ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠦ ᠰᠢᠨ᠎ᠠ ᠭᠡᠯᠪᠡᠷᠢ ᠶᠢᠨ ᠳᠢᠳᠢᠮᠯᠢᠭ ᠸᠢᠷᠦ᠋ᠰ ᠠᠴᠠ ᠬᠠᠯᠳᠠᠪᠤᠷᠢᠯᠠᠬᠰᠠᠨ ᠠᠭᠤᠰᠬᠢᠨ ᠤ ᠦᠷᠪᠢᠰᠤᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠲᠣᠬᠠᠢ ᠰᠣᠳᠣᠯᠪᠠ
ᠨᠡᠶᠢᠲᠡᠯᠡᠭᠰᠡᠨ ᠴᠠᠭ᠄
2020-02-05
     ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠤᠷᠢᠶ᠎ᠠ 2 ᠰᠠᠷ᠎ᠠ ᠶᠢᠨ 3 ᠤ ᠡᠳᠦᠷ ᠬᠤᠷᠠᠯ ᠬᠤᠷᠠᠯᠳᠤᠭᠤᠯᠵᠦ᠂ ᠲᠦᠪ ᠤᠨ ᠰᠢᠨ᠎ᠠ ᠭᠡᠯᠪᠡᠷᠢ ᠶᠢᠨ ᠳᠢᠳᠢᠮᠯᠢᠭ ᠸᠢᠷᠦ᠋ᠰ ᠠᠴᠠ ᠬᠠᠯᠳᠠᠪᠤᠷᠢᠯᠠᠬᠰᠠᠨ ᠠᠭᠤᠰᠬᠢᠨ ᠤ ᠦᠷᠪᠢᠰᠤᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠲᠤᠭᠤᠢᠢᠯᠠᠩ ᠪᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠬᠦᠯᠦᠯᠳᠠ ᠶᠢ ᠰᠤᠨᠤᠰᠴᠦ᠂ ᠳᠠᠷᠠᠭᠠᠴᠢ ᠶᠢᠨ ᠠᠯᠬᠤᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠤᠳᠤᠯᠪᠠ᠃ ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ ᠰᠢ ᠶᠢᠨ ᠫᠢᠩ ᠬᠤᠷᠠᠯ ᠢ ᠡᠷᠬᠢᠯᠡᠬᠦ ᠶᠢᠨ ᠬᠠᠮᠳᠦ ᠴᠢᠬᠤᠯᠠ ᠶᠠᠷᠢᠶ᠎ᠠ ᠲᠠᠯᠪᠢᠵᠠᠢ᠃      ᠰᠢ ᠶᠢᠨ ᠫᠢᠩ ᠨᠠᠮ ᠤᠨ ᠲᠦᠪ ᠬᠤᠷᠢᠶᠠᠨ ᠤ ᠡᠮᠦᠨ᠎ᠠ ᠠᠴᠠ᠂ ᠪᠦᠬᠦ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠡᠮᠦᠨ᠎ᠠ ᠹᠷᠤᠨᠲ ᠲᠤ ᠡᠷᠡᠯᠭᠡᠭᠯᠡᠨ ᠲᠡᠮᠡᠴᠡᠵᠦ ᠪᠠᠶᠢᠭ᠎ᠠ ᠦᠷᠭᠡᠨ ᠤᠯᠠᠨ ᠺᠠᠳ᠋ᠷ ᠠᠵᠢᠯᠳᠠᠨ᠂ ᠡᠮ ᠡᠮᠴᠢᠯᠡᠭᠡ ᠡᠷᠡᠬᠦᠯ ᠬᠠᠮᠠᠭᠠᠯᠠᠯ ᠤᠨ ᠠᠵᠢᠯᠳᠠᠳ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠮᠦᠰ᠂ ᠠᠷᠠᠳ ᠤᠨ ᠴᠢᠯᠦᠭᠡᠯᠡᠬᠦ ᠴᠡᠷᠢᠭ ᠤᠨ ᠵᠢᠯᠤᠭᠤᠳᠤᠬᠴᠢ ᠪᠠᠶᠢᠯᠳᠤᠬᠴᠢ ᠪᠠ ᠡᠯ᠎ᠠ ᠲᠠᠯ᠎ᠠ ᠶᠢᠨ ᠬᠦᠮᠦᠰ ᠲᠤ ᠡᠷᠬᠢᠮ ᠳᠡᠭᠡᠳᠦ ᠬᠦᠨᠳᠦᠳᠭᠡᠯ ᠲᠡᠪᠰᠢᠬᠦᠯᠵᠦ᠂ ᠡᠪᠡᠳᠴᠢᠳᠡᠨ ᠵᠢᠴᠢ ᠲᠡᠲᠡᠨ ᠤ ᠭᠡᠷ ᠪᠦᠯᠢ ᠶᠢᠨ ᠬᠢᠨ ᠢ ᠴᠢᠩ ᠰᠡᠳᠬᠢᠯ ᠠᠴᠠ ᠪᠠᠨ ᠲᠤᠬᠤᠨᠢᠭᠤᠯᠵᠦ ᠪᠠᠶᠢᠬᠤ ᠪᠠᠨ ᠢᠯᠡᠳᠭᠡᠪᠡ᠃ ᠰᠢ ᠶᠢᠨ ᠫᠢᠩ ᠶᠠᠷᠢᠶᠠᠨ ᠳᠠᠭᠠᠨ᠂ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠭᠠᠷᠤᠭᠰᠠᠨ ᠠᠴᠠ ᠨᠠᠭᠠᠰᠢ᠂ ᠨᠠᠮ ᠤᠨ ᠲᠦᠪ ᠬᠤᠷᠢᠶ᠎ᠠ ᠳᠡᠭᠡᠳᠦ ᠭᠡᠮᠵᠢᠶ᠎ᠠ ᠪᠠᠷ ᠴᠢᠬᠤᠯᠠᠴᠢᠯᠠᠵᠦ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠠ ᠮᠠᠬᠠᠪᠤᠳ ᠤᠨ ᠡᠷᠡᠬᠦᠯ ᠮᠡᠨᠳᠦ ᠶᠢ ᠢᠮᠠᠬᠳᠠ ᠲᠡᠷᠢᠬᠦᠨ ᠪᠠᠶᠢᠷᠢᠨ ᠳᠤ ᠲᠠᠯᠪᠢᠵᠦ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠤᠷᠢᠶ᠎ᠠ ᠬᠤᠶᠠᠷ ᠤᠳᠠᠭ᠎ᠠ ᠬᠤᠷᠠᠯ ᠬᠤᠷᠠᠯᠳᠤᠭᠤᠯᠤᠨ ᠲᠤᠰᠬᠠᠢ ᠰᠡᠳᠦᠪ ᠢᠶᠠᠷ ᠰᠤᠳᠤᠯᠵᠦ᠂ ᠨᠠᠮ ᠤᠨ ᠲᠦᠪ ᠬᠤᠷᠢᠶ᠎ᠠ ᠠᠴᠠ ︽ᠨᠠᠮ ᠤᠨ ᠤᠳᠤᠷᠢᠳᠤᠯᠭ᠎ᠠ ᠶᠢ ᠴᠢᠩᠭᠠᠳᠬᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠬᠯᠠᠨ ᠠᠷᠢᠯᠭᠠᠬᠤ ᠲᠠᠶᠢᠯᠠᠯᠳᠤᠭᠠᠨ ᠤ ᠢᠯᠠᠯᠳᠠ ᠶᠢ ᠤᠯᠬᠤ ᠳᠤ ᠪᠠᠳᠤ ᠴᠢᠩᠭ᠎ᠠ ᠤᠯᠤᠰ ᠲᠦᠷᠦ ᠶᠢᠨ ᠪᠠᠳᠤᠯᠠᠭ᠎ᠠ ᠬᠠᠩᠭᠠᠬᠤ ᠲᠤᠬᠠᠢ ᠮᠡᠳᠡᠭᠳᠡᠯ︾ ᠢ ᠳᠠᠷᠤᠮᠠᠯᠯᠠᠨ ᠳᠠᠷᠬᠠᠭᠠᠪᠠ᠃ ᠲᠦᠪ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠲᠤᠭᠤᠢᠢᠯᠠᠩ ᠤᠯᠠᠨ ᠤᠳᠠᠭ᠎ᠠ ᠬᠤᠷᠠᠯ ᠬᠤᠷᠠᠯᠳᠤᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠤᠳᠤᠯᠤᠨ ᠪᠠᠶᠢᠷᠢᠯᠠᠭᠤᠯᠵᠦ᠂ ᠲᠦᠪ ᠤᠨ ᠵᠢᠯᠤᠭᠤᠳᠬᠤ ᠲᠤᠭᠤᠢᠢᠯᠠᠩ ᠠᠵᠢᠯ ᠢᠶᠠᠨ ᠢᠳᠡᠪᠬᠢᠳᠠᠢ ᠦᠷᠨᠢᠬᠦᠯᠪᠡ᠃ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠤᠭᠳᠠᠴᠠ ᠶᠢᠨ ᠬᠢᠨ ᠵᠤᠬᠢᠴᠠᠭᠤᠯᠬᠤ ᠲᠤᠬᠢᠷᠠᠭᠤᠯᠬᠤ ᠡᠷᠴᠢᠮ ᠢᠶᠠᠨ ᠴᠢᠩᠭᠠᠳᠬᠠᠵᠦ᠂ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ ᠲᠤᠬᠢᠶᠠᠯᠳᠤᠭᠰᠠᠨ ᠪᠠᠴᠢᠮ ᠲᠤᠯᠭᠠᠮ ᠠᠰᠠᠭᠤᠳᠠᠯ ᠢ ᠴᠠᠭ ᠲᠤᠬᠠᠢ ᠳᠤᠨᠢ ᠵᠤᠬᠢᠴᠠᠭᠤᠯᠤᠨ ᠰᠢᠢᠳᠪᠤᠷᠢᠯᠡᠪᠡ᠃ ᠡᠯ᠎ᠠ ᠰᠠᠯᠠᠭ᠎ᠠ ᠮᠦᠴᠢᠷ ᠤᠨ ᠬᠢᠨ ᠲᠤᠰ ᠲᠤᠰ ᠤᠨ ᠢᠶᠠᠨ ᠲᠤᠰᠢᠶᠡᠯ ᠬᠠᠷᠢᠭᠤᠴᠠᠯᠭ᠎ᠠ ᠶᠢ ᠬᠦᠢᠴᠡᠳᠭᠡᠵᠦ᠂ ᠴᠡᠷᠢᠭ ᠠᠩᠬᠢ ᠶᠢᠨ ᠬᠢᠨ ᠤᠷᠤᠨ ᠨᠤᠳᠤᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠢᠳᠡᠪᠬᠢᠳᠠᠢ ᠳᠡᠮᠵᠢᠨ ᠲᠤᠰᠠᠯᠠᠪᠠ᠃ ᠡᠯ᠎ᠠ ᠭᠠᠵᠠᠷ ᠤᠷᠤᠨ ᠤ ᠬᠢᠨ ᠨᠠᠮ ᠵᠠᠰᠠᠭ ᠤᠨ ᠭᠤᠤᠯ ᠬᠠᠷᠢᠭᠤᠴᠠᠯᠭᠠᠳᠠᠨ ᠨᠦᠬᠦᠳ ᠢᠶᠠᠷ ᠲᠤᠯᠤᠭᠠᠢᠢᠯᠠᠭᠤᠯᠤᠭᠰᠠᠠ ᠤᠳᠤᠷᠢᠳᠬᠤ ᠲᠤᠭᠤᠢᠢᠯᠠᠩ ᠢ ᠪᠠᠶᠢᠭᠤᠯᠪᠠ᠃ ᠡᠯ᠎ᠠ ᠨᠠᠮ ᠵᠠᠰᠠᠭ ᠴᠡᠷᠢᠭ ᠤᠯᠠᠨ ᠲᠦᠮᠡᠨ ᠤ ᠪᠦᠯᠬᠦᠮ ᠪᠠᠶᠢᠭᠤᠯᠭ᠎ᠠ ᠪᠠ ᠠᠵᠤ ᠠᠬᠤᠢᠢᠯᠠᠯ ᠠᠵᠢᠯ ᠦᠢᠯᠡᠰ ᠤᠨ ᠨᠢᠭᠡᠴᠢ ᠶᠢᠨ ᠬᠢᠨ ᠪᠠᠴᠢᠮ ᠬᠦᠳᠡᠯᠦᠯᠴᠡᠵᠦ᠂ ᠪᠦᠬᠦ ᠬᠦᠴᠦᠨ ᠢᠶᠠᠷ ᠢᠶᠠᠨ ᠡᠷᠡᠯᠬᠡᠭᠯᠡᠨ ᠲᠡᠮᠡᠴᠡᠵᠤ᠂ ᠦᠷᠭᠡᠨ ᠤᠯᠠᠨ ᠡᠮ ᠡᠮᠨᠡᠯᠭᠡ ᠶᠢᠨ ᠠᠵᠢᠯᠳᠠᠳ ᠭᠤᠶᠠᠴᠢ ᠦᠭᠡᠢ ᠬᠤᠪᠢ ᠨᠡᠮᠡᠷᠢ ᠦᠵᠡᠬᠦᠯᠵᠦ᠂ ᠡᠷᠡᠯᠭᠡᠭᠯᠡᠨ ᠲᠡᠮᠡᠴᠡᠵᠦ᠂ ᠦᠷᠭᠡᠨ ᠤᠯᠠᠨ ᠠᠷᠠᠳ ᠲᠦᠮᠡᠨ ᠰᠡᠳᠬᠢᠯ ᠨᠢᠭᠡᠲᠦᠨ ᠪᠤᠯᠤᠳ ᠭᠡᠷᠡᠮ ᠮᠡᠲᠦ ᠪᠤᠯᠵᠤ ᠪᠦᠯᠬᠦᠮᠲᠡᠨ ᠲᠡᠮᠡᠴᠡᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ ᠲᠠᠶᠢᠨ ᠢ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠷᠦᠩᠭᠡᠢ ᠲᠠᠶᠢᠯᠠᠯᠳᠤᠭᠠᠨ ᠢ ᠬᠢᠵᠦ᠂ ᠪᠦᠬᠦ ᠤᠯᠤᠰ ᠲᠤ ᠪᠦᠬᠦ ᠲᠠᠯ᠎ᠠ ᠪᠠᠷ ᠲᠠᠶᠢᠴᠢᠯᠠᠯᠳᠠ ᠬᠢᠭᠰᠡᠨ᠂ ᠪᠦᠬᠦ ᠲᠠᠯ᠎ᠠ ᠪᠠᠷ ᠪᠠᠶᠢᠷᠢᠯᠠᠭᠤᠯᠤᠭᠰᠠᠨ᠂ ᠪᠦᠬᠦ ᠲᠠᠯ᠎ᠠ ᠪᠠᠷ ᠴᠢᠩᠭᠠᠳᠬᠠᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠪᠦᠷᠢᠯᠳᠦᠬᠦᠯᠵᠡᠢ᠃ ᠨᠠᠮ ᠤᠨ ᠲᠦᠪ ᠬᠤᠷᠢᠶᠠᠨ ᠤ ᠲᠦᠪᠯᠡᠷᠡᠩᠬᠦᠢ ᠨᠢᠭᠡᠳᠦᠯᠳᠠᠢ ᠤᠳᠤᠷᠢᠳᠤᠯᠭ᠎ᠠ ᠲᠤᠤᠷ᠎ᠠ᠂ ᠡᠯ᠎ᠠ ᠲᠠᠯ᠎ᠠ ᠶᠢᠨ ᠬᠠᠮᠳᠤ ᠶᠢᠨ ᠴᠢᠷᠮᠠᠶᠢᠯᠭ᠎ᠠ ᠪᠠᠷ᠂ ᠰᠡᠷᠭᠡᠶᠢᠯᠡᠨ ᠡᠵᠡᠮᠳᠡᠬᠦ ᠠᠵᠢᠯ ᠶᠠᠬ ᠡᠷᠴᠢᠮᠳᠠᠢ ᠶᠠᠪᠤᠬᠳᠠᠵᠦ ᠪᠤᠢ ᠭᠡᠵᠦ ᠵᠢᠭᠠᠵᠦ ᠭᠠᠷᠭᠠᠪᠠ᠃      ᠰᠢ ᠶᠢᠨ ᠫᠢᠩ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠬᠦ ᠨᠢ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠠ ᠮᠠᠬᠠᠪᠤᠳ ᠤᠨ ᠡᠷᠡᠬᠦᠯ ᠮᠡᠨᠳᠦ ᠳᠤ ᠰᠢᠭᠤᠳ ᠬᠤᠯᠪᠤᠭᠳᠠᠵᠦ᠂ ᠠᠵᠤ ᠠᠬᠤᠢ ᠨᠡᠶᠢᠭᠡᠮ ᠤᠨ ᠶᠡᠭᠡ ᠲᠠᠯ᠎ᠠ ᠶᠢᠨ ᠲᠤᠭᠳᠠᠭᠤᠨ ᠳᠤ ᠰᠢᠭᠤᠳ ᠬᠤᠯᠪᠤᠭᠳᠠᠬᠤ ᠪᠦᠭᠡᠳ ᠪᠠᠰᠠ ᠮᠠᠨ ᠤ ᠤᠯᠤᠰ ᠤᠨ ᠭᠠᠳᠠᠭᠠᠳᠦ ᠨᠡᠭᠡᠭᠡᠯᠳᠠ ᠳᠤ ᠰᠢᠭᠤᠳ ᠬᠤᠯᠪᠤᠭᠳᠠᠨ᠎ᠠ᠃ ᠤᠳᠤ᠂ ᠬᠠᠮᠤᠭ ᠤᠨ ᠵᠠᠩᠬᠢᠯᠠᠭ᠎ᠠ ᠪᠤᠯᠵᠦ ᠪᠠᠶᠢᠭ᠎ᠠ ᠠᠰᠠᠭᠤᠳᠠᠯ ᠪᠤᠯ ᠳᠠᠷᠤᠢ ᠠᠵᠢᠯ ᠢᠶᠠᠨ ᠪᠤᠳᠠᠳᠠᠢ ᠨᠠᠷᠢᠯᠢᠭ ᠨᠠᠶᠢᠳᠠᠪᠤᠷᠢᠵᠢᠭᠤᠯᠬᠤ ᠶᠠᠪᠤᠳᠠᠯ ᠪᠤᠯᠤᠨ᠎ᠠ᠃ ᠡᠯ᠎ᠠ ᠱᠠᠳᠤᠨ ᠤ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠤ ᠬᠢᠨ ︽ᠲᠦᠷᠪᠡᠨ ᠤᠬᠠᠮᠰᠠᠷ ︾ ᠢᠶᠠᠨ ᠴᠢᠩᠭᠠᠳᠬᠠᠵᠦ᠂ ︽ᠲᠦᠷᠪᠡᠨ ᠢᠳᠡᠭᠡᠯ︾ ᠢᠶᠠᠨ ᠪᠠᠳᠤᠳᠬᠠᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠵᠦ᠂ ᠨᠠᠮ ᠤᠨ ᠲᠦᠪ ᠬᠤᠷᠢᠶᠠᠨ ᠤ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠨᠠᠷᠢᠨ ᠬᠢᠨᠠᠮᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠳᠤᠬᠠᠨ ᠤ ᠬᠠᠮᠤᠭ ᠤᠨ ᠴᠢᠬᠤᠯᠠ ᠠᠵᠢᠯ ᠪᠤᠯᠭᠠᠨ ᠠᠳᠬᠤᠵᠦ᠂ ᠢᠳᠡᠭᠡᠯ ᠢᠶᠠᠨ ᠪᠠᠳᠤᠳᠬᠠᠬᠤ᠂ ᠵᠢᠷᠭᠠᠯ ᠵᠤᠪᠠᠯᠠᠩ ᠢᠶᠠᠨ ᠬᠠᠮᠳᠤᠳᠬᠠᠬᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠬᠤ᠂ ᠤᠨᠢᠨ ᠳᠡᠭᠡᠷ᠎ᠠ ᠨᠢ ᠠᠷᠭ᠎ᠠ ᠪᠤᠳᠤᠯᠭ᠎ᠠ ᠭᠡᠷᠡᠭᠵᠢᠬᠦᠯᠬᠦ ᠱᠠᠭᠠᠷᠳᠠᠯᠭ᠎ᠠ ᠶᠤᠰᠤᠭᠠᠷ᠂ ᠲᠠᠷᠦ᠋ᠢᠬᠠᠨ ᠵᠦᠷᠢᠶ᠎ᠠ ᠪᠠᠨ ᠡᠷᠢᠵᠦ᠂ ᠲᠤᠳᠠᠭᠤᠳᠠᠯ ᠢᠶᠠᠨ ᠨᠦᠬᠦᠪᠦᠷᠢᠯᠡᠨ᠂ ᠡᠯ᠎ᠠ ᠲᠦᠷᠦᠯ ᠤᠨ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠰᠠᠶᠢᠳᠤᠷ ᠬᠢᠬᠦ ᠶᠢᠨ ᠵᠡᠷᠭᠡ ᠪᠠᠷ ᠴᠠᠭ ᠮᠦᠴᠡ ᠲᠠᠢ ᠤᠷᠤᠯᠳᠤᠨ᠂ ᠡᠪᠡᠳᠴᠢᠨ ᠡᠮᠭᠡᠭ ᠲᠠᠢ ᠲᠡᠮᠡᠴᠡᠵᠦ᠂ ᠬᠢᠵᠢᠭ ᠤᠨ ᠪᠠᠶᠢᠳᠠᠯ ᠲᠠᠷᠬᠠᠨ ᠳᠡᠯᠭᠡᠷᠡᠬᠦ ᠬᠠᠨᠳᠤᠰᠢ ᠶᠢ ᠡᠷᠡᠰ ᠬᠤᠷᠢᠬᠯᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠬᠯᠠᠨ ᠠᠷᠢᠯᠭᠠᠬᠤ ᠲᠠᠶᠢᠯᠠᠯᠳᠤᠭᠠᠨ ᠢ ᠡᠷᠡᠰ ᠰᠠᠶᠢᠳᠤᠷ ᠬᠢᠬᠦ ᠭᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠪᠦᠬᠦ ᠤᠯᠤᠰ ᠢᠶᠠᠷ ᠢᠶᠠᠨ ᠨᠢᠭᠡ ᠬᠦᠯᠭᠡ ᠰᠢᠳᠠᠷ᠎ᠠ ᠪᠤᠯᠬᠤ ᠶᠢ ᠪᠠᠷᠢᠮᠳᠠᠯᠠᠬᠤ ᠭᠡᠷᠡᠭᠲᠡᠢ᠃ ᠡᠯ᠎ᠠ ᠱᠠᠳᠤᠨ ᠤ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠡᠷᠭᠡᠪᠰᠢ ᠨᠠᠮ ᠤᠨ ᠲᠦᠪ ᠬᠤᠷᠢᠶᠠᠨ ᠤ ᠨᠢᠭᠡᠳᠦᠯᠳᠠᠢ ᠵᠢᠯᠤᠭᠤᠳᠤᠯᠭ᠎ᠠ᠂ ᠨᠢᠭᠡᠳᠦᠯᠳᠠᠢ ᠵᠤᠬᠢᠴᠠᠭᠤᠯᠭ᠎ᠠ᠂ ᠨᠢᠭᠡᠳᠦᠯᠳᠠᠢ ᠲᠤᠬᠢᠷᠠᠭᠤᠯᠭ᠎ᠠ ᠶᠢ ᠡᠷᠡᠰ ᠳᠠᠭᠠᠵᠦ᠂ ᠵᠠᠷᠯᠢᠭ ᠴᠠᠭᠠᠵᠠ ᠶᠢ ᠳᠠᠭᠠᠬᠤ ᠶᠢ ᠪᠡᠶᠡᠯᠡᠬᠦᠯᠬᠦ ᠭᠡᠷᠡᠭᠲᠡᠢ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠡᠷᠭᠡᠪᠰᠢ ᠶᠡᠭᠡ ᠲᠠᠯ᠎ᠠ ᠶᠢᠨ ᠤᠬᠠᠮᠰᠠᠷ ᠪᠠ ᠪᠦᠬᠦ ᠲᠠᠯ᠎ᠠ ᠶᠢᠨ ᠦᠵᠡᠯᠳᠠ ᠪᠠᠨ ᠴᠢᠩᠭᠠᠳᠬᠠᠵᠦ᠂ ᠲᠦᠪ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠲᠤᠭᠤᠢᠢᠯᠠᠩ ᠵᠢᠴᠢ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠤᠭᠳᠠᠴᠠ ᠶᠢᠨ ᠵᠢᠯᠤᠭᠤᠳᠤᠯᠭ᠎ᠠ ᠶᠢ ᠡᠷᠡᠰ ᠳᠠᠭᠠᠬᠤ ᠭᠡᠷᠡᠭᠲᠡᠢ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠠᠷᠭ᠎ᠠ ᠭᠡᠮᠵᠢᠶ᠎ᠠ ᠠᠪᠬᠤ ᠳᠠᠭᠠᠨ ᠲᠤᠰ ᠭᠠᠵᠠᠷ ᠤᠷᠤᠨ ᠲᠤᠰ ᠬᠦᠷᠢᠶᠡᠨ ᠤ ᠰᠡᠷᠭᠡᠶᠢᠯᠡᠨ ᠡᠵᠡᠮᠳᠡᠬᠦ ᠬᠡᠷᠡᠭᠴᠡᠭᠡ ᠶᠢ ᠪᠤᠳᠤᠯᠬᠢᠯᠠᠬᠤ ᠪᠠᠷ ᠪᠠᠷᠠᠬᠤ ᠦᠭᠡᠢ ᠪᠠᠰᠠ ᠭᠤᠤᠯᠳᠠᠯᠭ᠎ᠠ ᠲᠠᠢ ᠭᠠᠵᠠᠷ ᠤᠷᠤᠨ᠂ ᠪᠦᠬᠦ ᠤᠯᠤᠰ ᠤᠨ ᠰᠡᠷᠭᠡᠶᠢᠯᠡᠨ ᠡᠵᠡᠮᠳᠡᠬᠦ ᠠᠵᠢᠯ ᠳᠠᠬᠢ ᠨᠦᠯᠦᠭᠡ ᠶᠢ ᠴᠦ ᠪᠤᠳᠤᠯᠬᠢᠯᠠᠬᠤ ᠭᠡᠷᠡᠭᠲᠡᠢ᠃      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢ ᠭᠠᠭᠴᠠ ᠬᠦ ᠡᠮ ᠡᠮᠨᠡᠯᠭᠡ ᠡᠷᠡᠬᠦᠯ ᠬᠠᠮᠠᠭᠠᠯᠠᠯ ᠤᠨ ᠠᠰᠠᠭᠤᠳᠠᠯ ᠪᠢᠰᠢ᠂ ᠬᠠᠷᠢᠨ ᠪᠦᠬᠦ ᠲᠠᠯ᠎ᠠ ᠶᠢᠨ ᠠᠵᠢᠯ ᠪᠤᠯᠤᠨ᠎ᠠ᠂ ᠡᠯ᠎ᠠ ᠲᠦᠷᠦᠯ ᠤᠨ ᠠᠵᠢᠯ ᠨᠢ ᠴᠦᠮ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠬᠯᠠᠨ ᠠᠷᠢᠯᠭᠠᠬᠤ ᠲᠠᠶᠢᠯᠠᠯᠳᠤᠭᠠᠨ ᠤ ᠢᠯᠠᠯᠳᠠ ᠶᠢ ᠤᠯᠬᠤ ᠳᠤ ᠳᠡᠮᠵᠢᠭᠡ ᠬᠠᠩᠭᠠᠬᠤ ᠭᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠨᠳᠤᠰᠢ ᠪᠠᠶᠢᠳᠠᠯ ᠲᠠᠰᠤᠷᠠᠯᠳᠠ ᠦᠭᠡᠢ ᠬᠤᠪᠢᠷᠠᠵᠦ ᠪᠠᠶᠢᠳᠠᠭ ᠠᠴᠠ ᠡᠯ᠎ᠠ ᠲᠦᠷᠦᠯ ᠤᠨ ᠠᠵᠢᠯ ᠨᠢ ᠴᠦ ᠳᠠᠰᠤᠷᠠᠯᠳᠠ ᠦᠭᠡᠢ ᠰᠢᠨ᠎ᠠ ᠪᠠᠶᠢᠳᠠᠯ ᠰᠢᠨ᠎ᠠ ᠠᠰᠠᠭᠤᠳᠠᠯ ᠳᠤ ᠲᠤᠯᠭᠠᠷᠠᠬᠤ ᠪᠤᠯᠤᠨ᠎ᠠ᠂ ᠨᠢᠬᠳᠠ ᠮᠦᠷᠳᠡᠵᠦ᠂ ᠴᠠᠭ ᠲᠤᠬᠠᠢ ᠳᠤᠨᠢ ᠵᠠᠳᠠᠯᠵᠦ᠂ ᠲᠦᠷᠭᠡᠨ ᠬᠦᠳᠡᠯᠦᠯᠴᠡᠵᠦ᠂ ᠡᠷᠡᠰ ᠪᠠᠳᠤ ᠪᠦᠭᠡᠳ ᠬᠦᠴᠦᠳᠠᠢ᠂ ᠦᠴᠦᠭᠡᠨ ᠳᠡᠳᠦᠢ ᠴᠦ ᠴᠠᠯᠭᠠᠢᠢᠷᠠᠯ ᠦᠭᠡᠢ ᠪᠠᠷ ᠡᠯ᠎ᠠ ᠲᠦᠷᠦᠯ ᠤᠨ ᠠᠵᠢᠯ ᠢ ᠰᠠᠶᠢᠳᠤᠷ ᠬᠢᠬᠦ ᠭᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤᠮᠳᠠ᠂ ᠭᠡᠯᠪᠡᠷᠢᠴᠢ ᠦᠵᠡᠯ᠂ ᠨᠤᠶᠠᠨᠴᠢ ᠰᠤᠷᠳᠠᠯ ᠢ ᠡᠷᠡᠰ ᠲᠡᠪᠴᠢᠵᠦ᠂ ᠦᠨᠳᠦᠰᠦᠨ ᠱᠠᠳᠤᠨ ᠤ ᠺᠠᠳ᠋ᠷ ᠤᠨ ᠨᠡᠩ ᠤᠯᠠᠨ ᠤᠶᠤᠨ ᠤᠬᠠᠭᠠᠨ ᠬᠦᠴᠦᠨ ᠴᠢᠳᠠᠯ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠠ ᠹᠷᠤᠨᠲ ᠲᠤ ᠲᠠᠯᠪᠢᠬᠤ ᠶᠢ ᠪᠠᠳᠤᠯᠠᠬᠤ ᠭᠡᠷᠡᠭᠲᠡᠢ᠃ ᠨᠠᠮ ᠤᠨ ᠲᠦᠪ ᠬᠤᠷᠢᠶᠠᠨ ᠤ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠬᠦᠴᠦᠨ ᠲᠡᠭᠦᠯᠳᠡᠷ ᠦᠭᠡᠢ᠂ ᠨᠢᠭᠡᠳᠦᠯᠳᠠᠢ ᠵᠢᠯᠤᠭᠤᠳᠤᠯᠭ᠎ᠠ ᠪᠠ ᠲᠤᠬᠢᠷᠠᠭᠤᠯᠭ᠎ᠠ ᠶᠢ ᠳᠠᠭᠠᠬᠤ ᠦᠭᠡᠢ᠂ ᠦᠪᠡᠷᠮᠡᠳᠡᠭᠡᠢ ᠦᠵᠡᠯ ᠬᠦᠨᠳᠦ ᠨᠤᠴᠢᠳᠠᠢ ᠪᠠᠶᠢᠭ᠎ᠠ᠂ ᠵᠤᠷᠢᠭᠲᠠᠢ ᠪᠠᠷ ᠬᠠᠷᠢᠭᠤᠴᠠᠯᠭ᠎ᠠ ᠡᠬᠦᠷᠭᠡᠯᠡᠬᠦ ᠦᠭᠡᠢ᠂ ᠰᠤᠷᠳᠠᠯ ᠠᠨᠠᠢ᠂ ᠬᠠᠷᠢᠭᠤᠴᠠᠯᠭ᠎ᠠ ᠪᠠᠨ ᠲᠦᠯᠬᠢᠯᠴᠡᠬᠦ ᠪᠠᠶᠢᠳᠠᠯ ᠳᠤ᠂ ᠰᠢᠭᠤᠳ ᠬᠠᠷᠢᠭᠤᠴᠠᠯᠭᠠᠳᠠᠨ ᠠᠴᠠ ᠬᠠᠷᠢᠭᠤᠴᠠᠯᠭ᠎ᠠ ᠨᠡᠭᠡᠮᠵᠢᠯᠡᠬᠦ ᠠᠴᠠ ᠭᠠᠳᠠᠨ᠎ᠠ᠂ ᠦᠢᠯᠡ ᠪᠠᠶᠢᠳᠠᠯ ᠬᠦᠨᠳᠦ ᠨᠤᠴᠢᠳᠠᠢ ᠪᠠᠶᠢᠪᠠᠯ ᠨᠠᠮ ᠵᠠᠰᠠᠭ ᠤᠨ ᠭᠤᠤᠯ ᠬᠠᠷᠢᠭᠤᠴᠠᠯᠭᠠᠳᠠᠨ ᠳᠤ ᠬᠠᠷᠢᠭᠤᠴᠠᠯᠭ᠎ᠠ ᠲᠤᠯᠭᠠᠬᠤ ᠭᠡᠷᠡᠭᠲᠡᠢ᠃ ᠬᠠᠷᠢᠭᠤᠴᠠᠯᠭ᠎ᠠ ᠠᠯᠳᠠᠵᠦ ᠲᠤᠰᠢᠶᠠᠯ ᠢᠶᠠᠨ ᠭᠤᠳᠤᠭᠠᠭᠰᠠᠳ ᠢ ᠰᠠᠬᠢᠯᠭ᠎ᠠ ᠪᠠᠳᠤ ᠬᠠᠤᠯᠢ ᠴᠠᠭᠠᠵᠠ ᠶᠤᠰᠤᠭᠠᠷ ᠵᠠᠯᠬᠠᠭᠠᠨ ᠰᠢᠢᠳᠭᠡᠬᠦ ᠭᠡᠷᠡᠭᠲᠡᠢ ᠭᠡᠵᠦ ᠴᠢᠬᠤᠯᠠᠴᠢᠯᠠᠪᠠ᠃      ᠬᠤᠷᠡᠯ ᠠᠴᠠ᠂ ᠭᠤᠤᠯᠳᠠᠯᠭ᠎ᠠ ᠲᠠᠢ ᠭᠠᠵᠠᠷ ᠤᠷᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠦᠴᠦᠯᠡᠨ ᠰᠠᠶᠢᠳᠤᠷ ᠬᠢᠬᠦ ᠭᠡᠷᠡᠭᠲᠡᠢ᠃ ᠬᠦᠴᠦᠨ ᠢᠶᠠᠨ ᠲᠦᠪᠯᠡᠷᠡᠬᠦᠯᠥᠨ ᠭᠤᠤᠯᠳᠠᠯᠭ᠎ᠠ ᠲᠠᠢ ᠭᠠᠵᠠᠷ ᠤᠷᠤᠨ ᠤ ᠬᠢᠵᠢᠭ ᠤᠨ ᠪᠠᠶᠢᠳᠠᠯ ᠢ ᠡᠵᠡᠮᠳᠡᠪᠠᠯ ᠰᠠᠶᠢ ᠪᠦᠬᠦ ᠤᠯᠤᠰ ᠲᠤ ᠬᠢᠵᠢᠭ ᠤᠨ ᠪᠠᠶᠢᠳᠠᠯ ᠲᠠᠷᠬᠠᠨ ᠲᠡᠯᠭᠡᠷᠡᠵᠥ ᠪᠠᠶᠢᠭ᠎ᠠ ᠪᠠᠶᠢᠳᠠᠯ ᠢ ᠦᠨᠳᠦᠰᠦᠨ ᠠᠴᠠ ᠨᠢ ᠲᠦᠷᠬᠡᠨ ᠬᠤᠪᠢᠷᠠᠭᠤᠯᠵᠥ ᠴᠢᠳᠠᠨ᠎ᠠ᠃ ᠰᠡᠷᠬᠡᠶᠢᠯᠡᠨ ᠵᠠᠰᠠᠬᠤ ᠬᠦᠴᠦᠨ ᠢ ᠤᠷᠤᠨ ᠪᠦᠰᠡ ᠪᠠᠷ ᠨᠢᠬᠡᠳᠤᠯᠳᠡᠢ ᠲᠦᠯᠥᠪᠵᠢᠬᠦᠯᠬᠦ ᠶᠢ ᠭᠤᠤᠯᠳᠠᠯᠭ᠎ᠠ ᠲᠠᠢ ᠰᠠᠶᠢᠳᠤᠷ ᠠᠳᠬᠤᠵᠥ᠂ ᠰᠡᠷᠬᠡᠶᠢᠯᠡᠨ ᠵᠠᠰᠠᠬᠤ ᠡᠬᠢ ᠪᠠᠶᠠᠯᠢᠭ ᠪᠤᠯᠤᠨ ᠬᠠᠮᠠᠭᠠᠯᠠᠯᠳᠠ ᠶᠢᠨ ᠡᠬᠢ ᠪᠠᠶᠠᠯᠢᠭ ᠢ ᠡᠷᠡᠰ ᠢᠶᠠᠷ ᠬᠢᠵᠢᠭ ᠤᠨ ᠪᠠᠶᠢᠳᠠᠯ ᠢ ᠡᠰᠡᠷᠬᠦᠴᠡᠬᠦ ᠡᠮᠤᠨ᠎ᠡ ᠹᠷᠤᠨᠲ ᠲᠤ ᠲᠦᠪᠯᠡᠷᠡᠬᠦᠯᠵᠥ᠂ ᠤᠷᠢᠳ ᠢᠶᠠᠷ ᠡᠮᠤᠨ᠎ᠡ ᠹᠷᠤᠨᠲ ᠤᠨ ᠡᠮᠴᠢ ᠰᠤᠪᠢᠯᠠᠬᠴᠢ ᠪᠤᠯᠤᠨ ᠡᠪᠡᠳᠴᠢᠳᠡᠨ ᠢ ᠠᠪᠤᠷᠠᠨ ᠡᠮᠨᠡᠬᠦ ᠬᠡᠷᠡᠭᠴᠡᠭᠡ ᠶᠢ ᠬᠠᠩᠭᠠᠬᠤ ᠬᠡᠷᠡᠭᠳᠡᠢ᠃ ᠬᠤᠪᠸᠢ ᠮᠤᠵᠢ ᠤᠨᠴᠠᠭᠠᠢᠢᠯᠠᠨ ᠦᠬᠠᠨ ᠬᠤᠳᠠ ᠪᠤᠯ ᠮᠦᠨ ᠬᠦ ᠪᠦᠬᠦ ᠤᠯᠤᠰ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠶᠢᠨ ᠭᠤᠤᠯᠳᠠᠯᠭ᠎ᠠ ᠪᠤᠯᠤᠨ᠎ᠠ᠃ ᠰᠡᠷᠬᠡᠶᠢᠯᠡᠨ ᠡᠵᠡᠮᠳᠡᠬᠦ ᠶᠢ ᠤᠯᠠᠮ ᠴᠢᠨᠠᠬᠰᠢᠳᠠ ᠲᠡᠬᠦᠯᠳᠡᠷᠵᠢᠬᠦᠯᠥᠨ ᠴᠢᠩᠭᠠᠳᠬᠠᠵᠥ᠂ ᠡᠷᠳᠡ ᠢᠯᠡᠷᠡᠬᠦᠯᠬᠦ᠂ ᠡᠷᠳᠡ ᠮᠡᠳᠡᠬᠦᠯᠬᠦ᠂ ᠡᠷᠳᠡ ᠲᠤᠰᠠᠭᠠᠷᠯᠠᠬᠤ᠂ ᠡᠷᠳᠡ ᠡᠮᠨᠡᠨ ᠵᠠᠰᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠥ᠂ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠶᠢ ᠴᠢᠩᠭᠠᠳᠬᠠᠵᠥ᠂ ᠡᠪᠡᠳᠴᠢᠳᠡᠨ ᠢ ᠲᠦᠪᠯᠡᠷᠡᠬᠦᠯᠥᠨ ᠠᠪᠤᠷᠡᠨ ᠡᠮᠨᠡᠵᠥ᠂ ᠨᠢᠬᠳᠠ ᠤᠢᠢᠷᠠᠳᠤᠭᠰᠠᠠ ᠪᠤᠢ ᠪᠦᠬᠦᠢ ᠬᠦᠮᠥᠰ ᠢ ᠬᠡᠷ ᠲᠤᠨᠢ ᠠᠨᠠᠭᠠᠬᠤ ᠤᠬᠠᠭᠠᠨ ᠤ ᠠᠵᠢᠬᠯᠠᠯᠳᠡ ᠬᠢᠬᠦ ᠠᠷᠭ᠎ᠠ ᠬᠡᠮᠵᠢᠶ᠎ᠡ ᠠᠪᠴᠦ᠂ ᠬᠢᠵᠢᠭ ᠤᠨ ᠪᠠᠶᠢᠳᠠᠯ ᠤᠨ ᠭᠠᠳᠠᠭᠰᠢ ᠲᠠᠷᠬᠠᠨ ᠲᠡᠯᠬᠡᠷᠡᠬᠦ ᠶᠢ ᠰᠡᠷᠬᠡᠶᠢᠯᠡᠬᠦ ᠠᠷᠭ᠎ᠠ ᠬᠡᠮᠵᠢᠶ᠎ᠡ ᠶᠢ ᠲᠡᠬᠦᠯᠳᠡᠷᠵᠢᠬᠦᠯᠥᠨ ᠴᠢᠩᠭᠠᠳᠬᠠᠬᠤ ᠬᠡᠷᠡᠭᠳᠡᠢ᠃ ᠡᠯ᠎ᠡ ᠭᠠᠵᠠᠷ ᠤᠨ ᠬᠢᠨ ᠤᠷᠤᠨ ᠨᠤᠳᠤᠭ ᠤᠨ ᠨᠠᠮ ᠤᠨ ᠬᠤᠷᠢᠶ᠎ᠡ ᠪᠤᠯᠤᠨ ᠵᠠᠰᠠᠭ ᠤᠨ ᠤᠷᠳᠤᠨ ᠤ ᠬᠠᠷᠢᠭᠤᠴᠠᠯᠭ᠎ᠠ ᠶᠢ ᠪᠤᠳᠠᠳᠠᠶᠢᠵᠢᠭᠤᠯᠵᠥ᠂ ᠨᠡᠶᠢᠬᠡᠮ ᠲᠤᠭᠤᠷᠢᠭ ᠤᠨ ᠰᠡᠷᠬᠡᠶᠢᠯᠡᠨ ᠡᠵᠡᠮᠳᠡᠯ ᠤᠨ ᠲᠤᠤᠷᠴᠢᠯᠠᠬᠰᠠᠠ ᠬᠠᠮᠢᠶᠠᠷᠤᠯᠳᠠ ᠶᠢ ᠴᠢᠩᠭᠠᠳᠬᠠᠵᠥ᠂ ᠨᠡᠩ ᠨᠠᠷᠢᠨ ᠨᠢᠮᠪᠠᠢ ᠤᠨᠤᠪᠴᠢᠳᠠᠢ᠂ ᠨᠡᠩ ᠲᠤᠰᠠᠳᠠᠢ ᠪᠦᠳᠦᠮᠵᠢᠳᠡᠢ ᠠᠷᠭ᠎ᠠ ᠬᠡᠮᠵᠢᠶ᠎ᠡ ᠠᠪᠴᠦ᠂ ᠬᠢᠵᠢᠭ ᠤᠨ ᠪᠠᠶᠢᠳᠠᠯ ᠲᠠᠷᠬᠠᠨ ᠲᠡᠯᠬᠡᠷᠡᠬᠦ ᠶᠢ ᠰᠡᠷᠬᠡᠶᠢᠯᠡᠬᠦ ᠬᠡᠷᠡᠭᠳᠡᠢ᠃ ᠴᠠᠭᠠᠨ ᠰᠠᠷ᠎ᠠ ᠶᠢᠨ ᠲᠠᠷᠠᠭᠠᠬᠢ ᠪᠤᠴᠠᠬᠤ ᠦᠶ᠎ᠡ ᠶᠢᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠵᠥ᠂ ᠬᠦᠮᠥᠰ ᠤᠨ ᠤᠴᠢᠬᠤ ᠭᠠᠵᠠᠷ ᠪᠤᠯᠤᠨ ᠭᠠᠷᠬᠤ ᠭᠠᠵᠠᠷ ᠤᠨ ᠰᠡᠷᠬᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠥ᠂ ᠠᠶᠠᠨᠴᠢᠳ ᠤᠨ ᠡᠷᠡᠬᠦᠯ ᠮᠡᠨᠳᠦ ᠶᠢᠨ ᠬᠢᠨᠠᠨ ᠬᠡᠮᠵᠢᠯᠳᠡ ᠪᠤᠯᠤᠨ ᠵᠠᠮ ᠬᠠᠷᠢᠯᠴᠠᠭᠠᠨ ᠤ ᠪᠠᠭᠠᠵᠢ ᠲᠠᠯᠠᠪᠠᠢ ᠦᠷᠳᠡᠭᠡ ᠶᠢ ᠠᠷᠢᠭᠤᠳᠬᠠᠵᠥ ᠰᠡᠯᠬᠢ ᠨᠡᠪᠳᠡᠷᠡᠬᠦᠯᠬᠦ ᠶᠢ ᠴᠢᠩᠭᠠᠳᠬᠠᠬᠤ ᠬᠡᠷᠡᠭᠳᠡᠢ ᠬᠡᠵᠥ ᠴᠢᠬᠤᠯᠠᠴᠢᠯᠠᠪᠠ᠃      ᠬᠤᠷᠡᠯ ᠠᠴᠠ᠂ ᠡᠪᠡᠳᠴᠢᠳᠡᠨ ᠢ ᠪᠦᠬᠦ ᠬᠦᠴᠦ ᠪᠠᠷ ᠢᠶᠠᠨ ᠠᠪᠤᠷᠠᠨ ᠡᠮᠨᠡᠵᠥ᠂ ᠡᠮᠴᠢᠯᠡᠬᠡᠨ ᠳᠤ ᠬᠡᠷᠡᠭᠯᠡᠬᠦ ᠬᠠᠮᠠᠭᠠᠯᠠᠯᠳᠠ ᠶᠢᠨ ᠡᠳ᠋ ᠪᠤᠳᠠᠰ ᠤᠨ ᠬᠠᠩᠭᠠᠯᠭ᠎ᠠ ᠶᠢ ᠪᠠᠳᠤᠯᠠᠵᠥ᠂ ᠬᠦᠯᠢᠶᠡᠨ ᠠᠪᠴᠦ ᠡᠮᠨᠡᠬᠦ ᠨᠤᠷᠮ᠎ᠡ ᠪᠤᠯᠤᠨ ᠢᠯᠡᠷᠢᠰᠢᠬᠦᠯᠬᠦ ᠨᠤᠷᠮ᠎ᠡ ᠶᠢ ᠴᠢᠷᠮᠡᠶᠢᠨ ᠲᠡᠭᠡᠭᠰᠢᠯᠡᠬᠦᠯᠵᠥ᠂ ᠬᠠᠯᠳᠠᠪᠤᠷᠢᠯᠠᠬᠤ ᠨᠤᠷᠮ᠎ᠡ ᠪᠤᠯᠤᠨ ᠦᠬᠦᠬᠦ ᠨᠤᠷᠮ᠎ᠡ ᠶᠢ ᠴᠢᠷᠮᠡᠶᠢᠨ ᠲᠤᠷᠤᠭᠰᠢᠯᠠᠭᠤᠯᠬᠤ ᠬᠡᠷᠡᠭᠳᠡᠢ᠃ ᠡᠨᠡ ᠪᠤᠯ ᠤᠳᠤᠬᠠᠨ ᠤ ᠰᠡᠷᠬᠡᠶᠢᠯᠡᠨ ᠡᠵᠡᠮᠳᠡᠬᠦ ᠠᠵᠢᠯ ᠤᠨ ᠲᠤᠪᠤᠶᠢᠮ᠎ᠡ ᠡᠬᠦᠷᠬᠡ ᠪᠤᠯᠤᠨ᠎ᠠ᠃ ᠲᠦᠪᠯᠡᠷᠡᠬᠦᠯᠥᠨ ᠬᠦᠯᠢᠶᠡᠨ ᠠᠪᠴᠦ ᠡᠮᠨᠡᠬᠦ ᠡᠮᠨᠡᠯᠬᠡ ᠶᠢᠨ ᠬᠤᠷᠢᠶ᠎ᠡ ᠶᠢ ᠲᠦᠷᠬᠡᠬᠡᠨ ᠪᠠᠶᠢᠭᠤᠯᠤᠨ ᠠᠰᠢᠬᠯᠠᠯᠳᠡ ᠳᠤ ᠤᠷᠤᠭᠤᠯᠵᠥ᠂ ᠦᠷᠬᠦᠯᠵᠢᠯᠡᠨ ᠬᠡᠷᠡᠭᠴᠡᠭᠡ ᠪᠠᠨ ᠦᠨᠳᠦᠰᠦᠯᠡᠵᠥ ᠪᠠᠶᠢᠭᠠᠳ ᠪᠦᠬᠦ ᠤᠯᠤᠰ ᠠᠴᠠ ᠡᠮᠴᠢᠯᠡᠬᠡᠨ ᠤ ᠠᠵᠢᠯᠳᠠᠨ ᠢ ᠲᠤᠮᠢᠯᠠᠨ ᠦᠬᠠᠨ ᠢ ᠲᠤᠰᠠᠯᠠᠬᠤ ᠶᠢᠨ ᠵᠡᠷᠬᠡ ᠪᠠᠷ ᠡᠮᠴᠢᠯᠡᠬᠡᠨ ᠤ ᠠᠵᠢᠯᠳᠠᠳ ᠤᠨ ᠪᠡᠶ᠎ᠡ ᠰᠡᠳᠬᠢᠯ ᠤᠨ ᠡᠷᠡᠬᠦᠯ ᠮᠡᠨᠳᠦ ᠶᠢ ᠬᠠᠮᠠᠭᠠᠯᠠᠬᠤ ᠬᠡᠷᠡᠭᠳᠡᠢ᠃ ᠬᠦᠮᠥᠰ ᠢ ᠰᠢᠯᠵᠢᠬᠦᠯᠥᠨ ᠲᠤᠬᠢᠷᠠᠭᠤᠯᠬᠤ ᠠᠵᠢᠯ ᠢ ᠨᠢᠬᠡᠳᠤᠯᠳᠡᠢ ᠲᠦᠯᠥᠪᠵᠢᠬᠦᠯᠥᠨ ᠰᠠᠶᠢᠳᠤᠷ ᠬᠢᠵᠥ᠂ ᠪᠤᠯᠬᠤ ᠶᠢᠨ ᠲᠤᠳᠤᠷ᠎ᠠ ᠰᠢᠯᠢᠳᠡᠭ ᠡᠮᠴᠢ ᠰᠤᠪᠢᠯᠠᠬᠴᠢ ᠶᠢ ᠲᠦᠪᠡᠯᠷᠡᠬᠦᠯᠵᠥ᠂ ᠬᠦᠨᠳᠤ ᠡᠪᠡᠳᠴᠢᠳᠡᠨ ᠢ ᠲᠦᠪᠯᠡᠷᠡᠬᠦᠯᠵᠥ᠂ ᠨᠢᠬᠡᠳᠤᠯᠳᠡᠢ ᠪᠠᠷ ᠠᠪᠤᠷᠠᠨ ᠡᠮᠨᠡᠵᠥ᠂ ᠡᠯ᠎ᠡ ᠡᠮᠨᠡᠯᠬᠡ ᠶᠢᠨ ᠬᠤᠷᠢᠶ᠎ᠡ ᠶᠢᠨ ᠬᠦᠨᠳᠤ ᠡᠪᠡᠳᠴᠢᠳᠡᠨ ᠢ ᠠᠪᠤᠷᠠᠨ ᠡᠮᠨᠡᠭᠰᠡᠡ ᠪᠦᠳᠦᠮᠵᠢᠳᠡᠢ ᠠᠷᠭ᠎ᠠ ᠶᠢ ᠴᠠᠭ ᠲᠤᠬᠠᠢ ᠳᠤᠨᠢ ᠲᠡᠯᠬᠡᠷᠡᠬᠦᠯᠬᠦ ᠬᠡᠷᠡᠭᠳᠡᠢ᠃ ᠲᠤᠭᠳᠠᠭᠰᠠᠠ ᠡᠮᠴᠢᠯᠡᠬᠡᠨ ᠤ ᠪᠠᠶᠢᠭᠤᠯᠤᠮᠵᠢ᠂ ᠲᠤᠰᠠᠭᠠᠷᠯᠠᠬᠤ ᠲᠠᠯᠠᠪᠤᠷ ᠵᠡᠷᠬᠡ ᠭᠤᠤᠯᠳᠠᠯᠭ᠎ᠠ ᠲᠠᠢ ᠭᠠᠵᠠᠷ ᠤᠨ ᠠᠮᠤᠷ ᠢ ᠬᠠᠮᠠᠭᠠᠯᠠᠬᠤ ᠠᠵᠢᠯ ᠢ ᠴᠢᠩᠭᠠᠳᠬᠠᠵᠥ᠂ ᠡᠮᠴᠢᠯᠡᠬᠦ᠂ ᠲᠤᠰᠠᠭᠠᠷᠯᠠᠬᠤ ᠡᠮᠬᠢ ᠲᠢᠭᠯᠢᠮ ᠢ ᠪᠦᠬᠦ ᠬᠦᠴᠦ ᠪᠠᠷ ᠢᠶᠠᠨ ᠬᠠᠮᠠᠭᠠᠯᠠᠬᠤ ᠬᠡᠷᠡᠭᠳᠡᠢ᠃ ᠰᠡᠳᠬᠢᠴᠡ ᠶᠢᠨ ᠲᠡᠯ᠎ᠡ ᠪᠠᠷ ᠬᠦᠳᠦᠯᠥᠨ ᠵᠢᠯᠤᠭᠤᠳᠬᠤ ᠶᠢ ᠴᠢᠩᠭᠠᠳᠬᠠᠵᠥ᠂ ᠬᠠᠶᠢᠷᠠᠯᠠᠨ ᠬᠠᠯᠠᠮᠵᠢᠯᠠᠬᠤ ᠠᠵᠢᠯ ᠢ ᠬᠠᠨᠳᠤᠯᠭᠠᠳᠤ ᠴᠢᠨᠠᠷᠳᠠᠢ ᠪᠠᠷ ᠰᠡᠶᠢᠳᠤᠷ ᠬᠢᠬᠦ ᠬᠡᠷᠡᠭᠳᠡᠢ ᠬᠡᠵᠥ ᠵᠢᠭᠠᠵᠥ ᠭᠠᠷᠭᠠᠪᠠ᠃      ᠬᠤᠷᠡᠯ ᠠᠴᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠤᠭᠤᠮᠳᠠ ᠰᠢᠪᠳᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠳᠡᠢ᠃ ᠬᠢᠵᠢᠭ ᠡᠪᠡᠳᠴᠢᠨ ᠢ ᠲᠠᠷᠤᠵᠤ ᠠᠪᠬᠤ ᠳᠤ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠲᠤᠯᠭᠠᠭᠤᠷᠢᠯᠠᠯ ᠠᠴᠠ ᠰᠠᠯᠵᠥ ᠴᠢᠳᠠᠬᠤ ᠦᠬᠡᠢ ᠶᠤᠮ᠃ ᠸᠢᠷᠦ᠋ᠰ ᠤᠨ ᠢᠷᠡᠯᠳᠡ ᠶᠢ ᠰᠢᠨᠵᠢᠯᠡᠬᠦ ᠤᠬᠠᠭᠠᠨᠴᠢ ᠪᠠᠷ ᠨᠤᠳᠠᠯᠠᠵᠥ᠂ ᠬᠠᠯᠳᠠᠪᠤᠷᠢᠯᠠᠬᠤ ᠡᠬᠢ ᠰᠤᠷᠪᠤᠯᠵᠢ ᠪᠤᠯᠤᠨ ᠬᠠᠯᠳᠠᠪᠤᠷᠢᠯᠠᠬᠤ ᠵᠠᠮ ᠢ ᠲᠠᠷᠦ᠋ᠢᠬᠠᠨ ᠪᠠᠶᠢᠴᠠᠭᠠᠨ ᠲᠤᠳᠤᠯᠠᠵᠥ᠂ ᠸᠢᠷᠦ᠋ᠰ ᠤᠨ ᠬᠤᠪᠢᠷᠡᠯ ᠤᠨ ᠪᠠᠶᠢᠳᠠᠯ ᠢ ᠨᠢᠬᠳᠠ ᠮᠦᠷᠳᠡᠨ ᠪᠠᠶᠢᠴᠠᠭᠠᠵᠥ᠂ ᠰᠡᠷᠬᠡᠶᠢᠯᠡᠨ ᠡᠵᠡᠮᠳᠡᠬᠦ ᠠᠷᠭ᠎ᠠ ᠪᠤᠳᠤᠯᠭ᠎ᠠ ᠪᠤᠯᠤᠨ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠰᠤᠳᠤᠯᠬᠤ ᠬᠡᠷᠡᠭᠳᠡᠢ᠃ ᠶᠡᠭᠡ ᠲᠡᠬᠡᠳᠤ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠠᠵᠥ ᠠᠬᠤᠢᠢᠯᠠᠯ ᠵᠡᠷᠬᠡ ᠡᠯ᠎ᠡ ᠲᠡᠯ᠎ᠡ ᠶᠢᠨ ᠢᠳᠡᠪᠬᠢᠵᠢᠯ ᠢ ᠲᠠᠶᠢᠴᠢᠯᠠᠵᠥ᠂ ᠪᠦᠬᠦ ᠤᠯᠤᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠳᠠᠳ ᠢ ᠵᠤᠬᠢᠶᠠᠨ ᠪᠠᠶᠢᠭᠤᠯᠤᠨ ᠲᠠᠶᠢᠴᠢᠯᠠᠵᠥ ᠪᠠᠶᠢᠭᠠᠳ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠲᠡᠯ᠎ᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠤᠭᠤᠮᠳᠠ ᠰᠢᠪᠳᠤᠯᠬᠤ ᠳᠤ ᠤᠷᠤᠯᠴᠠᠭᠤᠯᠵᠥ᠂ ᠬᠠᠮᠢᠶ᠎ᠠ ᠪᠦᠬᠦᠢ ᠲᠤᠭ᠎ᠠ ᠪᠠᠷᠢᠮᠳᠠ ᠪᠤᠯᠤᠨ ᠡᠪᠡᠳᠴᠢᠨ ᠤ ᠵᠢᠱᠢᠶ᠎ᠡ ᠶᠢᠨ ᠮᠠᠲ᠋ᠧᠷᠢᠶᠠᠯ ᠢ ᠨᠡᠬᠡᠬᠡᠯᠳᠡ ᠬᠢᠵᠥ ᠬᠠᠮᠳᠤ ᠪᠠᠷ ᠡᠳ᠋ᠯᠡᠬᠦ ᠶᠢ ᠠᠬᠢᠭᠤᠯᠵᠥ᠂ ᠸᠢᠷᠦ᠋ᠰ ᠤᠨ ᠤᠭ ᠦᠨᠳᠦᠰᠦ ᠶᠢ ᠡᠷᠢᠬᠦ᠂ ᠲᠠᠷᠬᠠᠬᠤ ᠬᠦᠴᠦᠨ᠂ ᠲᠠᠷᠬᠠᠬᠤ ᠵᠢᠮ᠎ᠠ ᠶᠤᠰᠤ ᠵᠡᠷᠬᠡ ᠶᠢᠨ ᠰᠤᠳᠤᠯᠭᠠᠨ ᠢ ᠲᠦᠷᠬᠡᠳᠬᠡᠵᠥ᠂ ᠰᠡᠷᠬᠡᠶᠢᠯᠡᠨ ᠡᠵᠡᠮᠳᠡᠬᠦ ᠠᠷᠭ᠎ᠠ ᠪᠤᠳᠤᠯᠭ᠎ᠠ ᠪᠤᠯᠤᠨ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠲᠡᠬᠦᠯᠳᠡᠷᠵᠢᠬᠦᠯᠬᠦ ᠬᠡᠷᠡᠭᠳᠡᠢ᠃ ᠪᠦᠳᠦᠮᠵᠢᠳᠡᠢ ᠡᠮ ᠤᠨ ᠵᠦᠢᠯ ᠪᠤᠯᠤᠨ ᠸᠠᠺᠼᠢᠨ ᠢ ᠰᠤᠳᠤᠯᠤᠨ ᠨᠡᠭᠡᠭᠡᠬᠦ ᠶᠢ ᠴᠢᠩᠭᠠᠳᠬᠠᠵᠥ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠤᠭᠤᠮᠳᠠ ᠰᠢᠪᠳᠤᠯᠤᠯᠳᠡ ᠪᠤᠯᠤᠨ ᠡᠮᠴᠢᠯᠡᠭᠡ ᠂ ᠰᠡᠷᠬᠡᠶᠢᠯᠡᠨ ᠡᠵᠡᠮᠳᠡᠬᠦ ᠦᠢᠯᠡᠳᠦᠯᠬᠡ ᠶᠢ ᠤᠶᠠᠯᠳᠤᠭᠤᠯᠬᠤ ᠶᠢ ᠠᠩᠬᠠᠷᠬᠤ ᠬᠡᠷᠡᠭᠳᠡᠢ ᠬᠡᠵᠥ ᠴᠢᠬᠤᠯᠠᠴᠢᠯᠠᠪᠠ᠃      ᠬᠤᠷᠡᠯ ᠠᠴᠠ᠂ ᠠᠵᠥ ᠠᠬᠤᠢ ᠨᠡᠶᠢᠬᠡᠮ ᠤᠨ ᠬᠡᠪ ᠤᠨ ᠡᠮᠬᠢ ᠲᠢᠭᠯᠢᠮ ᠢ ᠦᠨᠡᠨ ᠬᠦ ᠬᠠᠮᠠᠭᠠᠯᠠᠬᠤ ᠬᠡᠷᠡᠭᠳᠡᠢ᠃ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠶᠢ ᠴᠢᠩᠭᠠᠳᠬᠠᠬᠤ ᠶᠢᠨ ᠵᠡᠷᠬᠡ ᠪᠠᠷ᠂ ᠦᠢᠯᠡᠳᠪᠤᠷᠢᠯᠡᠯ ᠠᠮᠢᠳᠤᠷᠠᠯ ᠲᠤᠭᠳᠠᠭᠤᠨ ᠡᠮᠬᠢ ᠲᠢᠭᠯᠢᠮ ᠲᠠᠢ ᠪᠠᠶᠢᠬᠤ ᠶᠢ ᠴᠢᠷᠮᠡᠶᠢᠨ ᠪᠠᠳᠤᠯᠠᠬᠤ ᠬᠡᠷᠡᠭᠳᠡᠢ᠃ ᠢᠳᠡᠰᠢᠨ ᠨᠤᠭᠤᠭ᠎ᠠ᠂ ᠮᠢᠬ᠎ᠠ ᠦᠨᠳᠡᠭᠡ ᠰᠦ᠂ ᠠᠮᠤ ᠪᠤᠳᠠᠭ᠎ᠠ ᠵᠡᠷᠬᠡ ᠰᠠᠭᠤᠭᠠᠯᠢ ᠠᠷᠠᠳ ᠤᠨ ᠠᠮᠢᠳᠤᠷᠠᠯ ᠤᠨ ᠴᠢᠬᠤᠯᠠ ᠪᠦᠬᠦᠢ ᠬᠡᠷᠡᠭᠰᠡᠯ ᠤᠨ ᠬᠠᠩᠭᠠᠯᠭ᠎ᠠ ᠶᠢ ᠦᠨᠡᠨ ᠬᠦ ᠪᠠᠳᠤᠯᠠᠵᠥ᠂ ︽ᠢᠳᠡᠰᠢᠨ ᠨᠤᠭᠤᠭ᠎ᠠ ᠶᠢᠨ ᠰᠠᠭᠰᠤ︾ ᠶᠢᠨ ᠬᠤᠳᠠ ᠶᠢᠨ ᠲᠠᠷᠤᠭ᠎ᠠ ᠬᠠᠷᠢᠭᠤᠴᠠᠬᠤ ᠲᠦᠷᠢᠮ ᠢ ᠨᠠᠶᠢᠳᠠᠪᠤᠷᠢᠵᠢᠭᠤᠯᠵᠥ᠂ ᠢᠳᠡᠰᠢᠨ ᠨᠤᠭᠤᠭ᠎ᠠ ᠵᠡᠷᠬᠡ ᠬᠤᠯᠢᠰᠢᠨ ᠢᠳᠡᠬᠡᠨ ᠤ ᠦᠢᠯᠡᠳᠪᠤᠷᠢᠯᠡᠯ ᠢ ᠢᠳᠡᠪᠬᠢᠳᠡᠢ ᠵᠤᠬᠢᠶᠠᠨ ᠪᠠᠶᠢᠭᠤᠯᠵᠥ᠂ ᠡᠳ᠋ ᠪᠠᠷᠠᠭᠠᠨ ᠤ ᠲᠤᠬᠢᠷᠠᠭᠤᠯᠭ᠎ᠠ ᠪᠤᠯᠤᠨ ᠵᠠᠬ᠎ᠠ ᠲᠡᠯᠬᠡᠬᠦᠷ ᠤᠨ ᠬᠠᠩᠭᠠᠯᠭ᠎ᠠ ᠶᠢ ᠴᠢᠩᠭᠠᠳᠬᠠᠬᠤ ᠬᠡᠷᠡᠭᠳᠡᠢ᠃ ᠡᠯ᠎ᠡ ᠭᠠᠵᠠᠷ ᠤᠨ ᠬᠢᠨ ᠨᠢᠬᠡᠳᠤᠯᠳᠡᠢ ᠲᠦᠯᠥᠪᠵᠢᠬᠦᠯᠥᠨ ᠵᠤᠬᠢᠴᠠᠭᠤᠯᠬᠤ ᠪᠠᠨ ᠴᠢᠩᠭᠠᠳᠬᠠᠵᠥ᠂ ᠬᠦᠮᠦᠨ ᠬᠠᠷ᠎ᠠ ᠪᠤᠯᠤᠨ ᠲᠡᠷᠬᠡ ᠬᠦᠰᠬᠡ ᠶᠢᠨ ᠬᠡᠪ ᠤᠨ ᠶᠤᠰᠤᠭᠠᠷ ᠠᠶᠠᠯᠠᠬᠤ ᠶᠢ ᠦᠨᠡᠨ ᠬᠦ ᠪᠠᠳᠤᠯᠠᠬᠤ ᠬᠡᠷᠡᠭᠳᠡᠢ᠃ ᠨᠡᠬᠦᠷᠡᠰᠤ ᠴᠠᠬᠢᠯᠭᠠᠨ ᠲᠤᠰᠤ ᠬᠡᠢ ᠶᠢᠨ ᠬᠠᠩᠭᠠᠯᠭ᠎ᠠ ᠶᠢ ᠪᠠᠳᠤᠯᠠᠬᠤ ᠬᠡᠷᠡᠭᠳᠡᠢ᠃ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠲᠤᠮᠳᠠ ᠢᠯᠡᠷᠡᠭᠰᠡᠡ ᠡᠯ᠎ᠡ ᠲᠦᠷᠦᠯ ᠤᠨ ᠵᠦᠷᠢᠴᠡᠯ ᠪᠤᠯᠤᠨ ᠠᠰᠠᠭᠤᠳᠠᠯ ᠢ ᠲᠤᠬᠢᠳᠠᠢ ᠰᠢᠢᠳᠪᠤᠷᠢᠯᠡᠵᠥ᠂ ᠨᠡᠶᠢᠬᠡᠮ ᠤᠨ ᠠᠮᠤᠷ ᠢ ᠬᠠᠮᠠᠭᠠᠯᠠᠬᠤ ᠠᠵᠢᠯ ᠢ ᠴᠢᠩᠭᠠᠳᠬᠠᠵᠥ᠂ ᠬᠢᠵᠢᠭ ᠤᠨ ᠪᠠᠶᠢᠳᠠᠯ ᠢ ᠠᠰᠢᠬᠯᠠᠨ ᠦᠨ᠎ᠠ ᠬᠠᠩᠰᠢ ᠶᠢ ᠦᠷᠢᠰᠦᠯᠳᠦᠨ ᠦᠰᠬᠡᠬᠦ᠂ ᠬᠤᠷᠠᠮᠳᠤᠭᠤᠯᠤᠨ ᠲᠠᠷᠤᠵᠥ ᠬᠤᠨᠵᠢᠨ ᠵᠠᠪᠰᠢᠬᠤ᠂ ᠵᠠᠪᠰᠢᠶᠠᠨ ᠢ ᠲᠠᠯᠢᠮᠳᠠᠭᠤᠯᠬᠤ ᠵᠡᠷᠬᠡ ᠨᠡᠶᠢᠬᠡᠮ ᠤᠨ ᠡᠮᠬᠢ ᠲᠢᠭᠯᠢᠮ ᠢ ᠰᠠᠮᠠᠭᠤᠷᠠᠭᠤᠯᠤᠬᠰᠠᠠ ᠬᠠᠤᠯᠢ ᠶᠢ ᠵᠦᠷᠢᠴᠡᠭᠰᠡᠡ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠬᠤᠳᠠᠯ ᠬᠠᠭᠤᠷᠮᠠᠭ ᠴᠢᠨᠠᠷ ᠮᠠᠭᠤ ᠡᠮ᠂ ᠡᠮᠴᠢᠯᠡᠬᠡᠨ ᠤ ᠪᠠᠭᠠᠵᠢ ᠬᠡᠷᠡᠭᠰᠡᠯ᠂ ᠡᠮᠴᠢᠯᠡᠬᠡᠨ ᠳᠤ ᠬᠡᠷᠡᠭᠯᠡᠬᠦ ᠡᠷᠡᠬᠦᠯ ᠬᠠᠮᠠᠭᠠᠯᠠᠯ ᠤᠨ ᠮᠠᠲ᠋ᠧᠷᠢᠶᠠᠯ ᠢ ᠦᠢᠯᠡᠳᠪᠤᠷᠢᠯᠡᠨ ᠪᠤᠷᠤᠯᠠᠭᠤᠯᠬᠤ ᠵᠡᠷᠬᠡ ᠬᠠᠤᠯᠢ ᠶᠢ ᠵᠦᠷᠢᠴᠡᠭᠰᠡᠡ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠡᠯ᠎ᠡ ᠲᠦᠷᠦᠯ ᠤᠨ ᠬᠠᠤᠯᠢ ᠶᠢ ᠵᠦᠷᠢᠴᠡᠭᠰᠡᠡ ᠶᠠᠯᠠᠳᠤ ᠠᠵᠢᠯᠯᠠᠭ᠎ᠠ ᠳᠤ ᠬᠠᠤᠯᠢ ᠶᠤᠰᠤᠭᠠᠷ ᠡᠷᠡᠰ ᠴᠤᠬᠢᠯᠳᠠ ᠦᠭᠴᠦ᠂ ᠨᠡᠶᠢᠭᠡᠮ ᠤᠨ ᠲᠤᠭᠳᠠᠭᠤᠨ ᠪᠤᠯᠤᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠡᠷᠡᠭᠳᠡᠢ ᠬᠡᠵᠥ ᠵᠢᠭᠠᠵᠥ ᠭᠠᠷᠭᠠᠪᠠ᠃      ᠬᠤᠷᠠᠯ ᠠᠴᠠ᠂ ᠤᠬᠠᠭᠤᠯᠭ᠎ᠠ ᠬᠦᠮᠤᠵᠢᠯ ᠪᠠ ᠶᠠᠷᠢᠶ᠎ᠠ ᠬᠡᠯᠡᠯᠴᠡᠬᠡᠨ ᠤ ᠬᠦᠳᠦᠯᠦᠨ ᠵᠢᠯᠤᠭᠤᠳᠬᠤ ᠠᠵᠢᠯ ᠢ ᠰᠠᠶᠢᠳᠤᠷ ᠬᠢᠵᠤ᠂ ᠰᠦᠯᠵᠢᠶᠠᠨ ᠲᠡᠭᠡᠷ᠎ᠠ ᠪᠠ ᠰᠦᠯᠵᠢᠶᠠᠨ ᠠᠴᠠ ᠭᠠᠳᠠᠭᠤᠷᠬᠢ᠂ ᠤᠯᠤᠰ ᠤᠨ ᠳᠤᠳᠤᠭᠠᠳᠤ ᠪᠠ ᠤᠯᠤᠰ ᠤᠨ ᠭᠠᠳᠠᠭᠠᠳᠤ᠂ ᠶᠡᠭᠡ ᠪᠠᠭ᠎ᠠ ᠶᠠᠪᠤᠳᠠᠯ ᠢ ᠨᠢᠬᠡᠳᠤᠯᠳᠠᠢ ᠲᠦᠯᠤᠪᠵᠢᠬᠦᠯᠵᠤ᠂ ᠢᠳᠡᠬᠡᠯ ᠢᠶᠠᠨ ᠪᠠᠳᠤᠳᠬᠠᠵᠤ᠂ ᠬᠦᠮᠤᠰ ᠤᠨ ᠰᠡᠳᠬᠢᠯ ᠢ ᠲᠤᠯᠠᠭᠠᠴᠠᠭᠤᠯᠵᠤ᠂ ᠠᠷᠠᠳ ᠤᠨ ᠰᠠᠨᠠᠭ᠎ᠠ ᠶᠢ ᠨᠢᠬᠳᠠᠷᠠᠭᠤᠯᠬᠤ ᠭᠡᠷᠡᠭᠳᠠᠢ᠃ ᠨᠠᠮ ᠤᠨ ᠲᠦᠪ ᠬᠤᠷᠢᠶᠠᠨ ᠤ ᠴᠢᠬᠤᠯᠠ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠬᠦᠨᠵᠡᠬᠡᠢ ᠤᠬᠠᠭᠤᠯᠵᠤ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠤᠯᠪᠤᠭᠠᠯᠠᠨ ᠰᠡᠷᠬᠡᠶᠢᠯᠡᠵᠤ ᠬᠤᠯᠪᠤᠭᠠᠯᠠᠨ ᠡᠵᠡᠮᠳᠡᠬᠦ ᠠᠷᠭ᠎ᠠ ᠬᠡᠮᠵᠢᠶᠠᠨ ᠤ ᠦᠷ᠎ᠠ ᠪᠦᠳᠤᠮᠵᠢ ᠶᠢ ᠬᠦᠢᠴᠡᠳ ᠮᠡᠳᠡᠬᠡᠯᠡᠵᠤ᠂ ᠬᠢᠵᠢᠭ ᠢ ᠰᠡᠷᠬᠡᠶᠢᠯᠡᠨ ᠬᠢᠵᠢᠭ ᠢ ᠡᠰᠡᠷᠬᠦᠴᠡᠬᠦ ᠡᠮᠤᠨ᠎ᠠ ᠹᠷᠤᠨᠲ ᠤᠨ ᠰᠡᠳᠬᠢᠯ ᠬᠦᠳᠡᠯᠭᠡᠮ᠎ᠡ ᠤᠢᠢᠯᠠ ᠠᠵᠢᠯᠯᠠᠭ᠎ᠠ ᠶᠢ ᠠᠮᠢᠳᠤᠯᠢᠬ ᠰᠠᠶᠢᠬᠠᠨ ᠶᠠᠷᠢᠵᠤ᠂ ᠳᠤᠮᠳᠠᠳᠤ ᠤᠯᠤᠰ ᠤᠨ ᠬᠢᠵᠢᠭ ᠲᠠᠢ ᠲᠡᠮᠡᠴᠡᠵᠦ ᠪᠠᠶᠢᠭ᠎ᠠ ᠦᠯᠢᠬᠡᠷ ᠢ ᠰᠠᠶᠢᠬᠠᠨ ᠶᠠᠷᠢᠵᠤ᠂ ᠳᠤᠮᠳᠠᠳᠤ ᠤᠯᠤᠰ ᠤᠨ ᠠᠷᠠᠳ ᠲᠦᠮᠡᠨ ᠤ ᠪᠦᠯᠬᠦᠮᠳᠡᠨ ᠰᠡᠳᠬᠢᠯ ᠨᠢᠬᠡᠳᠴᠤ᠂ ᠵᠢᠷᠭᠠᠯ ᠵᠤᠪᠠᠯᠠᠩ ᠢᠶᠠᠨ ᠬᠠᠮᠳᠤᠳᠬᠠᠵᠤ ᠪᠠᠶᠢᠭ᠎ᠠ ᠤᠶᠤᠨ ᠰᠠᠨᠠᠭᠠᠨ ᠤ ᠲᠦᠷᠢ ᠲᠦᠷᠬᠦ ᠶᠢ ᠭᠠᠶᠢᠬᠠᠭᠤᠯᠵᠤ᠂ ᠲᠦᠮᠡᠨ ᠤᠯᠠᠨ ᠲᠠᠮᠤᠷ ᠭᠡᠷᠡᠮ ᠮᠡᠳᠤ ᠨᠢᠬᠳᠠᠷᠠᠨ ᠪᠦᠯᠬᠦᠮᠳᠡᠵᠤ ᠬᠢᠵᠢᠭ ᠲᠠᠢ ᠲᠡᠮᠡᠴᠡᠬᠦ ᠬᠦᠴᠦᠷᠭᠡᠭ ᠶᠡᠭᠡ ᠬᠦᠴᠤᠨ ᠴᠢᠳᠠᠯ ᠢ ᠨᠢᠬᠳᠠᠷᠠᠭᠤᠯᠬᠤ ᠭᠡᠷᠡᠭᠳᠠᠢ᠃ ᠬᠠᠯᠳᠠᠪᠤᠷᠢᠳᠤ ᠡᠪᠡᠳᠴᠢᠨ ᠢ ᠰᠡᠷᠬᠡᠶᠢᠯᠡᠨ ᠵᠠᠰᠠᠬᠤ ᠬᠠᠤᠯᠢ ᠴᠠᠭᠠᠵᠠ ᠶᠢᠨ ᠤᠬᠠᠭᠤᠯᠭ᠎ᠠ ᠬᠦᠮᠤᠵᠢᠯ ᠢ ᠴᠢᠩᠭᠠᠳᠬᠠᠵᠤ᠂ ᠪᠦᠬᠦ ᠨᠡᠶᠢᠬᠡᠮ ᠢᠶᠠᠷ ᠢᠶᠠᠨ ᠬᠠᠤᠯᠢ ᠶᠤᠰᠤᠭᠠᠷ ᠬᠦᠳᠡᠯᠤᠯᠴᠠᠵᠤ᠂ ᠬᠠᠤᠯᠢ ᠶᠤᠰᠤᠭᠠᠷ ᠠᠵᠢᠯᠯᠠᠬᠤ ᠶᠢ ᠬᠦᠳᠤᠯᠤᠨ ᠲᠠᠭᠠᠭᠤᠯᠬᠤ ᠭᠡᠷᠡᠭᠳᠠᠢ᠃ ᠤᠷᠤᠰᠢᠵᠤ ᠪᠠᠶᠢᠭ᠎ᠠ ᠠᠰᠠᠭᠤᠳᠠᠯ ᠳᠤ ᠵᠦᠪ ᠬᠠᠨᠳᠤᠵᠤ᠂ ᠡᠷᠬᠡ ᠰᠦᠷᠳᠤ ᠮᠡᠳᠡᠭᠡ ᠵᠠᠩᠬᠢ ᠶᠢ ᠴᠠᠬ ᠲᠤᠬᠠᠢ ᠳᠤᠨᠢ ᠨᠡᠶᠢᠳᠠᠯᠠᠵᠤ᠂ ᠤᠯᠠᠨ ᠲᠦᠮᠡᠨ ᠤ ᠠᠩᠬᠠᠷᠤᠯ ᠲᠡᠯᠪᠢᠵᠤ ᠪᠠᠶᠢᠭ᠎ᠠ ᠠᠰᠠᠭᠤᠳᠠᠯ ᠳᠤ ᠬᠠᠷᠢᠭᠤ ᠦᠭᠴᠤ᠂ ᠴᠠᠬᠴᠢ ᠴᠢᠨᠠᠷ᠂ ᠴᠢᠭᠯᠡᠬᠦᠯᠦᠯᠳᠤ ᠴᠢᠨᠠᠷ ᠪᠤᠯᠤᠨ ᠲᠤᠰᠬᠠᠢ ᠮᠡᠷᠬᠡᠵᠢᠯ ᠤᠨ ᠴᠢᠨᠠᠷ ᠢ ᠴᠢᠩᠭᠠᠳᠬᠠᠵᠤ᠂ ᠤᠯᠠᠨ ᠲᠦᠮᠡᠨ ᠤ ᠢᠳᠡᠬᠡᠯ ᠢᠶᠠᠨ ᠪᠠᠳᠤᠳᠬᠠᠨ ᠴᠢᠩᠭᠠᠳᠬᠠᠬᠤ ᠶᠢ ᠬᠦᠳᠤᠯᠤᠨ ᠲᠠᠭᠠᠭᠤᠯᠬᠤ ᠭᠡᠷᠡᠭᠳᠠᠢ᠃ ᠴᠢᠭᠯᠡᠬᠦᠯᠦᠯᠳᠤ ᠴᠢᠨᠠᠷᠳᠠᠢ ᠪᠠᠷ ᠤᠶᠤᠨ ᠤ ᠪᠤᠯᠪᠠᠰᠤᠨ ᠤ ᠬᠦᠮᠤᠵᠢᠯ ᠢ ᠦᠷᠨᠢᠬᠦᠯᠵᠤ᠂ ᠡᠷᠡᠬᠦᠯ ᠮᠡᠨᠳᠤ ᠶᠢᠨ ᠤᠢᠢᠯᠠᠭᠠᠭᠳᠠᠬᠤᠨ ᠪᠤᠯᠤᠨ ᠬᠠᠯᠳᠠᠪᠤᠷᠢᠳᠤ ᠡᠪᠡᠳᠴᠢᠨ ᠢ ᠰᠡᠷᠬᠡᠶᠢᠯᠡᠨ ᠡᠵᠡᠮᠳᠡᠬᠦ ᠮᠡᠳᠡᠯᠬᠡ ᠶᠢᠨ ᠤᠬᠠᠭᠤᠯᠭ᠎ᠠ ᠬᠦᠮᠤᠵᠢᠯ ᠢ ᠴᠢᠩᠭᠠᠳᠬᠠᠵᠤ᠂ ᠦᠷᠬᠡᠨ ᠤᠯᠠᠨ ᠲᠦᠮᠡᠨ ᠢ ᠬᠦᠳᠤᠯᠤᠨ ᠲᠠᠭᠠᠭᠤᠯᠵᠤ ᠪᠤᠯᠪᠠᠰᠤᠨ ᠤ ᠬᠡᠪ ᠴᠢᠨᠠᠷ ᠪᠤᠯᠤᠨ ᠦᠪᠡᠷ ᠤᠨ ᠪᠠᠶ᠎ᠠ ᠪᠠᠨ ᠬᠠᠮᠠᠭᠠᠯᠠᠬᠤ ᠴᠢᠳᠠᠪᠤᠷᠢ ᠶᠢ ᠲᠡᠭᠡᠭᠰᠢᠯᠡᠬᠦᠯᠬᠦ ᠭᠡᠷᠡᠭᠳᠠᠢ᠃ ᠰᠦᠯᠵᠢᠶᠠᠨ ᠤ ᠵᠠᠭᠤᠴᠢᠯᠠᠭᠤᠷ ᠤᠨ ᠬᠠᠮᠢᠶᠠᠷᠤᠯᠳᠠ ᠡᠵᠡᠮᠳᠡᠯ ᠢ ᠴᠢᠩᠭᠠᠳᠬᠠᠵᠤ᠂ ᠭᠤᠤᠯ ᠴᠤᠬᠴᠠ ᠶᠢᠨ ᠬᠠᠷᠢᠭᠤᠴᠠᠯᠭ᠎ᠠ᠂ ᠭᠤᠤᠯᠯᠠᠨ ᠬᠠᠮᠢᠶᠠᠷᠬᠤ ᠬᠠᠷᠢᠭᠤᠴᠠᠯᠭ᠎ᠠ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠠᠬᠢᠭᠤᠯᠬᠤ ᠭᠡᠷᠡᠭᠳᠠᠢ᠃ ᠲᠡᠯᠡᠬᠡᠢ ᠶᠢᠨ ᠡᠷᠡᠬᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠳᠠ᠂ ᠬᠤᠯᠪᠤᠬᠳᠠᠯ ᠪᠦᠬᠦᠢ ᠤᠯᠤᠰ ᠪᠤᠯᠤᠨ ᠭᠠᠵᠠᠷ ᠤᠷᠤᠨ ᠯᠤᠭ᠎ᠠ ᠶᠢᠨ ᠤᠯᠤᠯᠴᠠᠭ᠎ᠠ ᠵᠤᠬᠢᠴᠠᠭᠤᠯᠭ᠎ᠠ ᠪᠠᠨ ᠦᠷᠬᠦᠯᠵᠢᠯᠠᠨ ᠰᠠᠶᠢᠳᠤᠷ ᠬᠢᠵᠤ᠂ ᠬᠢᠵᠢᠭ ᠤᠨ ᠪᠠᠶᠢᠳᠠᠯ ᠤᠨ ᠮᠡᠳᠡᠭᠡ ᠵᠠᠩᠬᠢ ᠶᠢ ᠬᠠᠮᠳᠤ ᠪᠠᠷ ᠡᠳ᠋ᠯᠡᠬᠦ ᠪᠠ ᠰᠡᠷᠬᠡᠶᠢᠯᠡᠨ ᠡᠵᠡᠮᠳᠡᠬᠦ ᠠᠷᠭ᠎ᠠ ᠪᠤᠳᠤᠯᠭ᠎ᠠ ᠶᠢ ᠵᠤᠬᠢᠴᠠᠭᠤᠯᠬᠤ ᠶᠢ ᠠᠬᠢᠭᠤᠯᠬᠤ ᠭᠡᠷᠡᠭᠳᠠᠢ ᠬᠡᠵᠤ ᠴᠢᠬᠤᠯᠠᠴᠢᠯᠠᠪᠠ᠃      ᠬᠤᠷᠠᠯ ᠠᠴᠠ᠂ ᠡᠯ᠎ᠠ ᠱᠠᠳᠤᠨ ᠤ ᠨᠠᠮ ᠤᠨ ᠬᠤᠷᠢᠶ᠎ᠠ ᠪᠤᠯᠤᠨ ᠵᠠᠰᠠᠬ ᠤᠨ ᠤᠷᠳᠤᠨ ᠤ ᠬᠢᠨ ᠡᠨᠡ ᠵᠢᠯ ᠤᠨ ᠠᠵᠤ ᠠᠬᠤᠢ ᠨᠡᠶᠢᠬᠡᠮ ᠤᠨ ᠬᠦᠭᠵᠢᠯᠳᠠ ᠶᠢᠨ ᠬᠠᠷᠠᠯᠳᠠ ᠡᠬᠦᠷᠬᠡ ᠶᠢ ᠪᠡᠶᠡᠯᠡᠬᠦᠯᠬᠦ ᠶᠢᠨ ᠲᠦᠯᠤᠬᠡ ᠦᠷᠬᠦᠯᠵᠢᠯᠡᠨ ᠴᠢᠷᠮᠠᠶᠢᠬᠤ ᠭᠡᠷᠡᠭᠳᠠᠢ᠃ ᠬᠢᠵᠢᠭ ᠤᠨ ᠪᠠᠶᠢᠳᠠᠯ ᠬᠦᠨᠳᠤ ᠨᠤᠴᠢᠳᠠᠢ ᠭᠠᠵᠠᠷ ᠤᠷᠤᠨ ᠤ ᠬᠢᠨ ᠬᠦᠴᠤᠨ ᠢᠶᠠᠨ ᠲᠦᠪᠯᠡᠷᠡᠬᠦᠯᠵᠤ ᠪᠠᠶᠢᠭᠠᠳ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠵᠤ᠂ ᠪᠤᠰᠤᠳ ᠭᠠᠵᠠᠷ ᠤᠷᠤᠨ ᠤ ᠬᠢᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠬᠦ ᠶᠢᠨ ᠬᠠᠮᠳᠤ ᠦᠬᠡᠷᠡᠴᠢᠯᠡᠯᠡᠳᠠ ᠬᠦᠭᠵᠢᠯᠳᠠ ᠲᠤᠭᠳᠠᠭᠤᠨ ᠤ ᠡᠯ᠎ᠠ ᠵᠦᠢᠯ ᠤᠨ ᠠᠵᠢᠯ ᠢ ᠨᠢᠬᠡᠳᠤᠯᠳᠠᠢ ᠲᠦᠯᠤᠪᠵᠢᠬᠦᠯᠤᠨ ᠰᠠᠶᠢᠳᠤᠷ ᠠᠳᠬᠤᠵᠤ᠂ ᠢᠯᠠᠩᠭᠤᠶ᠎ᠠ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠢᠯᠠᠯᠳᠠ ᠶᠢ ᠤᠯᠬᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠤᠷᠢᠳᠦ ᠲᠠᠶᠢᠯᠠᠯᠳᠤᠭᠠᠨ ᠬᠢᠬᠦ ᠳᠤ ᠬᠤᠯᠪᠤᠬᠳᠠᠬᠤ ᠭᠤᠤᠯᠳᠠᠯᠭ᠎ᠠ ᠲᠠᠢ ᠡᠬᠦᠷᠬᠡ ᠶᠢ ᠰᠠᠶᠢᠳᠤᠷ ᠠᠳᠬᠤᠬᠤ ᠭᠡᠷᠡᠭᠳᠠᠢ᠃ ᠠᠵᠤ ᠠᠬᠤᠢ ᠶᠢᠨ ᠡᠷᠬᠢᠯᠲᠡ ᠶᠢᠨ ᠪᠠᠶᠢᠳᠠᠯ ᠢ ᠨᠢᠬᠳᠠ ᠬᠢᠨᠡᠨ ᠭᠡᠮᠵᠢᠵᠦ᠂ ᠬᠢᠵᠢᠭ ᠤᠨ ᠪᠠᠶᠢᠳᠠᠯ ᠤᠨ ᠠᠵᠤ ᠠᠬᠤᠢ ᠶᠢᠨ ᠡᠷᠬᠢᠯᠲᠡ ᠳᠤ ᠦᠵᠡᠬᠦᠯᠦᠭᠰᠡᠨ ᠨᠦᠯᠦᠭᠡ ᠳᠤ ᠠᠩᠬᠠᠷᠤᠯ ᠢᠶᠠᠨ ᠲᠦᠪᠯᠡᠷᠡᠬᠦᠯᠵᠤ᠂ ︽ᠵᠢᠷᠭᠤᠭ᠎ᠠ ᠶᠢ ᠲᠤᠭᠳᠠᠪᠤᠷᠢᠵᠢᠭᠤᠯᠬᠤ︾ ᠠᠵᠢᠯ ᠤᠨ ᠲᠤᠭᠤᠷᠢᠨ ᠳᠤ᠂ ᠡᠯ᠎ᠠ ᠵᠦᠢᠯ ᠤᠨ ᠨᠠᠷᠢᠨ ᠪᠤᠳᠤᠯᠢᠶᠠᠨᠳᠠᠢ ᠬᠦᠴᠢᠷᠳᠠᠯ ᠢ ᠠᠷᠭᠠᠴᠠᠭᠠᠬᠤ ᠪᠡᠯᠡᠳᠬᠡᠯ ᠢ ᠰᠠᠶᠢᠳᠤᠷ ᠬᠢᠬᠦ ᠭᠡᠷᠡᠭᠳᠠᠢ᠃ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠭᠰᠡᠨ ᠤᠷᠢᠳᠠᠯ ᠲᠤᠤᠷ᠎ᠠ᠂ ᠡᠯ᠎ᠠ ᠵᠦᠢᠯ ᠤᠨ ᠤᠢᠢᠯᠡᠳᠪᠤᠷᠢᠯᠡᠬᠦ ᠠᠵᠤ ᠠᠬᠤᠢᠢᠯᠠᠯ ᠤᠨ ᠠᠵᠢᠯ ᠢᠶᠠᠨ ᠰᠡᠷᠬᠦᠬᠡᠬᠦ ᠶᠢ ᠪᠦᠬᠦ ᠬᠦᠴᠤ ᠪᠠᠷ ᠲᠡᠮᠵᠢᠬᠦ ᠪᠠ ᠵᠤᠬᠢᠶᠠᠨ ᠪᠠᠶᠢᠭᠤᠯᠵᠤ᠂ ᠮᠦᠩᠬᠦᠨ ᠬᠦᠢᠯᠬᠡᠬᠡᠨ ᠤ ᠲᠡᠮᠵᠢᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠢᠢᠯᠠᠯ ᠤᠨ ᠠᠵᠢᠯ ᠢᠶᠠᠨ ᠰᠡᠷᠬᠦᠬᠡᠬᠦ ᠳᠤ ᠭᠡᠷᠡᠭᠯᠡᠬᠦ ᠠᠵᠢᠯᠳᠠᠨ ᠢ ᠪᠠᠳᠤᠯᠠᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠢᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠤᠭᠳᠠᠪᠤᠷᠢᠵᠢᠭᠤᠯᠬᠤ ᠲᠦᠷᠤ ᠶᠢᠨ ᠪᠤᠳᠤᠯᠭ᠎ᠠ ᠶᠢ ᠰᠠᠶᠢᠳᠤᠷ ᠬᠦᠢᠴᠡᠳ ᠭᠡᠷᠡᠭᠵᠢᠬᠦᠯᠵᠤ᠂ ᠰᠢᠨ᠎ᠠ ᠪᠡᠯᠡ ᠤᠷᠤᠭᠤᠯᠤᠯᠳᠠ ᠶᠢᠨ ᠲᠦᠷᠤᠯ ᠵᠦᠢᠯ ᠤᠨ ᠠᠵᠢᠯ ᠡᠬᠢᠯᠡᠬᠦ ᠡᠷᠴᠢᠮ ᠢ ᠴᠢᠩᠭᠠᠷᠠᠭᠤᠯᠵᠤ᠂ ᠪᠠᠶᠢᠭᠤᠯᠵᠤ ᠪᠠᠶᠢᠭ᠎ᠠ ᠲᠦᠷᠤᠯ ᠵᠦᠢᠯ ᠢ ᠢᠳᠡᠪᠬᠢᠳᠠᠢ ᠠᠬᠢᠭᠤᠯᠬᠤ ᠭᠡᠷᠡᠭᠳᠠᠢ᠃ ᠪᠡᠯᠡ ᠤᠷᠤᠭᠤᠯᠤᠯᠳᠠ ᠶᠢᠨ ᠪᠦᠳᠤᠴᠠ ᠶᠢ ᠲᠤᠬᠢᠷᠠᠭᠤᠯᠤᠨ ᠰᠢᠯᠢᠳᠡᠭᠵᠢᠬᠦᠯᠵᠤ᠂ ᠲᠦᠪ ᠤᠨ ᠲᠦᠰᠤᠪ ᠤᠨ ᠳᠤᠳᠤᠷᠠᠬᠢ ᠪᠡᠯᠡ ᠤᠷᠤᠭᠤᠯᠤᠯᠳᠠ ᠶᠢ ᠶᠠᠭᠤᠨ ᠤ ᠤᠷᠢᠳ ᠬᠢᠵᠢᠭ ᠤᠨ ᠪᠠᠶᠢᠳᠠᠯ ᠬᠦᠨᠳᠤ ᠨᠤᠴᠢᠳᠠᠢ ᠤᠷᠤᠨ ᠤ ᠪᠠᠴᠢᠮ ᠠᠷᠭᠠᠴᠠᠭᠠᠬᠤ ᠡᠮᠴᠢᠯᠡᠬᠡᠨ ᠤ ᠠᠪᠤᠷᠠᠨ ᠲᠤᠰᠠᠯᠠᠬᠤ ᠲᠦᠬᠦᠬᠡᠷᠤᠮᠵᠢ᠂ ᠲᠤᠰᠠᠭᠠᠷᠯᠠᠬᠤ ᠲᠦᠬᠦᠬᠡᠷᠤᠮᠵᠢ ᠵᠡᠷᠬᠡ ᠬᠠᠯᠳᠠᠪᠤᠷᠢᠳᠤ ᠡᠪᠡᠳᠴᠢᠨ ᠢ ᠰᠡᠷᠬᠡᠶᠢᠯᠡᠨ ᠵᠠᠰᠠᠬᠤ ᠳᠤ ᠪᠠᠴᠢᠮ ᠭᠡᠷᠡᠭᠰᠡᠬᠦ ᠲᠦᠷᠤᠯ ᠵᠦᠢᠯ ᠲᠡᠶᠢᠰᠢ ᠭᠡᠯᠪᠠᠶᠢᠯᠭᠡᠬᠦ ᠭᠡᠷᠡᠭᠳᠠᠢ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠡᠴᠤᠰ ᠤᠨ ᠪᠠᠬᠢᠯᠡᠯᠳᠠ ᠶᠢ ᠰᠢᠪᠳᠤᠯᠬᠤ ᠳᠤ ᠠᠩᠬᠠᠷᠤᠯ ᠢᠶᠠᠨ ᠲᠦᠪᠯᠡᠷᠡᠬᠦᠯᠵᠤ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠲᠠᠢ ᠤᠶᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠵᠠᠰᠠᠬᠤ ᠪᠠᠷ ᠭᠠᠷᠲᠠᠴᠠ ᠪᠤᠯᠭᠠᠵᠤ᠂ ᠬᠦᠳᠡᠭᠡ ᠲᠤᠰᠬᠤᠨ ᠤ ᠬᠦᠮᠦᠰ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠪᠠ ᠤᠯᠠᠨ ᠨᠡᠶᠢᠳᠠ ᠶᠢᠨ ᠡᠷᠡᠬᠦᠯ ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠬᠤ ᠭᠡᠷᠡᠭᠳᠠᠢ᠃ ᠰᠠᠭᠤᠭᠠᠯᠢ ᠠᠷᠠᠳ ᠤᠨ ᠭᠡᠷᠡᠭᠯᠡᠭᠡ ᠶᠢ ᠬᠦᠴᠤᠯᠠᠨ ᠲᠤᠭᠳᠠᠪᠤᠷᠢᠵᠢᠭᠤᠯᠵᠤ᠂ ᠰᠢᠨ᠎ᠠ ᠪᠠᠷ ᠮᠠᠨᠳᠤᠬᠰᠠᠨ ᠭᠡᠷᠡᠭᠯᠡᠬᠡᠨ ᠤ ᠲᠠᠯᠳᠠ ᠬᠦᠴᠤᠨ ᠢ ᠠᠭᠤᠳᠠᠯᠵᠤ᠂ ᠰᠠᠭᠤᠭᠠᠯᠢ ᠠᠷᠠᠳ ᠤᠨ ᠡᠷᠡᠬᠦᠯ ᠡᠩᠬᠡ ᠠᠮᠢᠳᠤᠷᠠᠯ ᠤᠨ ᠭᠡᠷᠡᠭᠯᠡᠬᠡᠨ ᠤ ᠬᠡᠷᠡᠭᠴᠡᠭᠡ ᠶᠢ ᠨᠡᠩ ᠰᠠᠶᠢᠨ ᠬᠠᠩᠭᠠᠵᠤ᠂ ᠰᠠᠭᠤᠭᠠᠯᠢ ᠠᠷᠠᠳ ᠤᠨ ᠡᠷᠡᠬᠦᠯ ᠡᠩᠬᠡ ᠠᠮᠢᠳᠤᠷᠠᠯ ᠤᠨ ᠲᠠᠳᠬᠠᠯ ᠢ ᠴᠢᠨᠠᠬᠰᠢᠳᠠ ᠬᠦᠮᠤᠵᠢᠬᠦᠯᠬᠦ ᠭᠡᠷᠡᠭᠳᠠᠢ ᠬᠡᠵᠤ ᠵᠢᠭᠠᠵᠤ ᠭᠠᠷᠭᠠᠪᠠ᠃      ᠬᠤᠷᠠᠯ ᠠᠴᠠ᠂ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠪᠤᠯ ᠮᠠᠨ ᠤ ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠴᠢᠳᠠᠪᠤᠷᠢ ᠳᠠᠬᠢ ᠨᠢᠬᠡ ᠤᠳᠠᠭ᠎ᠠ ᠶᠢᠨ ᠶᠡᠭᠡ ᠰᠢᠯᠭᠠᠯᠳᠠ ᠪᠤᠯᠤᠨ᠎ᠠ᠂ ᠪᠢᠳᠠ ᠵᠠᠪᠠᠯ ᠲᠤᠷᠰᠢᠯᠭ᠎ᠠ ᠪᠠᠨ ᠳ᠋ᠦᠩᠨᠡᠵᠤ᠂ ᠰᠤᠷᠭᠠᠮᠵᠢ ᠠᠪᠬᠤ ᠭᠡᠷᠡᠭᠳᠠᠢ᠃ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠢ ᠠᠷᠭᠠᠴᠠᠭᠠᠬᠤ ᠳᠤ ᠢᠯᠡᠷᠡᠭᠰᠡᠨ ᠲᠤᠳᠠᠭᠤᠳᠠᠯ ᠪᠤᠯᠤᠨ ᠬᠦᠷᠤᠯᠴᠡᠬᠦ ᠦᠬᠡᠢ ᠵᠦᠢᠯ ᠳᠤ ᠴᠢᠭᠯᠡᠬᠦᠯᠤᠨ᠂ ᠤᠯᠤᠰ ᠤᠨ ᠪᠠᠴᠢᠮ ᠠᠷᠭᠠᠴᠠᠭᠠᠬᠤ ᠬᠠᠮᠢᠶᠠᠷᠤᠯᠳᠠ ᠶᠢᠨ ᠰᠢᠰᠲ᠋ᠧᠮ ᠢ ᠲᠡᠬᠦᠯᠳᠡᠷᠵᠢᠬᠦᠯᠵᠤ᠂ ᠪᠠᠴᠢᠮ ᠬᠦᠴᠢᠷ ᠠᠶᠤᠯ ᠲᠠᠢ ᠬᠦᠨᠳᠤ ᠡᠬᠦᠷᠬᠡ ᠶᠢ ᠠᠷᠭᠠᠴᠠᠭᠠᠬᠤ ᠴᠢᠳᠠᠪᠤᠷᠢ ᠶᠢ ᠲᠡᠭᠡᠭᠰᠢᠯᠡᠬᠦᠯᠬᠦ ᠭᠡᠷᠡᠭᠳᠠᠢ᠃ ᠤᠯᠠᠨ ᠨᠡᠶᠢᠳᠠ ᠶᠢᠨ ᠡᠷᠡᠬᠦᠯ ᠬᠠᠮᠠᠭᠠᠯᠠᠯ ᠤᠨ ᠤᠷᠴᠢᠨ ᠲᠤᠭᠤᠷᠢᠨ ᠢ ᠲᠦᠢᠯᠪᠤᠷᠢᠳᠠᠢ ᠰᠢᠭᠰᠢᠨ ᠪᠠᠶᠢᠴᠠᠭᠠᠵᠤ ᠴᠡᠭᠴᠡᠯᠡᠨ ᠵᠠᠰᠠᠵᠤ᠂ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠲᠤᠳᠠᠭᠤᠳᠠᠯ ᠢ ᠨᠦᠬᠦᠪᠦᠷᠢᠯᠡᠬᠦ ᠭᠡᠷᠡᠭᠲᠡᠢ᠃ ᠵᠠᠬ᠎ᠠ ᠳᠡᠯᠭᠡᠬᠦᠷ ᠤᠨ ᠬᠢᠨᠠᠯᠳᠠ ᠬᠠᠮᠢᠶᠠᠷᠤᠯᠳᠠ ᠶᠢ ᠴᠢᠩᠭᠠᠳᠬᠠᠵᠦ᠂ ᠬᠠᠤᠯᠢ ᠪᠤᠰᠤ ᠬᠡᠬᠡᠷ᠎ᠠ ᠶᠢᠨ ᠠᠮᠢᠳᠠᠨ ᠤ ᠵᠠᠬ᠎ᠠ ᠲᠡᠯᠬᠡᠬᠦᠷ ᠪᠤᠯᠤᠨ ᠠᠷᠠᠯᠵᠢᠶ᠎ᠠ ᠶᠢ ᠴᠠᠭᠠᠵᠠᠯᠠᠵᠤ ᠴᠢᠩᠭ᠎ᠠ ᠴᠤᠬᠢᠯᠳᠠ ᠦᠭᠴᠤ᠂ ᠤᠯᠠᠨ ᠨᠠᠶᠢᠳᠠ ᠶᠢᠨ ᠬᠦᠨᠳᠤ ᠶᠡᠭᠡ ᠡᠷᠡᠬᠦᠯ ᠬᠠᠮᠠᠭᠠᠯᠠᠯ ᠤᠨ ᠠᠶᠤᠯ ᠲᠦᠭᠰᠢᠬᠦᠷᠢ ᠶᠢ ᠡᠬᠢ ᠡᠬᠦᠰᠤᠯ ᠠᠴᠠ ᠨᠢ ᠡᠵᠡᠮᠳᠡᠨ ᠬᠢᠵᠠᠭᠠᠷᠯᠠᠬᠤ ᠭᠡᠷᠡᠭᠳᠠᠢ᠃ ᠬᠠᠤᠯᠢᠵᠢᠯ ᠤᠨ ᠪᠠᠶᠢᠭᠤᠯᠤᠯᠳᠠ ᠶᠢ ᠴᠢᠩᠭᠠᠳᠬᠠᠵᠤ᠂ ᠤᠯᠠᠨ ᠨᠡᠶᠢᠳᠠ ᠶᠢᠨ ᠡᠷᠡᠬᠦᠯ ᠬᠠᠮᠠᠭᠠᠯᠠᠯ ᠤᠨ ᠬᠠᠤᠯᠢᠵᠢᠯ ᠤᠨ ᠪᠠᠳᠤᠯᠠᠭ᠎ᠠ ᠶᠢ ᠴᠢᠩᠭᠠᠳᠬᠠᠬᠤ ᠭᠡᠷᠡᠭᠳᠠᠢ᠃ ᠤᠯᠤᠰ ᠤᠨ ᠨᠦᠬᠡᠴᠠᠯᠡᠬᠦ ᠰᠢᠰᠲ᠋ᠧᠮ ᠤᠨ ᠲᠤᠳᠠᠭᠤᠳᠠᠯ ᠢ ᠰᠢᠰᠲ᠋ᠧᠮ ᠲᠠᠢ ᠡᠮᠬᠢᠯᠡᠵᠦ᠂ ᠨᠦᠬᠡᠴᠠᠯᠡᠬᠦ ᠦᠢᠯᠡᠳᠦᠯ ᠴᠢᠲᠠᠮᠵᠢ ᠶᠢ ᠲᠡᠭᠡᠭᠰᠢᠯᠡᠬᠦᠯᠵᠤ᠂ ᠵᠠᠩᠬᠢᠯᠠᠭ᠎ᠠ ᠶᠢᠨ ᠡᠳ᠋ ᠪᠤᠳᠠᠰ ᠢ ᠤᠢᠢᠯᠡᠳᠪᠤᠷᠢᠯᠠᠬᠦ ᠴᠢᠳᠠᠪᠤᠷᠢ ᠶᠢᠨ ᠪᠠᠶᠢᠷᠢᠰᠢᠯ ᠢ ᠰᠢᠯᠢᠳᠡᠭᠵᠢᠬᠦᠯᠬᠦ ᠭᠡᠷᠡᠭᠳᠠᠢ ᠬᠡᠵᠤ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号