1 ᠰᠠᠷ᠎ᠠ ᠶᠢᠨ 30 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ | ᠵᠤᠤ ᠹᠸᠢ ᠠᠨᠠᠭᠠᠬᠤ ᠤᠬᠠᠭᠠᠨ ᠤ ᠲᠤᠰᠠᠭᠠᠷᠯᠠᠨ ᠠᠵᠢᠭᠯᠠᠬᠤ ᠪᠡᠯᠡᠳᠬᠡᠯ ᠴᠡᠭ ᠲᠤ ᠬᠦᠷᠴᠦ ᠪᠡᠯᠡᠳᠬᠡᠯ ᠠᠵᠢᠯ ᠤᠨ | ᠪᠠᠶᠢᠳᠠᠯ ᠢ ᠪᠠᠶᠢᠴᠠᠭᠠᠪᠠ᠃ ᠬᠤᠰᠢᠭᠤ ᠤᠳᠤᠷᠢᠳᠤᠯᠭ᠎ᠠ ᠪᠠᠶᠠᠨᠴᠢᠮᠡᠭ᠂ ᠬᠤᠰᠢᠭᠤ ᠵᠠᠰᠠᠭ ᠤᠨ ᠣᠷᠳᠣᠨ ᠤ ᠠᠯᠪᠠᠨ | ᠬᠡᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠷᠠᠳ ᠤᠨ ᠡᠮᠨᠡᠯᠭᠡ ᠶᠢᠨ ᠬᠤᠷᠢᠶᠠᠨ ᠤ | ᠬᠠᠷᠢᠭᠤᠴᠠᠯᠭᠠᠲᠠᠨ ᠪᠠᠶᠢᠴᠠᠭᠠᠯᠳᠠ ᠳᠤ ᠤᠷᠤᠯᠴᠠᠪᠠ᠃ | | | | | | | ᠵᠣᠣ ᠹᠸᠢ ᠯᠦ ᠠᠨᠠᠭᠠᠬᠤ ᠤᠬᠠᠭᠠᠨ ᠤ ᠲᠤᠰᠠᠭᠠᠷᠯᠠᠬᠤ ᠴᠡᠭ ᠪᠠ ᠲᠥᠪᠯᠠᠷᠠᠭᠦᠯᠤᠨ ᠲᠤᠰᠠᠭᠠᠷᠯᠠᠬᠤ ᠲᠤᠭᠤᠷᠢᠭ | ᠤᠨ ᠰᠠᠭᠤᠷᠢ ᠲᠦᠬᠦᠭᠡᠷᠦᠮᠵᠢ᠂ ᠡᠪᠡᠳᠴᠢᠲᠡᠨ ᠤ ᠥᠷᠥᠭᠡᠨ ᠤ ᠣᠷᠣ ᠶᠢᠨ ᠲᠤᠭᠢᠷᠠᠭᠤᠯᠤᠯᠳᠠ ᠵᠡᠷᠭᠡ ᠶᠢᠨ ᠪᠠᠶᠢᠳᠠᠯ | ᠢ ᠨᠠᠷᠢᠨ ᠪᠠᠶᠢᠴᠠᠭᠠᠨ ᠦᠵᠡᠭᠰᠡᠨ ᠤ ᠳᠠᠷᠠᠭ᠎ᠠ ᠵᠢᠭᠠᠵᠤ ᠭᠠᠷᠭᠠᠭᠰᠠᠨ ᠨᠢ᠂ ᠣᠳᠣᠬᠠᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠬᠦᠨᠳᠦ ᠨᠣᠴᠢᠲᠠᠶ ᠪᠠᠶᠢᠨ᠎ᠠ᠂ ᠡᠷᠡᠭᠦᠯ ᠬᠠᠮᠠᠭᠠᠯᠠᠯ ᠵᠡᠷᠭᠡ ᠰᠠᠯᠠᠭ᠎ᠠ | ᠮᠥᠴᠢᠷ ᠤᠷᠢᠳᠴᠢᠯᠠᠨ ᠰᠠᠷᠭᠡᠶᠢᠯᠠᠨ ᠲᠦᠷᠭᠡᠨ ᠬᠥᠳᠡᠯᠦᠯᠴᠡᠵᠦ ᠬᠤᠯᠪᠣᠭᠳᠠᠯ ᠪᠥᠬᠦᠶ ᠪᠠᠷᠢᠮᠵᠢᠶ᠎ᠠ ᠪᠠ ᠱᠠᠭᠠᠷᠳᠠᠯᠭ᠎ᠠ | ᠲᠠᠢ ᠬᠠᠷᠢᠴᠠᠭᠤᠯᠤᠨ ᠠᠨᠠᠭᠠᠬᠤ ᠤᠬᠠᠭᠠᠨ ᠤ ᠲᠤᠰᠠᠭᠠᠷᠯᠠᠬᠤ ᠴᠡᠭ ᠤᠨ ᠲᠥᠷᠢᠮᠵᠢᠭᠰᠡᠨ ᠬᠠᠮᠢᠶᠠᠷᠤᠯᠲᠠ ᠶᠢ ᠰᠠᠶᠢᠲᠤᠷ | ᠬᠢᠵᠦ ᠡᠪᠡᠳᠴᠢᠲᠡᠨ ᠤ ᠥᠷᠥᠭᠡᠨ ᠤ ᠲᠤᠭ᠎ᠠ ᠭᠡᠮᠵᠢᠶ᠎ᠠ᠂ ᠡᠮᠴᠢ ᠰᠤᠪᠢᠯᠠᠭᠴᠢ᠂ ᠡᠮ ᠤᠨ ᠵᠦᠢᠯᠡᠰ᠂ ᠲᠣᠨᠤᠭ | ᠲᠥᠭᠦᠭᠡᠷᠤᠮᠵᠢ ᠶᠢ ᠭᠦᠶᠴᠡᠳ ᠳᠣᠭᠢᠷᠠᠭᠤᠯᠵᠤ ᠡᠮᠴᠢ ᠰᠤᠪᠢᠯᠠᠭᠴᠢ ᠶᠢᠨ ᠲᠤᠰᠬᠠᠶᠢᠵᠢᠭᠰᠠᠨ ᠪᠣᠯᠪᠠᠰᠤᠷᠠᠯ ᠪᠠ ᠲᠣᠰ | ᠪᠡᠶ᠎ᠡ ᠶᠢᠨ ᠬᠠᠮᠠᠭᠠᠯᠠᠯᠲᠠ ᠶᠢ ᠴᠢᠩᠭᠠᠳᠬᠠᠵᠤ ᠠᠵᠢᠯᠯᠠᠬᠤ ᠶᠠᠪᠤᠴᠠ ᠶᠢ ᠵᠢᠷᠤᠮᠵᠢᠭᠤᠯᠬᠤ ᠬᠡᠷᠡᠭᠲᠡᠶ᠃ ᠲᠥᠪᠯᠡᠷᠡᠭᠦᠯᠦᠨ | ᠲᠤᠰᠠᠭᠠᠷᠯᠠᠬᠤ ᠲᠤᠭᠤᠷᠢᠭ ᠲᠤ ᠠᠷᠢᠭᠤᠳᠬᠠᠬᠤ ᠪᠠ ᠠᠷᠤ ᠲᠠᠯ᠎ᠠ ᠶᠢᠨ ᠦᠶᠯᠡᠴᠢᠯᠡᠭᠡᠨ ᠤ ᠡᠳ᠋ ᠪᠣᠳᠠᠰ ᠤᠨ | ᠬᠠᠩᠭᠠᠯᠭ᠎ᠠ ᠶᠢ ᠰᠠᠶᠢᠲᠤᠷ ᠬᠢᠵᠦ ᠡᠮᠤᠨ᠎ᠠ ᠹᠷᠣᠨᠲ ᠤᠨ ᠠᠵᠢᠯᠳᠠᠳ ᠤᠨ ᠰᠡᠷᠭᠡᠶᠢᠯᠡᠨ ᠬᠠᠮᠠᠭᠠᠯᠠᠬᠤ ᠬᠤᠪᠴᠠᠰᠤ᠂ | ᠰᠡᠷᠭᠡᠶᠢᠯᠡᠨ ᠬᠠᠮᠠᠭᠠᠯᠠᠬᠤ ᠪᠡᠭᠡᠯᠡᠶ ᠶᠢ ᠭᠦᠶᠴᠡᠳ ᠲᠣᠬᠢᠷᠠᠭᠤᠯᠵᠤ ᠡᠮᠴᠢᠯᠡᠭᠡᠨ ᠤ ᠬᠠᠶᠠᠭᠳᠠᠮᠠᠯ ᠪᠤᠳᠠᠰ ᠢ | ᠰᠢᠶᠳᠪᠦᠷᠢᠯᠡᠬᠦ ᠶᠢ ᠵᠢᠷᠤᠮᠵᠢᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠶᠢᠯᠠᠯᠳᠤᠭᠠᠨ ᠤ ᠡᠷᠡᠰ | ᠢᠯᠠᠯᠲᠠ ᠶᠢ ᠣᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠭᠡᠵᠡᠢ᠃ |