2 ᠰᠠᠷ᠎ᠠ ᠶᠢᠨ 2 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠦᠦᠰᠢᠨᠵᠣᠣ | ᠪᠠᠯᠭᠠᠰᠤ᠂ ᠲᠤᠭ ᠪᠠᠯᠭᠠᠰᠤᠨ ᠳᠤ ᠭᠦᠨᠵᠡᠭᠡᠶᠢᠷᠡᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ | ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠱᠠᠯᠠᠪᠳᠠᠭᠤᠯᠤᠨ ᠪᠠᠶᠢᠴᠠᠭᠠᠵᠤ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠡᠷᠡᠭᠦᠯ ᠬᠠᠮᠠᠭᠠᠯᠠᠯ ᠤᠨ | ᠲᠠᠰᠤᠭ ᠤᠨ ᠦᠶᠯᠡᠳᠦᠯ ᠢ ᠦᠨᠡᠨᠬᠦ ᠪᠠᠳᠠᠷᠠᠭᠤᠯᠵᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ | ᠶᠢᠨ ᠦᠶᠯᠡᠳᠦᠯ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠶᠯᠡᠳᠦᠯ ᠢ ᠦᠨᠡᠨᠬᠦ ᠪᠠᠳᠠᠷᠠᠭᠤᠯᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠪᠲᠤᠯᠤᠯᠲᠠ ᠶᠢᠨ ᠳᠠᠶᠢᠯᠠᠯᠳᠤᠭᠠᠨ ᠳᠤ ᠪᠥᠬᠦ ᠬᠦᠴᠦᠨ ᠢᠶᠠᠷ ᠢᠶᠠᠨ | ᠢᠯᠠᠯᠲᠠ ᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ | ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠦ᠋ ᠰᠢᠨ ᠹᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠵᠣᠣ ᠶᠦᠩ ᠹᠧᠩ ᠪᠠᠶᠢᠴᠠᠭᠠᠯᠳᠠ ᠳᠤ ᠤᠷᠤᠯᠴᠠᠪᠠ᠃ | | | | | | | | ᠡᠷᠳᠡᠨᠢᠪᠢᠯᠢᠭ ᠨᠡᠷ ᠤᠷᠢᠳ ᠬᠤᠵᠢᠳ ᠦᠦᠰᠢᠨᠵᠣᠣ ᠪᠠᠯᠭᠠᠰᠤᠨ ᠤ ᠦᠦᠰᠢᠨᠵᠣᠣ ᠭᠠᠴᠠᠭ᠎ᠠ᠂ ᠬᠤᠯᠪᠤᠭᠠᠯᠵᠢ | ᠲᠣᠰᠬᠤᠨ᠂ ᠲᠤᠭ ᠪᠠᠯᠭᠠᠰᠤᠨ ᠤ ᠲᠠᠷᠬᠠᠨᠯᠠᠮ᠎ᠠ ᠭᠠᠴᠠᠭᠠᠨ ᠳᠤ ᠭᠦᠨᠵᠡᠭᠡᠶᠢᠷᠡᠨ ᠡᠯ᠎ᠡ ᠭᠠᠴᠠᠭ᠎ᠠ ᠲᠣᠰᠬᠤᠨ ᠤ | ᠡᠷᠡᠭᠦᠯ ᠬᠠᠮᠠᠭᠠᠯᠠᠯ ᠤᠨ ᠲᠠᠰᠤᠭ ᠤᠨ ᠦᠢᠯᠡᠳᠦᠯ ᠴᠢᠳᠠᠮᠵᠢ ᠶᠢ ᠪᠠᠳᠠᠷᠠᠭᠤᠯᠵᠤ ᠪᠠᠶᠢᠭ᠎ᠠ ᠪᠠᠶᠢᠳᠠᠯ ᠢ ᠲᠤᠬᠠᠢ ᠶᠢᠨ | ᠭᠠᠵᠠᠷ ᠲᠤᠨᠢ ᠣᠶᠢᠯᠠᠭᠠᠵᠤ ᠡᠯ᠎ᠡ ᠰᠤᠮᠤ ᠪᠠᠯᠭᠠᠰᠤᠨ ᠤ ᠡᠮᠨᠡᠯᠭᠡ ᠶᠢᠨ ᠠᠵᠢᠯᠲᠠᠨ ᠤ ᠪᠣᠯᠪᠠᠰᠤᠷᠠᠯ ᠤᠨ ᠪᠠᠶᠢᠳᠠᠯ᠂ | ᠤᠷᠢᠳᠴᠢᠯᠠᠨ ᠪᠠᠶᠢᠴᠠᠭᠠᠵᠤ ᠬᠤᠪᠢᠶᠠᠨ ᠣᠨᠣᠰᠢᠯᠠᠬᠤ ᠲᠣᠭᠲᠠᠴᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠶᠢ | ᠨᠠᠷᠢᠨ ᠠᠰᠠᠭᠤᠨ ᠯᠠᠪᠯᠠᠪᠠ᠃ ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ᠣᠳᠣᠬᠠᠨ ᠪᠣᠯ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠴᠠᠭ ᠮᠥᠴᠡ ᠪᠣᠯᠤᠨ᠎ᠠ᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ | ᠲᠠᠰᠤᠭ ᠶᠠᠭᠠᠬᠢᠭᠰᠠᠨ ᠴᠤ ᠡᠭᠦᠳᠡ ᠪᠠᠨ ᠬᠠᠭᠠᠵᠤ ᠪᠣᠯᠬᠤ ᠥᠬᠡᠶ᠂ ᠵᠠᠩᠭᠢᠯᠠᠭ᠎ᠠ ᠶᠢᠨ ᠴᠠᠭ ᠮᠥᠴᠡ ᠳᠤ ᠬᠢᠵᠢᠭ ᠤᠨ | ᠪᠠᠶᠢᠳᠠᠯ ᠢ ᠪᠠᠶᠢᠴᠠᠭᠠᠬᠤ ᠪᠠ ᠣᠯᠠᠨ ᠲᠦᠮᠡᠨ ᠳᠤ ᠦᠢᠯᠡᠴᠢᠯᠡᠬᠦ ᠦᠨᠳᠦᠰᠦᠨ ᠱᠠᠲᠤᠨ ᠤ ᠦᠢᠯᠡᠳᠦᠯ ᠴᠢᠳᠠᠪᠬᠢ ᠪᠠᠨ | ᠭᠦᠢᠴᠡᠳ ᠪᠠᠳᠠᠷᠠᠭᠤᠯᠤᠨ ᠴᠠᠭ ᠢᠮᠠᠭᠲᠠ ᠪᠡᠯᠡᠬᠡᠨ ᠪᠠᠶᠢᠵᠤ ᠮᠠᠯᠴᠢᠨ ᠲᠠᠷᠢᠶᠠᠴᠢᠨ ᠲᠦᠮᠡᠨ ᠤ ᠡᠪᠡᠳᠴᠢᠨ | ᠦᠵᠡᠭᠦᠯᠬᠦ ᠬᠡᠷᠡᠭᠴᠡᠭᠡ ᠶᠢ ᠦᠨᠡᠨ ᠬᠦ ᠬᠠᠩᠭᠠᠬᠤ ᠬᠡᠷᠡᠭᠲᠡᠶ ᠭᠡᠵᠡᠢ᠃ | | | | | | | ᠡᠷᠳᠡᠨᠢᠪᠢᠯᠢᠭ ᠴᠢᠬᠤᠯᠠᠴᠢᠯᠠᠬᠤ ᠳᠠᠭᠠᠨ᠂ ᠡᠯ᠎ᠡ ᠰᠤᠮᠤ ᠪᠠᠯᠭᠠᠰᠤᠨ ᠤ ᠡᠮᠨᠡᠯᠭᠡ ᠶᠢᠨ ᠠᠵᠢᠯᠲᠠᠨ ᠤ ᠬᠢᠵᠢᠭ | ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠪᠤᠷᠠᠨ ᠵᠠᠰᠠᠬᠤ ᠲᠤᠰᠬᠠᠶ ᠮᠡᠷᠭᠡᠵᠢᠯ ᠤᠨ ᠮᠡᠳᠡᠯᠭᠡ ᠶᠢᠨ ᠪᠣᠯᠪᠠᠰᠤᠷᠠᠯ ᠢ | ᠦᠨᠡᠨ ᠬᠦ ᠴᠢᠩᠭᠠᠳᠬᠠᠵᠤ ᠡᠮᠨᠡᠯᠭᠡ ᠶᠢᠨ ᠠᠵᠢᠯᠲᠠᠨ ᠤ ᠪᠠᠴᠢᠮ ᠪᠠᠶᠢᠳᠠᠯ ᠢ ᠰᠢᠢᠳᠪᠦᠷᠢᠯᠡᠬᠦ ᠴᠢᠳᠠᠪᠤᠷᠢ ᠶᠢ | ᠳᠡᠭᠡᠭᠰᠢᠯᠡᠭᠦᠯᠦᠨ ᠡᠮᠨᠡᠯᠭᠡ ᠶᠢᠨ ᠠᠵᠢᠯᠲᠠᠨ ᠤ ᠥᠪᠡᠷ ᠢ ᠪᠠᠨ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ | ᠴᠢᠩᠭᠠᠳᠬᠠᠵᠤ ᠡᠯ᠎ᠡ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠡᠷᠡᠭᠦᠯ ᠬᠠᠮᠠᠭᠠᠯᠠᠯ ᠤᠨ ᠲᠠᠰᠤᠭ | ᠤᠨ ᠤᠷᠢᠳᠴᠢᠯᠠᠨ ᠪᠠᠶᠢᠴᠠᠭᠠᠵᠤ ᠬᠤᠪᠢᠶᠠᠨ ᠣᠨᠣᠰᠢᠯᠠᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠨ | ᠨᠥᠬᠦᠴᠡᠯ ᠪᠣᠯᠣᠯᠴᠠᠭ᠎ᠠ ᠪᠠᠨ ᠦᠨᠳᠦᠰᠦᠯᠡᠨ ᠭᠠᠴᠠᠭ᠎ᠠ ᠲᠣᠰᠬᠤᠨ ᠳᠤ ︽ᠬᠠᠯᠠᠭᠤᠷᠠᠭᠰᠠᠨ ᠡᠪᠡᠳᠴᠢᠲᠡᠨ ᠢ | ᠲᠤᠰᠠᠭᠠᠷᠯᠠᠬᠤ ᠲᠠᠰᠤᠭ︾ ᠢ ᠳᠠᠷᠤᠶ ᠲᠦᠷᠭᠡᠨ ᠪᠠᠶᠢᠭᠤᠯᠵᠤ ᠤᠷᠢᠳᠴᠢᠯᠠᠨ ᠪᠠᠶᠢᠴᠠᠭᠠᠵᠤ ᠬᠤᠪᠢᠶᠠᠨ ᠣᠨᠣᠰᠢᠯᠠᠬᠤ | ᠡᠯ᠎ᠡ ᠶᠠᠪᠤᠴᠠ ᠶᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠬᠤ ᠬᠡᠷᠡᠭᠲᠡᠶ᠃ ᠡᠯ᠎ᠡ ᠦᠨᠳᠦᠰᠦᠨ ᠱᠠᠲᠤᠨ ᠤ ᠡᠷᠡᠭᠦᠯ | ᠬᠠᠮᠠᠭᠠᠯᠠᠯ ᠤᠨ ᠬᠤᠷᠢᠶ᠎ᠠ᠂ ᠡᠷᠡᠭᠦᠯ ᠬᠠᠮᠠᠭᠠᠯᠠᠯ ᠤᠨ ᠲᠠᠰᠤᠭ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠬᠠᠮᠢᠶ᠎ᠠ ᠪᠥᠬᠦᠶ ᠮᠡᠳᠡᠯᠭᠡ ᠶᠢ ᠤᠬᠠᠭᠤᠯᠬᠤ ᠪᠠᠨ ᠴᠢᠩᠭᠠᠳᠬᠠᠵᠤ ᠮᠠᠯᠴᠢᠨ ᠲᠠᠷᠢᠶᠠᠴᠢᠳ ᠢ ᠬᠥᠲᠥᠯᠦᠨ ᠵᠢᠯᠣᠭᠤᠳᠴᠤ | ᠪᠠᠶᠢᠭᠠᠳ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠤᠨ | ᠲᠤᠬᠠᠢ ᠵᠥᠪ ᠲᠠᠨᠢᠭᠤᠯᠵᠤ ᠣᠯᠠᠨ ᠤ ᠡᠷᠡᠭᠦᠯ ᠮᠡᠨᠳᠦ ᠶᠢᠨ ᠦᠵᠡᠯ ᠤᠬᠠᠮᠰᠠᠷ ᠪᠠ ᠰᠡᠷᠭᠡᠶᠢᠯᠡᠨ ᠡᠵᠡᠮᠳᠡᠬᠦ ᠦᠵᠡᠯ | ᠤᠬᠠᠮᠰᠠᠷ ᠢ ᠴᠢᠩᠭᠠᠳᠬᠠᠬᠤ ᠬᠡᠷᠡᠭᠲᠡᠶ᠃ ᠡᠯ᠎ᠡ ᠡᠮᠴᠢᠯᠡᠭᠡᠨ ᠤ ᠪᠠᠶᠢᠭᠤᠯᠤᠮᠵᠢ ᠨᠢ ᠨᠠᠮ ᠤᠨ ᠭᠡᠰᠢᠭᠦᠨ ᠤ | ᠬᠤᠰᠢᠭᠤᠴᠢ ᠠᠵᠢᠯ ᠤᠨ ᠪᠠᠶᠢᠷᠢ ᠶᠢ ᠲᠣᠬᠢᠷᠠᠭᠤᠯᠤᠨ ᠨᠠᠮ ᠤᠨ ᠭᠡᠰᠢᠭᠦᠨ ᠤ ᠬᠤᠰᠢᠭᠤᠴᠢ ᠠᠩᠭᠢ ᠶᠢ ᠵᠣᠬᠢᠶᠠᠨ | ᠪᠠᠶᠢᠭᠤᠯᠵᠤ ᠨᠠᠮ ᠤᠨ ᠭᠡᠰᠢᠭᠦᠨ ᠺᠠᠳ᠋ᠷ ᠤᠨ ᠬᠤᠰᠢᠭᠤᠴᠢ ᠵᠢᠱᠢᠶᠡᠴᠢ ᠦᠢᠯᠡᠳᠦᠯ ᠢ ᠪᠠᠳᠠᠷᠠᠭᠤᠯᠤᠨ ᠪᠥᠬᠦ ᠡᠮᠨᠡᠯᠭᠡ | ᠶᠢᠨ ᠠᠵᠢᠯᠲᠠᠨ ᠢ ᠳᠠᠭᠠᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠢ | ᠣᠷᠣᠯᠴᠠᠬᠤ ᠬᠡᠷᠡᠭᠲᠡᠶ ᠭᠡᠵᠡᠢ᠃ | ᠪᠠᠶᠢᠴᠠᠭᠠᠯᠲᠠ ᠶᠢᠨ ᠬᠤᠭᠤᠴᠠᠭᠠᠨ ᠳᠤ ᠡᠷᠳᠡᠨᠢᠪᠢᠯᠢᠭ ᠪᠠᠰᠠ ᠡᠯ᠎ᠡ ᠪᠠᠯᠭᠠᠰᠤ᠂ ᠡᠯ᠎ᠡ ᠭᠠᠴᠠᠭ᠎ᠠ ᠲᠣᠰᠬᠤᠨ ᠤ | ᠬᠢᠵᠢᠭ ᠤᠨ ᠪᠠᠶᠢᠳᠠᠯ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠪᠣᠯᠤᠨ ᠲᠤᠰᠠᠭᠠᠷᠯᠠᠭᠰᠠᠨ | ᠪᠠᠶᠢᠳᠠᠯ ᠢ ᠨᠠᠷᠢᠨ ᠠᠰᠠᠭᠤᠵᠤ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠪᠥᠬᠦ ᠨᠠᠮ ᠤᠨ | ᠭᠡᠰᠢᠭᠦᠨ ᠺᠠᠳ᠋ᠷ ᠰᠠᠨᠠᠭᠠᠴᠢᠯᠠᠭ᠎ᠠ ᠠᠴᠠ ᠪᠠᠨ ᠬᠢᠵᠢᠭ ᠠᠴᠠ ᠰᠡᠷᠭᠡᠶᠢᠯᠡᠬᠦ ᠳᠠᠶᠢᠯᠠᠯᠳᠤᠭᠠᠨ ᠳᠤ ᠣᠷᠣᠯᠴᠠᠵᠤ ᠬᠢᠵᠢᠭ | ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ ᠨᠠᠮ | ᠤᠨ ᠲᠤᠭ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠤᠨ᠎ᠠ ᠹᠷᠣᠨᠲ ᠲᠤ ᠥᠨᠳᠥᠷ ᠨᠠᠮᠢᠷᠠᠭᠤᠯᠵᠤ ᠪᠥᠬᠦ | ᠬᠤᠰᠢᠭᠤᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ | ᠢᠶᠠᠨ ᠡᠵᠡᠮᠳᠡᠬᠦ ᠠᠵᠢᠯ ᠤᠨ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠳᠠᠶᠢᠯᠠᠯᠳᠤᠭᠠᠨ ᠤ ᠢᠯᠠᠯᠲᠠ ᠶᠢ ᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ |