2 ᠰᠠᠷ᠎ᠠ ᠶᠢᠨ 2 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠰᠢᠭᠤ ᠬᠢᠵᠢᠭ | ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠪᠠ ᠦᠦᠰᠢᠨ ᠬᠤᠰᠢᠭᠤᠨ ᠤ ᠭᠠᠯᠲᠤ | ᠲᠡᠷᠭᠡᠨ ᠥᠷᠲᠡᠭᠡ ᠳᠤ ᠬᠦᠷᠴᠦ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ | ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃ ᠬᠤᠰᠢᠭᠤ ᠳᠡᠳ᠋ ᠳᠠᠷᠤᠭ᠎ᠠ | ᠪᠠᠶᠠᠨᠴᠢᠮᠡᠭ ᠪᠠᠶᠢᠴᠠᠭᠠᠬᠤ ᠠᠵᠢᠯ ᠳᠤ ᠣᠷᠣᠯᠴᠠᠪᠠ᠃ | | | | | | | ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠲᠤ | ᠡᠷᠳᠡᠨᠢᠪᠢᠯᠢᠭ ᠵᠢᠯᠣᠭᠤᠳᠬᠤ ᠭᠠᠵᠠᠷ ᠤᠨ ᠡᠷᠭᠢᠯᠳᠠ ᠶᠢᠨ ᠬᠠᠮᠢᠶ᠎ᠠ ᠪᠥᠬᠦᠶ ᠪᠠᠶᠢᠳᠠᠯ ᠢ ᠨᠠᠷᠢᠨ ᠠᠰᠠᠭᠤᠨ ᠯᠠᠪᠯᠠᠵᠤ᠂ | ᠴᠢᠬᠤᠯᠠᠴᠢᠯᠠᠬᠤ ᠳᠤ ᠪᠠᠨ᠂ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠰᠢᠨ᠎ᠡ ᠬᠡᠯᠪᠡᠷᠢ ᠶᠢᠨ | ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ | ᠤᠳᠤᠷᠢᠳᠬᠤ ᠳᠤᠭᠤᠶᠢᠯᠠᠩ ᠪᠣᠯᠤᠨ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠡᠯ᠎ᠡ ᠵᠦᠶᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ ᠵᠢᠯᠣᠭᠤᠳᠬᠤ ᠭᠠᠵᠠᠷ ᠤᠨ ᠨᠢᠭᠡᠳᠦᠯᠲᠡᠶ ᠲᠤᠭᠢᠷᠠᠭᠤᠯᠤᠯᠳᠠ ᠵᠢᠯᠤᠭᠤᠳᠤᠯᠭ᠎ᠠ ᠶᠢ ᠪᠠᠳᠠᠷᠠᠭᠤᠯᠵᠤ | ᠡᠯ᠎ᠡ ᠲᠠᠯ᠎ᠠ ᠶᠢᠨ ᠡᠬᠢ ᠪᠠᠶᠠᠯᠢᠭ ᠤᠨ ᠦᠶᠯᠡᠳᠦᠯ ᠢ ᠵᠣᠬᠢᠴᠠᠭᠤᠯᠤᠨ ᠪᠥᠬᠦ ᠬᠤᠰᠢᠭᠤᠨ ᠤ ᠬᠥᠳᠡᠯᠦᠩᠭᠦᠶ ᠲᠤᠭ᠎ᠠ | ᠪᠠᠷᠢᠮᠲᠠ ᠶᠢ ᠴᠠᠭ ᠲᠤᠬᠠᠶ ᠳᠤ ᠨᠢ ᠰᠢᠨᠡᠳᠬᠡᠵᠦ ᠡᠯ᠎ᠡ ᠲᠥᠷᠥᠯ ᠤᠨ ᠰᠡᠷᠭᠡᠶᠢᠯᠡᠨ ᠡᠵᠡᠮᠳᠡᠬᠦ ᠮᠡᠳᠡᠭᠡ ᠵᠠᠩᠭᠢ ᠶᠢ | ᠶᠡᠷᠦᠩᠬᠡᠶᠢᠯᠡᠨ ᠪᠠᠶᠢᠴᠠᠭᠠᠬᠤ ᠠᠵᠢᠯ ᠰᠠᠶᠢᠲᠤᠷ ᠬᠢᠬᠦ ᠬᠡᠷᠡᠭᠲᠡᠶ᠃ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷᠴᠤᠳ ᠤᠨ | ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠭᠦᠶᠴᠡᠳ ᠳᠠᠶᠢᠴᠢᠯᠠᠵᠤ ᠳᠠᠶᠢᠴᠢᠨ ᠪᠠᠬᠢᠯᠡᠯᠲᠡ ᠪᠣᠯᠤᠨ ᠬᠤᠰᠢᠭᠤᠴᠢ | ᠵᠢᠱᠢᠶᠡᠴᠢ ᠦᠶᠯᠡᠳᠦᠯ ᠢᠶᠠᠨ ᠭᠦᠶᠴᠡᠳ ᠪᠠᠳᠠᠷᠠᠭᠤᠯᠵᠤ ᠪᠥᠬᠦ ᠬᠤᠰᠢᠭᠤᠨ ᠤ ᠠᠷᠠᠳ ᠲᠦᠮᠡᠨ ᠳᠤ ᠰᠠᠶᠢᠨ | ᠳᠠᠭᠤᠷᠢᠶᠠᠯ ᠪᠣᠯᠬᠤ ᠬᠡᠷᠡᠭᠲᠡᠶ ᠭᠡᠵᠡᠢ᠃ | | | | | | | ᠦᠦᠰᠢᠨ ᠬᠤᠰᠢᠭᠤᠨ ᠤ ᠭᠠᠯᠲᠤ ᠲᠡᠷᠭᠡᠨ ᠥᠷᠲᠡᠭᠡᠨ ᠳᠤ ᠡᠷᠳᠡᠨᠢᠪᠢᠯᠢᠭ ᠣᠶᠢᠷ᠎ᠠ ᠳᠤ ᠭᠠᠯᠲᠤ ᠲᠡᠷᠭᠡᠨ | ᠥᠷᠲᠡᠭᠡᠨ ᠳᠤ ᠣᠷᠣᠵᠤ ᠭᠠᠷᠬᠤ ᠬᠦᠮᠦᠰ ᠤᠨ ᠪᠠᠶᠢᠳᠠᠯ ᠪᠠ ᠬᠢᠵᠢᠭ ᠰᠡᠷᠭᠡᠶᠢᠯᠡᠬᠦ ᠪᠠᠶᠢᠴᠠᠭᠠᠯᠲᠠ ᠵᠡᠷᠭᠡ ᠶᠢ ᠨᠠᠷᠢᠨ | ᠤᠶᠢᠯᠠᠭᠠᠭᠰᠠᠨ ᠤ ᠲᠠᠷᠠᠭ᠎ᠠ ᠵᠢᠭᠠᠬᠤ ᠳᠤ ᠪᠠᠨ᠂ ᠭᠠᠯᠳᠤ ᠲᠡᠷᠭᠡᠨ ᠥᠷᠳᠡᠭᠡ ᠨᠢ ᠬᠥᠮᠦᠰ ᠤᠨ ᠮᠡᠳᠡᠭᠡ ᠵᠠᠩᠭᠢ ᠶᠢᠨ | ᠳᠡᠩᠰᠡᠯᠡᠯᠲᠡ ᠶᠢ ᠰᠠᠶᠢᠲᠤᠷ ᠬᠢᠵᠦ ᠢᠷᠡᠵᠦ ᠪᠤᠴᠠᠬᠤ ᠬᠥᠮᠦᠰ ᠤᠨ ᠲᠤᠭ᠎ᠠ ᠬᠡᠮᠵᠢᠶ᠎ᠡ ᠪᠠ ᠤᠴᠢᠬᠤ ᠴᠢᠭᠯᠡᠯ ᠢ | ᠡᠵᠡᠮᠳᠡᠵᠤ ᠬᠠᠯᠳᠠᠪᠤᠷᠢᠯᠠᠬᠤ ᠡᠬᠢ ᠰᠤᠷᠪᠤᠯᠵᠢ ᠶᠢ ᠬᠠᠮᠢᠶᠠᠷᠤᠨ ᠡᠵᠡᠮᠳᠠᠭᠦ ᠬᠡᠷᠡᠭᠲᠡᠶ᠃ ᠬᠤᠰᠢᠭᠤ ᠲᠡᠮᠦᠷ ᠵᠠᠮ ᠠᠭᠠᠷ | ᠤᠨ ᠲᠡᠭᠡᠭᠡᠪᠦᠷᠢ ᠶᠢᠨ ᠠᠯᠪᠠᠨ ᠬᠡᠷ ᠨᠢ ᠲᠡᠷᠭᠡᠨ ᠥᠷᠲᠡᠭᠡ ᠲᠠᠢ ᠬᠠᠷᠢᠯᠴᠠᠬᠤ ᠠᠵᠢᠯ ᠢ ᠴᠢᠩᠭᠠᠳᠬᠠᠵᠤ ᠠᠵᠢᠯ ᠤᠨ | ᠲᠣᠭᠲᠠᠴᠠ ᠶᠢ ᠵᠢᠷᠤᠮᠵᠢᠭᠤᠯᠤᠨ ᠭᠠᠯᠲᠤ ᠲᠡᠷᠭᠡᠨ ᠥᠷᠲᠡᠭᠡᠨ ᠤ ᠪᠣᠳᠠᠲᠠᠶ ᠠᠰᠠᠭᠤᠳᠠᠯ ᠢ ᠬᠠᠪᠰᠤᠷᠤᠨ | ᠰᠢᠶᠳᠪᠦᠷᠢᠯᠡᠬᠦ ᠶᠢᠨ ᠬᠠᠮᠲᠤ ᠲᠡᠮᠦᠷ ᠵᠠᠮ ᠤᠨ ᠪᠠᠷᠠᠭ᠎ᠠ ᠲᠡᠭᠡᠭᠡᠪᠦᠷᠢ ᠶᠢᠨ ᠵᠠᠮ ᠱᠤᠭᠤᠮ ᠢ ᠬᠠᠮᠢᠶᠠᠷᠤᠨ ᠡᠵᠡᠮᠳᠡᠬᠦ | ᠠᠵᠢᠯ ᠢ ᠰᠠᠶᠢᠲᠤᠷ ᠬᠢᠵᠦ ᠲᠡᠷᠭᠡᠨ ᠥᠷᠲᠡᠭᠡᠨ ᠤ ᠠᠵᠢᠯᠲᠠᠨ ᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ | ᠬᠡᠷᠡᠭᠲᠡᠶ ᠭᠡᠵᠡᠢ᠃ |