ᠬᠤᠲᠠ ᠶᠢᠨ ᠳᠡᠳ᠋ ᠳᠠᠷᠤᠭ᠎ᠠ ᠱᠢ ᠶᠠᠨ ᠵᠢᠶᠧ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2020-02-05
     2 ᠰᠠᠷ᠎ᠠ ᠶᠢᠨ 1 ᠤ ᠡᠳᠦᠷ ᠠᠴᠠ 2 ᠤᠨ ᠡᠳᠦᠷ ᠪᠣᠯᠲᠠᠯ᠎ᠠ᠂ ᠬᠤᠲᠠ ᠶᠢᠨ ᠳᠡᠳ᠋ ᠳᠠᠷᠤᠭ᠎ᠠ ᠱᠢ ᠶᠠᠨ ᠵᠢᠶᠧ ᠮᠠᠨ ᠤ ᠬᠤᠰᠢᠭᠤᠨ ᠳᠤ ᠢᠷᠡᠵᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠤ ᠪᠠᠶᠢᠭ᠎ᠠ ᠪᠠᠶᠢᠳᠠᠯ ᠢ ᠬᠢᠨᠠᠨ ᠵᠢᠯᠤᠭᠤᠳᠤᠨ ᠪᠠᠶᠢᠴᠠᠭᠠᠵᠤ ᠡᠮᠤᠨ᠎ᠠ ᠹᠷᠣᠨᠲ ᠤᠨ ᠰᠡᠷᠭᠡᠶᠢᠯᠡᠨ ᠡᠵᠡᠮᠳᠡᠬᠦ ᠠᠵᠢᠯᠳᠠᠨ ᠢ ᠪᠣᠯᠭᠤᠭᠠᠨ ᠲᠣᠬᠤᠨᠢᠭᠤᠯᠵᠤ ᠰᠡᠷᠭᠡᠶᠢᠯᠡᠨ ᠡᠵᠡᠮᠳᠡᠬᠦ ᠠᠵᠢᠯ ᠢ ᠵᠢᠯᠤᠭᠤᠳᠤᠨ ᠠᠬᠢᠭᠤᠯᠪᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ᠂ ᠬᠤᠰᠢᠭᠤ ᠳᠡᠳ᠋ ᠳᠠᠷᠤᠭ᠎ᠠ ᠪᠠᠶᠠᠨᠴᠢᠮᠡᠭ ᠵᠢᠴᠢ ᠬᠠᠮᠢᠶ᠎ᠠ ᠪᠥᠬᠦᠶ ᠰᠤᠮᠤ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃
     ᠱᠢ ᠶᠠᠨ ᠵᠢᠶᠧ ᠨᠠᠷ ᠤᠷᠢᠳ ᠬᠤᠵᠢᠳ ᠭᠠᠯᠠᠭᠤᠲᠤ ᠪᠠᠯᠭᠠᠰᠤᠨ ᠤ ᠶᠥᠩ ᠲᠠᠢ A ᠰᠠᠭᠤᠭᠠᠯᠢ ᠲᠣᠭᠤᠷᠢᠭ᠂ ᠳ᠋ᠢᠶᠠᠨ ᠯᠢ A ᠰᠠᠭᠤᠭᠠᠯᠢ ᠲᠤᠭᠤᠷᠢᠭ᠂ ᠱᠢ ᠵᠢᠶᠠ ᠰᠠᠭᠤᠭᠠᠯᠢ ᠲᠣᠭᠤᠷᠢᠭ᠂ ᠮᠢᠩ ᠶᠢᠦ ᠰᠠᠭᠤᠭᠠᠯᠢ ᠲᠣᠭᠤᠷᠢᠭ᠂ ᠶᠤᠸᠠᠢ ᠰᠢᠨ ᠶᠤᠸᠠᠨ ᠰᠠᠭᠤᠭᠠᠯᠢ ᠲᠣᠭᠤᠷᠢᠭ ᠢᠶᠠᠷ ᠲᠣᠭᠤᠷᠢᠨ ᠦᠵᠡᠵᠦ ᠮᠠᠨ ᠤ ᠬᠤᠰᠢᠭᠤᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠡᠯ᠎ᠡ ᠵᠦᠶᠯ ᠤᠨ ᠠᠷᠭ᠎ᠠ ᠪᠠᠷᠢᠯ ᠢ ᠪᠠᠶᠢᠴᠠᠭᠠᠨ ᠦᠵᠡᠵᠦ ᠰᠠᠭᠤᠭᠠᠯᠢ ᠠᠷᠠᠳ  ᠤᠨ ᠲᠣᠭᠤᠷᠢᠭ ᠤᠨ ᠪᠠᠶᠢᠴᠠᠭᠠᠵᠤ ᠲᠠᠩᠰᠠᠯᠠᠭᠰᠠᠨ ᠬᠢᠨᠠᠨ ᠬᠡᠮᠵᠢᠭᠰᠡᠨ ᠪᠠᠶᠢᠳᠠᠯ ᠢ ᠨᠠᠷᠢᠨ ᠣᠶᠢᠯᠠᠭᠠᠪᠠ᠃ ᠨᠠᠮ ᠤᠨ ᠭᠡᠰᠢᠭᠦᠨ ᠰᠠᠶᠢᠨ ᠲᠤᠷᠠᠴᠤᠳ ᠠᠮᠠᠷᠠᠯᠲᠠ ᠪᠠᠨ ᠬᠠᠶᠠᠨ ᠡᠮᠤᠨ᠎ᠠ ᠹᠷᠣᠨᠲ ᠶᠢ ᠪᠠᠲᠤ ᠰᠠᠬᠢᠵᠤ ᠰᠠᠭᠤᠭᠠᠯᠢ ᠠᠷᠠᠳ ᠤᠨ ᠪᠡᠶ᠎ᠡ ᠶᠢᠨ ᠳᠤᠯᠠᠭᠠᠨ ᠢ ᠬᠢᠨᠠᠨ ᠬᠡᠮᠵᠢᠵᠣ ᠪᠠᠶᠢᠬᠤ ᠶᠢ ᠣᠯᠵᠤ ᠦᠵᠡᠭᠡᠳ ᠱᠢ ᠶᠠᠨ ᠵᠢᠶᠧ ᠲᠡᠳᠡᠨ ᠢ ᠮᠠᠭᠲᠠᠨ ᠰᠠᠶᠢᠰᠢᠶᠠᠵᠤ ᠲᠠᠯᠠᠷᠬᠠᠯ ᠤᠨ ᠰᠡᠳᠬᠢᠯᠭᠡ ᠪᠠᠨ ᠢᠯᠡᠳᠬᠡᠪᠡ᠃ ᠱᠢ ᠶᠠᠨ ᠵᠢᠶᠧ ᠵᠢᠭᠠᠵᠤ ᠭᠠᠷᠭᠠᠭᠰᠠᠨ ᠨᠢ᠂ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠨ ᠰᠠᠭᠤᠷᠢ ᠪᠠ ᠵᠠᠩᠭᠢᠯᠠᠭ᠎ᠠ ᠨᠢ ᠰᠠᠭᠤᠭᠠᠯᠢ ᠲᠣᠭᠤᠷᠢᠭ ᠲᠤ ᠪᠠᠶᠢᠵᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷ ᠤᠨ ᠦᠶᠯᠡᠳᠦᠯ ᠢ ᠭᠦᠶᠴᠡᠳ ᠪᠠᠳᠠᠷᠠᠭᠤᠯᠵᠤ ᠲᠤᠤᠷᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠡᠶᠢᠭᠡᠮ ᠲᠤᠭᠤᠷᠢᠭ᠂ ᠡᠷᠦᠬᠡ᠂ ᠬᠥᠮᠦᠨ ᠳᠤ ᠨᠠᠶᠢᠳᠠᠪᠤᠷᠢᠵᠢᠭᠤᠯᠵᠤ ᠭᠤᠤᠯᠳᠠᠯᠭ᠎ᠠ ᠲᠠᠢ ᠬᠥᠮᠦᠰ ᠢ ᠨᠠᠷᠢᠨ ᠬᠢᠨᠠᠨ ᠪᠠᠶᠢᠴᠠᠭᠠᠵᠤ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠶᠢ ᠪᠡᠶᠡᠯᠡᠬᠦᠯᠦᠨ ᠬᠢᠵᠢᠭ  ᠤᠨ ᠪᠠᠶᠢᠳᠠᠯ ᠳᠡᠯᠭᠡᠷᠡᠬᠦ ᠶᠢ ᠡᠷᠡᠰ ᠰᠡᠷᠭᠡᠶᠢᠯᠡᠬᠦ ᠬᠡᠷᠡᠭᠲᠡᠶ ᠭᠡᠵᠡᠶ᠃
     ᠬᠤᠢ ᠹᠧᠩ ᠯᠢᠦᠢ ᠶᠤᠸᠠᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠱᠢ ᠶᠠᠨ ᠵᠢᠶᠧ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠭᠰᠠᠨ ᠡᠰᠡᠬᠦ ᠶᠢ ᠨᠠᠷᠢᠨ ᠪᠠᠶᠢᠴᠠᠭᠠᠵᠣ ᠢᠳᠡᠰᠢᠨ ᠨᠣᠭᠤᠭᠠᠨ ᠤ ᠲᠥᠷᠥᠯ ᠤᠨ ᠦᠨ᠎ᠡ ᠬᠠᠩᠰᠢ ᠵᠢᠴᠢ ᠬᠠᠩᠭᠠᠯᠭ᠎ᠠ ᠶᠢᠨ ᠪᠠᠶᠢᠳᠠᠯ ᠢ ᠨᠠᠷᠢᠨ ᠤᠶᠢᠯᠠᠭᠠᠵᠠᠢ᠃ ᠪᠠᠶᠢᠴᠠᠭᠠᠯᠳᠠ ᠳᠤᠮᠳᠠ ᠱᠢ ᠶᠠᠨ ᠵᠢᠶᠧ ᠵᠠᠬ᠎ᠠ ᠳᠡᠯᠭᠡᠭᠦᠷ ᠤᠨ ᠬᠠᠷᠢᠭᠤᠴᠠᠯᠭᠠᠲᠠᠨ ᠲᠠᠢ ᠳᠣᠲᠣᠨᠣ ᠪᠠᠷ ᠶᠠᠷᠢᠯᠴᠠᠨ ᠣᠯᠠᠨ ᠢᠶᠠᠷ ᠢᠶᠠᠨ ᠲᠣᠰ ᠪᠡᠶ᠎ᠡ ᠶᠢᠨ ᠬᠠᠮᠠᠭᠠᠯᠠᠯᠲᠠ ᠪᠠᠨ ᠰᠠᠶᠢᠲᠤᠷ ᠬᠢᠭᠰᠡᠨ ᠰᠠᠭᠤᠷᠢᠨ ᠳᠡᠭᠡᠷ᠎ᠡ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠲᠠᠸᠠᠷ ᠤᠨ ᠬᠠᠩᠭᠠᠯᠭ᠎ᠠ ᠶᠢ ᠪᠠᠳᠤᠯᠠᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠵᠠᠬ᠎ᠠ ᠳᠡᠯᠭᠡᠭᠦᠷ ᠤᠨ ᠲᠣᠭᠲᠠᠭᠤᠨ ᠡᠷᠭᠢᠯᠳᠠ ᠵᠢᠴᠢ ᠠᠷᠠᠳ ᠣᠯᠠᠨ ᠤ ᠬᠡᠪ ᠤᠨ ᠠᠮᠢᠳᠤᠷᠠᠯ ᠢ ᠪᠠᠲᠤᠯᠠᠬᠤ ᠶᠢ ᠵᠣᠷᠢᠭᠵᠢᠭᠤᠯᠪᠠ᠃
     ᠰᠢᠷᠬᠤᠰᠤᠨ ᠪᠠᠯᠭᠠᠰᠤᠨ ᠤ ᠮᠢᠶᠣᠣ ᠲᠠᠨ ᠲᠣᠰᠬᠤᠨ ᠳᠤ ᠱᠢ ᠶᠠᠨ ᠵᠢᠶᠧ ᠮᠠᠯᠵᠢᠬᠤ ᠲᠠᠷᠢᠶᠠᠯᠠᠬᠤ ᠣᠷᠣᠨ ᠤ ᠰᠡᠷᠭᠡᠶᠢᠯᠡᠨ ᠡᠵᠡᠮᠳᠡᠬᠦ ᠪᠠᠶᠢᠳᠠᠯ ᠢ ᠨᠠᠷᠢᠨ ᠣᠶᠢᠯᠠᠭᠠᠵᠤ ᠣᠯᠠᠨ ᠲᠦᠮᠡᠨ ᠳᠤ ᠲᠦᠰᠢᠭᠯᠡᠨ ᠣᠯᠠᠨ ᠢᠶᠠᠷ ᠢᠶᠠᠨ ᠰᠠᠷᠭᠡᠶᠢᠯᠠᠨ ᠣᠯᠠᠨ ᠢᠶᠠᠷ ᠢᠶᠠᠨ ᠡᠵᠡᠮᠳᠡᠬᠦ ᠶᠢ ᠴᠢᠩᠭᠠᠳᠬᠠᠵᠤ ᠣᠷᠣᠵᠤ ᠢᠷᠡᠭᠰᠡᠨ ᠬᠥᠮᠦᠰ ᠤᠨ ᠪᠠᠶᠢᠴᠠᠭᠠᠯᠲᠠ ᠲᠠᠩᠰᠠᠯᠠᠯᠲᠠ ᠪᠠ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠥᠬᠦ ᠲᠠᠯ᠎ᠠ  ᠪᠠᠷ ᠤᠶᠢᠯᠠᠭᠠᠨ ᠡᠵᠡᠮᠰᠢᠬᠦ ᠬᠡᠷᠡᠭᠲᠡᠶ ᠭᠡᠵᠦ ᠵᠢᠭᠠᠵᠤ ᠭᠠᠷᠭᠠᠪᠠ᠃
     ᠠᠵᠢᠯᠲᠠᠨ ᠠᠵᠢᠯᠴᠢᠨ ᠤ ᠪᠤᠴᠠᠵᠤ ᠢᠷᠡᠬᠦ ᠣᠷᠭᠢᠯ ᠤᠨ ᠬᠤᠭᠤᠴᠠᠭ᠎ᠠ ᠤᠳᠠᠯ ᠦᠭᠡᠢ ᠬᠦᠷᠴᠦ ᠢᠷᠡᠬᠦ ᠪᠤᠯᠬᠤᠷ ᠬᠦᠷᠢᠶᠡᠯᠡᠩ ᠲᠣᠭᠤᠷᠢᠭ ᠪᠣᠯᠤᠨ ᠠᠵᠤ ᠠᠬᠤᠶᠢᠯᠠᠯ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠭᠤᠤᠯᠳᠠᠯᠭ᠎ᠠ ᠪᠣᠯᠤᠨ᠎ᠠ᠃ ᠱᠢ ᠶᠠᠨ ᠵᠢᠶᠧ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠵᠥᠩ ᠮᠧᠢ ᠪᠦᠯᠦᠭᠯᠡᠯ ᠤᠨ ᠶᠤᠸᠠᠨ ᠰᠢᠩ ᠡᠨᠧᠷᠭᠢ ᠬᠢᠮᠢ ᠶᠢᠨ ᠦᠶᠯᠡᠳᠪᠦᠷᠢ ᠶᠢᠨ ᠬᠢᠵᠠᠭᠠᠷᠲᠤ ᠺᠤᠮᠫᠠᠨᠢ᠂ ᠪᠥᠸᠧ ᠳ᠋ᠡ ᠱᠢ ᠳ᠋ᠢ ᠬᠢᠮᠢ ᠶᠢᠨ ᠬᠢᠵᠠᠭᠠᠷᠲᠤ ᠺᠣᠮᠫᠠᠨᠢ ᠳᠤ ᠪᠤᠴᠠᠨ ᠢᠷᠡᠭᠰᠠᠨ ᠠᠵᠢᠯᠳᠠᠳ ᠢ ᠬᠠᠮᠢᠶᠠᠷᠤᠨ ᠡᠵᠡᠮᠳᠡᠬᠦ᠂ ᠡᠳᠦᠷ ᠲᠤᠲᠤᠮ ᠤᠨ ᠥᠢᠯᠠᠳᠪᠤᠷᠢᠯᠠᠯ᠂ ᠦᠶᠯᠡᠳᠬᠦᠨ ᠤ ᠲᠡᠭᠡᠭᠡᠪᠦᠷᠢ᠂ ᠲᠦᠭᠦᠬᠡᠶ ᠮᠠᠲ᠋ᠧᠷᠢᠶᠠᠯ ᠢ ᠰᠢᠯᠵᠢᠭᠦᠯᠦᠨ ᠲᠡᠭᠡᠭᠡᠪᠦᠷᠢᠯᠡᠬᠦ ᠵᠡᠷᠭᠡ ᠪᠠᠶᠢᠳᠠᠯ ᠤᠨ ᠲᠤᠬᠠᠶ ᠰᠠᠨᠠᠯ ᠢᠶᠠᠨ ᠰᠣᠯᠢᠯᠴᠠᠵᠤ ᠠᠵᠤ ᠠᠬᠤᠶᠢᠯᠠᠯ ᠳᠤ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠨ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ ᠠᠵᠤ ᠠᠬᠤᠶᠢᠯᠠᠯ ᠤᠨ ᠲᠣᠭᠲᠠᠭᠤᠨ ᠡᠷᠭᠢᠯᠳᠠ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠵᠠᠬᠢᠪᠠ᠃ ᠡᠭᠦᠨ ᠤ ᠬᠠᠮᠲᠤ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠠᠵᠤ ᠠᠬᠤᠶᠢᠯᠠᠯ ᠢ ᠪᠥᠬᠦ ᠬᠦᠴᠦᠨ ᠢᠶᠠᠷ ᠢᠶᠠᠨ ᠬᠠᠪᠰᠤᠷᠤᠨ ᠲᠦᠭᠦᠬᠡᠶ ᠮᠠᠲ᠋ᠧᠷᠢᠶᠠᠯ᠂ ᠦᠶᠯᠡᠳᠬᠦᠨ ᠤ ᠲᠡᠭᠡᠭᠡᠪᠦᠷᠢ ᠶᠢᠨ ᠭᠥᠴᠢᠷᠳᠠᠯ ᠢ ᠵᠣᠬᠢᠴᠠᠭᠤᠯᠤᠨ ᠰᠢᠶᠳᠪᠦ‌‍ᠷᠢᠯᠡᠬᠦ ᠬᠡᠷᠡᠭᠲᠡᠶ ᠭᠡᠵᠦ ᠱᠠᠭᠠᠷᠳᠠᠪᠠ᠃      ᠪᠤᠯᠠᠭ ᠤᠨ ᠭᠤᠤᠯ ᠠᠴᠠ ᠭᠠᠯᠠᠭᠤᠲᠤ ᠬᠦᠷᠬᠦ ᠵᠠᠮ ᠤᠨ ᠥᠪᠥᠷ ᠮᠣᠩᠭᠤᠯ ᠱᠠᠨᠰᠢ ᠶᠢᠨ ᠠᠭᠤᠯᠵᠠᠷ ᠳᠠᠬᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠬᠢᠨᠠᠨ ᠪᠠᠶᠢᠴᠠᠭᠠᠬᠤ ᠴᠡᠭ ᠲᠤ ᠠᠵᠢᠯᠲᠠᠳ ᠨᠠᠰᠢ ᠴᠠᠰᠢ ᠥᠩᠭᠡᠷᠡᠬᠦ ᠲᠡᠷᠭᠡ ᠶᠢ ᠪᠠᠶᠢᠴᠠᠭᠠᠨ ᠳᠡᠩᠰᠡᠯᠡᠵᠦ ᠪᠠᠶᠢᠬᠤ ᠪᠥᠭᠡᠳ ᠠᠶᠠᠨᠴᠢᠳ ᠤᠨ ᠪᠡᠶ᠎ᠡ ᠶᠢᠨ ᠳᠤᠯᠠᠭᠠᠨ ᠢ ᠨᠢᠭᠡᠳ ᠨᠢᠭᠡ ᠪᠠᠷ ᠬᠡᠮᠵᠢᠵᠦ ᠪᠠᠶᠢᠯ᠎ᠠ᠃ ᠱᠢ ᠶᠠᠨ ᠵᠢᠶᠧ ᠠᠳᠡ ᠢᠷᠡᠵᠦ ᠰᠡᠷᠭᠡᠶᠢᠯᠡᠨ ᠡᠵᠡᠮᠳᠡᠬᠦ  ᠪᠠᠶᠢᠳᠠᠯ ᠢ ᠨᠠᠷᠢᠨ ᠤᠶᠢᠯᠠᠭᠠᠵᠤ ᠡᠮᠤᠨ᠎ᠠ ᠹᠷᠣᠨᠲ ᠤᠨ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠡᠮᠨᠡᠯᠭᠡ ᠶᠢᠨ ᠠᠵᠢᠯᠲᠠᠨ᠂ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢ ᠲᠣᠬᠤᠨᠢᠭᠤᠯᠵᠤ ᠪᠠᠶᠢᠬᠤ ᠪᠠᠨ ᠢᠯᠠᠳᠭᠡᠨ ᠪᠠᠶᠢᠴᠠᠭᠠᠨ ᠰᠢᠯᠭᠠᠬᠤ ᠠᠵᠢᠯ ᠢ ᠰᠠᠶᠢᠲᠤᠷ ᠬᠢᠬᠦ ᠶᠢᠨ ᠬᠠᠮᠲᠤ ᠥᠪᠡᠷ ᠢ ᠪᠠᠨ ᠬᠠᠮᠠᠭᠠᠯᠠᠬᠤ ᠶᠢ ᠠᠩᠬᠠᠷᠬᠤ ᠬᠡᠷᠡᠭᠲᠡᠶ ᠭᠡᠵᠦ ᠵᠠᠬᠢᠪᠠ᠃
     ᠮᠠᠨ ᠤ ᠬᠤᠰᠢᠭᠤᠨ ᠤ ᠭᠠᠯᠲᠤ ᠲᠡᠷᠭᠡᠨ ᠥᠷᠲᠡᠭᠡ ᠳᠤ ᠱᠢ ᠶᠠᠨ ᠵᠢᠶᠧ ᠠᠵᠢᠯ ᠤᠨ ᠪᠠᠶᠢᠷᠢᠨ ᠳᠤ ᠪᠠᠶᠢᠭ᠎ᠠ ᠠᠵᠢᠯᠳᠠᠨ ᠠᠴᠠ ᠠᠶᠠᠨᠴᠢᠳ ᠤᠨ ᠭᠠᠯᠲᠤ ᠲᠡᠷᠭᠡ ᠪᠣᠯᠤᠨ ᠪᠠᠷᠠᠭᠠᠨ ᠲᠡᠭᠡᠭᠡᠪᠦᠷᠢ ᠶᠢᠨ ᠭᠠᠯᠲᠤ ᠲᠡᠷᠭᠡ ᠶᠢᠨ ᠠᠶᠠᠯᠠᠯ᠂ ᠲᠦᠷ ᠴᠠᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠡᠵᠡᠮᠳᠡᠯ ᠵᠡᠷᠭᠡ ᠪᠠᠶᠢᠳᠠᠯ ᠢ ᠨᠠᠷᠢᠨ ᠯᠠᠪᠯᠠᠨ ᠠᠰᠠᠭᠤᠵᠤ ᠬᠢᠯᠢ ᠪᠠᠷ ᠣᠷᠣᠵᠤ ᠢᠷᠡᠭᠰᠡᠨ ᠠᠶᠠᠨᠴᠢᠳ ᠤᠨ ᠮᠡᠳᠡᠭᠡ ᠵᠠᠩᠭᠢ ᠶᠢᠨ ᠳᠡᠩᠰᠡᠯᠡᠯᠲᠡ ᠶᠢ ᠴᠢᠩᠭᠠᠳᠬᠠᠵᠤ ᠠᠵᠢᠯᠲᠠᠨ ᠤ ᠤᠴᠢᠬᠤ ᠬᠠᠨᠳᠤᠰᠢ ᠶᠢ ᠡᠵᠡᠮᠰᠢᠬᠦ ᠶᠢᠨ ᠬᠠᠮᠲᠤ ᠬᠠᠮᠢᠶ᠎ᠠ ᠪᠥᠬᠦᠶ ᠨᠢᠭᠡᠴᠢ᠂ ᠰᠠᠯᠠᠭ᠎ᠠ ᠮᠥᠴᠢᠷ᠂ ᠨᠡᠶᠢᠭᠡᠮ ᠲᠣᠭᠤᠷᠢᠭ ᠬᠤᠯᠪᠣᠭᠠᠯᠠᠨ ᠬᠥᠳᠡᠯᠦᠯᠴᠡᠵᠦ ᠰᠡᠷᠭᠡᠶᠢᠯᠡᠨ ᠡᠵᠡᠮᠳᠡᠬᠦ ᠠᠷᠭ᠎ᠠ ᠭᠡᠮᠵᠢᠶ᠎ᠠ ᠶᠢ ᠪᠣᠳᠠᠲᠠᠶᠢᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
     ᠱᠢ ᠶᠠᠨ ᠵᠢᠶᠧ ᠴᠢᠬᠤᠯᠠᠴᠢᠯᠠᠬᠤ ᠳᠠᠭᠠᠨ᠂ ᠤᠳᠤ ᠶᠠᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ ᠡᠯ᠎ᠡ ᠭᠠᠵᠠᠷ ᠤᠷᠤᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ  ᠤᠳ ᠤᠯᠤᠰ ᠲᠥᠷᠥ ᠶᠢᠨ ᠵᠣᠭᠰᠣᠴᠠ ᠪᠠᠨ ᠲᠡᠭᠡᠭᠰᠢᠯᠠᠭᠦᠯᠤᠨ  ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠡᠯ᠎ᠡ ᠱᠠᠳᠤᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠰᠠᠷᠭᠡᠶᠢᠯᠠᠨ ᠡᠵᠡᠮᠳᠡᠬᠦ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ᠴᠢᠩᠭ᠎ᠠ ᠰᠡᠷᠭᠡᠶᠢᠯᠡᠨ ᠰᠠᠬᠢᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠯᠠᠯᠳᠤᠭᠠᠨ ᠤ ᠢᠯᠠᠯᠲᠠ ᠶᠢ ᠤᠯᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠤ ᠨᠠᠷᠢᠨ ᠬᠢᠨᠠᠮᠠᠭᠠᠢ ᠪᠠᠶᠢᠴᠠᠭᠠᠨ ᠳᠤᠲᠠᠭᠤ  ᠶᠢ ᠨᠥᠬᠦᠪᠥᠷᠢᠯᠡᠵᠦ ᠰᠡᠷᠭᠡᠶᠢᠯᠡᠨ ᠡᠵᠡᠮᠳᠡᠬᠦ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠬᠠᠮᠳᠤᠷᠠᠨ ᠰᠠᠷᠭᠡᠶᠢᠯᠠᠭᠦ ᠭᠥᠴᠤᠨ ᠢ ᠨᠡᠶᠢᠯᠡᠭᠦᠯᠵᠦ ᠪᠠᠴᠢᠮ ᠪᠠᠶᠢᠳᠠᠯ ᠢ ᠰᠢᠢᠳᠪᠦᠷᠢᠯᠡᠬᠦ ᠪᠡᠯᠡᠳᠬᠡᠯ ᠲᠥᠰᠦᠯ ᠢ ᠲᠡᠭᠦᠯᠳᠡᠷᠵᠢᠭᠦᠯᠭᠦ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠡᠯ᠎ᠡ ᠲᠥᠷᠤᠯ ᠤᠨ ᠠᠵᠢᠯ ᠢ ᠵᠡᠷᠭᠡ ᠪᠠᠷ ᠠᠬᠢᠭᠤᠯᠵᠤ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号