ᠥᠥᠰᠢᠨ ᠵᠠᠰᠠᠭ ᠲᠠᠷᠬᠠᠭᠠᠬᠤ〔 2020〕2 ᠳ᠋ᠤᠭᠠᠷ ᠲᠤᠭᠠᠲᠤ | | | ᠡᠯ᠎ᠡ ᠠᠵᠣ ᠠᠬᠤᠢ ᠶᠢᠨ ᠨᠡᠬᠡᠬᠡᠯᠳᠡ ᠶᠢᠨ ᠳᠣᠭᠤᠷᠢᠭ ︵ᠬᠦᠷᠶᠠᠯᠡᠩ︶ ᠤᠨ ᠬᠠᠮᠢᠶᠠᠷᠣᠯᠳᠠ ᠶᠢᠨ ᠵᠦᠪᠯᠡᠯ᠂ ᠡᠯ᠎ᠡ | ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠡᠯ᠎ᠡ ᠰᠢᠭᠤᠳ ᠬᠠᠷᠢᠶ᠎ᠠ ᠬᠠᠮᠢᠶ᠎ᠠ ᠪᠦᠬᠦᠢ | ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠨᠢᠬᠡᠴᠢ ᠵᠢᠴᠢ ᠠᠵᠣ ᠠᠬᠤᠶᠢᠯᠡᠯ ᠠᠵᠢᠯ ᠣᠶᠢᠯᠡᠰ ᠤᠨ ᠨᠢᠬᠡᠴᠢ ᠳᠤ᠄ | ᠡᠳᠦᠬᠡ ᠬᠤᠰᠢᠭᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠬᠦᠯᠥᠭᠡᠳ ︽ᠦᠣᠰᠢᠨ ᠬᠤᠰᠢᠭᠤᠨ ᠤ | ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠲᠦᠰᠥᠯ︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠬᠢᠨᠠᠮᠠᠭᠠᠶ | ᠲᠤᠭᠤᠰᠢᠯᠠᠭᠤᠯᠤᠨ ᠬᠡᠷᠡᠭᠵᠢᠭᠦᠯᠦᠬᠡᠷᠡᠢ᠃ | | | ᠦᠤᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ | 2020 ᠤᠨ ᠤ 1 ᠰᠠᠷ᠎ᠠ ᠶᠢᠨ 24 ᠤ ᠡᠳᠦᠷ | | ᠦᠣᠰᠢᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠲᠦᠰᠥᠯ | ᠣᠶᠢᠷ᠎ᠠ ᠳᠤ ᠬᠤᠪᠸᠢ ᠮᠤᠵᠢ ᠶᠢᠨ ᠦᠬᠠᠨ ᠬᠤᠲᠠ ᠵᠡᠷᠭᠡ ᠭᠠᠵᠠᠷ ᠲᠤ ᠰᠢᠨ᠎ᠡ ᠬᠡᠯᠪᠡᠷᠢ ᠶᠢᠨ ᠲᠢᠲᠢᠮᠯᠢᠭ | ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠳᠡᠯᠬᠡᠷᠡᠵᠣ᠂ ᠨᠡᠶᠢᠭᠡᠮ ᠨᠡᠶᠢᠳᠠ ᠶᠢᠨ | ᠠᠩᠬᠠᠷᠤᠯ ᠢ ᠶᠡᠬᠡᠳᠡ ᠳᠡᠳᠡᠵᠣ ᠪᠠᠶᠢᠭ᠎ᠠ ᠶᠣᠮ᠃ ᠰᠢ ᠶᠢᠨ ᠫᠢᠩ ᠵᠡᠷᠭᠡ ᠨᠠᠮ ᠪᠠ ᠲᠦᠷᠦ ᠶᠢᠨ ᠣᠳᠣᠷᠢᠳᠣᠯᠭ᠎ᠠ ᠨᠡᠷ | ᠠᠴᠠ ᠵᠠᠯᠭᠠᠭ᠎ᠠ ᠪᠠᠷ ᠴᠢᠬᠤᠯᠠ ᠴᠣᠬᠤᠯᠠᠪᠤᠷᠢ ᠥᠭᠪᠡ᠃ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ | ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ | ᠰᠠᠶᠢᠲᠤᠷ ᠬᠢᠵᠦ᠂ ᠣᠯᠠᠨ ᠨᠡᠶᠢᠲᠡ ᠶᠢᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠦᠲᠦᠮᠵᠢᠲᠡᠶ | ᠪᠠᠲᠤᠯᠠᠬᠤ ᠶᠢᠨ ᠲᠤᠰᠠᠳᠠ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠪᠠ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠤᠨ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠢ | ᠣᠨᠣᠰᠢᠯᠠᠨ ᠡᠮᠨᠡᠬᠦ ᠪᠠ ᠰᠡᠷᠭᠡᠶᠢᠯᠡᠨ ᠡᠵᠡᠮᠳᠡᠬᠦ ᠵᠡᠷᠭᠡ ᠲᠥᠰᠦᠯ ᠤᠨ ᠲᠤᠬᠠᠶ ᠮᠡᠳᠡᠭᠳᠡᠯ︾ ︵ᠤᠯᠤᠰ ᠡᠷᠡᠬᠦᠯ ᠢᠯᠡ | ᠴᠠᠬᠢᠯᠭᠠᠨ ︹2020 ︺ 6 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠵᠣ ᠮᠠᠨ ᠤ ᠬᠤᠰᠢᠭᠤᠨ ᠤ | ᠪᠣᠳᠠᠲᠠᠶ ᠲᠠᠢ ᠪᠠᠨ ᠤᠶᠠᠯᠳᠤᠭᠤᠯᠤᠨ ᠲᠣᠰ ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ ᠵᠢᠴᠢ ᠬᠠᠷᠠᠯᠲᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠣᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ | ᠲᠥᠪ ᠬᠣᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠵᠤ ᠳᠡᠬᠡᠳᠣ ᠱᠠᠲᠤᠨ ᠤ ᠤᠳᠤᠷᠢᠳᠤᠯᠭ᠎ᠠ ᠪᠣᠯᠤᠨ ᠬᠤᠰᠢᠭᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ | ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠲᠤᠬᠠᠶ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠣᠷᠢᠵᠢᠭᠤᠯᠵᠤ᠂ ᠠᠷᠠᠳ ᠣᠯᠠᠨ ᠤ ᠠᠮᠢ ᠨᠠᠰᠤᠨ ᠤ ᠠᠮᠤᠷ | ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠰᠢᠨ᠎ᠡ | ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ | ᠠᠵᠢᠯ ᠢ ᠦᠨᠡᠨ ᠬᠦ ᠰᠠᠶᠢᠲᠤᠷ ᠬᠢᠵᠦ᠂ ᠰᠡᠷᠭᠡᠶᠢᠯᠡᠨ ᠡᠵᠡᠮᠳᠡᠬᠦ ᠬᠢᠷᠢ ᠲᠦᠪᠰᠢᠨ ᠪᠣᠯᠤᠨ ᠰᠢᠢᠳᠪᠣᠷᠢᠯᠡᠬᠦ | ᠴᠢᠳᠠᠪᠤᠷᠢ ᠪᠠᠨ ᠳᠡᠭᠡᠭᠰᠢᠯᠡᠭᠦᠯᠵᠦ ᠡᠯ᠎ᠡ ᠵᠣᠶᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ | ᠪᠦᠲᠦᠮᠵᠢᠲᠡᠶ ᠠᠪᠴᠤ᠂ ᠬᠢᠵᠢᠭ ᠡᠪᠡᠳᠴᠢᠨ ᠳᠡᠯᠭᠡᠷᠡᠬᠦ ᠶᠢ ᠡᠷᠡᠰ ᠰᠡᠷᠭᠡᠶᠢᠯᠡᠨ ᠠᠷᠠᠳ ᠣᠯᠠᠨ ᠤ ᠠᠮᠢ ᠨᠠᠰᠤᠨ ᠤ | ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠦᠨᠡᠨ ᠬᠦ | ᠪᠠᠲᠤᠯᠠᠬᠤ ᠬᠡᠷᠡᠭᠲᠡᠶ᠃ | ᠬᠤᠶᠠᠷ᠂ ᠠᠵᠢᠯ ᠤᠨ ᠵᠠᠷᠴᠢᠮ | ︵ᠨᠢᠭᠡ︶ ᠵᠠᠰᠠᠭ ᠤᠨ ᠣᠷᠳᠣᠨ ᠤᠳᠤᠷᠢᠳᠴᠤ ᠬᠤᠯᠪᠣᠭᠠᠯᠠᠨ ᠰᠡᠷᠭᠡᠶᠢᠯᠡᠨ ᠡᠵᠡᠮᠳᠡᠬᠦ ᠬᠡᠷᠡᠭᠲᠡᠶ᠃ | ᠬᠤᠰᠢᠭᠤ ᠠᠷᠠᠳ ᠤᠨ ᠵᠠᠰᠠᠭ ᠤᠨ ᠣᠷᠳᠣᠨ ᠠᠴᠠ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ | ᠬᠠᠯᠳᠠᠪᠣᠷᠢᠯᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠢ ᠤᠳᠤᠷᠢᠳᠬᠤ ᠪᠠ | ᠵᠢᠯᠣᠭᠤᠳᠬᠤ ᠶᠢ ᠬᠠᠷᠢᠭᠤᠴᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠬᠤᠭᠤᠷᠣᠨᠳᠣ ᠪᠠᠨ ᠨᠢᠭᠲᠠ | ᠵᠣᠬᠢᠴᠠᠯᠳᠤᠨ ᠬᠠᠮᠵᠢᠯᠴᠠᠵᠣ ᠴᠢᠮᠡᠭᠡ ᠵᠠᠩᠭᠢ ᠶᠢᠨ ᠨᠡᠪᠲᠡᠷᠡᠯᠴᠡᠭᠡ ᠪᠠᠨ ᠴᠢᠩᠭᠠᠳᠬᠠᠵᠤ ᠬᠤᠯᠪᠣᠭᠠᠯᠠᠨ ᠰᠡᠷᠭᠡᠶᠢᠯᠡᠨ | ᠡᠵᠡᠮᠳᠡᠬᠦ ᠲᠣᠭᠲᠠᠴᠠ ᠶᠢ ᠪᠠᠶᠢᠭᠤᠯᠬᠤ ᠬᠡᠷᠡᠭᠳᠡᠢ᠃ | ︵ᠬᠤᠶᠠᠷ︶ ᠬᠠᠤᠯᠢ ᠶᠣᠰᠣᠭᠠᠷ ᠰᠡᠷᠭᠡᠶᠢᠯᠡᠨ ᠡᠵᠡᠮᠳᠡᠵᠦ᠂ ᠰᠢᠨᠵᠢᠯᠡᠬᠦ ᠤᠬᠠᠭᠠᠨᠴᠢ ᠪᠠᠷ ᠰᠢᠢᠳᠪᠣᠷᠢᠯᠡᠬᠦ | ᠬᠡᠷᠡᠭᠲᠡᠶ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ | ᠵᠠᠰᠠᠬᠤ ᠬᠠᠣᠯᠢ︾ ᠵᠡᠷᠭᠡ ᠬᠤᠯᠪᠣᠭᠳᠠᠯ ᠪᠦᠬᠦᠢ ᠬᠠᠤᠯᠢ ᠲᠣᠭᠲᠠᠭᠠᠯ ᠢ ᠬᠢᠨᠠᠮᠠᠭᠠᠶ ᠨᠠᠶᠢᠳᠠᠪᠣᠷᠢᠵᠢᠭᠤᠯᠵᠣ᠂ ᠰᠢᠨ᠎ᠡ | ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠭᠰᠠᠨ ᠠᠭᠤᠰᠬᠢᠨ ᠦᠷᠪᠢᠰᠦᠯ ᠢ ᠬᠥᠬᠡᠭᠴᠢᠨ ᠲᠥᠷᠥᠯ ᠤᠨ | ᠬᠠᠯᠳᠠᠪᠤᠷᠢᠲᠤ ᠡᠪᠡᠳᠴᠢᠨ ᠤ ᠲᠦᠷᠥᠯ ᠳᠤ ᠣᠷᠣᠭᠤᠯᠬᠤ ᠶᠢᠨ ᠬᠠᠮᠲᠤ ᠬᠥᠬᠡ ᠲᠥᠷᠥᠯ ᠤᠨ ᠬᠠᠯᠳᠠᠪᠤᠷᠢᠲᠤ | ᠡᠪᠡᠳᠴᠢᠨ ᠢ ᠰᠡᠷᠭᠡᠶᠢᠯᠡᠬᠦ᠂ ᠡᠵᠡᠮᠳᠡᠬᠦ ᠠᠷᠭ᠎ᠠ ᠬᠡᠮᠵᠢᠶ᠎ᠡ ᠠᠪᠬᠤ ᠱᠠᠭᠠᠷᠳᠠᠯᠭ᠎ᠠ ᠢᠶᠠᠷ ᠰᠡᠷᠭᠡᠶᠢᠯᠡᠨ ᠡᠵᠡᠮᠳᠡᠬᠦ ᠠᠵᠢᠯ ᠢ | ᠰᠢᠨᠵᠢᠯᠡᠬᠦ ᠤᠬᠠᠭᠠᠨᠴᠢ ᠪᠠᠷ ᠥᠷᠨᠢᠭᠦᠯᠬᠦ ᠪᠠ ᠰᠢᠢᠳᠪᠣᠷᠢᠯᠡᠵᠣ ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ ᠶᠢ ᠦᠨᠡᠨᠬᠦ | ᠪᠠᠲᠤᠯᠠᠬᠤ ᠬᠡᠷᠡᠭᠲᠡᠶ᠃ | ︵ᠭᠤᠷᠪᠠ︶ ᠰᠡᠷᠭᠡᠶᠢᠯᠡᠬᠦ ᠪᠠᠷ ᠭᠤᠤᠯ ᠪᠣᠯᠭᠠᠵᠤ᠂ ᠣᠯᠠᠨ ᠲᠦᠮᠡᠨ ᠢᠶᠠᠷ ᠢᠶᠠᠨ ᠰᠡᠷᠭᠡᠶᠢᠯᠡᠵᠦ ᠡᠵᠡᠮᠳᠡᠬᠦ | ᠬᠡᠷᠡᠭᠲᠡᠶ᠃ ︽ᠰᠡᠷᠭᠡᠶᠢᠯᠡᠬᠦ ᠪᠠᠷ ᠭᠤᠤᠯ ᠪᠣᠯᠭᠠᠬᠤ︾ ᠠᠵᠢᠯ ᠤᠨ ᠴᠢᠭᠯᠡᠯᠲᠡ ᠶᠢ ᠪᠠᠷᠢᠮᠲᠠᠯᠠᠨ ᠪᠦᠬᠦ | ᠨᠡᠶᠢᠭᠡᠮ ᠢᠶᠠᠷ ᠢᠶᠠᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠭᠰᠠᠨ ᠠᠭᠤᠰᠬᠢᠨ ᠦᠷᠪᠢᠰᠦᠯ ᠢ | ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠬᠢᠨᠠᠨ ᠪᠠᠶᠢᠴᠠᠭᠠᠬᠤ ᠪᠠ ᠤᠷᠢᠳᠴᠢᠯᠠᠨ | ᠰᠡᠷᠡᠮᠵᠢᠯᠡᠬᠦᠯᠬᠦ ᠪᠠᠨ ᠴᠢᠩᠭᠠᠳᠬᠠᠵᠤ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠶᠢ | ᠦᠷᠨᠢᠭᠦᠯᠵᠦ᠂ ᠣᠯᠠᠨ ᠲᠦᠮᠡᠨ ᠤ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠣᠨ ᠣᠯᠠᠨ ᠢᠶᠠᠷ ᠢᠶᠠᠨ | ᠰᠡᠷᠬᠡᠶᠢᠯᠡᠨ ᠡᠵᠡᠮᠳᠡᠬᠦ ᠬᠡᠷᠡᠭᠲᠡᠶ᠃ | ︵ᠳᠥᠷᠪᠠ︶ ᠬᠠᠷᠢᠶᠠᠳᠣ ᠭᠠᠵᠠᠷ ᠲᠤᠨᠢ ᠬᠠᠮᠢᠶᠠᠷᠤᠭᠤᠯᠵᠤ᠂ ᠱᠠᠲᠤ ᠬᠤᠪᠢᠶᠠᠨ ᠬᠠᠷᠢᠭᠤᠴᠠᠬᠤ ᠬᠡᠷᠡᠭᠲᠡᠶ᠃ | ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠭᠰᠠᠨ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠠᠷᠢᠶᠠᠲᠤ ᠣᠷᠣᠨ ᠤ ᠬᠠᠮᠢᠶᠠᠷᠤᠯᠲᠠ ᠶᠢ ᠴᠢᠩᠭ᠎ᠠ ᠬᠡᠷᠡᠭᠵᠢᠬᠦᠯᠵᠣ᠂ | ᠬᠠᠤᠯᠢ ᠲᠦᠷᠢᠮ ᠪᠣᠯᠣᠨ ᠡᠭᠦᠷᠭᠡ ᠬᠠᠷᠢᠭᠤᠴᠠᠯᠭ᠎ᠠ ᠶᠣᠰᠣᠭᠠᠷ ᠱᠠᠲᠤ ᠬᠤᠪᠢᠶᠠᠨ ᠬᠠᠷᠢᠭᠤᠴᠠᠵᠤ ᠨᠢᠬᠡᠳᠣᠯᠳᠡᠢ | ᠲᠥᠯᠥᠪᠯᠡᠨ ᠵᠣᠬᠢᠴᠠᠭᠤᠯᠬᠤ᠂ ᠨᠠᠷᠢᠯᠢᠬᠵᠢᠭᠤᠯᠬᠤ ᠠᠵᠢᠯ ᠤᠨ ᠡᠭᠦᠷᠭᠡ ᠶᠢ ᠴᠢᠩᠭᠠᠷᠠᠭᠤᠯᠤᠨ ᠵᠣᠬᠢᠶᠠᠨ | ᠪᠠᠶᠢᠭᠤᠯᠣᠯᠳᠠ᠂ ᠠᠷᠭ᠎ᠠ ᠬᠡᠮᠵᠢᠶ᠎ᠡ᠂ ᠬᠠᠷᠢᠭᠤᠴᠠᠯᠭ᠎ᠠ ᠶᠢ ᠪᠣᠳᠠᠳᠠᠢ ᠨᠠᠶᠢᠳᠠᠪᠤᠷᠢᠵᠢᠭᠤᠯᠬᠤ ᠬᠡᠷᠡᠭᠲᠡᠶ᠃ | ᠭᠤᠷᠪᠠ᠂ ᠠᠵᠢᠯ ᠤᠨ ᠠᠷᠭ᠎ᠠ ᠬᠡᠮᠵᠢᠶ᠎ᠡ | ︵ᠨᠢᠭᠡ︶ ᠤᠷᠢᠳᠴᠢᠯᠠᠨ ᠪᠠᠶᠢᠴᠠᠭᠠᠵᠤ ᠬᠤᠪᠢᠶᠠᠨ ᠣᠨᠣᠰᠢᠯᠠᠬᠤ ᠳᠦᠷᠢᠮ ᠢ ᠴᠢᠩᠭ᠎ᠠ ᠬᠡᠷᠡᠭᠵᠢᠭᠦᠯᠬᠦ | ᠬᠡᠷᠡᠭᠲᠡᠶ᠃ ᠪᠦᠬᠦ ᠬᠤᠰᠢᠭᠤᠨ ᠤ ᠡᠯ᠎ᠡ ᠱᠠᠲᠤᠨ ᠤ ᠡᠯ᠎ᠡ ᠲᠥᠷᠥᠯ ᠤᠨ ᠡᠮ ᠡᠮᠨᠡᠯᠬᠡ ᠶᠢᠨ ᠪᠠᠶᠢᠭᠤᠯᠤᠮᠵᠢ ︽ᠡᠮ | ᠡᠮᠨᠡᠯᠬᠡ ᠶᠢᠨ ᠪᠠᠶᠢᠭᠤᠯᠣᠮᠵᠢ ᠶᠢᠨ ᠬᠠᠯᠳᠠᠪᠤᠷᠢᠲᠤ ᠡᠪᠡᠳᠴᠢᠨ ᠢ ᠤᠷᠢᠳᠴᠢᠯᠠᠨ ᠪᠠᠶᠢᠴᠠᠭᠠᠵᠤ ᠣᠨᠣᠰᠢᠯᠠᠬᠤ | ᠬᠠᠮᠢᠶᠠᠷᠤᠯᠲᠠ ᠶᠢᠨ ᠠᠷᠭ᠎ᠠ︾ ᠶᠢ ᠴᠢᠩᠭ᠎ᠠ ᠨᠠᠶᠢᠳᠠᠪᠣᠷᠢᠵᠢᠭᠤᠯᠵᠣ᠂ ᠡᠭᠦᠳᠡᠨ ᠡᠮᠨᠡᠯᠭᠡ ᠶᠢᠨ ᠲᠦᠷᠭᠡᠨ | ᠡᠮᠴᠢᠯᠡᠭᠡᠨ ᠳᠤ ᠤᠷᠢᠳᠴᠢᠯᠠᠨ ᠪᠠᠶᠢᠴᠠᠭᠠᠵᠤ ᠬᠤᠪᠢᠶᠠᠨ ᠣᠨᠣᠰᠢᠯᠠᠬᠤ ᠳᠦᠷᠢᠮ ᠢ ᠬᠡᠷᠡᠭᠵᠢᠭᠦᠯᠵᠦ᠂ ᠬᠠᠯᠠᠭᠤᠷᠠᠬᠤ | ᠶᠢ ᠡᠮᠴᠢᠯᠡᠬᠦ ᠡᠭᠦᠳᠡᠨ ᠡᠮᠨᠡᠯᠭᠡ ᠪᠠ ᠡᠪᠡᠳᠴᠢᠲᠡᠨ ᠢ ᠲᠤᠰᠠᠭᠠᠷᠯᠠᠬᠤ ᠥᠷᠥᠭᠡ ᠭᠠᠷᠭᠠᠬᠤ ᠬᠡᠷᠡᠭᠲᠡᠶ᠃ ᠬᠠᠯᠠᠭᠤᠷᠠᠵᠤ | ᠪᠠᠶᠢᠭ᠎ᠠ ᠡᠪᠡᠳᠴᠢᠲᠡᠨ ᠢ ᠬᠦᠯᠢᠶᠡᠨ ᠠᠪᠴᠤ ᠡᠮᠴᠢᠯᠡᠬᠦ᠂ ᠰᠢᠭᠰᠢᠨ ᠪᠠᠶᠢᠴᠠᠭᠠᠬᠤ ᠶᠠᠪᠤᠴᠠ ᠶᠢ ᠴᠢᠩᠭ᠎ᠠ | ᠬᠡᠷᠡᠭᠵᠢᠭᠦᠯᠵᠦ᠂ ᠬᠠᠯᠠᠭᠤᠷᠠᠵᠤ ᠪᠠᠶᠢᠭ᠎ᠠ ᠡᠪᠡᠳᠴᠢᠲᠡᠨ ᠢ ᠳᠠᠩᠰᠠᠯᠠᠨ ᠲᠡᠮᠳᠡᠭᠯᠡᠬᠦ ᠮᠡᠳᠡᠬᠦᠯᠬᠦ ᠳᠦᠷᠢᠮ ᠢ ᠬᠢᠨᠠᠮᠠᠭᠠᠶ | ᠨᠠᠶᠢᠳᠠᠪᠤᠷᠢᠵᠢᠭᠤᠯᠬᠤ ᠬᠡᠷᠡᠭᠲᠡᠶ᠃ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠤᠪᠢ ᠶᠢᠨ | ᠡᠮᠴᠢᠯᠡᠭᠡᠨ ᠤ ᠭᠠᠵᠠᠷ᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ᠂ ᠰᠤᠮᠤ ᠪᠠᠯᠭᠠᠰᠤᠨ ᠤ ᠡᠷᠡᠭᠦᠯ | ᠬᠠᠮᠠᠭᠠᠯᠠᠯ ᠤᠨ ᠬᠤᠷᠢᠶ᠎ᠠ ᠪᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠣᠶᠢᠯᠡᠴᠢᠯᠡᠬᠡᠨ ᠤ ᠪᠠᠶᠢᠭᠤᠯᠤᠮᠵᠢ ᠶᠢ | ᠵᠢᠯᠣᠭᠤᠳᠣᠨ ᠬᠠᠯᠠᠭᠤᠷᠠᠵᠤ ᠪᠠᠶᠢᠭ᠎ᠠ ᠡᠪᠡᠳᠴᠢᠲᠡᠨ ᠢ ᠰᠢᠭᠰᠢᠨ ᠪᠠᠶᠢᠴᠠᠭᠠᠬᠤ ᠶᠢ ᠴᠢᠩᠭᠠᠳᠬᠠᠵᠤ᠂ ᠦᠬᠠᠨ ᠬᠤᠲᠠ | ᠠᠴᠠ ᠢᠷᠡᠭᠰᠡᠨ ᠠᠶᠠᠨᠴᠢᠳ ᠵᠢᠴᠢ ᠦᠬᠠᠨ ᠬᠤᠲᠠ ᠠᠴᠠ ᠨᠤᠲᠤᠭ ᠲᠠᠭᠠᠨ ᠪᠤᠴᠠᠭᠰᠠᠨ ᠬᠥᠮᠦᠰ ᠢ ᠨᠠᠷᠢᠨ | ᠠᠩᠬᠠᠷᠴᠤ᠂ ᠰᠡᠵᠢᠭᠯᠡᠯᠲᠡᠶ ᠡᠪᠡᠳᠴᠢᠳᠠᠨ ᠢ ᠴᠠᠭ ᠲᠤᠬᠠᠶ ᠳᠤᠨᠢ ᠢᠯᠭᠠᠨ ᠲᠠᠨᠢᠵᠤ ᠡᠷᠲᠡ ᠰᠠᠷᠠᠵᠣ ᠮᠡᠳᠡᠬᠦ᠂ ᠡᠷᠲᠡ | ᠮᠡᠳᠡᠭᠦᠯᠬᠦ᠂ ᠡᠷᠲᠡ ᠣᠨᠣᠰᠢᠯᠠᠬᠤ᠂ ᠡᠷᠲᠡ ᠲᠤᠰᠠᠭᠠᠷᠯᠠᠬᠤ᠂ ᠡᠷᠲᠡ ᠡᠮᠴᠢᠯᠡᠬᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ | ᠡᠭᠦᠨ ᠤ ᠬᠠᠮᠲᠤ ᠡᠯ᠎ᠡ ᠡᠮ ᠤᠨ ᠳᠡᠯᠭᠡᠭᠦᠷ ᠬᠠᠯᠠᠭᠤᠷᠠᠬᠤ᠂ ᠬᠠᠨᠢᠶᠠᠬᠤ ᠶᠢ ᠵᠠᠰᠠᠬᠤ ᠡᠮ ᠤᠨ ᠵᠣᠶᠢᠯᠡᠰ ᠢ | ᠬᠤᠳᠠᠯᠳᠤᠨ ᠠᠪᠴᠤ ᠪᠠᠶᠢᠭ᠎ᠠ ᠬᠥᠮᠦᠰ ᠢ ᠯᠠᠪᠯᠠᠨ ᠠᠰᠠᠭᠤᠵᠤ᠂ ᠳᠠᠩᠰᠠᠯᠠᠨ ᠲᠡᠮᠳᠡᠭᠯᠡᠵᠦ᠂ ᠵᠢᠭᠰᠠᠭᠠᠨ ᠪᠠᠶᠢᠴᠠᠭᠠᠬᠤ | ᠬᠡᠷᠡᠭᠲᠡᠶ᠃ ᠬᠡᠷᠪᠡ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠭᠰᠠᠨ ᠠᠭᠤᠰᠬᠢᠨ ᠦᠷᠪᠢᠰᠦᠯ ᠤᠨ | ᠡᠪᠡᠳᠴᠢᠨ ᠪᠤᠶᠤ ᠰᠡᠵᠢᠭ ᠲᠠᠢ ᠡᠪᠡᠳᠴᠢᠨ ᠲᠠᠢ ᠪᠠᠶᠢᠬᠤ ᠶᠢ ᠣᠯᠵᠤ ᠮᠡᠳᠡᠪᠡᠯ ᠡᠷᠬᠡᠪᠰᠢ ᠲᠡᠷᠡ ᠳᠠᠷᠤᠶ ᠳᠤᠨᠢ | ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ | ︵ᠬᠤᠶᠠᠷ︶ ᠡᠯ᠎ᠡ ᠵᠣᠶᠢᠯ ᠤᠨ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ | ᠬᠡᠷᠡᠭᠳᠡᠢ᠃ ᠡᠯ᠎ᠡ ᠭᠠᠵᠠᠷ ᠣᠷᠣᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠪᠠᠴᠢᠮ ᠪᠠᠶᠢᠳᠠᠯ ᠢ | ᠰᠢᠢᠳᠪᠣᠷᠢᠯᠡᠬᠦ ᠠᠵᠢᠯ ᠢ ᠡᠬᠢᠯᠡᠭᠦᠯᠦᠨ ᠪᠣᠳᠠᠳᠠᠢ ᠠᠵᠢᠯᠯᠠᠵᠣ᠂ ᠭᠤᠤᠯᠳᠠᠯᠭ᠎ᠠ ᠲᠠᠢ ᠭᠠᠵᠠᠷ ᠣᠷᠣᠨ ᠪᠠ ᠵᠠᠩᠬᠢᠯᠠᠭ᠎ᠠ | ᠶᠢᠨ ᠬᠡᠰᠡᠭ ᠲᠤ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠷᠠᠭᠤᠯᠵᠤ᠂ ᠬᠢᠵᠢᠭ ᠡᠪᠡᠳᠴᠢᠨ ᠳᠡᠯᠬᠡᠷᠡᠬᠦ ᠶᠢ | ᠪᠦᠲᠦᠮᠵᠢᠲᠡᠶ ᠰᠡᠷᠭᠡᠶᠢᠯᠡᠨ ᠬᠤᠷᠢᠭᠯᠠᠬᠤ ᠬᠡᠷᠡᠭᠲᠡᠶ᠃ ᠪᠥᠬᠦ ᠬᠤᠰᠢᠭᠤᠨ ᠤ ᠲᠠᠷᠢᠶᠠᠯᠠᠩ ︵ᠴᠤᠭᠯᠠᠭ᠎ᠠ︶ ᠤᠨ | ᠠᠷᠠᠯᠵᠢᠶᠠᠨ ᠤ ᠵᠠᠬ᠎ᠠ ᠳᠡᠯᠭᠡᠭᠦᠷ ᠪᠠ ᠡᠯ᠎ᠡ ᠲᠥᠷᠥᠯ ᠤᠨ ᠡᠵᠡᠩᠨᠡᠯᠳᠡ ᠶᠢᠨ ᠲᠠᠯᠠᠪᠤᠷ ᠤᠨ ᠬᠠᠮᠢᠶᠠᠷᠤᠯᠲᠠ ᠶᠢ | ᠭᠤᠤᠯᠳᠠᠯᠭ᠎ᠠ ᠲᠠᠢ ᠴᠢᠩᠭᠠᠳᠬᠠᠵᠤ᠂ ᠠᠮᠢᠳᠤ ᠵᠢᠭᠦᠷᠲᠡᠨ ᠢ ᠪᠤᠷᠣᠯᠠᠭᠤᠯᠬᠤ ᠶᠢ ᠡᠷᠡᠰ ᠴᠠᠭᠠᠵᠠᠯᠠᠨ ᠡᠯ᠎ᠡ ᠲᠥᠷᠥᠯ ᠤᠨ | ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠳᠡᠵᠢᠬᠡᠨ ᠦᠷᠡᠵᠢᠭᠦᠯᠬᠦ᠂ ᠡᠳ᠋ᠰᠢᠬᠦᠯᠬᠦ᠂ ᠡᠵᠡᠩᠨᠡᠬᠦ ᠶᠢ ᠴᠢᠩᠭ᠎ᠠ | ᠴᠠᠭᠠᠵᠠᠯᠠᠵᠤ᠂ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠵᠥᠭᠡᠭᠡᠪᠦᠷᠢᠯᠡᠨ ᠫᠠᠨᠽᠠᠯᠠᠬᠤ ᠳᠤ ᠴᠢᠩᠭ᠎ᠠ ᠴᠣᠬᠢᠯᠲᠠ | ᠥᠭᠬᠦ ᠬᠡᠷᠡᠭᠲᠡᠶ᠃ ᠭᠠᠯᠲᠤ ᠲᠡᠷᠭᠡᠨ ᠤ ᠥᠷᠲᠡᠭᠡ᠂ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ | ᠵᠡᠷᠭᠡ ᠵᠠᠮ ᠬᠠᠷᠢᠯᠴᠠᠭᠠᠨ ᠤ ᠵᠣᠭᠰᠣᠭᠠᠯ ᠤᠨ ᠴᠡᠭ ᠪᠠ ᠵᠠᠰᠠᠮᠠᠯ ᠵᠠᠮ ᠤᠨ ᠬᠤᠰᠢᠭᠤ ᠰᠠᠪᠠ ᠵᠠᠭᠠᠭ ᠲᠤ ᠣᠷᠣᠬᠤ | ᠬᠡᠰᠡᠭ ᠵᠡᠷᠭᠡ ᠭᠠᠵᠠᠷ ᠲᠤ ᠰᠠᠨᠠᠭᠤᠯᠤᠮᠵᠢ᠂ ᠰᠡᠷᠡᠮᠵᠢ ᠶᠢᠨ ᠫᠠᠶᠢᠰᠠ ᠶᠢ ᠢᠯᠡᠷᠬᠡᠢ ᠳᠣᠭᠢᠷᠠᠭᠤᠯᠵᠤ᠂ ᠬᠠᠯᠠᠭᠤᠷᠠᠵᠤ | ᠪᠠᠶᠢᠭ᠎ᠠ ᠡᠪᠡᠳᠴᠢᠲᠡᠨ ᠰᠠᠨᠠᠭᠠᠴᠢᠯᠠᠭ᠎ᠠ ᠠᠴᠠ ᠪᠠᠨ ᠪᠠᠶᠢᠴᠠᠭᠠᠯᠳᠠ ᠶᠢ ᠬᠦᠯᠢᠶᠡᠬᠦ ᠬᠡᠷᠡᠭᠲᠡᠶ︔ ᠮᠠᠰᠢᠨ ᠲᠡᠷᠭᠡ᠂ | ᠭᠠᠯᠲᠤ ᠲᠡᠷᠭᠡ ᠵᠡᠷᠭᠡ ᠵᠠᠮ ᠬᠠᠷᠢᠯᠴᠠᠭᠠᠨ ᠤ ᠪᠠᠭᠠᠵᠢ ᠳᠤ ᠰᠠᠯᠬᠢ ᠨᠡᠪᠲᠡᠷᠡᠬᠦᠯᠬᠦ᠂ ᠠᠷᠢᠭᠤᠳᠬᠠᠬᠤ ᠵᠡᠷᠭᠡ ᠴᠢᠬᠤᠯᠠ | ᠪᠦᠬᠦᠢ ᠠᠷᠭ᠎ᠠ ᠬᠡᠮᠵᠢᠶ᠎ᠡ ᠠᠪᠬᠤ ᠬᠡᠷᠡᠭᠲᠡᠶ᠃ ᠴᠠᠭᠠᠨ ᠰᠠᠷ᠎ᠠ ᠶᠢᠨ ᠲᠣᠮᠣ ᠬᠡᠯᠪᠡᠷᠢ ᠶᠢᠨ ᠣᠯᠠᠨ ᠨᠡᠶᠢᠲᠡ ᠶᠢᠨ | ᠴᠤᠭᠯᠠᠷᠠᠯ ᠤᠨ ᠴᠢᠨᠠᠷᠲᠠᠶ ᠠᠵᠢᠯᠯᠠᠭ᠎ᠠ ᠪᠣᠯᠤᠨ ᠡᠯ᠎ᠡ ᠲᠥᠷᠥᠯ ᠤᠨ ᠣᠯᠠᠨ ᠬᠦᠮᠦᠨ ᠠᠶᠠᠨᠳᠠᠭᠠᠨ ᠴᠤᠭᠯᠠᠷᠠᠭᠰᠠᠨ | ᠠᠵᠢᠯᠯᠠᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠠᠯᠳᠠᠪᠣᠷᠢᠯᠠᠬᠤ ᠲᠦᠭᠰᠢᠭᠦᠷᠢ ᠶᠢ ᠠᠯᠢ ᠴᠢᠳᠠᠬᠤ ᠪᠠᠷ | ᠪᠠᠭᠤᠷᠠᠭᠤᠯᠬᠤ ᠬᠡᠷᠡᠭᠲᠡᠶ᠃ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠢᠶᠠᠷ ᠦᠨᠳᠦᠰᠦᠨ ᠨᠢᠬᠡᠴᠢ ᠪᠣᠯᠭᠠᠨ᠂ | ᠳᠣᠣᠷᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠬᠠᠷᠢᠶᠠᠲᠤ ᠣᠷᠣᠨ ᠳᠠᠬᠢ ᠦᠬᠠᠨ ᠬᠤᠲᠠ ᠠᠴᠠ | ᠨᠤᠲᠤᠭ ᠲᠠᠭᠠᠨ ᠪᠤᠴᠠᠭᠰᠠᠳ᠂ ᠦᠬᠠᠨ ᠬᠤᠲᠠ ᠳᠤ ᠰᠤᠷᠤᠯᠴᠠᠵᠤ ᠪᠠᠶᠢᠭ᠎ᠠ ᠰᠣᠷᠣᠭᠴᠢᠳ ᠵᠡᠷᠭᠡ ᠬᠠᠮᠢᠶ᠎ᠠ ᠪᠦᠬᠦᠢ | ᠰᠠᠭᠤᠭᠠᠯᠢ ᠠᠷᠠᠳ ᠤᠨ ᠪᠠᠶᠢᠳᠠᠯ ᠢ ᠣᠶᠢᠯᠠᠭᠠᠨ ᠡᠷᠡᠭᠦᠯ ᠮᠡᠨᠳᠦ ᠶᠢᠨ ᠳᠠᠩᠰᠠᠯᠠᠯ ᠬᠢᠵᠦ᠂ ᠡᠷᠡᠭᠦᠯ ᠮᠡᠨᠳᠦ ᠶᠢᠨ | ᠪᠠᠶᠢᠳᠠᠯ ᠢ ᠨᠢ ᠴᠠᠭ ᠲᠤᠬᠠᠶ ᠳᠤᠨᠢ ᠮᠥᠷᠳᠡᠨ ᠪᠠᠶᠢᠴᠠᠭᠠᠵᠤ ᠬᠠᠯᠠᠭᠤᠷᠠᠵᠤ᠂ ᠬᠠᠨᠢᠶᠠᠵᠤ ᠪᠠᠶᠢᠬᠤ ᠵᠡᠷᠭᠡ ᠪᠠᠶᠢᠳᠠᠯ ᠢ | ᠣᠯᠵᠤ ᠮᠡᠳᠡᠪᠡᠯ ᠳᠠᠷᠤᠶ ᠲᠦᠷᠭᠡᠨ ᠬᠤᠰᠢᠭᠤᠨ ᠤ ᠡᠪᠡᠳᠴᠢᠨ ᠡᠮᠭᠡᠭ ᠢ ᠰᠠᠷᠬᠡᠶᠢᠯᠡᠨ ᠡᠵᠡᠮᠳᠡᠬᠦ ᠰᠠᠯᠠᠭ᠎ᠠ | ᠮᠥᠴᠢᠷ ᠲᠤ ᠮᠡᠳᠡᠭᠦᠯᠬᠦ ᠬᠡᠷᠡᠭᠲᠡᠶ᠃ | ︵ᠭᠤᠷᠪᠠ︶ ᠬᠢᠵᠢᠭ ᠤᠨ ᠪᠠᠶᠢᠳᠠᠯ ᠢ ᠬᠢᠨᠠᠨ ᠪᠠᠶᠢᠴᠠᠭᠠᠬᠤ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠶ᠃ | ᠡᠯ᠎ᠡ ᠱᠠᠲᠤᠨ ᠤ ᠡᠮ ᠡᠮᠨᠡᠯᠬᠡ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠤᠨ ᠬᠢᠨ ᠣᠨᠣᠰᠢᠯᠠᠬᠤ | ᠪᠠ ᠮᠡᠳᠡᠭᠦᠯᠬᠦ ᠦᠵᠡᠯ ᠤᠬᠠᠮᠰᠠᠷ ᠢᠶᠠᠨ ᠳᠡᠭᠡᠭᠰᠢᠯᠡᠭᠦᠯᠵᠦ ᠬᠠᠯᠳᠠᠪᠤᠷᠢᠲᠤ ᠲᠠᠭᠰᠢᠭᠤᠷ ᠪᠠ ᠲᠣᠳᠣᠷᠬᠠᠶ ᠪᠤᠰᠤ | ᠰᠢᠯᠲᠠᠭᠠᠨ ᠠᠴᠠ ᠪᠣᠯᠤᠭᠰᠠᠨ ᠠᠭᠤᠰᠬᠢᠨ ᠦᠷᠪᠢᠰᠦᠯ ᠤᠨ ᠬᠢᠨᠠᠯᠳᠠ ᠪᠠ ᠵᠠᠳᠠᠯᠣᠯᠳᠠ ᠪᠠᠨ ᠴᠢᠩᠭᠠᠳᠬᠠᠵᠤ᠂ | ᠤᠯᠤᠰ ᠤᠨ ᠡᠷᠡᠭᠦᠯ ᠬᠠᠮᠠᠭᠠᠯᠠᠯ ᠡᠷᠡᠬᠦᠯ ᠮᠡᠨᠳᠦ ᠶᠢᠨ ᠵᠥᠪᠯᠡᠯ ᠤᠨ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ | ᠠᠴᠠ ᠬᠠᠯᠳᠠᠪᠣᠷᠢᠯᠭᠰᠠᠨ ᠠᠭᠤᠰᠬᠢᠨ ᠦᠷᠪᠢᠰᠦᠯ ᠢ ᠬᠢᠨᠠᠨ ᠪᠠᠶᠢᠴᠠᠭᠠᠬᠤ ᠲᠥᠰᠦᠯ︾ ᠢ ᠴᠢᠩᠭ᠎ᠠ ᠵᠢᠷᠤᠮᠯᠠᠨ ᠬᠢᠨᠠᠨ | ᠪᠠᠶᠢᠴᠠᠭᠠᠬᠤ᠂ ᠢᠯᠡᠷᠡᠭᠦᠯᠬᠦ᠂ ᠮᠡᠳᠡᠭᠦᠯᠬᠦ ᠪᠠ ᠵᠠᠳᠠᠯᠬᠤ ᠠᠵᠢᠯ ᠢ ᠬᠢᠨᠠᠮᠠᠭᠠᠶ ᠥᠷᠨᠢᠭᠦᠯᠬᠦ ᠬᠡᠷᠡᠭᠲᠡᠶ᠃ ᠢᠯᠠᠩᠭᠤᠶ᠎ᠠ | ᠬᠠᠮᠳᠣ ᠶᠢᠨ ᠴᠢᠨᠠᠷᠲᠠᠶ᠂ ᠴᠤᠭᠯᠠᠷᠠᠯ ᠤᠨ ᠴᠢᠨᠠᠷᠲᠠᠶ ᠲᠣᠳᠣᠷᠬᠠᠶ ᠦᠭᠡᠢ ᠰᠢᠯᠲᠠᠭᠠᠨ ᠲᠠᠢ ᠠᠭᠤᠰᠬᠢᠨ ᠦᠷᠪᠢᠰᠦᠯ | ᠵᠢᠴᠢ ᠪᠠᠺᠲ᠋ᠧᠷᠢ ᠡᠰᠡᠷᠭᠦᠴᠡᠬᠦ ᠡᠮ ᠤᠨ ᠵᠠᠰᠠᠯᠭ᠎ᠠ ᠬᠦᠴᠦᠨ ᠦᠭᠡᠢ ᠪᠣᠯᠣᠭᠰᠠᠨ ᠵᠡᠷᠭᠡ ᠡᠪᠡᠳᠴᠢᠲᠡᠨ ᠤ | ᠮᠡᠳᠡᠭᠦᠯᠦᠯᠲᠡ ᠶᠢ ᠭᠤᠤᠯᠳᠠᠯᠭ᠎ᠠ ᠲᠠᠢ ᠴᠢᠩᠭᠠᠳᠬᠠᠬᠤ ᠬᠡᠷᠡᠭᠲᠡᠶ᠃ ᠣᠶᠢᠷᠠᠳᠣᠵᠣ ᠬᠦᠷᠦᠯᠴᠡᠭᠰᠡᠳ ᠢ ᠮᠥᠷᠳᠡᠬᠦ ᠪᠠ | ᠬᠠᠮᠢᠶᠠᠷᠬᠤ ᠠᠵᠢᠯ ᠢ ᠰᠠᠶᠢᠲᠤᠷ ᠬᠢᠵᠦ᠂ ᠡᠪᠡᠳᠴᠢᠨ ᠤ ᠰᠡᠵᠢᠭ ᠲᠠᠢ ᠪᠠ ᠣᠨᠣᠰᠢᠯᠠᠭᠰᠠᠨ ᠡᠪᠡᠳᠴᠢᠳᠠᠨ ᠲᠠᠢ | ᠣᠶᠢᠷᠠᠳᠣᠵᠣ ᠬᠦᠷᠦᠯᠴᠡᠭᠰᠡᠳ ᠢ ᠲᠤᠰᠠᠭᠠᠷᠯᠠᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠡᠪ ᠶᠠᠩᠵᠤ | ᠴᠤᠭᠯᠠᠭᠤᠯᠤᠨ ᠲᠤᠷᠰᠢᠯᠲᠠ ᠶᠢᠨ ᠲᠠᠰᠤᠭ ᠲᠤ ᠪᠠᠶᠢᠴᠠᠭᠠᠨ ᠰᠢᠯᠭᠠᠬᠤ ᠪᠠ ᠵᠢᠭᠰᠠᠭᠠᠨ ᠪᠠᠶᠢᠴᠠᠭᠠᠵᠦ᠂ ᠬᠡᠪ ᠤᠨ | ᠪᠤᠰᠤ ᠢᠯᠡᠷᠡᠯ ᠭᠠᠷᠤᠭᠰᠠᠳ ᠢ ᠳᠣᠭᠳᠠᠭᠰᠠᠨ ᠴᠡᠭ ᠤᠨ ᠡᠮᠨᠡᠯᠭᠡ ᠶᠢᠨ ᠬᠤᠷᠢᠶ᠎ᠠ ︵ᠬᠤᠰᠢᠭᠤᠨ ᠤ ᠠᠷᠠᠳ ᠤᠨ | ᠡᠮᠨᠡᠯᠭᠡ ᠶᠢᠨ ᠬᠤᠷᠢᠶ᠎ᠠ︶ ᠳᠤ ᠰᠢᠯᠵᠢᠬᠦᠯᠥᠨ ᠣᠨᠣᠰᠢᠯᠠᠵᠤ ᠡᠮᠴᠢᠯᠡᠨ᠎ᠠ︔ ᠠᠨᠠᠭᠠᠬᠤ ᠤᠬᠠᠭᠠᠨ ᠤ ᠠᠵᠢᠭᠯᠠᠯᠲᠠ ᠶᠢᠨ | ᠬᠤᠭᠤᠴᠠᠭ᠎ᠠ ᠳᠠᠬᠦᠰᠦᠭᠰᠡᠨ ᠦᠶ᠎ᠡ ᠳᠤ ᠬᠡᠷᠪᠡ ᠬᠡᠪ ᠤᠨ ᠪᠤᠰᠤ ᠢᠯᠡᠷᠡᠯ ᠭᠠᠷᠣᠭᠰᠠᠨ ᠦᠭᠡᠢ ᠪᠣᠯ ᠠᠨᠠᠭᠠᠬᠤ | ᠤᠬᠠᠭᠠᠨ ᠤ ᠠᠵᠢᠭᠯᠠᠯᠲᠠ ᠶᠢ ᠬᠦᠴᠦᠨ ᠦᠭᠡᠢ ᠪᠣᠯᠭᠠᠨ᠎ᠠ᠃ ᠲᠤᠷᠰᠢᠯᠲᠠ ᠶᠢᠨ ᠲᠠᠰᠤᠭ ᠤᠨ ᠰᠠᠷᠬᠡᠶᠢᠯᠡᠯᠳᠡ ᠶᠢ | ᠴᠢᠩᠭᠠᠳᠬᠠᠵᠤ᠂ ᠳᠣᠷᠰᠢᠯᠳᠠ ᠶᠢᠨ ᠲᠠᠰᠤᠭ ᠤᠨ ᠠᠮᠤᠷ ᠲᠦᠪᠰᠢᠨ ᠤ ᠲᠣᠭᠲᠠᠭᠠᠯ ᠶᠣᠰᠣᠭᠠᠷ ᠡᠯ᠎ᠡ ᠵᠣᠶᠢᠯ ᠤᠨ | ᠪᠠᠶᠢᠴᠠᠭᠠᠬᠤ ᠠᠵᠢᠯ ᠢ ᠥᠷᠨᠢᠭᠦᠯᠦᠨ᠎ᠡ᠃ | ︵ᠲᠦᠷᠪᠠ︶ ᠡᠮᠴᠢᠯᠡᠨ ᠵᠠᠰᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠥᠷᠨᠢᠭᠦᠯᠬᠦ ᠬᠡᠷᠡᠭᠲᠡᠶ᠃ ᠰᠢᠨ᠎ᠡ | ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠭᠰᠠᠨ ᠠᠭᠤᠰᠬᠢᠨ ᠦᠷᠪᠢᠰᠦᠯ ᠢ ᠡᠮᠨᠡᠨ ᠵᠠᠰᠠᠬᠤ ᠳᠣᠰᠬᠠᠢ | ᠮᠡᠷᠭᠡᠵᠢᠯᠲᠡᠨ ᠤ ᠳᠤᠭᠤᠶᠢᠯᠠᠩ ᠢ ᠪᠠᠶᠢᠭᠤᠯᠵᠤ᠂ ᠰᠡᠷᠭᠡᠶᠢᠯᠡᠨ ᠡᠵᠡᠮᠳᠡᠬᠦ ᠠᠵᠢᠯ ᠳᠤ ᠮᠡᠷᠭᠡᠵᠢᠯ ᠤᠨ ᠵᠢᠯᠣᠭᠤᠳᠣᠯᠭ᠎ᠠ | ᠬᠠᠩᠭᠠᠨ᠎ᠠ᠃ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠤᠳ ︽ᠰᠢᠨ᠎ᠡ ᠬᠡᠯᠪᠡᠷᠢ ᠶᠢᠨ | ᠲᠢᠲᠢᠮᠯᠢᠭ ᠸᠢᠷᠦ᠋ᠰ ᠠᠴᠠ ᠬᠠᠯᠳᠠᠪᠣᠷᠢᠯᠭᠰᠠᠨ ᠠᠭᠤᠰᠬᠢᠨ ᠦᠷᠪᠢᠰᠦᠯ ᠢ ᠣᠨᠣᠰᠢᠯᠠᠨ ᠡᠮᠴᠢᠯᠡᠬᠦ ᠲᠥᠰᠦᠯ︾ ᠤᠨ | ᠶᠣᠰᠣᠭᠠᠷ ᠡᠪᠡᠳᠴᠢᠨ ᠢ ᠣᠨᠣᠰᠢᠯᠠᠬᠤ ᠠᠵᠢᠯ ᠢ ᠰᠠᠶᠢᠲᠤᠷ ᠬᠢᠵᠦ᠂ ᠠᠩᠬᠠᠳᠠᠭᠴᠢ ᠰᠢᠨ᠎ᠡ ᠬᠡᠯᠪᠡᠷᠢ ᠶᠢᠨ ᠲᠢᠲᠢᠮᠯᠢᠭ | ᠸᠢᠷᠦ᠋ᠰ ᠠᠴᠠ ᠬᠠᠯᠳᠠᠪᠣᠷᠢᠯᠭᠰᠠᠨ ᠠᠭᠤᠰᠬᠢᠨ ᠦᠷᠪᠢᠰᠦᠯ ᠢ ᠮᠠᠭᠠᠳᠯᠠᠨ ᠲᠣᠭᠲᠠᠭᠠᠬᠤ ᠳᠤ ᠤᠯᠤᠰ ᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠲᠣᠭᠲᠠᠭᠠᠭᠰᠠᠨ ᠠᠩᠬᠠᠳᠠᠭᠴᠢ ᠡᠪᠡᠳᠴᠢᠨ ᠢ ᠪᠠᠶᠢᠴᠠᠭᠠᠨ ᠨᠤᠲᠠᠯᠠᠬᠤ | ᠳᠡᠰ ᠳᠠᠷᠠᠭᠠᠯᠠᠯ ᠶᠣᠰᠣᠭᠠᠷ ᠬᠡᠷᠡᠭᠵᠢᠭᠦᠯᠬᠦ ᠬᠡᠷᠡᠭᠲᠡᠶ᠃ ᠡᠪᠡᠳᠴᠢᠨ ᠢ ᠣᠨᠣᠰᠢᠯᠠᠮᠠᠭᠴᠠ ᠲᠤᠬᠠᠶ ᠶᠢᠨ ᠭᠠᠵᠠᠷ ᠲᠤᠨᠢ | ᠲᠤᠰᠠᠭᠠᠷᠯᠠᠵᠤ ᠡᠮᠴᠢᠯᠡᠨ ᠵᠠᠰᠠᠬᠤ ᠬᠡᠷᠡᠭᠲᠡᠶ᠂ ᠵᠥᠪᠰᠢᠶᠡᠷᠡᠯ ᠦᠭᠡᠢ ᠪᠠᠷ ᠰᠢᠯᠵᠢᠭᠦᠯᠦᠨ ᠡᠮᠴᠢᠯᠡᠬᠦᠯᠵᠣ ᠪᠣᠯᠬᠤ ᠦᠭᠡᠢ | ᠃ ᠬᠦᠨᠳᠦ ᠡᠪᠡᠳᠴᠢᠲᠡᠨ ᠢ ᠪᠣᠯ ︽ᠡᠪᠡᠳᠴᠢᠲᠡᠨ ᠢ ᠲᠥᠪᠯᠡᠷᠡᠭᠦᠯᠬᠦ᠂ ᠲᠤᠰᠬᠠᠶ ᠮᠡᠷᠭᠡᠵᠢᠯᠲᠡᠨ ᠢ ᠲᠦᠪᠯᠡᠷᠡᠭᠦᠯᠬᠦ᠂ | ᠡᠬᠢ ᠪᠠᠶᠠᠯᠢᠭ ᠢ ᠲᠥᠪᠯᠡᠷᠡᠭᠦᠯᠬᠦ᠂ ᠲᠥᠪᠯᠡᠷᠡᠭᠦᠯᠦᠨ ᠡᠮᠴᠢᠯᠡᠨ ᠵᠠᠰᠠᠬᠤ︾ ᠵᠠᠷᠴᠢᠮ ᠤᠨ ᠶᠣᠰᠣᠭᠠᠷ ᠲᠥᠪᠯᠡᠷᠡᠭᠦᠯᠦᠨ | ᠡᠮᠴᠢᠯᠡᠨ ᠵᠠᠰᠠᠬᠤ ᠬᠡᠷᠡᠭᠲᠡᠶ᠃ | ︵ᠲᠠᠪᠤ︶ ᠡᠮᠴᠢᠯᠡᠬᠡᠨ ᠤ ᠠᠵᠢᠯᠲᠠᠨ ᠤ ᠪᠣᠯᠪᠠᠰᠤᠷᠠᠭᠤᠯᠤᠯ ᠪᠠ ᠬᠠᠮᠠᠭᠠᠯᠠᠯᠲᠠ ᠶᠢ ᠴᠢᠩᠭᠠᠷᠠᠭᠤᠯᠬᠤ ᠬᠡᠷᠡᠭᠲᠡᠶ | ᠃ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠲᠥᠪ ᠨᠰᠢᠨᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠭᠰᠠᠨ ᠠᠭᠤᠰᠬᠢᠨ ᠦᠷᠪᠢᠰᠦᠯ ᠲᠠᠢ | ᠡᠪᠡᠳᠴᠢᠳᠠᠨ ᠢ ᠢᠯᠡᠷᠡᠭᠦᠯᠬᠦ ᠪᠠ ᠮᠡᠳᠡᠭᠦᠯᠬᠦ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ᠂ ᠬᠡᠪ ᠵᠠᠭᠪᠤᠷ | ᠴᠤᠭᠯᠠᠭᠤᠯᠬᠤ᠂ ᠲᠤᠷᠰᠢᠯᠲᠠ ᠶᠢᠨ ᠲᠠᠰᠤᠭ ᠲᠤ ᠪᠠᠶᠢᠴᠠᠭᠠᠨ ᠰᠢᠯᠭᠠᠬᠤ᠂ ᠡᠮᠴᠢᠯᠡᠨ ᠵᠠᠰᠠᠬᠤ᠂ ᠡᠮᠨᠡᠯᠭᠡ ᠶᠢᠨ | ᠬᠤᠷᠢᠶᠠᠨ ᠳᠠᠬᠢ ᠬᠠᠯᠳᠠᠪᠣᠷᠢᠯᠡᠯ ᠢ ᠰᠡᠷᠭᠡᠶᠢᠯᠡᠨ ᠡᠵᠡᠮᠳᠡᠬᠦ᠂ ᠬᠤᠪᠢ ᠬᠥᠮᠦᠨ ᠤ ᠰᠡᠷᠭᠡᠶᠢᠯᠡᠯᠳᠠ ᠵᠡᠷᠭᠡ ᠠᠭᠤᠯᠭ᠎ᠠ ᠳᠤ | ᠴᠢᠭᠯᠡᠭᠦᠯᠦᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠲᠤᠰᠬᠠᠶ ᠮᠡᠷᠭᠡᠵᠢᠯ ᠤᠨ ᠠᠵᠢᠯᠲᠠᠨ ᠤ | ᠪᠣᠯᠪᠠᠰᠤᠷᠠᠭᠤᠯᠤᠯ ᠢ ᠴᠢᠩᠭᠠᠳᠬᠠᠵᠤ᠂ ᠪᠠᠴᠢᠮ ᠪᠠᠶᠢᠳᠠᠯ ᠢ ᠰᠢᠢᠳᠪᠣᠷᠢᠯᠡᠬᠦ ᠰᠣᠷᠢᠯᠳᠠ ᠶᠢ ᠵᠣᠬᠢᠶᠠᠨ ᠪᠠᠶᠢᠭᠤᠯᠵᠤ᠂ | ᠰᠡᠷᠭᠡᠶᠢᠯᠡᠨ ᠡᠵᠡᠮᠳᠡᠬᠦ ᠪᠠ ᠣᠨᠣᠰᠢᠯᠠᠨ ᠡᠮᠴᠢᠯᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠶ᠃ | ᠡᠮᠨᠡᠯᠭᠡ ᠶᠢᠨ ᠬᠤᠷᠢᠶᠠᠨ ᠳᠠᠬᠢ ᠬᠠᠯᠳᠠᠪᠣᠷᠢᠯᠠᠯ ᠢ ᠡᠵᠡᠮᠳᠡᠬᠦ ᠬᠠᠮᠢᠶᠠᠷᠤᠯᠲᠠ ᠶᠢ ᠴᠢᠩᠭᠠᠳᠬᠠᠵᠤ᠂ ᠡᠮᠨᠡᠯᠭᠡ ᠶᠢᠨ | ᠬᠤᠷᠢᠶᠠᠨ ᠤ ᠠᠵᠢᠯᠲᠠᠳ ᠢ ᠵᠢᠯᠣᠭᠤᠳᠤᠨ ᠬᠢᠵᠢᠭ ᠢ ᠰᠠᠷᠬᠡᠶᠢᠯᠡᠨ ᠡᠵᠡᠮᠳᠡᠬᠦ ᠵᠠᠷᠴᠢᠮ ᠢ ᠴᠢᠩᠭ᠎ᠠ ᠵᠢᠷᠣᠮᠯᠠᠵᠣ᠂ | ᠡᠮᠴᠢᠯᠡᠭᠡᠨ ᠤ ᠠᠵᠢᠯᠯᠠᠭ᠎ᠠ ᠠᠴᠠ ᠪᠣᠯᠵᠣ ᠬᠠᠯᠳᠠᠪᠣᠷᠢᠯᠠᠵᠣ ᠮᠡᠳᠡᠬᠦ ᠲᠦᠭᠰᠢᠭᠦᠷᠢ ᠶᠢ ᠦᠨᠳᠦᠰᠦᠯᠡᠨ ᠬᠤᠪᠢ | ᠬᠥᠮᠦᠨ ᠤ ᠰᠠᠷᠬᠡᠶᠢᠯᠡᠯᠳᠡ᠂ ᠭᠠᠷ ᠤᠨ ᠠᠷᠢᠭᠤᠨ ᠴᠡᠪᠡᠷ᠂ ᠡᠪᠡᠳᠴᠢᠲᠡᠨ ᠤ ᠲᠠᠰᠤᠭ ᠤᠨ ᠬᠠᠮᠢᠶᠠᠷᠣᠯᠳᠠ᠂ ᠣᠷᠴᠢᠨ | ᠲᠣᠭᠤᠷᠢᠨ ᠢ ᠠᠷᠢᠭᠤᠳᠬᠠᠬᠤ ᠪᠠ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠵᠡᠷᠭᠡ ᠡᠮᠨᠡᠯᠭᠡ ᠶᠢᠨ ᠬᠤᠷᠢᠶᠠᠨ ᠤ | ᠬᠠᠯᠳᠠᠪᠤᠷᠢᠯᠠᠯ ᠢ ᠡᠵᠡᠮᠳᠡᠬᠦ ᠠᠵᠢᠯ ᠢ ᠰᠠᠶᠢᠲᠤᠷ ᠬᠢᠵᠦ᠂ ᠡᠮᠴᠢ ᠰᠤᠪᠢᠯᠠᠭᠴᠢᠳ ᠬᠠᠯᠳᠠᠪᠣᠷᠢᠯᠠᠬᠤ ᠶᠢ ᠴᠢᠩᠭ᠎ᠠ | ᠰᠡᠷᠭᠡᠶᠢᠯᠡᠬᠦ ᠬᠡᠷᠡᠭᠲᠡᠶ᠃ ᠦᠨᠳᠦᠰᠦᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠠᠵᠢᠯᠳᠠᠨ ᠤᠨ ᠲᠤᠬᠠᠶᠢᠯᠠᠭᠰᠠᠨ | ᠠᠵᠢᠯ ᠤᠨ ᠪᠣᠯᠪᠠᠰᠣᠷᠠᠯ ᠢ ᠨᠡᠶᠢᠳᠠᠮᠵᠢᠬᠦᠯᠬᠦ ᠶᠢ ᠴᠢᠩᠭᠠᠳᠬᠠᠨ ᠪᠠᠶᠢᠴᠠᠭᠠᠬᠤ ᠴᠡᠭ ᠢ ᠨᠡᠶᠢᠳᠠᠮᠵᠢᠬᠦᠯᠵᠣ᠂ | ᠰᠠᠷᠬᠡᠶᠢᠯᠡᠯᠳᠡ ᠶᠢᠨ ᠮᠡᠳᠡᠯᠭᠡ ᠶᠢᠨ ᠤᠬᠠᠭᠤᠯᠭ᠎ᠠ ᠶᠢ ᠴᠢᠩᠭᠠᠳᠬᠠᠨ᠂ ᠰᠡᠷᠭᠡᠶᠢᠯᠡᠬᠦ ᠦᠵᠡᠯ ᠤᠬᠠᠮᠰᠠᠷ ᠢ | ᠳᠡᠭᠡᠭᠰᠢᠯᠡᠬᠦᠯᠵᠣ᠂ ᠬᠢᠵᠢᠭ ᠡᠪᠡᠳᠴᠢᠨ ᠢ ᠮᠠᠯᠵᠢᠬᠤ ᠲᠠᠷᠢᠶᠠᠯᠠᠬᠤ ᠣᠷᠣᠨ ᠲᠡᠰᠢ ᠳᠡᠯᠭᠡᠷᠡᠬᠦ ᠶᠢ ᠴᠢᠩᠭ᠎ᠠ ᠰᠠᠷᠬᠡᠶᠢᠯᠡᠬᠦ | ᠬᠡᠷᠡᠭᠲᠡᠢ᠃ | ︵ᠵᠢᠷᠭᠤᠭ᠎ᠠ︶ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭᠠᠨ ᠢ ᠭᠦᠨᠵᠡᠭᠡᠶ ᠥᠷᠨᠢᠭᠦᠯᠬᠦ | ᠬᠡᠷᠡᠭᠲᠡᠶ᠃ ᠣᠳᠣᠬᠠᠨ ᠳᠤ ᠶᠠᠭ ᠬᠡᠷᠡᠭᠵᠢᠭᠦᠯᠵᠦ ᠪᠠᠶᠢᠭ᠎ᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ | ᠪᠦᠳᠦᠬᠡᠨ ᠪᠠᠶᠢᠭᠤᠯᠣᠯᠳᠠ ᠶᠢᠨ ᠭᠤᠤᠯᠳᠠᠯᠭ᠎ᠠ ᠲᠠᠢ ᠣᠷᠣᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ︽ | ᠵᠠᠭᠤᠨ ᠡᠳᠦᠷ ᠤᠨ ᠪᠣᠭᠤᠮᠳᠠ ᠰᠢᠪᠲᠤᠯᠬᠤ ᠲᠤᠰᠬᠠᠶ ᠠᠵᠢᠯᠯᠠᠭ᠎ᠠ︾ ᠲᠠᠢ ᠨᠢᠭᠲᠠ ᠤᠶᠠᠯᠳᠤᠭᠤᠯᠵᠤ᠂ ᠪᠥᠬᠦ | ᠬᠤᠰᠢᠭᠤᠨ ᠤ ᠬᠡᠪᠴᠢᠶᠡᠨ ᠳᠤ ᠡᠪᠦᠯ ᠬᠠᠪᠤᠷ ᠤᠨ ᠣᠯᠠᠷᠢᠯ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠠᠵᠢᠯᠯᠠᠭᠠᠨ ᠪᠠ ᠬᠠᠷᠢᠶᠠᠲᠤ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠤᠰᠬᠠᠶ ᠵᠠᠰᠠᠯᠲᠠ ᠶᠢ | ᠲᠥᠪᠯᠡᠷᠡᠭᠦᠯᠦᠨ ᠥᠷᠨᠢᠭᠦᠯᠵᠦ᠂ ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠳᠠᠳᠬᠠᠯ ᠪᠠ ᠠᠮᠢᠳᠤᠷᠠᠯ ᠤᠨ ᠠᠷᠭ᠎ᠠ | ᠮᠠᠶ᠋ᠢᠭ ᠢ ᠰᠠᠨᠠᠭᠠᠴᠢᠯᠠᠬᠤ ᠬᠡᠷᠡᠭᠲᠡᠶ᠃ ᠲᠡᠷᠭᠡᠨ ᠥᠷᠲᠡᠭᠡ ᠵᠡᠷᠭᠡ ᠣᠯᠠᠨ ᠬᠦᠮᠦᠨ ᠬᠤᠷᠠᠵᠤ ᠴᠤᠭᠯᠠᠷᠠᠬᠤ ᠣᠯᠠᠨ | ᠨᠡᠶᠢᠲᠡ ᠶᠢᠨ ᠭᠠᠵᠠᠷ ᠲᠠᠯᠠᠪᠤᠷ᠂ ᠢᠯᠠᠩᠭᠤᠶ᠎ᠠ ᠡᠪᠦᠯ ᠤᠨ ᠤᠯᠠᠷᠢᠯ ᠤᠨ ᠲᠠᠷᠢᠶᠠᠯᠠᠩ ᠤᠨ ᠠᠷᠠᠯᠵᠢᠶᠠᠨ ᠤ ᠵᠠᠬ᠎ᠠ | ᠳᠡᠯᠬᠡᠬᠦᠷ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠭᠤᠤᠯᠳᠠᠯᠭ᠎ᠠ ᠲᠠᠢ ᠴᠢᠩᠭᠠᠳᠬᠠᠵᠤ᠂ ᠡᠪᠡᠳᠴᠢᠨ | ᠡᠮᠭᠡᠭ ᠳᠡᠯᠭᠡᠷᠡᠬᠦ ᠶᠢ ᠰᠡᠷᠭᠡᠶᠢᠯᠡᠨ ᠬᠤᠷᠢᠭᠯᠠᠬᠤ ᠬᠡᠷᠡᠭᠲᠡᠶ᠃ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ | ᠬᠠᠯᠳᠠᠪᠣᠷᠢᠯᠭᠰᠠᠨ ᠠᠭᠤᠰᠬᠢᠨ ᠦᠷᠪᠢᠰᠦᠯ ᠢ ᠰᠡᠷᠭᠡᠶᠢᠯᠡᠬᠦ ᠬᠤᠭᠤᠴᠠᠭᠠᠨ ᠳᠤ ᠣᠯᠠᠨ ᠲᠥᠮᠡᠨ ᠢ ᠢᠳᠡᠪᠬᠢᠲᠡᠶ ᠪᠠᠷ | ᠬᠥᠲᠥᠯᠥᠨ ᠵᠢᠯᠣᠭᠤᠳᠴᠤ ᠪᠠᠶᠢᠭᠠᠳ ᠴᠢᠬᠤᠯᠠ ᠪᠣᠰᠣ ᠰᠢᠯᠳᠠᠭᠠᠨ ᠠᠴᠠ ᠪᠣᠯᠵᠣ ᠭᠠᠳᠠᠭᠰᠢ ᠭᠠᠷᠬᠤ ᠶᠢ | ᠪᠠᠭᠠᠰᠬᠠᠵᠣ᠂ ᠬᠥᠮᠦᠨ ᠣᠯᠠᠨ ᠴᠤᠭᠯᠠᠷᠠᠬᠤ ᠲᠠᠯᠠᠪᠤᠷ ᠠᠴᠠ ᠬᠤᠯᠠ ᠪᠠᠶᠢᠯᠭᠠᠵᠤ᠂ ᠬᠤᠪᠢ ᠬᠥᠮᠦᠨ ᠤ ᠡᠷᠡᠭᠦᠯ | ᠬᠠᠮᠠᠭᠠᠯᠠᠯ ᠤᠨ ᠦᠵᠡᠯ ᠤᠬᠠᠮᠰᠠᠷ ᠪᠠ ᠪᠡᠶ᠎ᠡ ᠲᠠᠮᠢᠷ ᠤᠨ ᠪᠣᠯᠪᠠᠰᠤᠷᠠᠯ ᠢ ᠴᠢᠩᠭᠠᠳᠬᠠᠨ᠂ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠢ ᠤᠬᠠᠮᠰᠠᠷ ᠠᠴᠠ ᠪᠠᠨ ᠬᠠᠮᠠᠭᠠᠯᠠᠵᠤ᠂ ᠬᠢᠵᠢᠭ ᠳᠡᠯᠬᠡᠷᠡᠬᠦ ᠠᠴᠠ ᠰᠡᠷᠭᠡᠶᠢᠯᠡᠬᠦ ᠠᠷᠭ᠎ᠠ ᠬᠡᠮᠵᠢᠶ᠎ᠡ ᠶᠢ | ᠣᠬᠠᠮᠰᠠᠷ ᠠᠴᠠ ᠪᠠᠨ ᠨᠠᠶᠢᠳᠠᠪᠤᠷᠢᠵᠢᠭᠤᠯᠬᠤ ᠬᠡᠷᠡᠭᠲᠡᠶ᠃ | ︵ᠳᠣᠯᠤᠭ᠎ᠠ︶ ᠤᠬᠠᠭᠤᠯᠭ᠎ᠠ ᠬᠥᠮᠦᠵᠢᠯ ᠪᠠ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠣᠭᠤᠳᠬᠤ ᠶᠢ | ᠴᠢᠩᠭᠠᠳᠬᠠᠬᠤ ᠬᠡᠷᠡᠭᠲᠡᠶ᠃ ᠤᠬᠠᠭᠤᠯᠭ᠎ᠠ ᠪᠠ ᠢᠨᠲ᠋ᠧᠷ ᠰᠦᠯᠵᠢᠶ᠎ᠡ ᠶᠢᠨ ᠮᠡᠳᠡᠭᠡ ᠵᠠᠩᠭᠢ ᠶᠢᠨ ᠰᠠᠯᠠᠭ᠎ᠠ ᠮᠥᠴᠢᠷ ᠤᠨ | ᠬᠢᠨ ᠶᠠᠷᠢᠶ᠎ᠠ ᠬᠡᠯᠡᠯᠴᠡᠭᠡᠨ ᠤ ᠬᠠᠮᠢᠶᠠᠷᠤᠨ ᠡᠵᠡᠮᠳᠡᠬᠦ ᠬᠠᠮᠢᠶ᠎ᠠ ᠪᠦᠬᠦᠢ ᠠᠵᠢᠯ ᠢ ᠦᠨᠡᠨᠬᠦ ᠰᠠᠶᠢᠲᠤᠷ ᠬᠢᠵᠦ ᠤᠯᠤᠰ᠂ | ᠥᠪᠡᠷᠲᠡᠭᠡᠨ ᠵᠠᠰᠠᠬᠤ ᠣᠷᠣᠨ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠠᠬᠢᠴᠠ ᠶᠢᠨ ᠪᠠᠶᠢᠳᠠᠯ ᠢ | ᠴᠠᠭ ᠲᠤᠬᠠᠶ ᠳᠤᠨᠢ ᠤᠯᠠᠮᠵᠢᠯᠠᠨ ᠲᠠᠷᠬᠠᠭᠠᠵᠤ᠂ ᠴᠤᠤᠷᠬᠠᠯ ᠲᠠᠯᠪᠢᠨ ᠴᠤᠤᠷᠬᠠᠯ ᠲᠠᠷᠬᠠᠭᠠᠬᠤ ᠦᠢᠯᠡ ᠠᠵᠢᠯᠯᠠᠭ᠎ᠠ ᠳᠤ | ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠡᠷᠡᠰ | ᠬᠠᠮᠠᠭᠠᠯᠠᠬᠤ ᠬᠡᠷᠡᠭᠲᠡᠶ᠃ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠢᠨ ᠤᠬᠠᠭᠤᠯᠬᠤ | ᠰᠠᠯᠠᠭ᠎ᠠ ᠮᠥᠴᠢᠷ ᠲᠠᠢ ᠬᠤᠯᠪᠣᠭᠠᠯᠠᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠮᠢᠶ᠎ᠠ ᠪᠥᠬᠦᠶ ᠤᠷᠢᠳᠴᠢᠯᠠᠨ | ᠰᠡᠷᠭᠡᠶᠢᠯᠡᠬᠦ ᠮᠡᠳᠡᠯᠬᠡ ᠶᠢᠨ ᠤᠬᠠᠭᠤᠯᠭ᠎ᠠ ᠶᠢᠨ ᠡᠷᠴᠢᠮ ᠢ ᠦᠨᠡᠨᠬᠦ ᠴᠢᠩᠭᠠᠷᠠᠭᠤᠯᠵᠤ᠂ ᠬᠢᠵᠢᠭ ᠡᠪᠡᠳᠴᠢᠨ ᠢ | ᠤᠷᠢᠳᠴᠢᠯᠠᠨ ᠰᠡᠷᠬᠡᠶᠢᠯᠡᠬᠦ ᠠᠷᠭ᠎ᠠ ᠬᠡᠮᠵᠢᠶ᠎ᠡ ᠵᠡᠷᠭᠡ ᠰᠠᠭᠤᠷᠢ ᠮᠡᠳᠡᠯᠭᠡ ᠶᠢ ᠭᠦᠨᠵᠡᠭᠡᠶ ᠲᠠᠶᠢᠯᠪᠤᠷᠢᠯᠠᠵᠤ᠂ ᠸᠢᠴᠠᠲ ᠤᠨ | ᠣᠯᠠᠨ ᠨᠡᠶᠢᠲᠡ ᠶᠢᠨ ᠳᠠᠪᠴᠡᠩ᠂ ᠲᠧᠯᠸᠢᠰ᠂ ᠰᠣᠨᠢᠨ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠢᠶᠠᠷ | ᠳᠠᠮᠵᠢᠭᠤᠯᠣᠨ ᠰᠢᠨᠵᠢᠯᠡᠬᠦ ᠤᠬᠠᠭᠠᠨᠴᠢ ᠪᠠᠷ ᠰᠡᠷᠬᠡᠶᠢᠯᠡᠬᠦ ᠮᠡᠳᠡᠯᠭᠡ ᠶᠢ ᠤᠬᠠᠭᠤᠯᠵᠤ᠂ ᠣᠯᠠᠨ ᠲᠦᠮᠡᠨ ᠤ ᠰᠡᠷᠭᠡᠶᠢᠯᠡᠬᠦ | ᠦᠵᠡᠯ ᠤᠬᠠᠮᠰᠠᠷ ᠪᠠ ᠰᠡᠷᠭᠡᠶᠢᠯᠡᠬᠦ ᠢᠲᠡᠭᠡᠯ ᠢ ᠨᠡᠮᠡᠭᠳᠡᠭᠦᠯᠬᠦ ᠬᠡᠷᠡᠭᠲᠡᠶ᠃ ᠡᠭᠦᠨ ᠤ ᠬᠠᠮᠲᠤ ᠠᠯᠪᠠᠨ ᠤ ᠳᠠᠯ᠎ᠠ ᠶᠢᠨ | ᠠᠷᠭ᠎ᠠ ᠵᠠᠮ ᠢᠶᠠᠷ ᠳᠠᠮᠵᠢᠭᠤᠯᠤᠨ ᠬᠢᠵᠢᠭ ᠤᠨ ᠪᠠᠶᠢᠳᠠᠯ ᠤᠨ ᠡᠷᠬᠡ ᠰᠦᠷᠲᠦ ᠴᠢᠮᠡᠭᠡ ᠵᠠᠩᠭᠢ ᠶᠢ ᠴᠠᠭ ᠲᠤᠬᠠᠶ ᠳᠤᠨᠢ | ᠢᠯᠡ ᠨᠡᠶᠢᠲᠡᠯᠡᠵᠦ᠂ ᠨᠡᠶᠢᠭᠡᠮ ᠤᠨ ᠭᠡᠯᠮᠡᠭᠳᠡᠯ ᠰᠣᠴᠢᠷᠳᠠᠯ ᠢ ᠪᠦᠲᠦᠮᠵᠢᠲᠡᠶ ᠠᠷᠢᠯᠭᠠᠬᠤ ᠬᠡᠷᠡᠭᠲᠡᠶ᠃ | ︵ᠨᠠᠢᠮᠠ︶ ᠬᠢᠵᠢᠭ ᠤᠨ ᠪᠠᠶᠢᠳᠠᠯ ᠤᠨ ᠴᠢᠮᠡᠭᠡ ᠵᠠᠩᠭᠢ ᠮᠡᠳᠡᠭᠦᠯᠬᠦ ᠪᠠ ᠪᠠᠴᠢᠮ ᠪᠠᠶᠢᠳᠠᠯ ᠢ ᠰᠢᠢᠳᠪᠣᠷᠢᠯᠡᠬᠦ | ᠠᠵᠢᠯ ᠤᠨ ᠵᠢᠵᠢᠬᠦᠷ ᠢ ᠴᠢᠩᠭᠠᠷᠠᠭᠤᠯᠬᠤ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠂ ᠡᠯ᠎ᠡ | ᠲᠥᠷᠥᠯ ᠤᠨ ᠡᠮ ᠡᠮᠨᠡᠯᠬᠡ ᠡᠷᠡᠭᠦᠯ ᠬᠠᠮᠠᠭᠠᠯᠠᠯ ᠤᠨ ᠪᠠᠶᠢᠭᠤᠯᠣᠮᠵᠢ ᠶᠢᠨ ᠬᠢᠨ ᠮᠡᠳᠡᠭᠦᠯᠬᠦ ᠦᠵᠡᠯ ᠤᠬᠠᠮᠰᠠᠷ ᠢᠶᠠᠨ | ᠤᠬᠠᠮᠰᠠᠷ ᠠᠴᠠ ᠪᠠᠨ ᠴᠢᠩᠭᠠᠳᠬᠠᠵᠤ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ | ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠭᠰᠠᠨ | ᠠᠭᠤᠰᠬᠢᠨ ᠦᠷᠪᠢᠰᠦᠯ ᠤᠨ ᠡᠳᠦᠷ ᠤᠨ ᠮᠡᠳᠡᠬᠦᠯᠥᠯᠳᠡ᠂ ᠳᠡᠭ ᠮᠠᠳᠡᠬᠦᠯᠥᠯᠳᠡ ᠪᠠ ᠰᠡᠷᠭᠡᠶᠢᠯᠡᠨ ᠡᠵᠡᠮᠳᠡᠬᠦ | ᠠᠵᠢᠯ ᠤᠨ ᠡᠳᠦᠷ ᠤᠨ ᠮᠡᠳᠡᠬᠦᠯᠥᠯᠳᠡ ᠶᠢᠨ ᠳᠦᠷᠢᠮ ᠢ ᠬᠡᠷᠡᠭᠵᠢᠬᠦᠯᠵᠣ᠂ ᠡᠳᠦᠷ ᠪᠦᠷᠢ ᠶᠢᠨ 16᠄ 00 | ᠴᠠᠭ ᠠᠴᠠ ᠡᠮᠦᠨ᠎ᠡ ᠲᠣᠰ ᠡᠳᠦᠷ ᠤᠨ ᠰᠡᠷᠭᠡᠶᠢᠯᠡᠨ ᠡᠵᠡᠮᠳᠡᠬᠦ ᠠᠵᠢᠯ ᠤᠨ ᠠᠬᠢᠯᠲᠠ ᠶᠢᠨ ᠪᠠᠶᠢᠳᠠᠯ ᠪᠣᠯᠤᠨ ᠰᠢᠨ᠎ᠡ | ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠭᠰᠠᠨ ᠠᠭᠤᠰᠬᠢᠨ ᠦᠷᠪᠢᠰᠦᠯ ᠤᠨ ᠰᠡᠵᠢᠭ ᠲᠠᠢ ᠡᠪᠡᠳᠴᠢᠳᠠᠨ | ᠪᠣᠯᠤᠨ ᠡᠪᠡᠳᠴᠢᠳᠠᠨ ᠲᠠᠢ ᠣᠶᠢᠷᠠᠳᠣᠭᠰᠠᠳ ᠤᠨ ᠲᠤᠭ᠎ᠠ ᠪᠦᠷᠢᠳᠬᠡᠯ ᠢ ᠬᠤᠰᠢᠭᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠳᠤ ᠮᠡᠳᠡᠭᠦᠯᠬᠦ ᠬᠡᠷᠡᠭᠲᠡᠶ᠃ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠦᠬᠦ | ᠬᠤᠰᠢᠭᠤᠨ ᠤ ᠬᠢᠵᠢᠭ ᠤᠨ ᠪᠠᠶᠢᠳᠠᠯ ᠢ ᠡᠮᠬᠢᠳᠬᠡᠨ ᠬᠤᠷᠢᠶᠠᠩᠭᠤᠶᠢᠯᠠᠭᠰᠠᠨ ᠤ ᠳᠠᠷᠠᠭ᠎ᠠ ᠱᠠᠭᠠᠷᠳᠠᠯᠭ᠎ᠠ ᠶᠣᠰᠣᠭᠠᠷ | ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯᠤᠨ ᠬᠤᠰᠢᠭᠤ ᠠᠷᠠᠳ ᠤᠨ ᠵᠠᠰᠠᠭ ᠤᠨ | ᠣᠷᠳᠣᠨ ᠳᠤ ᠮᠡᠳᠡᠭᠦᠯᠦᠨ᠎ᠡ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ᠂ ᠡᠮ ᠡᠮᠨᠡᠯᠬᠡ ᠡᠷᠡᠭᠦᠯ ᠬᠠᠮᠠᠭᠠᠯᠠᠯ ᠤᠨ ᠡᠯ᠎ᠡ | ᠲᠥᠷᠥᠯ ᠤᠨ ᠪᠠᠶᠢᠭᠤᠯᠤᠮᠵᠢ ᠬᠡᠷᠪᠡ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠭᠰᠠᠨ ᠠᠭᠤᠰᠬᠢᠨ | ᠦᠷᠪᠢᠰᠦᠯ ᠤᠨ ᠰᠡᠵᠢᠭ ᠲᠠᠢ᠂ ᠣᠨᠣᠰᠢᠯᠠᠭᠰᠠᠨ ᠡᠪᠡᠳᠴᠢᠳᠠᠨ ᠢ ᠣᠯᠵᠤ ᠮᠡᠳᠡᠪᠡᠯ ᠳᠠᠷᠦ᠋ᠢᠬᠠᠨ ᠰᠦᠯᠵᠢᠶ᠎ᠡ ᠪᠠᠷ | ᠰᠢᠭᠤᠳ ᠮᠡᠳᠡᠬᠦᠯᠬᠦ ᠬᠡᠷᠡᠭᠲᠡᠶ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠨᠢ 24 ᠴᠠᠭ ᠤᠨ | ᠳᠣᠲᠣᠷ᠎ᠠ ᠣᠨᠴᠠᠭᠠᠶ ᠬᠡᠷᠡᠭ ᠤᠨ ᠪᠠᠶᠢᠴᠠᠭᠠᠯᠲᠠ ᠶᠢ ᠬᠢᠵᠣ᠂ ᠣᠶᠢᠷᠠᠳᠣᠵᠣ ᠬᠦᠷᠦᠯᠴᠡᠭᠰᠡᠳ ᠢ ᠴᠠᠭ ᠲᠤᠬᠠᠶ ᠳᠤᠨᠢ | ᠳᠠᠩᠰᠠᠯᠠᠬᠤ ᠬᠡᠷᠡᠭᠳᠡᠢ᠃ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠬᠤᠶᠠᠷ ᠴᠠᠭ ᠤᠨ | ᠳᠣᠲᠣᠷ᠎ᠠ ᠲᠤᠰᠬᠠᠢ ᠮᠡᠷᠬᠡᠵᠢᠯᠳᠡᠨ ᠤ ᠳᠤᠭᠤᠶᠢᠯᠠᠩ ᠲᠣᠮᠢᠯᠠᠨ ᠪᠠᠢᠴᠠᠭᠠᠯᠭᠠᠬᠤ ᠪᠠ ᠬᠠᠮᠲᠤᠷᠠᠨ ᠣᠨᠣᠰᠢᠯᠠᠭᠤᠯᠬᠤ ᠶᠢᠨ | ᠬᠠᠮᠲᠤ ᠳᠡᠬᠡᠳᠣ ᠱᠠᠳᠣᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠤᠰᠢᠭᠤ ᠠᠷᠠᠳ ᠤᠨ ᠵᠠᠰᠠᠭ ᠤᠨ | ᠣᠷᠳᠣᠨ ᠳᠤ ᠴᠠᠭ ᠳᠣᠬᠠᠢ ᠳᠤᠨᠢ ᠮᠡᠳᠡᠭᠦᠯᠬᠦ ᠬᠡᠷᠡᠭᠲᠡᠢ᠃ ᠡᠭᠦᠨ ᠤ ᠬᠠᠮᠲᠤ ᠵᠢᠵᠢᠭᠦᠷᠯᠡᠬᠦ ᠶᠢ ᠴᠢᠩᠭᠠᠳᠬᠠᠵᠤ᠂ | ᠤᠳᠤᠷᠢᠳᠤᠯᠭ᠎ᠠ 24 ᠴᠠᠭ ᠳᠠᠭᠠᠭᠤᠯᠣᠨ ᠵᠢᠵᠢᠬᠦᠷᠯᠡᠬᠦ ᠪᠠ ᠲᠤᠰᠬᠠᠶ ᠬᠥᠮᠦᠨ ᠵᠢᠵᠢᠭᠦᠷᠯᠡᠬᠦ ᠳᠦᠷᠢᠮ ᠢ ᠬᠢᠨᠠᠮᠠᠭᠠᠶ | ᠨᠠᠢᠳᠠᠪᠤᠷᠢᠵᠢᠭᠤᠯᠵᠤ᠂ ᠬᠠᠮᠢᠶ᠎ᠠ ᠪᠦᠬᠦᠢ ᠴᠢᠮᠡᠭᠡ ᠵᠠᠩᠭᠢ ᠶᠢ ᠴᠠᠭ ᠲᠤᠬᠠᠶ ᠳᠤᠨᠢ ᠮᠡᠳᠡᠭᠦᠯᠦᠨ ᠬᠦᠷᠭᠡᠬᠦ ᠬᠡᠷᠡᠭᠲᠡᠶ᠂ | ᠢᠯᠠᠩᠭᠤᠶ᠎ᠠ ᠬᠠᠮᠳᠣ ᠶᠢᠨ ᠴᠢᠨᠠᠷᠲᠠᠶ᠂ ᠴᠤᠭᠯᠠᠷᠠᠯ ᠤᠨ ᠴᠢᠨᠠᠷᠲᠠᠶ ᠰᠢᠯᠲᠠᠭᠠᠨ ᠨᠢ ᠲᠣᠳᠣᠷᠬᠠᠶ ᠦᠭᠡᠢ ᠠᠭᠤᠰᠬᠢᠨ | ᠦᠷᠪᠢᠰᠦᠯ ᠵᠢᠴᠢ ᠪᠠᠺᠲ᠋ᠧᠷᠢ ᠶᠢ ᠡᠰᠡᠷᠭᠦᠴᠡᠬᠦ ᠡᠮ ᠤᠨ ᠵᠠᠰᠠᠯᠭ᠎ᠠ ᠲᠤᠰᠠ ᠦᠭᠡᠢ ᠪᠤᠯᠤᠭᠰᠠᠨ ᠵᠡᠷᠭᠡ ᠡᠪᠡᠳᠴᠢᠲᠡᠨ ᠢ | ᠮᠡᠳᠡᠬᠦᠯᠬᠦ ᠠᠵᠢᠯ ᠢ ᠭᠤᠤᠯᠳᠠᠯᠭ᠎ᠠ ᠲᠠᠢ ᠴᠢᠩᠭᠠᠳᠬᠠᠵᠤ ᠬᠤᠶᠢᠰᠢᠯᠠᠭᠤᠯᠤᠨ ᠮᠡᠳᠡᠭᠦᠯᠬᠦ᠂ ᠣᠷᠬᠢᠭᠳᠠᠭᠤᠯᠤᠨ | ᠮᠡᠳᠡᠭᠦᠯᠬᠦ᠂ ᠳᠠᠷᠤᠭᠠᠳ ᠮᠡᠳᠡᠭᠦᠯᠬᠦ ᠦᠭᠡᠢ ᠪᠠᠶᠢᠬᠤ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ᠃ | ᠲᠦᠷᠪᠠ᠂ ᠠᠵᠢᠯ ᠤᠨ ᠪᠠᠲᠤᠯᠠᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠡᠯ᠎ᠡ ᠭᠠᠵᠠᠷ | ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠨᠢᠭᠡ ᠵᠣᠶᠢᠯ ᠤᠨ ᠴᠢᠬᠤᠯᠠ ᠶᠡᠭᠡ ᠤᠯᠤᠰ ᠲᠥᠷᠥ ᠶᠢᠨ | ᠬᠠᠷᠢᠭᠤᠴᠠᠯᠭ᠎ᠠ ᠪᠣᠯᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠨᠠᠶᠢᠳᠠᠪᠤᠷᠢᠵᠢᠭᠤᠯᠤᠯᠲᠠ ᠶᠢ ᠦᠨᠡᠨᠬᠦ | ᠰᠠᠶᠢᠲᠤᠷ ᠠᠳᠬᠤᠬᠤ ᠬᠡᠷᠡᠭᠲᠡᠶ᠃ ᠭᠤᠤᠯ ᠤᠳᠤᠷᠢᠳᠤᠯᠭ᠎ᠠ ᠨᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ | ᠬᠤᠲᠠ᠂ ᠬᠤᠰᠢᠭᠤ ᠡᠯ᠎ᠡ ᠱᠠᠲᠤᠨ ᠤ ᠤᠳᠤᠷᠢᠳᠤᠯᠭ᠎ᠠ ᠶᠢᠨ ᠴᠢᠬᠤᠯᠠ ᠵᠢᠭᠠᠪᠤᠷᠢ᠂ ᠴᠣᠬᠤᠯᠠᠪᠤᠷᠢ ᠪᠠ ᠬᠤᠷᠠᠯ ᠤᠨ | ᠵᠣᠷᠢᠭ ᠰᠠᠨᠠᠭ᠎ᠠ ᠶᠢ ᠲᠦᠷᠦᠭᠦᠯᠡᠨ ᠳᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠨᠢᠭᠡᠳᠦᠭᠡᠷ ᠬᠠᠷᠢᠭᠤᠴᠠᠯᠭᠠᠲᠠᠨ ᠤ | ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠪᠡᠶ᠎ᠡ ᠪᠠᠷ ᠢᠶᠠᠨ ᠪᠠᠶᠢᠷᠢᠯᠠᠭᠤᠯᠤᠨ᠂ ᠪᠡᠶ᠎ᠡ ᠪᠠᠷ ᠢᠶᠠᠨ | ᠵᠢᠯᠣᠭᠤᠳᠴᠤ᠂ ᠪᠡᠶ᠎ᠡ ᠪᠠᠷ ᠢᠶᠠᠨ ᠰᠢᠮᠳᠠᠭᠤᠯᠤᠨ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ | ᠬᠠᠷᠢᠭᠤᠴᠠᠯᠭ᠎ᠠ ᠪᠠᠨ ᠬᠦᠢᠴᠡᠳᠬᠡᠬᠦᠤ᠋ ᠬᠡᠷᠡᠭᠲᠡᠶ᠃ ᠬᠤᠰᠢᠭᠤ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠪᠠᠷ | ᠶᠡᠷᠦᠩᠬᠡᠶ ᠵᠢᠯᠣᠭᠤᠳᠣᠭᠴᠢ ᠪᠣᠯᠭᠠᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ | ᠰᠢᠢᠳᠪᠣᠷᠢᠯᠡᠬᠦ ᠵᠢᠯᠣᠭᠤᠳᠬᠤ ᠭᠠᠵᠠᠷ ᠢ ᠪᠠᠶᠢᠭᠤᠯᠵᠤ᠂ ᠵᠢᠯᠣᠭᠤᠳᠬᠤ ᠭᠠᠵᠠᠷ ᠤᠨ ᠠᠯᠪᠠᠨ ᠭᠡᠷ ᠢ ᠬᠤᠰᠢᠭᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠪᠠᠶᠢᠭᠤᠯᠵᠤ᠂ ᠰᠡᠷᠭᠡᠶᠢᠯᠡᠨ ᠡᠵᠡᠮᠳᠡᠬᠦ ᠲᠥᠰᠦᠯ ᠢ ᠨᠠᠷᠢᠯᠢᠬᠵᠢᠭᠤᠯᠤᠨ | ᠲᠣᠭᠲᠠᠭᠠᠬᠤ ᠶᠢ ᠬᠠᠷᠢᠭᠤᠴᠠᠵᠤ᠂ ᠪᠠᠴᠢᠮ ᠪᠠᠶᠢᠳᠠᠯ ᠢ ᠰᠢᠢᠳᠪᠣᠷᠢᠯᠡᠬᠦ ᠰᠣᠷᠢᠯᠲᠠ ᠶᠢ ᠥᠷᠨᠢᠭᠦᠯᠦᠨ ᠨᠢᠭᠡᠳᠦᠯᠲᠡᠶ | ᠲᠥᠯᠥᠪᠯᠡᠨ ᠲᠣᠬᠢᠷᠠᠭᠤᠯᠬᠤ᠂ ᠵᠣᠬᠢᠴᠠᠭᠤᠯᠤᠨ ᠲᠣᠬᠢᠷᠠᠭᠤᠯᠬᠤ ᠵᠡᠷᠭᠡ ᠠᠵᠢᠯ ᠢ ᠦᠨᠡᠨᠬᠦ ᠰᠠᠶᠢᠲᠤᠷ ᠠᠳᠬᠤᠨ᠎ᠠ᠃ | ︵ᠬᠤᠶᠠᠷ︶ ᠬᠤᠯᠪᠣᠭᠠᠯᠠᠨ ᠰᠡᠷᠭᠡᠶᠢᠯᠠᠨ ᠡᠵᠡᠮᠳᠡᠬᠦ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠡᠯ᠎ᠡ | ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠤᠷ ᠢ ᠦᠨᠡᠨᠬᠦ | ᠨᠢᠭᠲᠠ ᠰᠦᠯᠵᠢᠵᠦ᠂ ᠬᠤᠯᠪᠣᠭᠠᠯᠠᠨ ᠰᠡᠷᠭᠡᠶᠢᠯᠡᠨ ᠡᠵᠡᠮᠳᠡᠬᠦ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠤᠨ | ᠰᠠᠯᠠᠭ᠎ᠠ ᠮᠥᠴᠢᠷ ᠤᠨ ᠬᠤᠭᠤᠷᠣᠨᠳᠣ᠂ ᠣᠷᠣᠨ ᠪᠦᠰᠡ ᠶᠢᠨ ᠬᠤᠭᠤᠷᠣᠨᠳᠣ ᠬᠤᠯᠪᠤᠭᠠᠯᠠᠨ ᠰᠡᠷᠭᠡᠶᠢᠯᠡᠨ ᠡᠵᠡᠮᠳᠡᠬᠦ | ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ᠃ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠣᠯᠢ︾ ︽ᠭᠡᠨᠡᠳᠲᠡ ᠡᠭᠦᠰᠬᠦ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠰᠢᠢᠳᠪᠣᠷᠢᠯᠡᠬᠦ ᠳᠦᠷᠢᠮ︾ ᠤᠨ | ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠣᠶᠢᠯ ᠤᠨ | ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠡᠷᠡᠭᠦᠯ ᠬᠠᠮᠠᠭᠠᠯᠠᠯ ᠡᠷᠡᠭᠦᠯ ᠮᠡᠨᠳᠦ᠂ | ᠳᠣᠲᠣᠭᠠᠳᠤ ᠶᠢ ᠬᠠᠮᠠᠭᠠᠯᠠᠬᠤ᠂ ᠲᠠᠷᠢᠶᠠᠯᠠᠩ ᠮᠠᠯ ᠠᠵᠤ ᠠᠬᠤᠶ᠂ ᠵᠠᠮ ᠬᠠᠷᠢᠯᠴᠠᠭ᠎ᠠ ᠲᠡᠭᠡᠭᠡᠪᠦᠷᠢ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠲᠡᠮᠦᠷ ᠵᠠᠮ ᠤᠨ ᠠᠶᠠᠯᠠᠯ ᠵᠡᠷᠬᠡ ᠰᠠᠯᠠᠭ᠎ᠠ ᠮᠥᠴᠢᠷ ᠤᠨ ᠬᠢᠨ ᠲᠣᠭᠲᠠᠮᠠᠯ | ᠬᠤᠭᠤᠴᠠᠭ᠎ᠠ ᠲᠠᠢ ᠪᠠᠷ ᠨᠠᠶᠢᠳᠠᠯᠡᠬᠦ ᠪᠠ ᠬᠢᠵᠢᠭ ᠤᠨ ᠪᠠᠶᠢᠳᠠᠯ ᠢ ᠵᠦᠪᠳᠡᠯᠴᠡᠬᠦ ᠳᠦᠷᠢᠮ ᠢ ᠪᠠᠶᠢᠭᠤᠯᠵᠤ᠂ ᠮᠡᠳᠡᠭᠡ | ᠵᠠᠩᠭᠢ ᠶᠢ ᠰᠠᠭᠠᠳ ᠦᠭᠡᠢ ᠨᠡᠶᠢᠳᠠᠯᠠᠨ ᠨᠢᠬᠡᠳᠣᠯᠳᠡᠢ ᠨᠠᠶᠢᠳᠠᠪᠣᠷᠢᠵᠢᠭᠤᠯᠣᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠨᠡᠶᠢᠯᠡᠮᠡᠯ ᠬᠦᠴᠦᠨ ᠢ ᠬᠦᠢᠴᠡᠳ ᠪᠤᠢ ᠪᠣᠯᠭᠠᠵᠤ᠂ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢᠨ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠳᠦᠮᠵᠢᠳᠦ ᠴᠢᠨᠠᠷ ᠢ ᠳᠡᠭᠡᠭᠰᠢᠯᠡᠭᠦᠯᠦᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠣᠷ ᠬᠢᠬᠦ ᠶᠢ ᠦᠨᠡᠨᠬᠦ ᠪᠠᠲᠤᠯᠠᠬᠤ ᠬᠡᠷᠡᠭᠲᠡᠶ᠃ | ︵ᠭᠤᠷᠪᠠ︶ ᠡᠳ᠋ ᠪᠠᠷᠠᠭᠠᠨ ᠤ ᠪᠠᠲᠤᠯᠠᠭ᠎ᠠ ᠶᠢ ᠴᠢᠩᠭᠠᠷᠠᠭᠤᠯᠬᠤ ᠬᠡᠷᠡᠭᠳᠡᠢ᠃ ᠰᠢᠨ᠎ᠡ ᠬᠡᠯᠪᠡᠷᠢ ᠶᠢᠨ | ᠲᠢᠲᠢᠮᠯᠢᠭ ᠸᠢᠷᠦ᠋ᠰ ᠠᠴᠠ ᠬᠠᠯᠳᠠᠪᠣᠷᠢᠯᠭᠰᠠᠨ ᠠᠭᠤᠰᠬᠢᠨ ᠦᠷᠪᠢᠰᠦᠯ ᠤᠨ ᠪᠠᠴᠢᠮ ᠪᠠᠶᠢᠳᠠᠯ ᠢ ᠰᠢᠢᠳᠪᠣᠷᠢᠯᠡᠬᠦ ᠡᠳ᠋ | ᠪᠣᠳᠠᠰ ᠨᠥᠭᠡᠴᠡᠯᠡᠬᠦ ᠲᠣᠭᠲᠠᠴᠠ ᠶᠢ ᠪᠠᠶᠢᠭᠤᠯᠵᠤ᠂ ᠲᠤᠰᠬᠠᠶ ᠵᠣᠶᠢᠯ ᠤᠨ ᠵᠠᠷᠤᠳᠠᠯ ᠲᠣᠬᠢᠷᠠᠭᠤᠯᠵᠤ᠂ ᠬᠢᠵᠢᠭ ᠤᠨ | ᠪᠠᠶᠢᠳᠠᠯ ᠢ ᠪᠠᠶᠢᠴᠠᠭᠠᠬᠤ᠂ ᠰᠢᠢᠳᠪᠣᠷᠢᠯᠡᠬᠦ᠂ ᠠᠷᠢᠭᠤᠳᠬᠠᠬᠤ᠂ ᠰᠠᠷᠬᠡᠶᠢᠯᠡᠬᠦ ᠬᠡᠷᠡᠭᠰᠡᠯ ᠢ ᠨᠥᠭᠡᠴᠡᠯᠡᠬᠦ ᠵᠢᠴᠢ ᠠᠪᠤᠷᠠᠨ | ᠲᠤᠰᠠᠯᠠᠬᠤ ᠲᠡᠷᠭᠡ ᠲᠣᠬᠢᠷᠠᠭᠤᠯᠬᠤ ᠵᠡᠷᠭᠡ ᠳᠤ ᠪᠠᠲᠤ ᠪᠠᠬᠢ ᠪᠠᠲᠤᠯᠠᠭ᠎ᠠ ᠬᠠᠩᠭᠠᠵᠤ᠂ ᠰᠢᠨ᠎ᠡ ᠬᠡᠯᠪᠡᠷᠢ ᠶᠢᠨ | ᠲᠢᠲᠢᠮᠯᠢᠭ ᠸᠢᠷᠦ᠋ᠰ ᠠᠴᠠ ᠬᠠᠯᠳᠠᠪᠣᠷᠢᠯᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠵᠠᠰᠠᠬᠤ ᠪᠠ ᠪᠠᠴᠢᠮ | ᠪᠠᠶᠢᠳᠠᠯ ᠢ ᠰᠢᠢᠳᠪᠣᠷᠢᠯᠡᠬᠦ ᠪᠡᠯᠡ ᠮᠥᠩᠭᠦ ᠶᠢ ᠰᠠᠯᠭᠠᠨ ᠥᠭᠬᠦ ᠵᠡᠷᠭᠡ ᠠᠵᠢᠯ ᠤᠨ ᠤᠷᠤᠭᠰᠢᠲᠠᠶ ᠶᠠᠪᠤᠭᠳᠠᠬᠤ ᠶᠢ | ᠦᠨᠡᠨᠬᠦ ᠪᠠᠲᠤᠯᠠᠬᠤ ᠬᠡᠷᠡᠭᠲᠡᠶ᠃ | ︵ᠳᠥᠷᠪᠠ︶ ᠰᠢᠮᠳᠠᠭᠤᠯᠤᠨ ᠵᠢᠯᠣᠭᠤᠳᠬᠤ ᠶᠢ ᠴᠢᠩᠭᠠᠳᠬᠠᠬᠤ ᠬᠡᠷᠡᠭᠲᠡᠶ᠃ ᠬᠤᠰᠢᠭᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠠᠯᠪᠠᠨ ᠭᠡᠷ ᠨᠢ ᠪᠦᠬᠦ ᠬᠤᠰᠢᠭᠤᠨ ᠤ ᠰᠢᠨ᠎ᠡ | ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠢᠢᠳᠪᠣᠷᠢᠯᠡᠬᠦ ᠪᠡᠯᠡᠳᠬᠡᠯ ᠪᠠ ᠪᠠᠴᠢᠮ ᠪᠠᠶᠢᠳᠠᠯ ᠢ ᠰᠢᠢᠳᠪᠦᠷᠢᠯᠡᠬᠦ ᠠᠵᠢᠯ ᠳᠤ ᠲᠣᠭᠲᠠᠮᠠᠯ ᠬᠤᠭᠤᠴᠠᠭ᠎ᠠ ᠲᠠᠢ ᠪᠤᠶᠤ | ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠬᠤ ᠠᠵᠢᠯ ᠥᠷᠨᠢᠭᠦᠯᠬᠦ ᠶᠢ ᠬᠠᠷᠢᠭᠤᠴᠠᠨ | ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠬᠡᠯᠪᠡᠷᠢ ᠶᠢ ᠠᠪᠴᠤ᠂ ᠪᠠᠶᠢᠴᠠᠭᠠᠬᠤ ᠪᠠ ᠵᠢᠯᠣᠭᠤᠳᠬᠤ ᠶᠢ | ᠤᠶᠠᠯᠳᠤᠭᠤᠯᠬᠤ ᠶᠢᠨ ᠬᠠᠮᠲᠤ ᠰᠢᠮᠳᠠᠭᠤᠯᠤᠨ ᠪᠠᠶᠢᠴᠠᠭᠠᠵᠤ ᠦᠨᠡᠯᠡᠨ ᠵᠢᠱᠢᠭᠰᠡᠨ ᠦᠷ᠎ᠡ ᠳ᠋ᠦᠩ ᠢ ᠴᠠᠭ ᠲᠤᠬᠠᠶ ᠳᠤᠨᠢ | ᠬᠠᠷᠢᠭᠤ ᠲᠤᠰᠬᠠᠬᠤ ᠪᠠ ᠮᠡᠳᠡᠭᠡᠯᠡᠵᠦ᠂ ᠴᠡᠭᠴᠡᠯᠡᠨ ᠰᠠᠶᠢᠵᠢᠷᠠᠭᠤᠯᠬᠤ ᠴᠢᠬᠤᠯᠠᠲᠠᠶ ᠶᠢ ᠨᠢ ᠬᠥᠳᠡᠯᠦᠩᠭᠦᠶ ᠪᠠᠷ | ᠮᠥᠷᠳᠡᠨ ᠰᠢᠮᠳᠠᠭᠤᠯᠤᠨ ᠰᠢᠢᠳᠪᠦᠷᠢᠯᠡᠭᠦᠯᠬᠦ ᠬᠡᠷᠡᠭᠲᠡᠶ᠃ | ᠳᠠᠭᠠᠯᠳᠤᠭᠤᠯᠤᠯ᠄ ⒈ᠦᠤᠰᠢᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ | ᠬᠠᠯᠳᠠᠪᠣᠷᠢᠯᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ | ⒉ᠦᠤᠰᠢᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ | ᠬᠠᠯᠳᠠᠪᠣᠷᠢᠯᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ | ᠮᠡᠷᠭᠡᠵᠢᠯᠲᠡᠨ ᠤ ᠳᠣᠭᠤᠶᠢᠯᠠᠩ ᠤᠨ ᠨᠡᠷᠡᠰ | ᠳᠠᠭᠠᠯᠳᠤᠭᠤᠯᠤᠯ ⒈ | ᠦᠤᠰᠢᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠭᠰᠠᠨ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ | ᠭᠠᠵᠠᠷ | ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠭᠰᠠᠨ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠰᠠᠶᠢᠲᠤᠷ ᠬᠢᠵᠦ᠂ ᠣᠯᠠᠨ ᠨᠡᠶᠢᠲᠡ ᠶᠢᠨ ᠡᠷᠡᠭᠦᠯ ᠮᠡᠨᠳᠦ ᠪᠠ | ᠠᠮᠢ ᠨᠠᠰᠤᠨ ᠤ ᠠᠮᠤᠷ ᠲᠦᠪᠰᠢᠨ ᠢ ᠪᠦᠲᠦᠮᠵᠢᠲᠡᠶ ᠪᠠᠲᠤᠯᠠᠬᠤ ᠶᠢᠨ ᠲᠤᠰᠠᠳᠠ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠠᠴᠠ ᠦᠤᠰᠢᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ | ᠬᠠᠯᠳᠠᠪᠣᠷᠢᠯᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ | ᠪᠠᠶᠢᠭᠤᠯᠬᠤ ᠪᠠᠷ ᠲᠣᠭᠲᠠᠪᠠ᠃ | ᠨᠢᠭᠡ᠂ ᠪᠦᠷᠢᠯᠳᠦᠬᠦᠨ ᠬᠡᠰᠢᠬᠦᠨ | ᠶᠡᠷᠦᠩᠬᠡᠶ ᠵᠢᠯᠣᠭᠤᠳᠣᠭᠴᠢ᠄ ᠵᠣᠣ ᠹᠸᠢ ᠯᠦ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠣᠷᠳᠣᠨ ᠤ ᠬᠤᠰᠢᠭᠤ ᠳᠠᠷᠤᠭ᠎ᠠ | ᠪᠠᠶᠢᠩᠭᠤ ᠶᠢᠨ ᠳᠡᠳ᠋ ᠶᠡᠷᠦᠩᠬᠡᠶ ᠵᠢᠯᠣᠭᠤᠳᠣᠭᠴᠢ᠄ ᠪᠠᠶᠠᠨᠴᠢᠮᠡᠭ ᠬᠤᠰᠢᠭᠤ ᠠᠷᠠᠳ ᠤᠨ ᠵᠠᠰᠠᠭ ᠤᠨ | ᠣᠷᠳᠣᠨ ᠤ ᠬᠤᠰᠢᠭᠤ ᠳᠡᠳ᠋ ᠳᠠᠷᠤᠭ᠎ᠠ | ᠳᠡᠳ᠋ ᠶᠡᠷᠦᠩᠬᠡᠢ ᠵᠢᠯᠣᠭᠤᠳᠣᠭᠴᠢ᠄ ᠯᠢᠦ ᠵᠧᠩ ᠬᠤᠰᠢᠭᠤ ᠠᠷᠠᠳ ᠤᠨ ᠵᠠᠰᠠᠭ ᠤᠨ ᠣᠷᠳᠣᠨ ᠤ | ᠬᠤᠰᠢᠭᠤ ᠳᠡᠳ᠋ ᠳᠠᠷᠤᠭ᠎ᠠ | ᠭᠧᠩ ᠴᠦᠨ ᠹᠧᠩ ᠬᠤᠰᠢᠭᠤ ᠠᠷᠠᠳ ᠤᠨ ᠵᠡᠪᠰᠡᠭᠲᠦ ᠬᠦᠴᠦᠨ ᠤ | ᠬᠡᠯᠲᠡᠰ ᠤᠨ ᠳᠡᠳ᠋ ᠳᠠᠷᠤᠭ᠎ᠠ | ᠪᠦᠷᠢᠯᠳᠦᠬᠦᠨ ᠭᠡᠰᠢᠭᠦᠨ᠄ ᠮᠠ ᠶᠠ ᠳ᠋ᠦᠩ ᠬᠤᠰᠢᠭᠤ ᠠᠷᠠᠳ ᠤᠨ ᠵᠠᠰᠠᠭ ᠤᠨ ᠣᠷᠳᠣᠨ ᠤ | ᠠᠯᠪᠠᠨ ᠬᠡᠷ ᠤᠨ ᠡᠷᠬᠢᠯᠡᠭᠴᠢ | ᠮᠡᠷᠭᠡᠨ ᠬᠤᠰᠢᠭᠤ ᠨᠠᠮ ᠤᠨ ᠬᠤᠷᠢᠶᠠᠨ ᠤ ᠤᠬᠠᠭᠤᠯᠬᠤ | ᠬᠡᠯᠲᠡᠰ ᠤᠨ ᠳᠡᠳ᠋ ᠳᠠᠷᠤᠭ᠎ᠠ | ᠰᠡᠴᠡᠨᠲᠦᠨᠠᠯ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠤᠨ ᠡᠷᠬᠢᠯᠡᠭᠴᠢ | ᠰᠣᠶᠣᠯᠵᠢᠷᠭᠠᠯ ᠬᠤᠰᠢᠭᠤ ᠡᠳ᠋ ᠤᠨ ᠵᠠᠰᠠᠭ ᠤᠨ ᠲᠣᠪᠴᠢᠶᠠᠨ ᠤ | ᠳᠠᠷᠤᠭ᠎ᠠ | ᠤᠯᠠᠭᠠᠨᠪᠠᠭᠠᠲᠤᠷ ᠬᠤᠰᠢᠭᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠦ᠋ ᠵᠢᠶᠠᠨ ᠭᠦᠸᠧ ᠬᠤᠰᠢᠭᠤ ᠠᠵᠤ ᠤᠶᠢᠯᠡᠳᠪᠦᠷᠢ ᠮᠡᠳᠡᠭᠡ ᠵᠠᠩᠭᠢ ᠪᠣᠯᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠤ ᠳᠠᠷᠤᠭ᠎ᠠ | ᠰᠢᠶᠣᠤ ᠬᠠᠢ ᠹᠦ᠋ ᠬᠤᠰᠢᠭᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶᠠᠨ ᠤ | ᠳᠠᠷᠤᠭ᠎ᠠ | ᠴᠢᠯᠠᠭᠤᠠᠪᠠᠭᠠᠳᠣᠷ ᠬᠤᠰᠢᠭᠤ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ | ᠳᠠᠪᠰᠢᠭᠴᠢ ᠬᠤᠰᠢᠭᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ | ᠵᠤᠤ ᠸᠧᠨ ᠪᠢᠨ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ | ᠳᠠᠷᠤᠭ᠎ᠠ | ᠸᠠᠩ ᠮᠤᠤ ᠷᠦᠩ ᠬᠤᠰᠢᠭᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ | ᠪᠢᠶᠠᠨ ᠬᠤᠩ ᠶᠣᠣ ᠣᠷᠳᠣᠰ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ | ᠲᠣᠪᠴᠢᠶᠠᠨ ᠤ ᠦᠤᠰᠢᠨ ᠬᠤᠰᠢᠭᠤᠨ ᠤ ᠬᠤᠪᠢᠶᠠᠷᠢ ᠲᠣᠪᠴᠢᠶᠠᠨ ᠤ ᠳᠠᠷᠤᠭ᠎ᠠ | ᠬᠤᠷᠢᠶᠠᠯᠳᠣ ᠬᠤᠰᠢᠭᠤ ᠵᠠᠮ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ | ᠠᠯᠳ᠋ᠬᠤᠯᠣᠰ ᠬᠤᠰᠢᠭᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠳᠠᠷᠤᠭ᠎ᠠ | ᠹᠠᠨ ᠺᠦᠨ ᠬᠤᠰᠢᠭᠤ ᠣᠢ ᠰᠢᠭᠤᠶ ᠪᠠ ᠨᠤᠳᠤᠭ ᠪᠠᠯᠴᠢᠬᠡᠷ ᠤᠨ ᠲᠣᠪᠴᠢᠶᠠᠨ ᠤ | ᠳᠠᠷᠤᠭ᠎ᠠ | ᠰᠣᠶᠣᠯᠲᠤᠭᠳᠤᠬᠤ ᠬᠤᠰᠢᠭᠤ ᠰᠣᠶᠣᠯ ᠪᠠ ᠵᠢᠭᠤᠯᠴᠢᠯᠠᠯ ᠤᠨ ᠲᠣᠪᠴᠢᠶᠠᠨ ᠤ | ᠳᠠᠷᠤᠭ᠎ᠠ | ᠶᠠᠩ ᡁᠢ ᠶᠤᠸᠠᠨ ᠬᠤᠰᠢᠭᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶᠠᠨ ᠤ ᠳᠠᠷᠤᠭ᠎ᠠ | ᠤᠶᠤᠠᠪᠢᠯᠢᠭ᠌ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ | ᠯᠢ ᠸᠧᠶ ᠬᠤᠰᠢᠭᠤ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ | ᠯᠢᠦ ᠽᠢ ᠪᠢᠨ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶᠠᠨ ᠤ ᠳᠠᠷᠤᠭ᠎ᠠ | ᠣᠳᠪᠠᠯᠠ ᠭᠠᠯᠠᠭᠤᠳᠣ ᠪᠠᠯᠭᠠᠰᠤᠨ ᠤ ᠳᠠᠷᠤᠭ᠎ᠠ | ᠹᠠᠨ ᠵᠠᠨ ᠵᠢᠶᠦ᠋ᠨ ᠰᠢᠷᠬᠤᠰᠣᠨ ᠪᠠᠯᠭᠠᠰᠤᠨ ᠤ ᠳᠠᠷᠤᠭ᠎ᠠ | ᠵᠢᠷᠠᠨᠪᠠᠶᠠᠷ ᠰᠦᠯᠳᠡ ᠰᠤᠮᠤᠨ ᠤ ᠳᠠᠷᠤᠭ᠎ᠠ | ᠪᠠᠶ ᠰᠢᠤᠸᠠᠢ ᠹᠧᠩ ᠣᠯᠠᠭᠠᠠᠳᠣᠯᠣᠭᠠᠢ ᠪᠠᠯᠭᠠᠰᠤᠨ ᠤ ᠳᠠᠷᠤᠭ᠎ᠠ | ᠳ᠋ᠠᠩ ᠰᠢᠨ ᠹᠧᠩ ᠦᠣᠰᠢᠨᠵᠣᠣ ᠪᠠᠯᠭᠠᠰᠤᠨ ᠤ ᠳᠠᠷᠤᠭ᠎ᠠ | ᠱᠠ ᠵᠢᠶᠠᠨ ᠲᠤᠭ ᠪᠠᠯᠭᠠᠰᠤᠨ ᠤ ᠳᠠᠷᠤᠭ᠎ᠠ | ᠠᠯᠳᠠᠠᠰᠣᠳᠣ ᠬᠤᠰᠢᠭᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠣᠶᠢᠯᠡᠴᠢᠯᠡᠬᠡᠨ ᠤ ᠲᠥᠪ ᠤᠨ | ᠡᠷᠬᠢᠯᠡᠭᠴᠢ | ᠬᠥ᠋ ᠰᠢᠶᠣᠤ ᠬᠤ᠋ ᠬᠤᠰᠢᠭᠤ ᠲᠡᠮᠦᠷ ᠵᠠᠮ ᠠᠭᠠᠷ ᠤᠨ ᠠᠶᠠᠯᠠᠯ ᠤᠨ ᠠᠯᠪᠠᠨ ᠭᠡᠷ ᠤᠨ ᠡᠷᠬᠢᠯᠡᠭᠴᠢ | ᠵᠠᠩ ᠯᠧ ᠬᠤᠰᠢᠭᠤ ᠴᠠᠭ ᠠᠭᠤᠷ ᠤᠨ ᠲᠣᠪᠴᠢᠶᠠᠨ ᠤ ᠳᠠᠷᠤᠭ᠎ᠠ | ᠣᠶᠤᠨᠭᠡᠷᠡᠯ ᠬᠤᠰᠢᠭᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠪᠠᠶᠢᠩᠭᠤ ᠶᠢᠨ ᠠᠵᠢᠯ ᠤᠨ ᠳᠡᠳ᠋ | ᠳᠠᠷᠤᠭ᠎ᠠ | ᠸᠠᠩ ᠾᠧ ᠬᠤᠰᠢᠭᠤ ᠭᠠᠯ ᠤᠨᠲᠠᠷᠠᠭᠠᠬᠤ ᠶᠡᠭᠡ ᠠᠩᠭᠢ ᠶᠢᠨ ᠵᠢᠭᠠᠨ ᠵᠢᠯᠣᠭᠤᠳᠤᠭᠴᠢ | ᠬᠤ᠋ ᠶᠢᠨ ᠯᠸᠢ ᠣᠷᠳᠣᠰ ᠵᠡᠪᠰᠡᠭᠲᠦ ᠴᠠᠭᠳᠠᠭ᠎ᠠ ᠶᠢᠨ ᠰᠠᠯᠪᠤᠷᠢ ᠠᠩᠭᠢ ᠶᠢᠨ ᠦᠤᠰᠢᠨ ᠬᠤᠰᠢᠭᠤᠨ ᠳᠠᠬᠢ | ᠳᠤᠮᠳᠠ ᠠᠩᠭᠢ ᠶᠢᠨ ᠬᠠᠷᠢᠭᠤᠴᠠᠯᠭᠠᠲᠠᠨ | ᠶᠠᠨ ᠭᠤᠸᠠᠨ ᠽᠧᠩ ᠬᠤᠰᠢᠭᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ | ᠬᠠᠷᠢᠭᠤᠴᠠᠯᠭᠠᠲᠠᠨ | ᠵᠢᠯᠣᠭᠤᠳᠬᠤ ᠭᠠᠵᠠᠷ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠬᠤᠰᠢᠭᠤ ᠡᠷᠡᠭᠦᠯ ᠬᠠᠮᠠᠭᠠᠯᠠᠯ | ᠡᠷᠡᠬᠦᠯ ᠮᠡᠨᠳᠦ ᠶᠢᠨ ᠵᠥᠪᠯᠡᠯ ᠳᠤ ᠳᠣᠬᠢᠷᠠᠭᠤᠯᠵᠣ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠰᠡᠴᠡᠨᠲᠦᠨᠠᠯ | ᠨᠥᠬᠦᠷ ᠬᠠᠪᠰᠤᠷᠭᠠᠨ ᠡᠬᠦᠷᠬᠡᠯᠡᠨ᠎ᠠ᠃ | ᠬᠤᠶᠠᠷ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠵᠢᠴᠢ | ᠪᠦᠷᠢᠯᠳᠦᠬᠦᠨ ᠪᠠᠶᠢᠭᠤᠯᠭ᠎ᠠ ᠨᠢᠬᠡᠴᠢ ᠶᠢᠨ ᠡᠭᠦᠷᠭᠡ ᠬᠠᠷᠢᠭᠤᠴᠠᠯᠭ᠎ᠠ | ︵ᠨᠢᠭᠡ︶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠄ ᠲᠥᠪ᠂ ᠥᠪᠡᠷᠲᠡᠭᠡᠨ | ᠵᠠᠰᠠᠬᠤ ᠣᠷᠣᠨ᠂ ᠬᠤᠲᠠ ᠪᠠ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠰᠢᠨ᠎ᠡ | ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠣᠭᠤᠰᠢᠯᠠᠭᠤᠯᠣᠨ | ᠨᠠᠶᠢᠳᠠᠪᠤᠷᠢᠵᠢᠭᠤᠯᠵᠤ᠂ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠭᠰᠠᠨ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠰᠢᠢᠳᠪᠦᠷᠢᠯᠡᠬᠦ ᠠᠵᠢᠯ ᠢ | ᠤᠳᠤᠷᠢᠳᠤᠨ ᠵᠢᠯᠣᠭᠤᠳᠴᠤ᠂ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠴᠢᠬᠤᠯᠠ ᠶᠡᠭᠡ | ᠠᠷᠭ᠎ᠠ ᠬᠡᠮᠵᠢᠶ᠎ᠡ ᠶᠢ ᠲᠣᠭᠲᠠᠭᠠᠬᠤ ᠬᠡᠷᠡᠭᠲᠡᠶ︔ ᠬᠤᠰᠢᠭᠤ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ | ᠪᠤᠰᠤᠳ ᠡᠭᠦᠷᠭᠡ ᠶᠢ ᠪᠡᠶᠡᠯᠡᠭᠦᠯᠦᠨ᠎ᠡ᠃ | ︵ᠬᠤᠶᠠᠷ︶ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠠᠯᠪᠠᠨ ᠬᠡᠷ ︵ᠬᠤᠰᠢᠭᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ︶᠄ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ | ᠭᠠᠵᠠᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠪᠥᠬᠦ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ | ᠸᠢᠷᠦ᠋ᠰ ᠠᠴᠠ ᠬᠠᠯᠳᠠᠪᠣᠷᠢᠯᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠶ | ᠲᠥᠯᠥᠪᠯᠡᠨ ᠵᠣᠬᠢᠴᠠᠭᠤᠯᠤᠨ᠎ᠠ︔ ᠪᠠᠴᠢᠮ ᠪᠠᠶᠢᠳᠠᠯ ᠢ ᠰᠢᠢᠳᠪᠣᠷᠢᠯᠡᠬᠦ ᠠᠷᠭ᠎ᠠ ᠬᠡᠮᠵᠢᠶ᠎ᠡ ᠶᠢᠨ ᠲᠤᠬᠠᠶ ᠰᠠᠨᠠᠭᠤᠯᠭ᠎ᠠ | ᠳᠤᠷᠠᠳᠴᠤ᠂ ᠪᠠᠴᠢᠮ ᠪᠠᠶᠢᠳᠠᠯ ᠢ ᠰᠢᠢᠳᠪᠣᠷᠢᠯᠡᠬᠦ ᠪᠡᠯᠡᠳᠬᠡᠯ ᠲᠥᠰᠦᠯ ᠪᠠ ᠰᠡᠷᠭᠡᠶᠢᠯᠡᠨ ᠡᠵᠡᠮᠳᠡᠬᠦ ᠲᠥᠰᠦᠯ ᠢ | ᠳᠣᠭᠳᠠᠭᠠᠵᠣ᠂ ᠲᠤᠰᠬᠠᠶ ᠮᠡᠷᠭᠡᠵᠢᠯ ᠤᠨ ᠠᠵᠢᠯᠲᠠᠨ ᠤ ᠪᠣᠯᠪᠠᠰᠤᠷᠠᠭᠤᠯᠤᠯ ᠪᠠ ᠪᠠᠴᠢᠮ ᠪᠠᠶᠢᠳᠠᠯ ᠢ ᠰᠢᠢᠳᠪᠣᠷᠢᠯᠡᠬᠦ | ᠰᠣᠷᠢᠯᠳᠡ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ ᠬᠤᠯᠪᠣᠭᠠᠯᠠᠨ ᠰᠡᠷᠭᠡᠶᠢᠯᠡᠨ ᠡᠵᠡᠮᠳᠡᠬᠦ ᠲᠣᠭᠲᠠᠴᠠ ᠶᠢ | ᠪᠠᠶᠢᠭᠤᠯᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠢ ᠬᠤᠷᠠᠯᠳᠤᠭᠤᠯᠵᠤ᠂ ᠮᠡᠳᠡᠭᠡ | ᠵᠠᠩᠭᠢ ᠳᠠᠮᠵᠢᠭᠤᠯᠬᠤ ᠪᠠ ᠠᠵᠢᠯ ᠤᠨ ᠨᠠᠶᠢᠳᠠᠪᠣᠷᠢᠵᠢᠭᠤᠯᠣᠯᠳᠠ ᠶᠢ ᠰᠢᠮᠳᠠᠭᠤᠯᠤᠨ ᠪᠠᠶᠢᠴᠠᠭᠠᠬᠤ ᠠᠵᠢᠯ ᠢ ᠰᠠᠶᠢᠲᠤᠷ | ᠬᠢᠬᠦ ᠶᠢᠨ ᠬᠠᠮᠲᠤ ᠠᠬᠢᠯᠲᠠ ᠶᠢᠨ ᠪᠠᠶᠢᠳᠠᠯ ᠢ ᠴᠠᠭ ᠲᠤᠬᠠᠶ ᠳᠤᠨᠢ ᠨᠡᠶᠢᠳᠠᠯᠠᠬᠦ ᠬᠡᠷᠡᠭᠲᠡᠶ︔ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠢ ᠵᠢᠯᠣᠭᠤᠳᠤᠨ ᠰᠡᠷᠭᠡᠶᠢᠯᠡᠨ ᠡᠵᠡᠮᠳᠡᠬᠦ ᠠᠵᠢᠯ ᠥᠷᠨᠢᠭᠦᠯᠵᠦ᠂ ᠬᠤᠯᠪᠣᠭᠳᠠᠯ ᠪᠥᠬᠦᠶ ᠰᠠᠯᠠᠭ᠎ᠠ | ᠮᠥᠴᠢᠷ ᠲᠠᠢ ᠬᠠᠮᠵᠢᠯᠴᠠᠨ ᠬᠤᠯᠪᠣᠭᠳᠠᠯ ᠪᠥᠬᠦᠶ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠨ᠎ᠡ︔ | ᠰᠡᠷᠭᠡᠶᠢᠯᠡᠨ ᠡᠵᠡᠮᠳᠡᠬᠦ ᠮᠡᠳᠡᠯᠭᠡ ᠶᠢ ᠤᠬᠠᠭᠤᠯᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠠᠵᠢᠯᠯᠠᠭᠠᠨ ᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ ᠱᠠᠭᠠᠷᠳᠠᠯᠭ᠎ᠠ ᠶᠣᠰᠣᠭᠠᠷ ᠳᠡᠭᠡᠷ᠎ᠡ ᠱᠠᠲᠤᠨ ᠤ ᠰᠠᠯᠠᠭ᠎ᠠ | ᠮᠥᠴᠢᠷ ᠲᠤ ᠬᠢᠵᠢᠭ ᠤᠨ ᠪᠠᠶᠢᠳᠠᠯ ᠢ ᠮᠡᠳᠡᠭᠦᠯᠬᠦ ᠬᠡᠷᠡᠭᠳᠡᠢ︔ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠵᠢᠯᠣᠭᠤᠳᠬᠤ ᠭᠠᠵᠠᠷ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠬᠦ ᠬᠡᠷᠡᠭᠲᠡᠶ᠃ | ︵ᠭᠤᠷᠪᠠ︶ ᠤᠬᠠᠭᠤᠯᠬᠤ ᠬᠡᠯᠲᠡᠰ᠄ ᠬᠤᠰᠢᠭᠤ ᠰᠣᠨᠢᠨ ᠮᠡᠳᠡᠭᠡᠨ ᠤ ᠨᠢᠭᠡᠴᠡ ᠶᠢ ᠵᠣᠬᠢᠶᠠᠨ ᠪᠠᠶᠢᠭᠤᠯᠵᠤ᠂ | ᠵᠢᠯᠣᠭᠤᠳᠬᠤ ᠭᠠᠵᠠᠷ ᠤᠨ ᠠᠯᠪᠠᠨ ᠭᠡᠷ ᠤᠨ ᠨᠡᠶᠢᠲᠡᠯᠡᠭᠰᠡᠨ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠴᠠᠭ | ᠲᠤᠬᠠᠶ ᠳᠤᠨᠢ ᠮᠡᠳᠡᠭᠡᠯᠡᠬᠦ ᠶᠢ ᠬᠠᠷᠢᠭᠤᠴᠠᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠭᠰᠠᠨ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠬᠠᠭᠤᠯᠤᠨ ᠮᠡᠳᠡᠭᠡᠯᠡᠬᠦ᠂ | ᠲᠦᠭᠰᠢᠬᠦᠷᠢᠳᠣ ᠰᠡᠳᠬᠢᠴᠡ ᠶᠢ ᠳᠠᠶᠢᠪᠣᠰᠢᠷᠠᠭᠤᠯᠬᠤ ᠪᠠ ᠡᠪᠡᠳᠴᠢᠨ ᠢ ᠰᠡᠷᠭᠡᠶᠢᠯᠡᠬᠦ ᠮᠡᠳᠡᠯᠬᠡ ᠶᠢᠨ ᠤᠬᠠᠭᠤᠯᠭ᠎ᠠ ᠶᠢ | ᠴᠢᠩᠭᠠᠳᠬᠠᠵᠤ᠂ ᠴᠢᠬᠤᠯᠠᠲᠠᠶ ᠦᠶ᠎ᠡ ᠳᠤ ᠰᠣᠨᠢᠨ ᠮᠡᠳᠡᠭᠡ ᠨᠡᠶᠢᠲᠡᠯᠡᠬᠦ ᠬᠤᠷᠠᠯ ᠪᠤᠶᠤ ᠰᠣᠨᠢᠨ ᠮᠡᠳᠡᠭᠡᠨ ᠤ ᠲᠤᠰᠬᠠᠶ | ᠰᠡᠳᠦᠪᠲᠦ ᠰᠤᠷᠪᠤᠯᠵᠢᠯᠠᠭ᠎ᠠ ᠶᠢ ᠵᠣᠬᠢᠶᠠᠨ ᠪᠠᠶᠢᠭᠤᠯᠤᠨ᠎ᠠ᠃ | ︵ᠳᠥᠷᠪᠠ︶ ᠢᠨᠲ᠋ᠧᠷ ᠰᠦᠯᠵᠢᠶ᠎ᠡ ᠶᠢᠨ ᠮᠡᠳᠡᠭᠡ ᠵᠠᠩᠭᠢ ᠶᠢᠨ ᠣᠶᠢᠯᠡᠴᠢᠯᠡᠬᠡᠨ ᠤ ᠲᠥᠪ᠄ ᠲᠣᠤᠷ | ᠰᠦᠯᠵᠢᠶ᠎ᠡ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠬᠢᠨᠠᠨ ᠪᠠᠶᠢᠴᠠᠭᠠᠯᠳᠠ ᠶᠢ ᠴᠢᠩᠭᠠᠳᠬᠠᠵᠤ᠂ ᠲᠣᠤᠷ | ᠰᠦᠯᠵᠢᠶ᠎ᠡ ᠶᠢᠨ ᠶᠠᠷᠢᠶ᠎ᠠ ᠬᠡᠯᠡᠯᠴᠡᠭᠡ ᠶᠢᠨ ᠬᠥᠲᠥᠯᠥᠨ ᠵᠢᠯᠣᠭᠤᠳᠬᠤ ᠠᠵᠢᠯ ᠢ ᠰᠠᠶᠢᠲᠤᠷ ᠬᠢᠨ᠎ᠡ᠃ | ︵ᠲᠠᠪᠤ︶ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠄ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ | ᠠᠴᠠ ᠬᠠᠯᠳᠠᠪᠣᠷᠢᠯᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥᠯ | ᠵᠣᠶᠢᠯ ᠢ ᠭᠠᠷᠭᠠᠬᠤ ᠪᠠ ᠪᠡᠯᠡ ᠮᠥᠩᠭᠦ ᠲᠡᠮᠡᠴᠡᠨ ᠣᠯᠬᠤ ᠠᠵᠢᠯ ᠢ ᠬᠠᠷᠢᠭᠤᠴᠠᠵᠤ᠂ ᠡᠯ᠎ᠡ ᠭᠠᠵᠠᠷ ᠣᠷᠣᠨ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠣᠶᠢᠯᠡᠳᠪᠦᠷᠢᠯᠡᠯ᠂ ᠠᠮᠢᠳᠤᠷᠠᠯ ᠳᠤ ᠬᠡᠷᠡᠭᠰᠡᠬᠦ ᠡᠳ᠋ | ᠪᠠᠷᠠᠭ᠎ᠠ ᠶᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠵᠦᠬᠡᠬᠡᠪᠣᠷᠢᠯᠡᠨ ᠲᠡᠭᠡᠭᠡᠪᠦᠷᠢᠯᠡᠬᠦ ᠬᠡᠷᠡᠭᠲᠡᠶ᠃ | ︵ᠵᠢᠷᠭᠤᠭ᠎ᠠ︶ ᠠᠵᠤ ᠣᠶᠢᠯᠡᠳᠪᠦᠷᠢ ᠮᠡᠳᠡᠭᠡ ᠵᠠᠩᠭᠢ ᠪᠣᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠣᠪᠴᠢᠶ᠎ᠠ᠄ ᠡᠯ᠎ᠡ ᠰᠠᠭᠤᠷᠢ ᠴᠠᠬᠢᠯᠭᠠᠨ ᠬᠤᠯᠪᠣᠭᠠᠨ ᠤ ᠡᠵᠡᠩᠨᠡᠯᠲᠡ ᠶᠢᠨ ᠠᠵᠤ ᠠᠬᠤᠶᠢᠯᠠᠯ ᠢ ᠵᠣᠬᠢᠶᠠᠨ ᠪᠠᠶᠢᠭᠤᠯᠬᠤ | ᠪᠠ ᠵᠣᠬᠢᠴᠠᠭᠤᠯᠵᠤ ᠪᠠᠶᠢᠭᠠᠳ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠭᠰᠠᠨ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠵᠠᠰᠠᠬᠤ ᠠᠵᠢᠯ ᠳᠤ ᠢᠳᠡᠪᠬᠢᠲᠡᠢ ᠬᠠᠮᠵᠢᠯᠴᠠᠭᠤᠯᠤᠨ ᠬᠠᠷᠢᠶᠠᠨ | ᠳᠠᠬᠢ ᠴᠢᠮᠡᠭᠡ ᠬᠤᠯᠪᠣᠭ᠎ᠠ ᠪᠣᠯᠤᠨ ᠵᠠᠰᠠᠭ ᠤᠨ ᠶᠠᠪᠤᠳᠠᠯ ᠤᠨ ᠲᠣᠤᠷ ᠰᠦᠯᠵᠢᠶ᠎ᠡ ᠶᠢᠨ ᠰᠠᠭᠠᠳ ᠦᠭᠡᠢ ᠨᠡᠪᠲᠡᠷᠡᠬᠦ ᠶᠢ | ᠪᠠᠲᠤᠯᠠᠬᠤ ᠬᠡᠷᠡᠭᠲᠡᠶ᠃ | ᠭᠡᠨᠡᠳᠲᠡ ᠡᠭᠦᠰᠬᠦ ᠬᠢᠵᠢᠭ ᠤᠨ ᠪᠠᠶᠢᠳᠠᠯ ᠳᠤ ᠴᠢᠭᠯᠡᠭᠦᠯᠦᠨ ᠠᠵᠤ ᠠᠬᠤᠶᠢᠯᠠᠯ ᠠᠵᠢᠯ ᠣᠶᠢᠯᠡᠰ ᠤᠨ | ᠨᠢᠬᠡᠴᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠤᠨ ᠭᠠᠵᠠᠷ ᠵᠡᠷᠭᠡ ᠰᠢᠨᠵᠢᠯᠡᠬᠦ ᠤᠬᠠᠭᠠᠨ ᠤ | ᠰᠤᠳᠤᠯᠤᠯ ᠤᠨ ᠬᠦᠴᠦᠨ ᠢ ᠵᠣᠬᠢᠶᠠᠨ ᠪᠠᠶᠢᠭᠤᠯᠤᠨ ᠪᠠᠴᠢᠮ ᠪᠠᠶᠢᠳᠠᠯ ᠢ ᠰᠢᠢᠳᠪᠣᠷᠢᠯᠡᠵᠣ ᠰᠡᠷᠭᠡᠶᠢᠯᠡᠨ ᠵᠠᠰᠠᠬᠤ | ᠮᠡᠷᠭᠡᠵᠢᠯ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠪᠣᠭᠤᠮᠲᠠ ᠰᠢᠪᠲᠤᠯᠬᠤ ᠶᠢ ᠥᠷᠨᠢᠭᠦᠯᠵᠦ᠂ ᠨᠢᠭᠡ ᠶᠠᠪᠤᠳᠠᠯ ᠢ | ᠨᠢᠭᠡ ᠵᠥᠪᠯᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ᠳᠡᠮᠵᠢᠯᠭᠡ | ᠦᠵᠡᠭᠦᠯᠬᠦ ᠬᠡᠷᠡᠭᠲᠡᠶ᠃ | ᠬᠢᠵᠢᠭ ᠳᠡᠯᠬᠡᠷᠡᠵᠣ ᠪᠠᠶᠢᠬᠤ ᠬᠤᠭᠤᠴᠠᠭᠠᠨ ᠳᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠣᠶᠢᠯ ᠤᠨ ᠵᠠᠬ᠎ᠠ | ᠳᠡᠯᠭᠡᠭᠦᠷ ᠤᠨ ᠬᠠᠩᠭᠠᠯᠭ᠎ᠠ ᠶᠢ ᠵᠣᠬᠢᠶᠠᠨ ᠪᠠᠶᠢᠭᠤᠯᠤᠨ᠎ᠠ︔ ᠭᠠᠳᠠᠭᠠᠳᠤ ᠳᠤ ᠬᠤᠯᠪᠣᠭᠳᠠᠬᠤ ᠠᠵᠤ ᠠᠬᠤᠶ ᠶᠢᠨ | ᠠᠷᠠᠯᠵᠢᠶᠠᠨ ᠤ ᠠᠵᠢᠯᠯᠠᠭ᠎ᠠ ᠳᠤ ᠣᠷᠣᠯᠴᠠᠬᠤ ᠬᠥᠮᠦᠰ ᠢ ᠤᠬᠠᠭᠤᠯᠬᠤ᠂ ᠳᠠᠩᠰᠠᠯᠠᠬᠤ᠂ ᠠᠵᠢᠭᠯᠠᠬᠤ ᠠᠵᠢᠯ ᠢ | ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠰᠢᠨ᠎ᠡ ᠮᠠᠶ᠋ᠢᠭ ᠤᠨ ᠲᠢᠳᠢᠮᠯᠢᠭ ᠸᠢᠷᠦ᠋ᠰ ᠤᠨ ᠬᠢᠵᠢᠭ ᠡᠪᠡᠳᠴᠢᠨ ᠤ | ᠭᠠᠳᠠᠭᠠᠳᠤ ᠳᠤ ᠬᠤᠯᠪᠣᠭᠳᠠᠬᠤ ᠠᠵᠤ ᠠᠬᠤᠶ ᠶᠢᠨ ᠠᠷᠠᠯᠵᠢᠶᠠᠨ ᠤ ᠠᠵᠢᠯᠯᠠᠭ᠎ᠠ ᠶᠢᠨ ᠬᠤᠭᠤᠴᠠᠭᠠᠨ ᠳᠤ ᠭᠠᠵᠠᠷ | ᠣᠷᠣᠨ ᠠᠯᠤᠰᠯᠠᠨ ᠲᠠᠷᠬᠠᠨ ᠳᠡᠯᠭᠡᠷᠡᠬᠦ ᠶᠢ ᠰᠡᠷᠭᠡᠶᠢᠯᠡᠨ ᠬᠤᠷᠢᠭᠯᠠᠬᠤ ᠬᠡᠷᠡᠭᠲᠡᠶ᠃ | ︵ᠳᠣᠯᠤᠭ᠎ᠠ︶ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ᠄ ᠰᠤᠷᠭᠠᠭᠤᠯᠢ ᠳᠤ ᠪᠠᠶᠢᠭ᠎ᠠ ᠰᠤᠷᠤᠭᠴᠢ | ᠂ ᠪᠠᠭᠰᠢ ᠠᠵᠢᠯᠲᠠᠨ ᠠᠵᠢᠯᠴᠢᠨ ᠤ ᠰᠢᠨ᠎ᠡ ᠮᠠᠶ᠋ᠢᠭ ᠤᠨ ᠲᠢᠲᠢᠮᠯᠢᠭ ᠸᠢᠷᠦ᠋ᠰ ᠢ ᠰᠡᠷᠭᠡᠶᠢᠯᠡᠨ ᠡᠵᠡᠮᠳᠡᠬᠦ ᠠᠵᠢᠯ ᠪᠠ | ᠤᠬᠠᠭᠤᠯᠭ᠎ᠠ ᠬᠥᠮᠦᠵᠢᠯ ᠢ ᠬᠠᠷᠢᠭᠤᠴᠠᠨ ᠰᠠᠶᠢᠲᠤᠷ ᠬᠢᠨ᠎ᠡ᠃ | ︵ᠨᠠᠢᠮᠠ︶ ᠠᠷᠠᠳ ᠤᠨ ᠶᠠᠪᠤᠳᠠᠯ ᠤᠨ ᠲᠣᠪᠴᠢᠶ᠎ᠠ᠄ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠬᠦ ᠰᠢᠨ᠎ᠠ | ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠭᠰᠠᠨ ᠠᠭᠤᠰᠬᠢᠨ ᠦᠷᠪᠢᠰᠦᠯ ᠲᠠᠢ ᠡᠪᠡᠳᠴᠢᠲᠡᠨ ᠳᠤ | ᠡᠮᠴᠢᠯᠡᠭᠡ᠂ ᠠᠮᠢᠳᠤᠷᠠᠯ ᠤᠨ ᠳᠠᠯ᠎ᠠ ᠪᠠᠷ ᠠᠪᠤᠷᠠᠨ ᠲᠤᠰᠠᠯᠠᠨ᠎ᠠ᠃ | ︵ᠶᠢᠰᠦ︶ ᠡᠳ᠋ ᠤᠨ ᠵᠠᠰᠠᠭ ᠤᠨ ᠲᠣᠪᠴᠢᠶ᠎ᠠ᠄ ᠰᠡᠷᠭᠡᠶᠢᠯᠡᠨ ᠡᠵᠡᠮᠳᠡᠬᠦ ᠬᠡᠷᠡᠭᠴᠡᠭᠡ ᠪᠠᠨ ᠦᠨᠳᠦᠰᠦᠯᠡᠨ | ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠭᠰᠠᠨ ᠠᠭᠤᠰᠬᠢᠨ ᠦᠷᠪᠢᠰᠦᠯ ᠤᠨ ᠬᠢᠵᠢᠭ ᠤᠨ ᠡᠳᠦᠷ | ᠲᠤᠲᠤᠮ ᠤᠨ ᠬᠢᠨᠠᠨ ᠬᠡᠮᠵᠢᠯᠲᠡ ᠪᠠ ᠪᠠᠴᠢᠮ ᠪᠠᠶᠢᠳᠠᠯ ᠢ ᠰᠢᠢᠳᠪᠣᠷᠢᠯᠡᠬᠦ ᠳᠤ ᠬᠡᠷᠡᠭᠰᠡᠬᠦ ᠪᠡᠯᠡ ᠮᠥᠩᠭᠦ ᠶᠢ ᠴᠠᠭ | ᠲᠤᠬᠠᠶ ᠳᠤᠨᠢ ᠲᠣᠬᠢᠷᠠᠭᠤᠯᠬᠤ ᠪᠠ ᠰᠠᠯᠭᠠᠨ ᠥᠭᠬᠦ ᠶᠢᠨ ᠬᠠᠮᠲᠤ ᠪᠡᠯᠡ ᠮᠥᠩᠭᠦ ᠶᠢᠨ ᠬᠡᠷᠡᠭᠯᠡᠯᠲᠡ ᠳᠤ ᠬᠢᠨᠠᠯᠲᠠ | ᠲᠠᠯᠪᠢᠬᠤ ᠪᠠᠨ ᠴᠢᠩᠭᠠᠳᠬᠠᠬᠤ ᠬᠡᠷᠡᠭᠲᠡᠶ᠃ | ︵ᠠᠷᠪᠠ︶ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠡᠮᠦᠷ ᠵᠠᠮ ᠤᠨ ᠲᠡᠭᠡᠭᠡᠪᠦᠷᠢ ᠶᠢᠨ ᠠᠯᠪᠠᠨ | ᠭᠡᠷ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠄ ︽ᠤᠯᠤᠰ ᠤᠨ ᠳᠣᠲᠣᠭᠠᠳᠤ ᠶᠢᠨ ᠵᠠᠮ | ᠬᠠᠷᠢᠯᠴᠠᠭᠠᠨ ᠤ ᠡᠷᠡᠭᠦᠯ ᠬᠠᠮᠠᠭᠠᠯᠠᠯ ᠬᠢᠵᠢᠭ ᠤᠨ ᠪᠠᠶᠢᠴᠠᠭᠠᠯᠲᠠ ᠶᠢᠨ ᠳᠦᠷᠢᠮ︾ ︵ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠠᠴᠠ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 254 ᠳ᠋ᠤᠭᠡᠷ ᠲᠣᠭᠠᠲᠤ︶ ᠵᠢᠴᠢ | ᠲᠡᠭᠦᠨ ᠤ ᠬᠡᠷᠡᠭᠵᠢᠬᠦᠯᠬᠦ ᠲᠥᠰᠦᠯ ᠶᠣᠰᠣᠭᠠᠷ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ | ᠳᠣᠲᠣᠷᠠᠬᠢ ᠵᠠᠮ ᠬᠠᠷᠢᠯᠴᠠᠭ᠎ᠠ ᠲᠡᠭᠡᠭᠡᠪᠦᠷᠢ ᠶᠢᠨ ᠡᠷᠡᠭᠦᠯ ᠬᠠᠮᠠᠭᠠᠯᠠᠯ ᠬᠢᠵᠢᠭ ᠪᠠᠶᠢᠴᠠᠭᠠᠬᠤ ᠠᠵᠢᠯ ᠢ ᠬᠠᠷᠢᠭᠤᠴᠠᠵᠤ᠂ | ᠠᠵᠢᠯᠲᠠᠨ ᠢ ᠵᠣᠬᠢᠶᠠᠨ ᠪᠠᠶᠢᠭᠤᠯᠤᠨ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠠᠢ | ᠢᠳᠡᠪᠬᠢᠲᠡᠢ ᠬᠠᠮᠵᠢᠯᠴᠠᠨ ᠪᠡᠶ᠎ᠡ ᠶᠢᠨ ᠳᠤᠯᠠᠭᠠᠨ ᠢ ᠬᠢᠨᠠᠨ ᠪᠠᠶᠢᠴᠠᠭᠠᠬᠤ᠂ ᠯᠠᠪᠯᠠᠨ ᠠᠰᠠᠭᠤᠵᠤ ᠳᠠᠩᠰᠠᠯᠠᠬᠤ ᠵᠡᠷᠭᠡ | ᠠᠵᠢᠯ ᠢ ᠥᠷᠨᠢᠭᠦᠯᠦᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯᠲᠠᠨ᠂ ᠡᠮ ᠤᠨ ᠵᠣᠶᠢᠯ ᠪᠠᠭᠠᠵᠢ | ᠬᠡᠷᠡᠭᠰᠡᠯ ᠪᠣᠯᠤᠨ ᠬᠤᠯᠪᠣᠭᠳᠠᠯ ᠪᠦᠬᠦᠢ ᠣᠶᠢᠯᠡᠳᠪᠣᠷᠢᠯᠡᠯ ᠠᠮᠢᠳᠤᠷᠠᠯ ᠤᠨ ᠡᠳ᠋ ᠪᠠᠷᠠᠭ᠎ᠠ ᠶᠢ ᠡᠩ ᠲᠡᠷᠢᠭᠦᠨ ᠳᠤ | ᠲᠡᠭᠡᠭᠡᠪᠦᠷᠢᠯᠡᠨ ᠬᠦᠷᠭᠡᠬᠦ ᠬᠡᠷᠡᠭᠲᠡᠶ᠃ | ︵ᠠᠷᠪᠠᠨ ᠨᠢᠭᠡ︶ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠄ ᠠᠮᠢᠲᠠᠨ ᠤ ᠬᠢᠵᠢᠭ ᠡᠪᠡᠳᠴᠢᠨ ᠢ | ᠪᠠᠶᠢᠴᠠᠭᠠᠬᠤ ᠵᠢᠴᠢ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠠᠵᠢᠯ ᠢ ᠬᠠᠷᠢᠭᠤᠴᠠᠵᠤ᠂ ᠰᠡᠷᠭᠡᠶᠢᠯᠡᠨ ᠡᠵᠡᠮᠳᠡᠬᠦ | ᠮᠡᠷᠭᠡᠵᠢᠯ ᠤᠨ ᠲᠥᠰᠦᠯ ᠲᠣᠭᠲᠠᠭᠠᠬᠤ ᠬᠡᠷᠡᠭᠲᠡᠶ᠃ | ︵ᠠᠷᠪᠠᠨ ᠬᠤᠶᠠᠷ︶ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠄ ᠡᠬᠡ ᠬᠠᠭᠤᠷᠠᠶ ᠶᠢᠨ | ᠬᠡᠭᠡᠷ᠎ᠡ ᠶᠢᠨ ᠠᠮᠢᠲᠠᠨ ᠤ ᠬᠢᠵᠢᠭ ᠤᠨ ᠢᠷᠡᠯᠲᠡ ᠶᠢᠨ ᠬᠢᠵᠢᠭ ᠡᠪᠡᠳᠴᠢᠨ ᠢ ᠪᠠᠶᠢᠴᠠᠭᠠᠬᠤ ᠪᠠ ᠨᠤᠭᠤ ᠭᠠᠵᠠᠷ᠂ | ᠤᠰᠤᠨ ᠴᠥᠭᠦᠷᠥᠮ᠂ ᠴᠡᠴᠡᠷᠯᠢᠭ ᠵᠡᠷᠭᠡ ᠵᠢᠬᠦᠷᠳᠡᠨ ᠲᠥᠪᠯᠡᠷᠡᠭᠰᠡᠨ ᠣᠷᠣᠨ ᠢ ᠲᠣᠭᠤᠷᠢᠨ ᠪᠠᠶᠢᠴᠠᠭᠠᠵᠤ᠂ | ᠬᠡᠭᠡᠷ᠎ᠡ ᠶᠢᠨ ᠠᠮᠢᠲᠠᠨ ᠤ ᠬᠡᠪ ᠤᠨ ᠪᠤᠰᠤ ᠪᠠᠶᠢᠳᠠᠯ ᠲᠠᠢ ᠪᠤᠶᠤ ᠬᠡᠪ ᠤᠨ ᠪᠣᠰᠣ ᠰᠢᠯᠳᠠᠭᠠᠨ ᠠᠴᠠ ᠥᠭᠦᠭᠰᠡᠨ | ᠪᠠᠶᠢᠳᠠᠯ ᠢ ᠴᠠᠭ ᠲᠤᠬᠠᠶ ᠳᠤᠨᠢ ᠪᠠᠶᠢᠴᠠᠭᠠᠬᠤ ᠶᠢᠨ ᠬᠠᠮᠲᠤ ᠲᠤᠬᠠᠶ ᠶᠢᠨ ᠭᠠᠵᠠᠷ ᠲᠤᠨᠢ ᠳᠣᠰᠠᠭᠠᠷᠯᠠᠬᠤ ᠵᠡᠷᠭᠡ | ᠠᠷᠭ᠎ᠠ ᠬᠡᠮᠵᠢᠶ᠎ᠡ ᠠᠪᠤᠨ᠎ᠠ︔ ᠬᠡᠭᠡᠷ᠎ᠡ ᠶᠢᠨ ᠠᠮᠢᠲᠠᠨ ᠠᠴᠠ ᠬᠤᠯᠠ ᠵᠠᠶᠢᠳᠠᠭᠤ ᠪᠠᠶᠢᠵᠤ᠂ ᠡᠪᠡᠳᠴᠢᠨ | ᠬᠠᠯᠳᠠᠪᠤᠷᠢᠯᠠᠭᠰᠠᠨ ᠰᠡᠵᠢᠭ ᠲᠠᠢ ᠪᠤᠶᠤ ᠦᠬᠦᠭᠰᠡᠨ ᠬᠡᠭᠡᠷ᠎ᠡ ᠶᠢᠨ ᠠᠮᠢᠲᠠᠨ ᠢ ᠳᠡᠬᠦᠬᠦ ᠦᠬᠡᠢ ᠣᠶᠢᠷᠠᠳᠣᠬᠤ ᠦᠬᠡᠢ | ᠪᠠᠶᠢᠬᠤ ᠣᠯᠠᠨ ᠨᠡᠶᠢᠲᠡ ᠶᠢᠨ ᠰᠡᠷᠡᠮᠵᠢᠯᠡᠭᠦᠯᠬᠦ ᠬᠥᠮᠦᠵᠢᠯ ᠢ ᠰᠠᠶᠢᠲᠤᠷ ᠬᠢᠬᠦ ᠬᠡᠷᠡᠭᠳᠡᠢ᠃ | ︵ᠠᠷᠪᠠᠨ ᠲᠠᠪᠤ︶ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ ᠬᠢᠵᠢᠭ ᠤᠨ ᠣᠷᠣᠨ ᠤ ᠪᠢᠲᠡᠭᠦᠮᠵᠢᠯᠡᠯ ᠢ | ᠬᠠᠮᠵᠢᠯᠴᠠᠨ ᠰᠠᠶᠢᠲᠤᠷ ᠬᠢᠵᠦ᠂ ᠬᠠᠷᠢᠶ᠎ᠠ ᠣᠷᠣᠨ ᠤ ᠠᠮᠤᠷ ᠢ ᠬᠠᠮᠠᠭᠠᠯᠠᠬᠤ ᠬᠠᠮᠢᠶᠠᠷᠤᠯᠲᠠ ᠪᠣᠯᠤᠨ ᠠᠮᠤᠷ ᠲᠦᠪᠰᠢᠨ | ᠢ ᠬᠠᠮᠠᠭᠠᠯᠠᠬᠤ ᠠᠵᠢᠯ ᠢ ᠴᠢᠩᠭᠠᠳᠬᠠᠬᠤ ᠬᠡᠷᠡᠭᠲᠡᠶ᠃ | ︵ᠠᠷᠪᠠᠨ ᠵᠢᠷᠭᠤᠭ᠎ᠠ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠵᠠᠬ᠎ᠠ | ᠳᠡᠯᠭᠡᠬᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠵᠥᠪᠰᠢᠶᠡᠷᠡᠨ ᠣᠷᠣᠭᠤᠯᠬᠤ ᠠᠵᠢᠯ ᠢ ᠴᠢᠩᠭ᠎ᠠ ᠠᠳᠬᠤᠵᠤ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠳᠡᠬᠡᠷ᠎ᠡ | ᠠᠮᠢᠳᠠᠨ ᠵᠢᠬᠦᠷᠳᠡᠨ ᠪᠠ ᠣᠶᠢᠯᠡᠳᠬᠦᠨ ᠢ ᠬᠠᠤᠯᠢ ᠪᠤᠰᠤ ᠪᠠᠷ ᠬᠤᠳᠠᠯᠳᠤᠨ ᠠᠪᠬᠤ᠂ ᠬᠤᠳᠠᠯᠳᠤᠬᠤ ᠪᠠ ᠡᠳ᠋ᠰᠢᠬᠦᠯᠬᠦ | ᠨᠢᠭᠡᠴᠡ ᠪᠣᠯᠤᠨ ᠬᠤᠪᠢ ᠬᠥᠮᠦᠨ ᠢ ᠴᠢᠩᠭ᠎ᠠ ᠪᠠᠶᠢᠴᠠᠭᠠᠨ ᠰᠢᠢᠳᠪᠣᠷᠢᠯᠡᠬᠦ ᠬᠡᠷᠡᠭᠲᠡᠶ᠃ ᠴᠤᠭᠯᠠᠭ᠎ᠠ ᠮᠠᠶᠢᠮᠠᠶ ᠶᠢᠨ | ᠵᠠᠬ᠎ᠠ ᠳᠡᠯᠭᠡᠭᠦᠷᠴᠢᠨ ᠪᠠ ᠠᠮᠢᠲᠠᠨ ᠲᠠᠢ ᠬᠤᠯᠪᠣᠭᠳᠠᠬᠤ ᠣᠶᠢᠯᠡᠳᠬᠦᠨ ᠡᠵᠡᠩᠨᠡᠭᠴᠢ ᠶᠢ ᠵᠢᠯᠣᠭᠤᠳᠤᠨ ᠥᠪᠡᠷ ᠢ ᠪᠠᠨ | ᠱᠠᠭᠠᠷᠳᠠᠨ ᠬᠠᠮᠢᠶᠠᠷᠬᠤ ᠶᠢ ᠴᠢᠩᠭᠠᠳᠬᠠᠨ᠎ᠠ᠃ | ︵ᠠᠷᠪᠠᠨ ᠳᠣᠯᠤᠭ᠎ᠠ︶ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠄ ᠰᠠᠶᠢᠨ ᠳᠤᠷᠠᠴᠤᠳ ᠤᠨ ᠢᠳᠡᠪᠬᠢ | ᠣᠶᠢᠯᠠᠳᠣᠯ ᠢ ᠬᠦᠢᠴᠡᠳ ᠪᠠᠳᠠᠷᠠᠭᠤᠯᠵᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ | ᠮᠥᠴᠢᠷ ᠢ ᠬᠠᠪᠰᠣᠷᠣᠨ ᠠᠵᠤ ᠠᠬᠤᠶᠢᠯᠠᠯ᠂ ᠨᠡᠶᠢᠭᠡᠮ ᠲᠣᠭᠤᠷᠢᠭ᠂ ᠬᠥᠳᠡᠭᠡ ᠲᠣᠰᠬᠤᠨ ᠪᠠ ᠰᠤᠷᠭᠠᠭᠤᠯᠢ | ᠵᠡᠷᠭᠡ ᠳᠤ ᠪᠠᠴᠢᠮ ᠪᠠᠶᠢᠳᠠᠯ ᠢ ᠰᠢᠢᠳᠪᠣᠷᠢᠯᠡᠬᠦ ᠠᠪᠣᠷᠠᠯᠳᠠ ᠶᠢᠨ ᠪᠣᠯᠪᠠᠰᠤᠷᠠᠭᠤᠯᠤᠯ ᠪᠠ ᠰᠢᠨ᠎ᠡ ᠬᠡᠯᠪᠡᠷᠢ ᠶᠢᠨ | ᠲᠢᠲᠢᠮᠯᠢᠭ ᠸᠢᠷᠦ᠋ᠰ ᠠᠴᠠ ᠬᠠᠯᠳᠠᠪᠣᠷᠢᠯᠭᠰᠠᠨ ᠠᠭᠤᠰᠬᠢᠨ ᠦᠷᠪᠢᠰᠦᠯ ᠰᠡᠷᠭᠡᠶᠢᠯᠡᠬᠦ ᠮᠡᠳᠡᠯᠭᠡ ᠶᠢ ᠤᠬᠠᠭᠤᠯᠤᠨ | ᠲᠦᠭᠡᠮᠡᠯᠵᠢᠭᠦᠯᠬᠦ ᠠᠵᠢᠯ ᠢ ᠥᠷᠭᠡᠨ ᠢᠶᠠᠷ ᠥᠷᠨᠢᠭᠦᠯᠵᠦ᠂ ᠣᠯᠠᠨ ᠨᠡᠶᠢᠲᠡ ᠶᠢᠨ ᠰᠡᠷᠭᠡᠶᠢᠯᠡᠨ ᠬᠠᠮᠠᠭᠠᠯᠠᠬᠤ ᠦᠵᠡᠯ | ᠤᠬᠠᠮᠰᠠᠷ ᠢ ᠳᠡᠭᠡᠭᠰᠢᠯᠡᠭᠦᠯᠦᠨ᠎ᠡ᠃ | ︵ᠠᠷᠪᠠᠨ ᠨᠠᠢᠮᠠ︶ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠣᠷᠳᠣᠰ ᠵᠡᠪᠰᠡᠭᠲᠦ ᠴᠠᠭᠳᠠᠭ᠎ᠠ ᠶᠢᠨ | ᠰᠠᠯᠪᠤᠷᠢ ᠠᠩᠭᠢ ᠶᠢᠨ ᠦᠤᠰᠢᠨ ᠬᠤᠰᠢᠭᠤᠨ ᠤ ᠳᠤᠮᠳᠠ ᠠᠩᠭᠢ᠄ ᠣᠷᠣᠨ ᠨᠤᠲᠤᠭ ᠢ ᠬᠠᠪᠰᠤᠷᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ | ︵ᠠᠷᠪᠠ ᠶᠢᠰᠦ︶ ᠪᠤᠰᠤᠳ ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ | ᠤᠨ ᠬᠢᠨ ᠡᠭᠦᠷᠭᠡ ᠬᠠᠷᠢᠭᠤᠴᠠᠯᠭ᠎ᠠ ᠪᠠ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠭᠰᠠᠨ | ᠠᠭᠤᠰᠬᠢᠨ ᠦᠷᠪᠢᠰᠦᠯ ᠤᠨ ᠪᠠᠴᠢᠮ ᠪᠠᠶᠢᠳᠠᠯ ᠢ ᠰᠢᠢᠳᠪᠦᠷᠢᠯᠡᠬᠦ ᠬᠡᠷᠡᠭᠴᠡᠭᠡ ᠶᠢ ᠦᠨᠳᠦᠰᠣᠯᠠᠨ ᠪᠠᠴᠢᠮ ᠪᠠᠶᠢᠳᠠᠯ ᠢ | ᠰᠢᠢᠳᠪᠣᠷᠢᠯᠡᠬᠦ ᠡᠳ᠋ ᠪᠣᠳᠠᠰ ᠨᠥᠭᠡᠴᠡᠯᠡᠬᠦ᠂ ᠬᠢᠵᠢᠭ ᠪᠠᠶᠢᠴᠠᠭᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ | ᠪᠠ ᠪᠣᠬᠢᠷᠲᠤᠯ ᠤᠨ ᠲᠠᠷᠬᠠᠯᠲᠠ ᠶᠢ ᠬᠢᠵᠠᠭᠠᠷᠯᠠᠬᠤ ᠵᠢᠴᠢ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ | ᠠᠴᠠ ᠬᠠᠯᠳᠠᠪᠣᠷᠢᠯᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ | ᠪᠠᠶᠢᠳᠠᠯ ᠢ ᠰᠢᠢᠳᠪᠣᠷᠢᠯᠡᠬᠦ ᠵᠢᠯᠣᠭᠤᠳᠬᠤ ᠭᠠᠵᠠᠷ ᠤᠨ ᠲᠤᠰᠢᠶᠠᠭᠰᠠᠨ ᠬᠠᠮᠢᠶ᠎ᠠ ᠪᠦᠬᠦᠢ ᠠᠵᠢᠯ ᠢ ᠵᠣᠬᠢᠶᠠᠨ | ᠪᠠᠶᠢᠭᠤᠯᠤᠨ ᠰᠠᠶᠢᠲᠤᠷ ᠬᠢᠨ᠎ᠡ᠃ | | | | | ᠳᠠᠭᠠᠯᠳᠤᠭᠤᠯᠤᠯ ⒉ | ᠦᠤᠰᠢᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ | ᠬᠠᠯᠳᠠᠪᠣᠷᠢᠯᠭᠰᠠᠨ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠰᠡᠷᠭᠡᠶᠢᠯᠡᠨ ᠡᠵᠡᠮᠳᠡᠬᠦ ᠮᠡᠷᠭᠡᠵᠢᠯᠲᠡᠨ ᠤ | ᠳᠣᠭᠤᠶᠢᠯᠠᠩ ᠤᠨ ᠨᠡᠷᠡᠰ | ᠨᠢᠭᠡ᠂ ᠡᠮᠴᠢᠯᠡᠨ ᠵᠠᠰᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ | ᠸᠠᠩ ᠯᠢ ᠮᠧᠶ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠳᠡᠳ᠋ ᠳᠠᠷᠤᠭ᠎ᠠ | ᠮᠠᠰᠢ ᠬᠤᠰᠢᠭᠤ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠳᠡᠳ᠋ ᠳᠠᠷᠤᠭ᠎ᠠ | ᠪᠢᠶᠠᠨ ᠱᠧᠩ ᠯᠢ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠰᠠᠴᠤᠷᠠᠭ ᠤᠨ ᠰᠠᠯᠠᠭᠠᠨ ᠤ | ᠡᠷᠬᠢᠯᠡᠭᠴᠢ ᠡᠮᠴᠢ | ᠶᠠᠩ ᡁᠢ ᠱᠧᠩ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠳᠣᠲᠣᠷ ᠰᠠᠯᠠᠭᠠᠨ ᠤ ᠳᠡᠳ᠋ | ᠡᠷᠬᠢᠯᠡᠭᠴᠢ ᠡᠮᠴᠢ | ᠡᠤ ᠱᠧᠩ ᠷᠦᠩ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠰᠢᠯᠭᠠᠨ ᠪᠠᠶᠢᠴᠠᠭᠠᠬᠤ ᠰᠠᠯᠠᠭᠠᠨ ᠤ | ᠳᠡᠳ᠋ ᠡᠷᠬᠢᠯᠡᠭᠴᠢ ᠡᠮᠴᠢ | ᠸᠴᠢᠷ ᠬᠤᠰᠢᠭᠤ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠳᠣᠳᠣᠷ | ᠰᠠᠯᠠᠭᠠᠨ ᠤ ᠮᠣᠩᠭᠤᠯ ᠡᠮᠨᠡᠯᠭᠡ ᠶᠢᠨ ᠡᠷᠬᠢᠯᠡᠭᠴᠢ ᠡᠮᠴᠢ | ᠪᠠᠯᠵᠤᠤᠷ ᠬᠤᠰᠢᠭᠤ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠶᠠᠰᠣᠨ | ᠰᠢᠷᠬᠠᠨ ᠰᠠᠯᠠᠭᠠᠨ ᠤ ᠮᠣᠩᠭᠤᠯ ᠡᠮᠨᠡᠯᠭᠡ ᠶᠢᠨ ᠡᠷᠬᠢᠯᠡᠭᠴᠢ ᠡᠮᠴᠢ | ᠸᠠᠩ ᠬᠠᠢ ᠯᠢᠨ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠳᠠᠪᠣᠷᠢᠳᠣ ᠡᠪᠡᠳᠴᠢᠨ ᠤ | ᠰᠠᠯᠠᠭᠠᠨ ᠤ ᠭᠤᠣᠯᠯᠠᠭᠴᠢ ᠡᠮᠴᠢ | ᠾᠧ ᠰᠢᠤᠢ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠰᠠᠯᠠᠭᠠᠨ ᠤ ᠡᠷᠬᠢᠯᠡᠭᠴᠢ | ᠴᠢᠶᠣᠤ ᠹᠧᠩ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠡᠮᠨᠡᠯᠭᠡ ᠶᠢᠨ ᠰᠠᠯᠠᠭᠠᠨ ᠤ ᠡᠷᠬᠢᠯᠡᠭᠴᠢ | ᠯᠢ ᠰᠢᠤᠢ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠳᠠᠪᠣᠷᠢᠳᠣ ᠡᠪᠡᠳᠴᠢᠨ ᠤ ᠰᠠᠯᠠᠭᠠᠨ ᠤ | ᠡᠷᠬᠢᠯᠡᠭᠴᠢ | ᠵᠢᠶᠠ ᠬᠤᠢ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠮᠢᠨᠴᠦᠭᠦᠷᠡᠭᠦᠯᠬᠦ ᠰᠠᠯᠠᠭᠠᠨ ᠤ | ᠭᠤᠣᠯᠯᠠᠭᠴᠢ ᠡᠮᠴᠢ | ᠭᠦᠸᠧ ᠭᠤᠸᠠᠩ ᠸᠧᠶ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠲᠦᠷᠭᠡᠨ ᠡᠮᠴᠢᠯᠡᠬᠡᠨ ᠤ | ᠰᠠᠯᠠᠭᠠᠨ ᠤ ᠭᠤᠣᠯᠯᠠᠭᠴᠢ ᠡᠮᠴᠢ | ᠸᠠᠩ ᠴᠢᠶᠦ᠋ᠩ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠰᠤᠪᠢᠯᠠᠬᠤ ᠬᠡᠯᠲᠡᠰ ᠤᠨ | ᠡᠷᠬᠢᠯᠡᠭᠴᠢ | ᠬᠤᠶᠠᠷ᠂ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ | ᠳ᠋ᠠᠶ ᠰᠢᠶᠣᠤ ᠳ᠋ᠦᠩ ᠬᠤᠰᠢᠭᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠡᠷᠬᠢᠯᠡᠭᠴᠢ᠂ | ᠡᠪᠡᠳᠴᠢᠨ ᠡᠮᠭᠡᠭ ᠢ ᠡᠵᠡᠮᠳᠡᠬᠦ ᠮᠡᠷᠬᠡᠵᠢᠯ ᠤᠨ ᠳᠣᠮᠳᠠ ᠵᠡᠷᠬᠡ ᠶᠢᠨ ᠮᠡᠷᠬᠡᠵᠢᠯ ᠤᠨ ᠬᠢᠷᠢ ᠬᠡᠮ ᠲᠠᠢ | ᠭᠦᠸᠧ ᠵᠦᠩ ᠮᠧᠶ ᠬᠤᠰᠢᠭᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠳᠡᠳ᠋ ᠡᠷᠬᠢᠯᠡᠭᠴᠢ᠂ | ᠡᠷᠬᠢᠯᠡᠭᠴᠢ ᠰᠤᠪᠢᠯᠠᠭᠴᠢ ᠶᠢᠨ ᠮᠡᠷᠬᠡᠵᠢᠯ ᠤᠨ ᠬᠢᠷᠢ ᠬᠡᠮ ᠲᠠᠢ | ᠯᠢ ᠰᠢᠶᠤᠤ ᠳ᠋ᠦᠩ ᠬᠤᠰᠢᠭᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠳᠡᠳ᠋ ᠡᠷᠬᠢᠯᠡᠭᠴᠢ | ᠂ ᠳᠡᠳ᠋ ᠡᠷᠬᠢᠯᠡᠭᠴᠢ ᠰᠢᠯᠭᠠᠨ ᠪᠠᠶᠢᠴᠠᠭᠠᠭᠴᠢ ᠶᠢᠨ ᠮᠡᠷᠬᠡᠵᠢᠯ ᠤᠨ ᠬᠢᠷᠢ ᠬᠡᠮ ᠲᠠᠢ | ᠯᠢᠦ ᠠᠶ ᠮᠢᠩ ᠬᠤᠰᠢᠭᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠡᠷᠬᠢᠯᠡᠭᠴᠢ ᠰᠢᠯᠭᠠᠨ | ᠪᠠᠶᠢᠴᠠᠭᠠᠭᠴᠢ ᠶᠢᠨ ᠮᠡᠷᠬᠡᠵᠢᠯ ᠤᠨ ᠬᠢᠷᠢ ᠬᠡᠮ ᠲᠠᠢ | ᠭᠦᠸᠧ ᠰᠢᠶᠣᠤ ᠪᠢᠩ ᠬᠤᠰᠢᠭᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠡᠪᠡᠳᠴᠢᠨ ᠡᠮᠭᠡᠭ | ᠢ ᠰᠡᠷᠬᠡᠶᠢᠯᠡᠬᠦ ᠰᠠᠯᠠᠭᠠᠨ ᠤ ᠳᠠᠷᠤᠭ᠎ᠠ᠂ ᠡᠪᠡᠳᠴᠢᠨ ᠡᠮᠭᠡᠭ ᠢ ᠡᠵᠡᠮᠳᠡᠬᠦ ᠮᠡᠷᠬᠡᠵᠢᠯ ᠤᠨ ᠳᠣᠮᠳᠠ ᠵᠡᠷᠬᠡ ᠶᠢᠨ | ᠮᠡᠷᠬᠡᠵᠢᠯ ᠤᠨ ᠬᠢᠷᠢ ᠬᠡᠮ ᠲᠠᠢ | ᠰᠠᠷᠠᠨ᠎ᠠ ᠬᠤᠰᠢᠭᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠳᠡᠳ᠋ ᠡᠷᠬᠢᠯᠡᠭᠴᠢ ᠰᠢᠯᠭᠠᠨ | ᠪᠠᠶᠢᠴᠠᠭᠠᠭᠴᠢ ᠶᠢᠨ ᠮᠡᠷᠬᠡᠵᠢᠯ ᠤᠨ ᠬᠢᠷᠢ ᠬᠡᠮ ᠲᠠᠢ | | |