2 ᠰᠠᠷ᠎ᠠ ᠶᠢᠨ 1 ᠤ ᠣᠷᠣᠶ᠂ ᠬᠤᠲᠠ ᠶᠢᠨ ᠨᠠᠮ ᠤᠨ ᠬᠤᠷᠢᠶᠠᠨ ᠤ ᠨᠢᠦ ᠵᠢᠶᠦ᠋ᠨ ᠶᠠᠨ ᠱᠦᠵᠢ ᠶᠢᠨ ᠠᠵᠢᠯ | ᠤᠨ ᠳᠣᠬᠢᠷᠠᠭᠤᠯᠣᠯᠳᠠ ᠶᠢᠨ ᠭᠠᠷ ᠤᠲᠠᠰᠤᠨ ᠤ ᠸᠢᠳᠢᠤ᠋ ᠬᠤᠷᠠᠯ ᠤᠨ ᠳᠠᠷᠠᠭ᠎ᠠ ᠬᠤᠰᠢᠭᠤ ᠨᠠᠮ ᠤᠨ ᠬᠤᠷᠢᠶᠠᠨ ᠤ | ᠱᠦᠵᠢ ᠡᠷᠳᠡᠨᠢᠪᠢᠯᠢᠭ ᠪᠥᠬᠦ ᠬᠤᠰᠢᠭᠤᠨ ᠤ ᠡᠯ᠎ᠡ ᠰᠤᠮᠤ ᠪᠠᠯᠭᠠᠰᠤ᠂ ᠬᠡᠰᠡᠭ ᠭᠠᠴᠠᠭ᠎ᠠ ᠲᠣᠰᠬᠤᠨ ᠤ ᠠᠵᠢᠯ ᠤᠨ | ᠳᠣᠬᠢᠷᠠᠭᠤᠯᠣᠯᠳᠠ ᠶᠢᠨ ᠸᠢᠳᠢᠤ᠋ ᠬᠤᠷᠠᠯ ᠢ ᠡᠷᠭᠢᠯᠡᠨ ᠬᠤᠷᠠᠯᠳᠤᠭᠤᠯᠪᠠ᠃ | | | | | | | ᠡᠷᠳᠡᠨᠢᠪᠢᠯᠢᠭ ᠵᠢᠭᠠᠵᠤ ᠭᠠᠷᠭᠠᠬᠤ ᠳᠤ ᠪᠠᠨ᠂ ᠪᠥᠬᠦ ᠬᠤᠰᠢᠭᠤ ᠪᠠᠷ ᠢᠶᠠᠨ ᠡᠯ᠎ᠡ ᠱᠠᠲᠤᠨ ᠤ ᠬᠤᠷᠠᠯ ᠤᠨ | ᠵᠣᠷᠢᠭ ᠰᠠᠨᠠᠭ᠎ᠠ ᠪᠠ ᠮᠡᠳᠡᠭᠳᠡᠯ ᠤᠨ ᠵᠣᠷᠢᠭ ᠰᠠᠨᠠᠭ᠎ᠠ ᠶᠢ ᠴᠠᠭ ᠲᠤᠬᠠᠶ ᠳᠤᠨᠢ ᠤᠯᠠᠮᠵᠢᠯᠠᠨ ᠰᠤᠷᠤᠯᠴᠠᠵᠤ ᠦᠵᠡᠯ | ᠰᠠᠨᠠᠭ᠎ᠠ ᠪᠠ ᠦᠶᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠪᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠶᠯ ᠤᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠲᠠᠢ ᠦᠨᠡᠨ ᠬᠦ ᠨᠢᠭᠡᠳᠬᠡᠵᠦ ᠱᠢ ᠲᠠᠢ ᠹᠧᠩ ᠱᠦᠵᠢ ᠶᠢᠨ ᠡᠯ᠎ᠡ ᠠᠶᠢᠮᠠᠭ ᠬᠤᠲᠠ ᠶᠢᠨ ᠬᠢᠵᠢᠭ | ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠳᠤ ᠸᠢᠳᠢᠤ᠋ ᠲᠣᠬᠢᠷᠠᠭᠤᠯᠤᠯᠲᠠ ᠬᠢᠬᠦ ᠦᠶ᠎ᠡ ᠶᠢᠨ ᠬᠤᠯᠪᠣᠭᠳᠠᠯ | ᠪᠥᠬᠦᠶ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠣᠳᠣᠬᠠᠨ ᠤ ᠬᠠᠮᠤᠭ ᠤᠨ ᠴᠢᠬᠤᠯᠠ ᠠᠵᠢᠯ ᠪᠣᠯᠭᠠᠨ ᠠᠳᠬᠤᠵᠤ ᠤᠯᠤᠰ ᠲᠥᠷᠥ ᠶᠢᠨ ᠬᠠᠷᠢᠭᠤᠴᠠᠯᠭ᠎ᠠ | ᠶᠢ ᠡᠭᠦᠷᠬᠡᠯᠡᠨ ︽ᠬᠤᠶᠠᠷ ᠢ ᠬᠠᠮᠠᠭᠠᠯᠠᠬᠤ︾ ᠶᠢ ᠨᠠᠶᠢᠳᠠᠪᠤᠷᠢᠵᠢᠭᠤᠯᠬᠤ ᠬᠡᠷᠡᠭᠲᠡᠶ ᠭᠡᠵᠡᠶ᠃ | | | | | | | ᠡᠷᠳᠡᠨᠢᠪᠢᠯᠢᠭ ᠴᠢᠬᠤᠯᠠᠴᠢᠯᠠᠭᠰᠠᠨ ᠨᠢ᠂ ᠡᠯ᠎ᠡ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠪᠠᠶᠢᠴᠠᠭᠠᠬᠤ | ᠴᠡᠭ ᠤᠨ ᠪᠠᠶᠢᠴᠠᠭᠠᠯᠳᠠ ᠶᠢ ᠵᠢᠷᠤᠮᠵᠢᠭᠤᠯᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ 24 ᠴᠠᠭ ᠢᠶᠠᠷ | ᠪᠠᠶᠢᠴᠠᠭᠠᠬᠤ ᠶᠢ ᠪᠠᠶᠠᠯᠠᠭᠦᠯᠭᠦ ᠭᠡᠷᠡᠭᠳᠠᠢ᠃ ᠤᠷᠢᠳᠴᠢᠯᠠᠨ ᠪᠠᠶᠢᠴᠠᠭᠠᠵᠤ ᠲᠤᠰᠠᠭᠠᠷᠯᠠᠨ ᠡᠮᠨᠡᠬᠦ ᠳᠡᠰ ᠳᠠᠷᠠᠭᠠᠯᠠᠯ ᠢ | ᠵᠢᠷᠤᠮᠵᠢᠭᠤᠯᠵᠤ ᠡᠮᠴᠢ ᠰᠤᠪᠢᠯᠠᠭᠴᠢ ᠶᠢᠨ ᠰᠡᠷᠭᠡᠶᠢᠯᠡᠯᠲᠡ ᠶᠢ ᠴᠢᠩᠭᠠᠳᠬᠠᠬᠤ ᠭᠡᠷᠡᠭᠳᠠᠢ᠃ ᠤᠬᠠᠭᠤᠯᠬᠤ ᠠᠷᠭ᠎ᠠ | ᠮᠠᠶ᠋ᠢᠭ ᠤᠨ ᠰᠢᠨ᠎ᠡ ᠶᠢ ᠡᠭᠦᠳᠴᠦ ᠴᠤᠤᠷᠬᠠᠯ ᠢ ᠨᠢᠴᠤᠭᠠᠨ ᠭᠡᠯᠮᠡᠭᠳᠡᠯ ᠢ ᠠᠷᠢᠯᠭᠠᠬᠤ ᠬᠡᠷᠡᠭᠲᠡᠢ᠃ ᠰᠡᠷᠭᠡᠶᠢᠯᠡᠨ | ᠡᠵᠡᠮᠳᠡᠬᠦ ᠬᠠᠷᠢᠭᠤᠴᠠᠯᠭ᠎ᠠ ᠶᠢ ᠪᠤᠲᠠᠲᠠᠶᠢᠵᠢᠭᠤᠯᠤᠨ ᠡᠯ᠎ᠡ ᠰᠤᠮᠤ ᠪᠠᠯᠭᠠᠰᠤᠨ ᠤ ᠭᠤᠤᠯ ᠤᠳᠤᠷᠢᠳᠤᠯᠭ᠎ᠠ ᠪᠣᠯᠤᠨ | ᠭᠠᠴᠠᠭ᠎ᠠ ᠲᠣᠰᠬᠤᠨ ᠤ ᠨᠡᠶᠢᠭᠡᠮ ᠲᠣᠭᠤᠷᠢᠭ ᠤᠨ ᠭᠤᠤᠯ ᠬᠠᠷᠢᠭᠤᠴᠠᠯᠭᠠᠲᠠᠨ ᠤᠯᠤᠰ ᠲᠥᠷᠥ ᠶᠢᠨ ᠵᠣᠭᠰᠣᠴᠠ ᠪᠠᠨ | ᠦᠨᠡᠨᠬᠦ ᠳᠡᠭᠡᠭᠰᠢᠯᠡᠭᠦᠯᠵᠦ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠭᠦᠶᠴᠡᠳᠬᠡᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠡᠷᠢᠭᠦᠨ ᠴᠢᠬᠤᠯᠠ ᠶᠠᠪᠤᠳᠠᠯ ᠪᠣᠯᠭᠠᠵᠤ ᠪᠡᠶ᠎ᠡ ᠪᠠᠷ ᠢᠶᠠᠨ ᠲᠦᠷᠦᠬᠦᠯᠡᠨ | ᠵᠢᠯᠣᠭᠤᠳᠴᠤ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠴᠢᠩᠭ᠎ᠠ ᠰᠡᠷᠭᠡᠶᠢᠯᠡᠨ ᠴᠢᠩᠭ᠎ᠠ | ᠰᠠᠬᠢᠵᠤ ᠥᠪᠡᠷ ᠤᠨ ᠬᠥᠮᠦᠨ ᠢᠶᠠᠨ ᠰᠠᠶᠢᠲᠤᠷ ᠬᠠᠮᠢᠶᠠᠷᠴᠤ ᠬᠢᠵᠢᠭ ᠡᠪᠡᠳᠴᠢᠨ ᠳᠡᠯᠭᠡᠷᠡᠬᠦ ᠶᠢ ᠡᠷᠡᠰ ᠬᠤᠷᠢᠭᠯᠠᠬᠤ | ᠬᠡᠷᠡᠭᠲᠡᠶ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠠᠶᠢᠴᠢᠨ ᠪᠠᠬᠢᠯᠡᠯᠲᠡ ᠶᠢᠨ ᠦᠢᠯᠡᠳᠦᠯ | ᠢᠶᠠᠨ ᠭᠦᠢᠴᠡᠳ ᠪᠠᠳᠠᠷᠠᠭᠤᠯᠵᠤ ᠨᠠᠮ ᠤᠨ ᠭᠡᠰᠢᠭᠦᠨ ᠬᠤᠰᠢᠭᠤᠴᠢ ᠵᠢᠱᠢᠶᠡᠴᠢ ᠦᠢᠯᠡᠳᠦᠯ ᠢᠶᠠᠨ ᠰᠠᠶᠢᠲᠤᠷ | ᠪᠠᠳᠠᠷᠠᠭᠤᠯᠵᠤ ᠡᠮᠦᠨ᠎ᠡ ᠹᠷᠣᠨᠲ ᠲᠤ ᠭᠠᠪᠰᠢᠭᠠᠶᠢᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ᠃ ᠲᠣᠤᠷᠵᠢᠭᠤᠯᠤᠭᠰᠠᠨ ᠠᠷᠭ᠎ᠠ ᠪᠠᠷᠢᠯ ᠢ ᠭᠦᠶᠴᠡᠳ ᠬᠡᠷᠡᠭᠯᠡᠨ | ᠥᠷᠭᠡᠨ ᠣᠯᠠᠨ ᠨᠠᠮ ᠤᠨ ᠭᠡᠰᠢᠭᠦᠨ ᠺᠠᠳ᠋ᠷ ᠪᠣᠯᠤᠨ ᠲᠣᠰᠬᠤᠨ ᠤ ᠠᠷᠠᠳ ᠢ ᠳᠠᠶᠢᠴᠢᠯᠠᠨ ᠬᠥᠳᠡᠯᠦᠯ ᠪᠠᠶᠢᠳᠠᠯ ᠢ | ᠪᠠᠶᠢᠴᠠᠭᠠᠬᠤ᠂ ᠳᠠᠩᠰᠠᠯᠠᠨ ᠮᠡᠳᠡᠭᠦᠯᠬᠦ ᠵᠡᠷᠭᠡ ᠠᠵᠢᠯ ᠢ ᠣᠨᠣᠪᠴᠢᠲᠠᠶ ᠪᠥᠭᠡᠳ ᠪᠦᠲᠦᠮᠵᠢᠲᠡᠶ ᠰᠠᠶᠢᠲᠤᠷ ᠬᠢᠬᠦ | ᠬᠡᠷᠡᠭᠲᠡᠶ᠃ ᠬᠠᠯᠳᠠᠪᠤᠷᠢᠯᠠᠬᠤ ᠳᠠᠯᠳᠠ ᠬᠡᠮ ᠢ ᠲᠣᠳᠣᠷᠬᠠᠶ ᠤᠶᠢᠯᠠᠭᠠᠨ ᠨᠢᠭᠡ ᠡᠷᠦᠬᠡ᠂ ᠨᠢᠭᠡ ᠬᠥᠮᠦᠨ ᠢ ᠴᠦ | ᠣᠷᠬᠢᠭᠳᠠᠭᠤᠯᠬᠤ ᠥᠬᠡᠶ ᠪᠠᠶᠢᠬᠤ ᠶᠢ ᠪᠠᠳᠤᠯᠠᠨ ᠠᠵᠢᠯ ᠤᠨ ᠬᠠᠷᠢᠭᠤᠴᠠᠯᠭ᠎ᠠ ᠪᠠᠨ ᠪᠠᠲᠤᠯᠠᠬᠤ᠂ ᠡᠭᠦᠷᠭᠡᠯᠡᠬᠦ᠂ | ᠭᠦᠶᠴᠡᠳᠬᠡᠬᠦ ᠶᠢ ᠪᠡᠶᠡᠯᠡᠭᠦᠯᠬᠦ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠨ ᠰᠢᠶᠠᠨ ᠤ | ᠲᠠᠰ ᠤᠨ ᠤᠳᠤᠷᠢᠳᠤᠯᠭ᠎ᠠ ᠨᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠠᠬᠢ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ ᠴᠢᠩᠭᠠᠳᠬᠠᠨ ᠬᠤᠲᠠ ᠶᠢᠨ ᠨᠠᠮ ᠤᠨ ᠬᠤᠷᠢᠶᠠᠨ ᠤ ᠬᠠᠮᠤᠭ | ᠰᠢᠨ᠎ᠡ ᠱᠠᠭᠠᠷᠳᠠᠯᠭ᠎ᠠ ᠶᠢ ᠦᠨᠳᠦᠰᠦᠯᠡᠨ ᠲᠣᠰ ᠲᠣᠰ ᠤᠨ ᠬᠠᠷᠢᠯᠴᠠᠬᠤ ᠴᠢᠭ ᠪᠣᠯᠤᠨ ᠰᠤᠮᠤ ᠪᠠᠯᠭᠠᠰᠤᠨ ᠤ | ᠪᠠᠶᠢᠴᠠᠭᠠᠬᠤ ᠴᠡᠭ ᠲᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠤᠭᠤᠳᠴᠤ᠂ | ᠬᠢᠨᠠᠨ ᠵᠢᠯᠣᠭᠤᠳᠬᠤ ᠴᠠᠭ ᠪᠣᠯᠤᠨ ᠡᠳᠦᠷ ᠤᠨ ᠳᠠᠷᠠᠭᠠᠯᠠᠯ ᠤᠨ ᠲᠣᠬᠢᠷᠠᠭᠤᠯᠤᠯᠲᠠ ᠶᠢ ᠡᠯ᠎ᠡ ᠳᠤᠭᠤᠶᠢᠯᠠᠩ ᠰᠤᠮᠤ | ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠲᠠᠢ ᠥᠪᠡᠷ ᠲᠡᠭᠡᠨ ᠵᠥᠪᠳᠡᠯᠴᠡᠨ ᠲᠣᠭᠲᠠᠭᠠᠬᠤ ᠬᠡᠷᠡᠭᠲᠡᠶ᠃ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠯᠤᠨ ᠵᠣᠬᠢᠶᠠᠨ ᠪᠠᠶᠢᠭᠤᠯᠬᠤ ᠰᠠᠯᠠᠭ᠎ᠠ | ᠮᠥᠴᠢᠷ ᠤᠨ ᠬᠢᠨ ᠱᠠᠭᠠᠷᠳᠠᠨ ᠪᠠᠶᠢᠴᠠᠭᠠᠯᠳᠠ ᠪᠠᠨ ᠴᠢᠩᠭᠠᠳᠬᠠᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠢᠵᠢᠭ | ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤᠮᠳᠠ ᠠᠵᠢᠯ ᠭᠢᠭᠦ ᠥᠭᠡᠢ᠂ ᠳᠤᠷ᠎ᠠ ᠪᠠᠷ ᠢᠶᠠᠨ ᠬᠢᠬᠦ ᠵᠡᠷᠭᠡ | ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠭᠡᠵᠡᠢ᠃ | ᠬᠤᠷᠠᠯ ᠢᠶᠠᠷ ᠠᠵᠢᠯᠲᠠᠨ ᠢ ᠪᠠᠶᠢᠴᠠᠭᠠᠬᠤ᠂ ᠰᠡᠷᠭᠡᠶᠢᠯᠡᠨ ᠡᠵᠡᠮᠳᠡᠬᠦ ᠬᠦᠴᠦᠨ ᠢ ᠵᠣᠬᠢᠶᠠᠨ ᠪᠠᠶᠢᠭᠤᠯᠬᠤ᠂ | ᠣᠷᠣᠰᠢᠵᠤ ᠪᠠᠶᠢᠭ᠎ᠠ ᠳᠣᠪᠣᠶᠢᠮ᠎ᠠ ᠠᠰᠠᠭᠤᠳᠠᠯ ᠵᠡᠷᠭᠡ ᠪᠠᠶᠢᠳᠠᠯ ᠤᠨ ᠲᠤᠬᠠᠢ ᠡᠯ᠎ᠡ ᠭᠠᠴᠠᠭ᠎ᠠ ᠲᠣᠰᠬᠤᠨ ᠤ ᠱᠦᠵᠢ | ᠶᠢᠨ ᠬᠠᠷᠢᠭᠤ ᠮᠡᠳᠡᠭᠦᠯᠦᠯᠲᠡ ᠶᠢ ᠰᠣᠨᠣᠰᠪᠠ᠃ | | | | | | | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ | ᠰᠦ᠋ ᠰᠢᠨ ᠹᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠬᠡᠷ | ᠤᠨ ᠡᠷᠬᠢᠯᠡᠭᠴᠢ ᠵᠣᠣ ᠶᠦᠩ ᠹᠧᠩ ᠬᠤᠷᠠᠯ ᠳᠤ ᠤᠷᠤᠯᠴᠠᠨ ᠬᠤᠰᠢᠭᠤ ᠵᠠᠰᠠᠭ ᠤᠨ ᠣᠷᠳᠣᠨ ᠤ ᠠᠯᠪᠠᠨ ᠬᠡᠷ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠭᠤᠤᠯ ᠬᠠᠷᠢᠭᠤᠴᠠᠯᠭᠠᠲᠠᠨ ᠭᠤᠤᠯ ᠬᠤᠷᠠᠯ ᠤᠨ ᠲᠠᠯᠠᠪᠠᠶ ᠳᠤ | ᠬᠤᠷᠠᠯ ᠳᠤ ᠣᠷᠣᠯᠴᠠᠵᠤ ᠡᠯ᠎ᠡ ᠰᠤᠮᠤ ᠪᠠᠯᠭᠠᠰᠤ᠂ ᠭᠠᠴᠠᠭ᠎ᠠ ᠲᠣᠰᠬᠤᠨ ᠤ ᠤᠳᠤᠷᠢᠳᠬᠤ ᠪᠠᠭ ᠬᠤᠪᠢᠶᠠᠷᠢ ᠬᠤᠷᠠᠯ | ᠤᠨ ᠲᠠᠯᠠᠪᠠᠶ ᠳᠤ ᠬᠤᠷᠠᠯ ᠳᠤ ᠣᠷᠣᠯᠴᠠᠪᠠ᠃ | |