2 ᠳ᠋ᠤᠭᠠᠷ ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ | ᠷᠦᠩ ᠮᠠᠨ ᠤ ᠬᠤᠰᠢᠭᠤᠨ ᠳᠤ ᠢᠷᠠᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ | ᠵᠢᠯᠣᠭᠤᠳᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠲᠠ ᠶᠢᠨ ᠲᠡᠳ᠋ ᠳᠠᠷᠤᠭ᠎ᠠ ᠨᠢ | ᠵᠢᠶᠠ ᠢᠤᠢ᠂ ᠬᠤᠲᠠ ᠶᠢᠨ ᠳᠡᠳ᠋ ᠳᠠᠷᠤᠭ᠎ᠠ ᠱᠢ ᠶᠠᠨ ᠵᠢᠶᠧ᠂ ᠬᠤᠰᠢᠭᠤ ᠨᠠᠮ ᠤᠨ ᠬᠤᠷᠢᠶᠠᠨ ᠤ ᠱᠦᠵᠢ | ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ᠂ ᠬᠤᠰᠢᠭᠤ | ᠳᠡᠳ᠋ ᠳᠠᠷᠤᠭ᠎ᠠ ᠪᠠᠶᠠᠨᠴᠡᠩᠭᠡᠯ ᠭᠢᠨᠠᠨ ᠵᠢᠯᠤᠭᠤᠳᠤᠯᠭ᠎ᠠ ᠳᠤ ᠣᠷᠣᠯᠴᠠᠪᠠ᠃ | | | ᠯᠢ ᠪᠢᠩ ᠷᠦᠩ ᠵᠦᠩ ᠲᠢᠶᠠᠨ ᠡᡁᠧ ᠴᠤᠸᠠᠩ ᠡᠨᠧᠷᠭᠢ ᠬᠢᠮᠢ ᠶᠢᠨ ᠦᠢᠯᠡᠳᠪᠦᠷᠢ ᠶᠢᠨ ᠬᠢᠵᠠᠭᠠᠷᠲᠤ | ᠺᠣᠮᠫᠠᠨᠢ ᠳᠤ ᠬᠦᠷᠴᠦ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠨ | ᠣᠶᠢᠯᠠᠭᠠᠪᠠ᠃ ᠲᠡᠷᠡ ᠴᠢᠬᠤᠯᠠᠴᠢᠯᠠᠬᠤ ᠳᠠᠭᠠᠨ᠂ ᠣᠳᠣᠬᠠᠨ ᠳᠤ ᠬᠢᠵᠢᠭ ᠤᠨ ᠪᠠᠶᠢᠳᠠᠯ ᠬᠦᠨᠳᠦ ᠨᠣᠴᠢᠲᠠᠢ ᠪᠠᠶᠢᠵᠤ | ᠬᠢᠵᠢᠭ ᠢ ᠰᠡᠷᠭᠡᠶᠢᠯᠡᠬᠦ ᠠᠵᠢᠯ ᠢ ᠰᠠᠶᠢᠳᠤᠷ ᠠᠳᠬᠤᠪᠠᠯ ᠦᠢᠯᠡᠳᠪᠦᠷᠢᠯᠡᠯ ᠰᠠᠶ᠋ᠢ ᠦᠷ᠎ᠡ ᠠᠰᠢᠭ ᠣᠯᠵᠤ ᠴᠢᠳᠠᠨ᠎ᠠ | ᠭᠡᠵᠡᠢ᠃ ᠠᠵᠤ ᠠᠬᠤᠶᠢᠯᠠᠯ ᠤᠨ ᠠᠵᠢᠯᠲᠠᠨ ᠤ ᠣᠯᠠᠩᠬᠢ ᠨᠢ ᠭᠠᠳᠠᠷ ᠮᠤᠵᠢ ᠶᠢᠨ ᠭᠥᠮᠤᠨ ᠪᠣᠯᠬᠤ ᠶᠢ ᠮᠡᠳᠡᠭᠰᠡᠨ ᠤ | ᠲᠠᠷᠠᠭ᠎ᠠ ᠲᠡᠷᠡ ᠠᠵᠤ ᠠᠬᠤᠶᠢᠯᠠᠯ ᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ | ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠠᠵᠢᠯ ᠰᠡᠷᠭᠦᠭᠡᠬᠦ ᠶᠢ ᠬᠤᠶᠢᠰᠢᠯᠠᠭᠤᠯᠬᠤ ᠡᠯ᠎ᠡ ᠵᠦᠶᠯ ᠤᠨ ᠠᠵᠢᠯ ᠢ ᠰᠠᠶᠢᠲᠤᠷ | ᠬᠢᠵᠤ ᠠᠮᠠᠷᠠᠯᠳᠠ ᠶᠢᠨ ᠳᠠᠷᠠᠭ᠎ᠠ ᠪᠤᠴᠠᠵᠤ ᠢᠷᠡᠭᠰᠡᠨ ᠠᠵᠢᠯᠲᠠᠨ ᠠᠵᠢᠯᠴᠢᠨ ᠤ ᠪᠠᠶᠢᠳᠠᠯ ᠢ ᠨᠠᠷᠢᠨ ᠤᠶᠢᠯᠠᠭᠠᠨ | ᠨᠢᠭᠡᠳ ᠨᠢᠭᠡ ᠪᠠᠷ ᠬᠢᠨᠠᠨ ᠬᠠᠷᠭᠤᠭᠤᠯᠵᠤ ᠬᠠᠮᠢᠶᠠᠷᠤᠨ ᠲᠤᠰᠠᠭᠠᠷᠯᠠᠬᠤ ᠠᠷᠭ᠎ᠠ ᠬᠡᠮᠵᠢᠶ᠎ᠡ ᠶᠢ ᠡᠷᠡᠰ ᠰᠠᠶᠢᠲᠤᠷ | ᠨᠠᠶᠢᠳᠠᠪᠤᠷᠢᠵᠢᠭᠤᠯᠬᠤ ᠶᠢ ᠱᠠᠭᠠᠷᠳᠠᠪᠠ᠃ | | | ᠯᠢ ᠪᠢᠩ ᠷᠦᠩ ᠰᠥᠯᠳᠠ ᠰᠤᠮᠤᠨ ᠤ ᠦᠯᠢ ᠶᠢᠨ ᠴᠠᠶᠢᠳᠠᠮ ᠲᠣᠰᠬᠤᠨ ᠤ ᠪᠠᠶᠢᠴᠠᠭᠠᠬᠤ ᠴᠢᠭ ᠲᠤ | ᠲᠠᠩᠰᠠᠯᠠᠯᠳᠠ᠂ ᠪᠡᠶ᠎ᠡ ᠶᠢᠨ ᠳᠤᠯᠠᠭᠠᠨ ᠤ ᠬᠢᠨᠠᠨ ᠬᠡᠮᠵᠢᠯᠲᠡ᠂ ᠬᠢᠵᠢᠭ ᠢ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ | ᠵᠢᠴᠢ ᠣᠯᠠᠨ ᠲᠦᠮᠡᠨ ᠤ ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ ᠶᠢᠨ ᠪᠠᠲᠤᠯᠠᠭ᠎ᠠ ᠵᠡᠷᠭᠡ ᠶᠢᠨ ᠪᠠᠶᠢᠳᠠᠯ ᠢ | ᠨᠠᠷᠢᠨ ᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ᠬᠥᠳᠡᠭᠡ ᠲᠣᠰᠬᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠣᠯ ᠲᠤᠶᠢᠯ ᠤᠨ ᠴᠢᠬᠤᠯᠠ ᠶᠤᠮ᠂ ᠨᠠᠷᠢᠯᠢᠬᠵᠢᠭᠤᠯᠬᠤ᠂ ᠲᠣᠤᠷᠵᠢᠭᠤᠯᠬᠤ ᠬᠠᠮᠢᠶᠠᠷᠤᠯᠲᠠ ᠶᠢ ᠴᠢᠩᠭ᠎ᠠ | ᠭᠡᠷᠡᠭᠵᠢᠭᠦᠯᠤᠨ ᠲᠠᠷᠠᠭᠠᠯᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ ᠭᠤᠤᠯᠳᠠᠯᠭ᠎ᠠ ᠲᠠᠢ ᠬᠥᠮᠦᠰ ᠤᠨ ᠪᠠᠶᠢᠳᠠᠯ | ᠢ ᠴᠠᠭ ᠲᠤᠬᠠᠶ ᠳᠤᠨᠢ ᠣᠨᠣᠪᠴᠢᠲᠠᠶ ᠡᠵᠡᠮᠰᠢᠬᠦ ᠬᠡᠷᠡᠭᠲᠡᠶ᠃ ᠰᠡᠷᠭᠡᠶᠢᠯᠡᠨ ᠬᠠᠮᠠᠭᠠᠯᠠᠬᠤ ᠮᠡᠳᠡᠯᠭᠡ ᠶᠢ ᠤᠬᠠᠭᠤᠯᠤᠨ | ᠤᠯᠠᠨ ᠲᠦᠮᠡᠨ ᠤ ᠥᠪᠡᠷ ᠢ ᠪᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ ᠤᠯᠠᠨ ᠢᠶᠠᠷ ᠢᠶᠠᠨ ᠰᠡᠷᠭᠡᠶᠢᠯᠡᠵᠦ | ᠤᠯᠠᠨ ᠢᠶᠠᠷ ᠢᠶᠠᠨ ᠡᠵᠡᠮᠳᠡᠬᠦ ᠬᠡᠷᠡᠭᠲᠡᠢ ᠭᠡᠵᠡᠢ᠃ | | | ᠯᠢ ᠪᠢᠩ ᠷᠦᠩ ᠰᠢᠷᠬᠤᠰᠤᠨ ᠪᠠᠯᠭᠠᠰᠤᠨ ᠤ ᠥᠨᠳᠥᠷ ᠥᠷ᠎ᠠ ᠠᠰᠢᠭᠳᠤ ᠲᠠᠷᠢᠶᠠᠯᠠᠩ ᠤᠨ ᠵᠢᠱᠢᠶ᠎ᠡ | ᠦᠵᠡᠭᠦᠯᠬᠦ ᠬᠦᠷᠢᠶᠡᠯᠡᠩ ᠳᠤ ᠲᠥᠭᠦᠭᠡᠷᠤᠮᠵᠢᠳᠤ ᠢᠳᠡᠰᠢᠨ ᠨᠣᠭᠤᠭ᠎ᠠ ᠶᠢᠨ ᠦᠶᠯᠡᠳᠪᠦᠷᠢᠯᠡᠯ ᠤᠨ ᠪᠠᠶᠢᠳᠠᠯ ᠢ | ᠪᠠᠶᠢᠴᠠᠭᠠᠨ ᠦᠵᠡᠵᠦ ᠮᠠᠨ ᠤ ᠬᠤᠰᠢᠭᠤᠨ ᠤ ᠢᠳᠡᠰᠢᠨ ᠨᠣᠭᠤᠭ᠎ᠠ ᠶᠢᠨ ᠬᠠᠩᠭᠠᠯᠭ᠎ᠠ᠂ ᠦᠨ᠎ᠡ ᠬᠠᠩᠰᠢ ᠪᠠ | ᠰᠢᠯᠵᠢᠭᠦᠯᠤᠨ ᠲᠡᠭᠡᠭᠡᠪᠦᠷᠢᠯᠡᠬᠦ ᠳᠤ ᠣᠷᠣᠰᠢᠵᠤ ᠪᠠᠶᠢᠭ᠎ᠠ ᠬᠦᠴᠢᠷᠳᠡᠯ ᠠᠰᠠᠭᠤᠳᠠᠯ ᠢ ᠨᠠᠷᠢᠨ ᠣᠶᠢᠯᠠᠭᠠᠪᠠ᠃ ᠲᠡᠷᠡ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠨ ᠬᠠᠮᠲᠤ ᠠᠷᠭ᠎ᠠ ᠪᠦᠬᠦᠨ ᠢ ᠰᠦᠪᠡᠭᠴᠢᠯᠡᠨ ᠢᠳᠡᠰᠢᠨ ᠨᠤᠭᠤᠭᠠᠨ | ᠤ ᠦᠶᠯᠡᠳᠪᠦᠷᠢᠯᠡᠯ ᠢ ᠰᠠᠶᠢᠲᠤᠷ ᠠᠳᠬᠤᠬᠤ ᠬᠡᠷᠡᠭᠲᠡᠶ᠃ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠲᠣᠳᠣᠷᠬᠠᠶ | ᠤᠶᠢᠯᠠᠭᠠᠨ ᠦᠶᠯᠡᠳᠪᠦᠷᠢᠯᠡᠯ ᠢ ᠵᠦᠶ ᠵᠤᠭᠢᠰᠳᠠᠢ ᠲᠣᠬᠢᠷᠠᠭᠤᠯᠵᠤ ᠵᠠᠬ᠎ᠠ ᠳᠡᠯᠭᠡᠭᠦᠷ ᠤᠨ ᠬᠡᠷᠡᠭᠴᠡᠭᠡ ᠶᠢ ᠬᠠᠩᠭᠠᠵᠤ | ᠢᠳᠡᠰᠢᠨ ᠨᠣᠭᠤᠭ᠎ᠠ ᠶᠢᠨ ᠶᠠᠰᠤ ᠴᠢᠨᠠᠷ ᠤᠨ ᠠᠮᠤᠷ ᠲᠥᠪᠰᠢᠨ ᠢ ᠪᠠᠳᠤᠯᠠᠨ ᠵᠠᠬ᠎ᠠ ᠳᠡᠯᠭᠡᠭᠦᠷ ᠤᠨ ᠪᠠᠴᠢᠮ | ᠬᠡᠷᠡᠭᠴᠡᠭᠡ ᠠᠴᠠ ᠪᠤᠯᠵᠤ ᠶᠠᠰᠤ ᠴᠢᠨᠠᠷ ᠤᠨ ᠬᠠᠮᠢᠶᠠᠷᠤᠯᠲᠠ ᠶᠢ ᠣᠮᠲᠣᠭᠠᠶᠢᠯᠠᠭᠰᠠᠨ ᠪᠠᠶᠢᠳᠠᠯ ᠭᠠᠷᠬᠤ ᠶᠢ ᠰᠠᠷᠭᠡᠶᠢᠯᠠᠭᠦ | ᠭᠡᠷᠡᠭᠳᠠᠢ ᠭᠡᠵᠡᠢ᠃ |