠ ᠹᠷᠣᠨᠲ ᠤᠨ ᠬᠥᠮᠦᠰ ᠤᠨ ᠰᠡᠷᠭᠡᠶᠢᠯᠡᠨ ᠬᠠᠮᠭᠠᠯᠠᠯᠳᠠ ᠶᠢᠨ ᠬᠡᠷᠡᠭᠰᠡᠯ ᠢ ᠪᠠᠲᠤᠯᠠᠬᠤ ᠬᠡᠷᠡᠭᠲᠡᠶ᠃ | ᠪᠡᠯᠡᠳᠭᠡᠯ ᠲᠥᠬᠦᠭᠡᠷᠦᠮᠵᠢ ᠶᠢ ᠡᠷᠲᠡ ᠠᠴᠠ ᠪᠡᠯᠡᠳᠭᠡᠨ ᠭᠢᠵᠢᠭ ᠢ ᠡᠷᠲᠡ ᠰᠡᠷᠭᠡᠶᠢᠯᠡᠵᠦ ᠡᠮᠴᠢ ᠰᠤᠪᠢᠯᠠᠭᠴᠢ ᠶᠢᠨ | ᠰᠣᠯᠪᠢᠴᠠᠨ ᠬᠠᠯᠳᠠᠪᠤᠷᠢᠯᠠᠬᠤ ᠶᠢ ᠡᠷᠡᠰ ᠬᠤᠷᠢᠭᠯᠠᠬᠤ ᠬᠡᠷᠡᠭᠲᠡᠶ ᠭᠡᠵᠡᠢ᠃ | | | | | | | ᠳᠠᠷᠠᠭ᠎ᠠ ᠪᠠᠷ ᠶᠠᠩ ᠭᠤᠸᠠᠩ ᠰᠠᠭᠤᠭᠠᠯᠢ ᠠᠷᠠᠨ ᠤᠨ ᠲᠤᠭᠤᠷᠢᠭ᠂ ᠶᠤᠸᠠᠨ ᠳ᠋ᠢᠩ ᠰᠠᠭᠤᠭᠠᠯᠢ ᠠᠷᠠᠨ ᠤᠨ | ᠲᠤᠭᠤᠷᠢᠭ᠂ ᠵᠥᠩ ᠰᠢᠨ ᠰᠠᠭᠤᠭᠠᠯᠢ ᠠᠷᠠᠨ ᠤᠨ ᠲᠤᠭᠤᠷᠢᠭ ᠲᠤ ᠡᠷᠳᠡᠨᠢᠪᠢᠯᠢᠭ ᠰᠤᠭᠤᠴᠢᠨ ᠪᠠᠶᠢᠴᠠᠭᠠᠯᠲᠠ ᠬᠢᠵᠦ | ᠬᠥᠮᠦᠰ ᠢ ᠲᠤᠰᠠᠭᠠᠷᠯᠠᠬᠤ᠂ ᠬᠠᠮᠢᠶᠠᠷᠤᠨ ᠡᠵᠡᠮᠳᠡᠬᠦ᠂ ᠠᠮᠢᠳᠤᠷᠠᠯ ᠤᠨ ᠪᠠᠲᠤᠯᠠᠭ᠎ᠠ ᠵᠡᠷᠭᠡ ᠶᠢᠨ ᠪᠠᠶᠢᠳᠠᠯ ᠢ ᠨᠠᠷᠢᠨ | ᠣᠶᠢᠯᠠᠭᠠᠭᠰᠠᠨ ᠤ ᠬᠠᠮᠲᠤ ᠬᠥᠮᠦᠰ ᠢ ᠪᠠᠶᠢᠴᠠᠭᠠᠭᠰᠠᠨ ᠪᠠᠶᠢᠳᠠᠯ ᠪᠠ ᠠᠪᠤᠭᠰᠠᠨ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠨᠠᠷᠢᠨ ᠠᠰᠠᠭᠤᠨ ᠯᠠᠪᠯᠠᠵᠠᠶ᠃ ᠡᠷᠳᠡᠨᠢᠪᠢᠯᠢᠭ ᠴᠢᠬᠤᠯᠠᠴᠢᠯᠠᠭᠰᠠᠨ ᠨᠢ᠂ ᠡᠯ᠎ᠡ ᠨᠡᠶᠢᠭᠡᠮ ᠲᠣᠭᠤᠷᠢᠭ | ᠰᠠᠭᠤᠭᠠᠯᠢ ᠠᠷᠠᠳ ᠤᠨ ᠲᠣᠭᠤᠷᠢᠭ ᠤᠨ ᠬᠠᠮᠢᠶᠠᠷᠤᠯᠳᠠ ᠶᠢᠨ ᠪᠠᠶᠢᠳᠠᠯ ᠳᠤ ᠪᠠᠶᠢᠴᠠᠭᠠᠯᠲᠠ ᠬᠢᠵᠦ ᠭᠠᠳᠠᠨ᠎ᠠ ᠠᠴᠠ | ᠢᠷᠡᠭᠰᠠᠳ ᠢ ᠮᠡᠳᠡᠭᠦᠯᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ ᠣᠷᠣᠵᠤ ᠭᠠᠷᠬᠤ ᠲᠡᠷᠭᠡ ᠮᠠᠰᠢᠨ᠂ ᠭᠥᠮᠤᠰ | ᠤᠨ ᠳᠡᠩᠰᠡᠯᠡᠯᠲᠡ ᠪᠠ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ ᠶᠢ ᠴᠢᠩᠭ᠎ᠠ ᠵᠢᠷᠤᠮᠵᠢᠭᠤᠯᠵᠤ ᠬᠢᠵᠢᠭ | ᠡᠪᠡᠳᠴᠢᠨ ᠳᠡᠯᠭᠡᠷᠡᠬᠦ ᠶᠢ ᠡᠷᠡᠰ ᠬᠤᠷᠢᠭᠯᠠᠬᠤ ᠬᠡᠷᠡᠭᠲᠡᠶ᠃ ᠤᠬᠠᠭᠤᠯᠭ᠎ᠠ ᠪᠠᠨ ᠴᠢᠩᠭᠠᠳᠬᠠᠨ ᠠᠷᠭ᠎ᠠ ᠮᠠᠶ᠋ᠢᠭ ᠤᠨ | ᠰᠢᠨ᠎ᠡ ᠶᠢ ᠡᠭᠦᠳᠴᠦ ᠴᠤᠤᠷᠬᠠᠯ ᠢ ᠨᠢᠴᠤᠭᠠᠨ ᠤᠯᠠᠨ ᠲᠦᠮᠡᠨ ᠤ ᠥᠪᠡᠷ ᠢ ᠪᠠᠨ ᠬᠠᠮᠠᠭᠠᠯᠠᠬᠤ ᠤᠬᠠᠮᠰᠠᠷ ᠪᠣᠯᠤᠨ | ᠴᠢᠳᠠᠪᠤᠷᠢ ᠶᠢ ᠨᠡᠮᠡᠭᠳᠡᠭᠦᠯᠭᠦ ᠭᠡᠷᠡᠭᠳᠠᠢ ᠭᠡᠵᠡᠢ ᠃ | | | | | | | ᠪᠠᠶᠢᠴᠠᠭᠠᠨ ᠰᠤᠳᠤᠯᠤᠯᠲᠠ ᠶᠢᠨ ᠲᠤᠮᠳᠠ ᠡᠷᠳᠡᠨᠢᠪᠢᠯᠢᠭ ᠴᠢᠬᠤᠯᠠᠴᠢᠯᠠᠭᠰᠠᠨ ᠨᠢ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠤᠨ | ᠵᠢᠯᠣᠭᠤᠳᠬᠤ ᠭᠠᠵᠠᠷ ᠤᠨ ᠠᠯᠪᠠᠨ ᠬᠡᠷ ᠢ ᠬᠤᠰᠢᠭᠤ ᠵᠠᠰᠠᠭ ᠤᠨ ᠣᠷᠳᠣᠨ ᠤ ᠠᠯᠪᠠᠨ ᠬᠡᠷ ᠲᠤ ᠳᠣᠭᠢᠷᠠᠭᠤᠯᠵᠤ | ᠠᠵᠢᠯ ᠢ ᠨᠢᠭᠡᠳᠦᠯᠲᠡᠶ ᠲᠤᠭᠢᠷᠠᠭᠤᠯᠤᠨ ᠠᠵᠢᠯ ᠤᠨ ᠥᠨᠳᠥᠷ ᠪᠦᠲᠦᠮᠵᠢᠲᠡᠶ ᠪᠥᠭᠡᠳ ᠤᠷᠤᠭᠰᠢᠲᠠᠶ ᠶᠠᠪᠤᠭᠳᠠᠬᠤ ᠶᠢ | ᠪᠠᠲᠤᠯᠠᠬᠤ ᠬᠡᠷᠡᠭᠲᠡᠶ᠃ ᠪᠥᠬᠦ ᠬᠤᠰᠢᠭᠤᠨ ᠤ ᠭᠠᠴᠠᠭ᠎ᠠ ᠲᠣᠰᠬᠤᠨ ᠤ ᠸᠢᠳᠢᠤ᠋ ᠲᠤᠭᠢᠷᠠᠭᠤᠯᠤᠯᠳᠠ ᠶᠢᠨ ᠬᠤᠷᠠᠯ ᠢ | ᠬᠤᠷᠠᠯᠳᠤᠭᠤᠯᠵᠤ ᠭᠠᠴᠠᠭ᠎ᠠ ᠲᠣᠰᠬᠤᠨ ᠤ ᠡᠭᠦᠷᠭᠡ ᠬᠠᠷᠢᠭᠤᠴᠠᠯᠭ᠎ᠠ ᠶᠢ ᠤᠯᠠᠮ ᠲᠤᠳᠤᠷᠬᠠᠶᠢᠯᠠᠨ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ ᠨᠢᠭᠡ ᠡᠷᠦᠬᠡ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠨᠢᠭᠤᠭᠳᠠᠮᠠᠯ ᠬᠠᠯᠳᠠᠪᠤᠷᠢ ᠶᠢᠨ | ᠡᠬᠢ ᠰᠤᠷᠪᠤᠯᠵᠢ ᠶᠢ ᠲᠣᠳᠣᠷᠬᠠᠶ ᠤᠶᠢᠯᠠᠭᠠᠬᠤ ᠶᠢ ᠪᠠᠲᠤᠯᠠᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ ᠮᠠᠨ ᠤ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ | ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ ᠡᠯ᠎ᠡ ᠵᠦᠶᠯ ᠤᠨ | ᠠᠵᠢᠯ ᠤᠨ ᠵᠢᠷᠤᠮᠵᠢᠯ ᠲᠠᠢ ᠥᠨᠳᠥᠷ ᠪᠦᠲᠦᠮᠵᠢᠲᠡᠶ ᠪᠠᠶᠢᠬᠤ ᠶᠢ ᠪᠠᠲᠤᠯᠠᠬᠤ ᠬᠡᠷᠡᠭᠲᠡᠶ ᠭᠡᠵᠡᠢ᠃ | |