ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ ᠭᠠᠯᠠᠭᠤᠲᠤ ᠪᠠᠯᠭᠠᠰᠤᠨ ᠤ ᠬᠡᠰᠡᠭ ᠰᠠᠭᠤᠭᠠᠯᠢ ᠠᠷᠠᠳ ᠤᠨ ᠲᠣᠭᠤᠷᠢᠭ ᠤᠨ ᠬᠢᠵᠢᠭ ᠤᠨ ᠪᠠᠶᠢᠳᠠᠯ ᠢ ᠰᠠᠷᠬᠡᠶᠢᠯᠠᠨ ᠡᠵᠡᠮᠳᠡᠬᠦ ᠠᠵᠢᠯ ᠳᠤ ᠬᠢᠨᠠᠨ ᠵᠢᠯᠤᠭᠤᠳᠤᠯᠭ᠎ᠠ ᠪᠠᠶᠢᠴᠠᠭᠠᠯᠳᠠ ᠬᠢᠪᠠ
ᠨᠡᠶᠢᠲᠡᠯᠡᠭᠰᠡᠨ ᠴᠠᠭ᠄
2020-02-05
     1 ᠰᠠᠷ᠎ᠠ ᠶᠢᠨ 31 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠣᠣ ᠹᠸᠢ ᠯᠦ ᠭᠠᠯᠠᠭᠤᠲᠤ ᠪᠠᠯᠭᠠᠰᠤᠨ ᠤ ᠬᠡᠰᠡᠭ ᠰᠠᠭᠤᠭᠠᠯᠢ ᠠᠷᠠᠳ ᠤᠨ ᠲᠣᠭᠤᠷᠢᠭ ᠲᠤ ᠭᠥᠨᠵᠡᠭᠡᠶᠢᠷᠠᠨ ᠬᠢᠵᠢᠭ  ᠤᠨ ᠪᠠᠶᠢᠳᠠᠯ ᠢ ᠰᠠᠷᠬᠡᠶᠢᠯᠠᠨ ᠡᠵᠡᠮᠳᠡᠬᠦ ᠠᠷᠭ᠎ᠠ ᠭᠡᠮᠵᠢᠶ᠎ᠠ ᠶᠢ ᠨᠠᠶᠢᠲᠠᠪᠤᠷᠢᠵᠢᠭᠤᠯᠤᠭᠰᠠᠨ ᠪᠠᠶᠢᠳᠠᠯ ᠳᠤ ᠬᠢᠨᠠᠨ ᠵᠢᠯᠤᠭᠤᠳᠤᠯᠭ᠎ᠠ ᠪᠠᠶᠢᠴᠠᠭᠠᠯᠳᠠ ᠭᠢᠵᠤ ᠬᠤᠰᠢᠭᠤ  ᠤᠳᠤᠷᠢᠳᠤᠯᠭ᠎ᠠ ᠭᠤᠤ ᠬᠤ᠋ ᠪᠤᠯᠤᠨ ᠬᠤᠰᠢᠭᠤ ᠵᠠᠰᠠᠭ ᠤᠨ ᠣᠷᠳᠣᠨ ᠤ ᠠᠯᠪᠠᠨ ᠬᠡᠷ᠂ ᠣᠷᠣᠨ ᠰᠠᠭᠤᠴᠠ ᠶᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠯᠳᠠ ᠳᠤ ᠤᠷᠤᠯᠴᠠᠪᠠ᠃
     ᠵᠣᠣ ᠹᠸᠢ ᠯᠢ ᠨᠡᠷ ᠤᠷᠢᠳ ᠬᠤᠵᠢᠳ᠂ ᠶᠦᠩ ᠲᠠᠢ A ᠰᠠᠭᠤᠭᠠᠯᠢ ᠲᠣᠭᠤᠷᠢᠭ᠂ ᠰᠢᠨ᠎ᠡ ᠬᠤᠲᠠ ᠶᠢᠨ ᠴᠡᠴᠡᠷᠯᠢᠭ ᠰᠠᠭᠤᠭᠠᠯᠢ ᠲᠤᠭᠤᠷᠢᠭ᠂ ᠸᠠᠨ ᠯᠢ ᠰᠠᠭᠤᠭᠠᠯᠢ ᠲᠤᠭᠤᠷᠢᠭ᠂ ᠨᠠᠨᠳᠢᠨ ᠰᠠᠭᠤᠭᠠᠯᠢ ᠲᠣᠭᠤᠷᠢᠭ᠂ ᠷᠧᠨ ᠽᠧ ᠰᠠᠭᠤᠭᠠᠯᠢ ᠲᠣᠭᠤᠷᠢᠭ ᠲᠤ ᠬᠦᠷᠴᠦ ᠰᠤᠮᠤ ᠪᠠᠯᠭᠠᠰᠤ᠂ ᠨᠡᠶᠢᠭᠡᠮ ᠲᠣᠭᠤᠷᠢᠭ᠂ ᠠᠳᠠᠯ ᠠᠬᠤᠢ ᠶᠢᠨ ᠺᠣᠮᠫᠠᠨᠢ  ᠶᠢᠨ ᠠᠵᠢᠯᠲᠠᠨ ᠤ ᠠᠵᠢᠯ ᠤᠨ ᠪᠠᠶᠢᠳᠠᠯ ᠪᠠ ᠡᠷᠤᠭᠡ ᠳᠤ ᠣᠷᠣᠵᠤ ᠪᠠᠶᠢᠴᠠᠭᠠᠭᠰᠠᠨ ᠪᠠᠶᠢᠳᠠᠯ ᠢ ᠨᠠᠷᠢᠨ ᠯᠠᠪᠯᠠᠨ ᠠᠰᠠᠭᠤᠵᠤ ᠳᠠᠩᠰᠠ ᠲᠡᠮᠳᠡᠭᠯᠠᠯ᠂ ᠬᠥᠮᠦᠰ ᠢ ᠪᠠᠶᠢᠴᠠᠭᠠᠭᠰᠠᠨ ᠬᠦᠰᠦᠨᠦᠭᠲᠦ ᠵᠡᠷᠭᠡ ᠮᠠᠲ᠋ᠧᠷᠢᠶᠠᠯ ᠢ ᠤᠷᠪᠠᠭᠤᠯᠤᠨ ᠦᠵᠡᠵᠦ ᠪᠡᠶ᠎ᠡ ᠶᠢᠨ ᠳᠤᠯᠠᠭᠠᠨ ᠤ ᠭᠡᠮᠵᠢᠭᠦᠷ ᠲᠣᠬᠢᠷᠠᠭᠤᠯᠤᠭᠰᠠᠨ᠂ ᠤᠷᠢᠶ᠎ᠠ ᠯᠣᠽᠦ᠋ᠩ ᠡᠯᠭᠦᠭᠰᠡᠨ ᠵᠡᠷᠭᠡ ᠪᠠᠶᠢᠳᠠᠯ ᠢ ᠪᠠᠶᠢᠴᠠᠭᠠᠨ ᠲᠡᠳᠡᠨ ᠤ ᠰᠢᠷᠭᠠᠭᠤ ᠬᠠᠲᠠᠭᠤᠵᠢᠯᠲᠠᠶ ᠠᠵᠢᠯ ᠢ ᠨᠤᠲᠠᠯᠠᠬᠤ ᠶᠢᠨ ᠬᠠᠮᠲᠤ ᠲᠠᠯᠠᠷᠬᠠᠵᠤ ᠪᠠᠶᠢᠬᠤ ᠪᠠᠨ ᠢᠯᠠᠳᠭᠡᠵᠠᠢ᠃ ᠵᠣᠣ ᠹᠸᠢ ᠯᠦ ᠴᠢᠬᠤᠯᠠᠴᠢᠯᠠᠭᠰᠠᠨ ᠨᠢ᠂ ᠨᠡᠶᠢᠭᠡᠮ ᠲᠣᠭᠤᠷᠢᠭ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠰᠠᠷᠭᠡᠶᠢᠯᠠᠯᠳᠠ ᠶᠢᠨ ᠱᠤᠭᠤᠮ ᠪᠣᠯᠤᠨ᠎ᠠ᠃ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠦᠶᠯᠡᠳᠦᠯ ᠢ ᠭᠦᠶᠴᠡᠳ ᠪᠠᠳᠠᠷᠠᠭᠤᠯᠤᠨ ᠲᠣᠤᠷᠵᠢᠭᠤᠯᠤᠭᠰᠠᠨ ᠬᠠᠮᠢᠶᠠᠷᠤᠯᠲᠠ ᠶᠢ ᠭᠡᠷᠡᠭᠵᠢᠭᠦᠯᠤᠨ ᠨᠡᠭᠦᠲᠡᠯ ᠬᠥᠮᠦᠰ ᠪᠠ ᠭᠠᠳᠠᠨ᠎ᠠ ᠠᠴᠠ ᠢᠷᠡᠭᠰᠡᠨ ᠬᠥᠮᠦᠰ ᠢ ᠰᠠᠶᠢᠲᠤᠷ ᠬᠠᠮᠢᠶᠠᠷᠤᠨ ᠡᠵᠡᠮᠳᠡᠵᠦ ᠭᠤᠤᠯᠳᠠᠯᠭ᠎ᠠ ᠲᠠᠢ ᠬᠥᠮᠦᠰ ᠢ ᠭᠡᠷ ᠲᠤ ᠨᠢ ᠲᠤᠰᠠᠭᠠᠷᠯᠠᠨ ᠡᠷᠡᠭᠦᠯ ᠮᠡᠨᠳᠦ ᠶᠢᠨ ᠮᠡᠳᠡᠭᠦᠯᠤᠯᠳᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠪᠠᠶᠢᠳᠠᠯ ᠨᠢ ᠲᠣᠳᠣᠷᠬᠠᠶ᠂ ᠠᠷᠭ᠎ᠠ ᠬᠡᠮᠵᠢᠶ᠎ᠡ ᠨᠢ ᠦᠨᠡᠨ ᠪᠣᠳᠠᠲᠠᠶ ᠪᠠᠶᠢᠬᠤ ᠶᠢ ᠪᠡᠶᠡᠯᠡᠭᠦᠯᠬᠦ ᠬᠡᠷᠡᠭᠲᠡᠶ᠃ ᠡᠯ᠎ᠡ ᠱᠠᠲᠤ᠂ ᠡᠯ᠎ᠡ ᠰᠠᠯᠠᠭ᠎ᠠ ᠮᠥᠴᠢᠷ ᠤᠨ ᠨᠠᠮ ᠤᠨ ᠭᠡᠰᠢᠭᠦᠨ ᠺᠠᠳ᠋ᠷᠴᠤᠳ ᠤᠬᠠᠭᠤᠯᠭ᠎ᠠ ᠪᠠᠨ ᠴᠢᠩᠭᠠᠳᠬᠠᠨ ᠥᠷᠭᠡᠨ ᠣᠯᠠᠨ ᠰᠠᠭᠤᠭᠠᠯᠢ ᠠᠷᠠᠳ ᠲᠤ ᠠᠯᠢ ᠴᠢᠳᠠᠬᠤ  ᠪᠠᠷ ᠭᠠᠳᠠᠭᠰᠢ ᠭᠠᠷᠬᠤ ᠪᠠᠨ ᠪᠠᠭᠠᠰᠬᠠᠬᠤ ᠪᠠ ᠭᠠᠳᠠᠭᠰᠢ ᠭᠠᠷᠪᠠᠯ ᠡᠷᠬᠡᠪᠰᠢ ᠠᠮᠠᠪᠴᠢ ᠵᠠᠭᠦᠭᠦ ᠶᠢ ᠰᠠᠨᠠᠭᠤᠯᠬᠤ ᠬᠡᠷᠡᠭᠲᠡᠶ᠃ ᠡᠭᠦᠨ ᠤ ᠬᠠᠮᠲᠤ ᠬᠢᠵᠢᠭ ᠰᠡᠷᠭᠡᠶᠢᠯᠡᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ ᠤᠬᠠᠭᠤᠯᠭ᠎ᠠ ᠪᠠᠨ ᠲᠡᠭᠡᠭᠰᠢᠯᠠᠭᠦᠯᠤᠨ ᠣᠯᠠᠨ ᠲᠦᠮᠡᠨ ᠤ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠪᠣᠯᠤᠨ ᠨᠠᠶᠢᠭᠡᠮ ᠨᠡᠶᠢᠲᠡ ᠶᠢᠨ ᠬᠢᠵᠢᠭ ᠢ ᠢᠯᠠᠬᠤ ᠢᠲᠡᠭᠡᠯ ᠵᠣᠷᠢᠭ ᠢ ᠨᠡᠮᠡᠭᠳᠡᠭᠦᠯᠤᠨ ᠭᠢᠵᠢᠭ ᠢ ᠰᠡᠷᠭᠡᠶᠢᠯᠡᠨ ᠡᠵᠡᠮᠳᠡᠬᠦ ᠬᠠᠲᠠᠭᠤ ᠳᠠᠶᠢᠯᠠᠯᠳᠤᠭᠠᠨ ᠤ ᠢᠯᠠᠯᠲᠠ ᠶᠢ ᠣᠯᠬᠤ ᠬᠡᠷᠡᠭᠲᠡᠶ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号