ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ ᠰᠢᠷᠬᠤᠰᠣᠨ ᠪᠠᠯᠭᠠᠰᠤᠨ ᠳᠤ ᠬᠦᠷᠴᠦ ᠦᠨᠳᠦᠰᠦᠨ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2020-02-05
     ᠦᠨᠳᠦᠰᠦᠨ ᠱᠠᠲᠤᠨ ᠤ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠨᠢ ᠬᠢᠵᠢᠭ ᠳᠡᠯᠭᠡᠷᠡᠬᠦ ᠶᠢ ᠬᠤᠷᠢᠭᠯᠠᠬᠤ ᠳᠤ ᠲᠤᠶᠢᠯ ᠤᠨ ᠴᠢᠬᠤᠯᠠ ᠶᠤᠮ᠃ 2 ᠰᠠᠷ᠎ᠠ ᠶᠢᠨ 1 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠣᠣ ᠹᠸᠢ ᠰᠢᠷᠬᠤᠰᠣᠨ ᠪᠠᠯᠭᠠᠰᠤᠨ ᠳᠤ ᠬᠦᠷᠴᠦ ᠦᠨᠳᠦᠰᠦᠨ ᠱᠠᠲᠤᠨ ᠤ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠵᠤ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠬᠤᠷᠢᠭᠯᠠᠬᠤ ᠠᠵᠢᠯ ᠢ ᠴᠢᠩᠭ᠎ᠠ ᠨᠢᠮᠪᠠᠶ ᠪᠥᠭᠡᠳ ᠯᠠᠪᠳᠠᠭᠤᠨ ᠪᠠᠲᠤᠲᠠᠶ ᠰᠠᠶᠢᠲᠤᠷ ᠬᠢᠵᠦ ᠬᠢᠵᠢᠭ ᠬᠠᠯᠳᠠᠪᠣᠷᠢᠯᠠᠬᠤ ᠶᠢ ᠡᠷᠡᠰ ᠬᠤᠷᠢᠭᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠬᠤᠰᠢᠭᠤ ᠵᠠᠰᠠᠭ ᠤᠨ ᠣᠷᠳᠣᠨ ᠤ ᠠᠯᠪᠠᠨ ᠬᠡᠷ᠂ ᠰᠢᠷᠬᠤᠰᠣᠨ ᠪᠠᠯᠭᠠᠰᠤᠨ ᠤ ᠬᠠᠷᠢᠭᠤᠴᠠᠯᠭᠠᠲᠠᠨ ᠪᠠᠶᠢᠴᠠᠭᠠᠯᠲᠠ ᠳᠤ ᠣᠷᠣᠯᠴᠠᠵᠠᠶ᠃
     ᠲᠤᠭᠠᠷ ᠤᠨ ᠲᠣᠬᠤᠢ ᠲᠣᠰᠬᠤᠨ ᠤ ᠵᠦᠪᠯᠡᠯ ᠳᠤ ᠵᠣᠣ ᠹᠸᠢ ᠯᠦ ᠪᠠᠯᠭᠠᠰᠤ ᠲᠣᠰᠬᠤᠨ ᠤ ᠬᠠᠷᠢᠭᠤᠴᠠᠯᠭᠠᠲᠠᠨ  ᠠᠴᠠ ᠨᠤᠲᠤᠭ ᠲᠠᠭᠠᠨ ᠪᠤᠴᠠᠭᠰᠠᠳ ᠪᠠ ᠭᠤᠤᠯᠳᠠᠯᠭ᠎ᠠ ᠲᠠᠢ ᠬᠥᠮᠦᠰ ᠢ ᠬᠢᠨᠠᠨ ᠪᠠᠶᠢᠴᠠᠭᠠᠭᠰᠠᠨ ᠵᠡᠷᠭᠡ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ ᠮᠠᠯᠴᠢᠨ ᠲᠠᠷᠢᠶᠠᠴᠢᠨ ᠡᠷᠦᠬᠡ ᠶᠢᠨ ᠬᠡᠷ ᠲᠤ ᠬᠦᠨᠵᠡᠭᠡᠶᠢᠷᠡᠨ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠪᠠ ᠣᠯᠠᠨ ᠲᠦᠮᠡᠨ ᠤ ᠥᠪᠡᠷ ᠢ ᠪᠠᠨ ᠰᠡᠷᠬᠡᠶᠢᠯᠡᠨ ᠬᠠᠮᠠᠭᠠᠯᠠᠵᠤ ᠪᠠᠶᠢᠭ᠎ᠠ ᠪᠠᠶᠢᠳᠠᠯ ᠢ ᠣᠶᠢᠯᠠᠭᠠᠪᠠ᠃ ᠵᠣᠣ ᠹᠸᠢ ᠯᠦ ᠵᠢᠭᠠᠵᠤ ᠭᠠᠷᠭᠠᠬᠤ ᠳᠠᠭᠠᠨ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠬᠦᠨᠳᠦ ᠨᠣᠴᠢᠲᠠᠶ ᠪᠠᠶᠢᠨ᠎ᠠ᠃ ᠬᠠᠷᠢᠶ᠎ᠠ ᠲᠣᠭᠤᠷᠢᠭ ᠤᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠪᠠᠯᠭᠠᠰᠤ᠂ ᠲᠣᠰᠬᠤᠨ ᠤ ᠨᠠᠮ ᠤᠨ ᠭᠡᠰᠢᠭᠦᠨ ᠺᠠᠳ᠋ᠷ ᠬᠤᠰᠢᠭᠤᠴᠢ ᠵᠢᠱᠢᠶᠡᠴᠢ ᠦᠶᠯᠡᠳᠦᠯ ᠢᠶᠠᠨ ᠭᠦᠶᠴᠡᠳ ᠪᠠᠳᠠᠷᠠᠭᠤᠯᠵᠤ ᠠᠵᠢᠯ ᠤᠨ ᠪᠠᠶᠢᠷᠢ ᠪᠠᠨ ᠪᠠᠲᠤ ᠰᠠᠭᠢᠨ ᠤᠷᠢᠳᠴᠢᠯᠠᠨ ᠵᠢᠯᠣᠭᠤᠳᠴᠤ ᠬᠠᠷᠢᠭᠤᠴᠠᠯᠭ᠎ᠠ ᠪᠠᠨ ᠦᠨᠡᠨ ᠬᠦ ᠭᠦᠶᠴᠡᠳᠬᠡᠬᠦ ᠬᠡᠷᠡᠭᠲᠡᠶ᠃ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠬᠠᠷᠢᠶ᠎ᠠ ᠲᠣᠭᠤᠷᠢᠭ ᠤᠨ ᠭᠤᠣᠯᠳᠠᠯᠭ᠎ᠠ ᠲᠠᠢ ᠬᠥᠮᠦᠰ ᠪᠣᠯᠤᠨ ᠰᠠᠭᠤᠭᠠᠯᠢ ᠠᠷᠠᠳ ᠤᠨ ᠪᠠᠶᠢᠳᠠᠯ ᠢ ᠲᠣᠳᠣᠷᠬᠠᠶ ᠣᠶᠢᠯᠠᠭᠠᠵᠤ ᠡᠷᠦᠬᠡ ᠠᠮᠠ ᠶᠢ ᠣᠷᠬᠢᠭᠳᠠᠭᠤᠯᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠣᠯᠠᠨ ᠬᠡᠯᠪᠡᠷᠢ ᠮᠠᠶ᠋ᠢᠭ᠂ ᠣᠯᠠᠨ ᠠᠷᠭ᠎ᠠ ᠵᠠᠮ ᠢᠶᠠᠷ ᠲᠣᠰᠬᠤᠨ ᠤ ᠠᠷᠠᠳ ᠲᠤ ᠬᠢᠵᠢᠭ ᠢ ᠰᠢᠨᠵᠢᠯᠡᠬᠦ ᠣᠬᠠᠭᠠᠨᠴᠢ   ᠪᠠᠷ ᠰᠡᠷᠭᠡᠶᠢᠯᠡᠨ ᠡᠵᠡᠮᠳᠡᠬᠦ ᠮᠡᠳᠡᠯᠭᠡ ᠶᠢ ᠤᠬᠠᠭᠤᠯᠵᠤ ᠣᠯᠠᠨ ᠲᠦᠮᠡᠨ ᠤ ᠦᠵᠡᠯ ᠰᠠᠨᠠᠭ᠎ᠠ ᠲᠠᠨᠢᠯᠲᠠ ᠪᠣᠯᠤᠨ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ ᠣᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠤᠯᠠᠨ ᠨᠠᠶᠢᠳᠠ ᠶᠢᠨ ᠴᠢᠨᠠᠷᠲᠠᠶ ᠠᠵᠢᠯᠯᠠᠭ᠎ᠠ ᠳᠤ ᠣᠷᠣᠯᠴᠠᠭᠤᠯᠬᠤ ᠦᠭᠡᠶ ᠪᠠᠶᠢᠵᠤ ᠣᠯᠠᠨ ᠢᠶᠠᠷ ᠢᠶᠠᠨ ᠰᠡᠷᠬᠡᠶᠢᠯᠡᠵᠦ ᠳᠠᠶᠠᠭᠠᠷ ᠢᠶᠠᠨ ᠬᠤᠷᠢᠭᠯᠠᠬᠤ  ᠬᠦᠴᠦᠷᠭᠡᠭ ᠶᠡᠭᠡ ᠭᠦᠴᠦᠨ ᠢ ᠪᠤᠢ ᠪᠤᠯᠭᠠᠬᠤ ᠬᠡᠷᠡᠭᠲᠡᠶ ᠬᠡᠵᠡᠢ᠃
      ᠵᠣᠣ ᠹᠸᠢ ᠯᠢ ᠨᠡᠷ ᠪᠠᠰᠠ ᠸᠠᠩ ᠶᠣᠣ ᠸᠠᠨ ᠲᠣᠰᠬᠤᠨ ᠤ ᠪᠠᠶᠢᠴᠠᠭᠠᠬᠤ ᠴᠡᠭ᠂ ᠲᠣᠯᠢ ᠶᠢᠨ ᠰᠦᠶᠳᠬᠡᠯ ᠬᠤᠷᠢᠶᠠᠬᠤ ᠥᠷᠲᠡᠭᠡ᠂ ᠰᠢᠷᠬᠤᠰᠣᠨ ᠪᠠᠯᠭᠠᠰᠤᠨ ᠤ ᠬᠡᠰᠡᠭ ᠲᠣᠰᠬᠤᠨ ᠤ ᠵᠠᠮ ᠬᠠᠷᠢᠯᠴᠠᠭᠠᠨ ᠤ ᠰᠡᠷᠬᠡᠶᠢᠯᠡᠨ ᠡᠵᠡᠮᠳᠡᠬᠦ ᠴᠡᠭ ᠲᠤ ᠬᠦᠷᠴᠦ  ᠪᠠᠶᠢᠴᠠᠭᠠᠨ ᠵᠢᠯᠣᠭᠤᠳᠴᠣ ᠡᠮᠤᠨ᠎ᠠ ᠹᠷᠣᠨᠲ ᠲᠤ ᠠᠵᠢᠯᠯᠠᠵᠤ ᠪᠠᠶᠢᠭ᠎ᠠ ᠳᠣᠲᠣᠭᠠᠳᠤ  ᠶᠢ ᠬᠠᠮᠠᠭᠠᠯᠠᠬᠤ᠂ ᠵᠠᠮ ᠬᠠᠷᠢᠯᠴᠠᠭᠠᠨ ᠤ ᠴᠠᠭᠳᠠᠭ᠎ᠠ᠂ ᠣᠶ ᠰᠢᠭᠤᠶ ᠡᠪᠡᠰᠦ ᠪᠡᠯᠴᠢᠭᠡᠷ᠂ ᠡᠮᠨᠡᠯᠭᠡ ᠶᠢᠨ ᠠᠵᠢᠯᠲᠠᠨ ᠪᠠ ᠪᠠᠯᠭᠠᠰᠤ ᠲᠣᠰᠬᠤᠨ ᠤ ᠺᠠᠳ᠋ᠷ ᠢ ᠪᠣᠯᠭᠤᠭᠠᠨ  ᠲᠤᠬᠤᠨᠢᠭᠤᠯᠪᠠ᠃ ᠲᠠᠷᠠ ᠰᠡᠷᠭᠡᠶᠢᠯᠡᠨ ᠬᠠᠮᠠᠭᠠᠯᠠᠬᠤ ᠠᠵᠢᠯ ᠢ ᠵᠦᠶ ᠵᠣᠬᠢᠰ ᠲᠠᠢ ᠲᠤᠭᠢᠷᠠᠭᠤᠯᠤᠨ ᠡᠯ᠎ᠡ ᠪᠠᠶᠢᠴᠠᠭᠠᠬᠤ ᠥᠷᠲᠡᠭᠡ ᠨᠢ ᠪᠠᠶᠢᠴᠠᠭᠠᠬᠤ᠂ ᠪᠤᠴᠠᠬᠤ ᠶᠢ ᠢᠳᠬᠠᠬᠤ ᠵᠡᠷᠭᠡ ᠠᠵᠢᠯ ᠢ ᠬᠢᠨᠠᠮᠠᠭᠠᠶ ᠰᠠᠶᠢᠲᠤᠷ ᠬᠢᠵᠦ ᠬᠢᠵᠢᠭ ᠤᠨ ᠪᠠᠶᠢᠳᠠᠯ ᠢ ᠴᠢᠩᠭ᠎ᠠ ᠰᠡᠷᠭᠡᠶᠢᠯᠡᠨ ᠣᠯᠠᠨ ᠲᠦᠮᠡᠨ ᠤ ᠠᠮᠢ ᠨᠠᠰᠤ ᠡᠷᠡᠬᠦᠯ ᠮᠡᠨᠳᠦ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠢᠯᠠᠯᠲᠠ ᠶᠢ ᠣᠯᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号