ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠲᠠ ᠶᠢᠨ ᠳᠡᠳ᠋ ᠳᠠᠷᠤᠭ᠎ᠠ ᠶᠢᠨ ᠡᠦ ᠨᠠᠷ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠠᠶᠤᠯᠭᠦᠶ ᠦᠶᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2020-02-06
     2 ᠰᠠᠷ᠎ᠠ ᠶᠢᠨ 3 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠲᠠ ᠶᠢᠨ ᠳᠡᠳ᠋ ᠳᠠᠷᠤᠭ᠎ᠠ ᠶᠢᠨ ᠡᠦ ᠮᠠᠨ ᠤ ᠬᠤᠰᠢᠭᠤᠨ ᠤ ᠲᠤᠭ ᠪᠠᠯᠭᠠᠰᠤᠨ ᠤ ᠬᠤᠯᠤᠰᠤ ᠨᠡᠭᠦᠷᠡᠰᠦᠨ ᠠᠭᠤᠷᠬᠠᠢ᠂ ᠵᠥᠩ ᠲᠢᠶᠠᠨ ᠾᠧ ᠴᠤᠸᠠᠩ ᠺᠤᠮᠫᠠᠨᠢ ᠳᠤ ᠬᠦᠷᠴᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯᠭᠦᠶ ᠦᠢᠯᠡᠳᠪᠦᠷᠢᠯᠡᠯ ᠤᠨ ᠠᠵᠢᠯ ᠳᠤ ᠭᠢᠨᠠᠨ ᠵᠢᠯᠤᠭᠤᠳᠤᠯᠭ᠎ᠠ ᠪᠠᠶᠢᠴᠠᠭᠠᠯᠳᠠ ᠭᠢᠵᠤ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠯᠢ ᠵᠥᠩ ᠯᠢᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠯᠳᠠ ᠳᠤ ᠣᠷᠣᠯᠴᠠᠪᠠ᠃
   
      ᠶᠢᠨ ᠡᠦ ᠨᠡᠷ ᠬᠤᠯᠤᠰᠤ ᠨᠡᠭᠦᠷᠡᠰᠦᠨ ᠠᠭᠤᠷᠬᠠᠶ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ ᠪᠡᠶ᠎ᠡ ᠶᠢᠨ ᠳᠤᠯᠠᠭᠠᠨ ᠤ ᠪᠠᠶᠢᠴᠠᠭᠠᠯᠲᠠ᠂ ᠠᠮᠠᠪᠴᠢ ᠵᠡᠭᠦᠬᠦ ᠡᠰᠡᠬᠦ ᠵᠡᠷᠭᠡ ᠪᠠᠶᠢᠴᠠᠭᠠᠯᠲᠠ ᠶᠢ ᠬᠦᠯᠢᠶᠡᠭᠰᠡᠨ ᠤ ᠳᠠᠷᠠᠭ᠎ᠠ ᠲᠤᠳᠤᠭᠰᠢ ᠣᠷᠣᠪᠠ᠃ ᠶᠢᠨ ᠡᠦ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠪᠠᠶᠢᠴᠠᠭᠠᠯᠲᠠ᠂ ᠦᠶᠯᠡᠳᠪᠦᠷᠢ ᠶᠢᠨ ᠲᠣᠭᠤᠷᠢᠭ ᠤᠨ ᠠᠷᠢᠭᠤᠳᠬᠠᠯ᠂ ᠠᠵᠢᠯᠲᠠᠨ ᠠᠵᠢᠯᠴᠢᠨ ᠤ ᠬᠤᠭᠤᠯᠠ ᠤᠮᠳᠠ᠂ ᠠᠶᠤᠯᠭᠦᠶ ᠦᠶᠯᠡᠳᠪᠦᠷᠢᠯᠡᠯ᠂ ᠠᠵᠢᠯ ᠢᠶᠠᠨ ᠡᠭᠢᠯᠠᠭᠦᠯᠤᠨ ᠦᠶᠯᠡᠳᠪᠦᠷᠢᠯᠡᠯ ᠢᠶᠠᠨ ᠰᠡᠷᠭᠦᠭᠡᠭᠰᠡᠨ ᠵᠡᠷᠭᠡ ᠪᠠᠶᠢᠳᠠᠯ ᠢ ᠨᠠᠷᠢᠨ ᠤᠶᠢᠯᠠᠭᠠᠭᠰᠠᠨ ᠪᠠᠶᠢᠨ᠎ᠠ᠃     ᠶᠢᠨ ᠡᠦ ᠴᠢᠬᠤᠯᠠᠴᠢᠯᠠᠬᠤ ᠳᠤ ᠪᠠᠨ᠂ ᠠᠵᠤ ᠠᠬᠤᠶᠢᠯᠠᠯ ᠦᠢᠯᠡᠳᠪᠦᠷᠢᠯᠡᠯ ᠢᠶᠠᠨ ᠰᠡᠷᠭᠦᠭᠡᠬᠦ ᠶᠢᠨ ᠬᠠᠮᠲᠤ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠠᠵᠤ ᠠᠬᠤᠶᠢᠯᠠᠯ ᠲᠠᠢ ᠢᠳᠡᠪᠬᠢᠲᠡᠢ ᠬᠠᠷᠢᠯᠴᠠᠨ ᠬᠢᠵᠢᠭ ᠤᠨ ᠪᠠᠶᠢᠳᠠᠯ ᠤᠨ ᠠᠵᠤ ᠠᠬᠤᠶᠢᠯᠠᠯ ᠳᠤ ᠠᠪᠴᠢᠷᠠᠬᠤ ᠠᠰᠢᠭ ᠦᠭᠡᠢ ᠨᠥᠯᠥᠭᠡ ᠶᠢ  ᠠᠯᠢ ᠴᠢᠳᠠᠬᠤ ᠪᠠᠷ ᠪᠠᠭᠠᠰᠬᠠᠬᠤ ᠬᠡᠷᠡᠭᠲᠡᠢ᠃ ᠠᠵᠤ ᠠᠬᠤᠶᠢᠯᠠᠯ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ  ᠡᠳ᠋ ᠪᠠᠷᠠᠭ᠎ᠠ ᠶᠢ ᠴᠠᠭ ᠲᠤᠬᠠᠶ ᠳᠤᠨᠢ ᠲᠣᠬᠢᠷᠠᠭᠤᠯᠵᠤ ᠠᠶᠤᠯᠭᠦᠶ ᠦᠢᠯᠡᠳᠪᠦᠷᠢᠯᠡᠯ ᠢ  ᠪᠠᠳᠤᠯᠠᠨ ᠬᠢᠵᠢᠭ ᠤᠨ ᠬᠤᠭᠤᠴᠠᠭᠠᠨ ᠳᠤ ᠠᠵᠤ ᠠᠬᠤᠶᠢᠯᠠᠯ ᠤᠨ ᠠᠮᠤᠷ ᠲᠥᠪᠰᠢᠨ ᠲᠣᠭᠲᠠᠭᠤᠨ ᠢᠶᠠᠷ ᠦᠶᠯᠡᠳᠪᠦᠷᠢᠯᠡᠯ ᠢᠶᠠᠨ ᠰᠡᠷᠭᠦᠭᠡᠬᠦ  ᠶᠢ ᠪᠠᠲᠤᠯᠠᠬᠤ ᠬᠡᠷᠡᠭᠲᠡᠶ᠃ ᠪᠠᠴᠢᠮ ᠪᠠᠶᠢᠳᠠᠯ ᠢ ᠰᠢᠢᠳᠪᠦᠷᠢᠯᠡᠬᠦ ᠵᠢᠵᠢᠭᠦᠷᠯᠡᠨ ᠰᠠᠬᠢᠬᠤ ᠳᠦᠷᠢᠮ ᠢ ᠨᠠᠶᠢᠳᠠᠪᠤᠷᠢᠵᠢᠭᠤᠯᠵᠤ ᠬᠢᠵᠢᠭ ᠤᠨ ᠪᠠᠶᠢᠳᠠᠯ ᠢ ᠰᠢᠢᠳᠪᠦᠷᠢᠯᠡᠬᠦ ᠪᠡᠯᠡᠳᠬᠡᠯ ᠢ ᠭᠦᠶᠴᠡᠳ ᠬᠢᠬᠦ ᠬᠡᠷᠡᠭᠲᠡᠶ᠃ ᠴᠢᠩᠭ᠎ᠠ ᠨᠢᠮᠪᠠᠶ ᠰᠢᠭᠰᠢᠨ ᠪᠠᠶᠢᠴᠠᠭᠠᠵᠤ ᠠᠵᠢᠯᠲᠠᠨ ᠤ ᠪᠡᠶ᠎ᠡ ᠶᠢᠨ ᠳᠤᠯᠠᠭᠠᠨ ᠬᠡᠪ ᠤᠨ ᠪᠤᠰᠤ ᠪᠠᠶᠢᠬᠤ᠂ ᠡᠰᠡᠬᠦᠯ᠎ᠡ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠢᠯᠡᠷᠡᠯ ᠲᠠᠢ ᠪᠠᠶᠢᠬᠤ ᠶᠢ ᠣᠯᠵᠤ ᠮᠡᠳᠡᠪᠡᠯ ᠴᠠᠭ ᠲᠤᠬᠠᠶ ᠳᠤᠨᠢ ᠲᠤᠰᠠᠭᠠᠷᠯᠠᠵᠤ ᠡᠮᠨᠡᠭᠦᠯᠬᠦ ᠠᠵᠢᠯ ᠢ ᠰᠠᠶᠢᠲᠤᠷ ᠬᠢᠬᠦ ᠶᠢᠨ ᠬᠠᠮᠲᠤ ᠲᠤᠬᠠᠢ ᠶᠢᠨ ᠭᠠᠵᠠᠷ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠳᠠᠷᠤᠶᠢᠬᠠᠨ ᠬᠠᠷᠢᠭᠤ ᠮᠡᠳᠡᠭᠦᠯᠬᠦ ᠬᠡᠷᠡᠭᠲᠡᠶ ᠭᠡᠵᠡᠢ᠃
          ᠪᠠᠶᠢᠴᠠᠭᠠᠯᠳᠠ ᠶᠢᠨ ᠳᠠᠷᠠᠭ᠎ᠠ ᠡᠷᠳᠡᠨᠢᠪᠢᠯᠢᠭ ᠲᠤᠭ ᠪᠠᠯᠭᠠᠰᠤᠨ ᠤ ᠵᠦᠩ ᠮᠸᠢ  ᠪᠥᠯᠥᠭᠯᠠᠯ ᠤᠨ ᠨᠡᠶᠢᠲᠡ ᠶᠢᠨ ᠪᠠᠶᠢᠷᠢ᠂ ᠮᠡᠶᠢᠷᠡᠨᠰᠦ᠋ᠮ᠎ᠡ ᠨᠡᠶᠢᠭᠡᠮ ᠲᠣᠭᠤᠷᠢᠭ᠂ ᠤᠯᠠᠭᠠᠨᠲᠣᠯᠤᠭᠠᠢ ᠪᠠᠯᠭᠠᠰᠤᠨ ᠤ ᠭᠤᠤᠯᠳᠠᠯᠭᠠᠳᠤ ᠡᠷᠡᠭᠦᠯ ᠬᠠᠮᠠᠭᠠᠯᠠᠯ ᠤᠨ ᠬᠤᠷᠢᠶ᠎ᠠ ᠵᠡᠷᠭᠡ ᠭᠠᠵᠠᠷ ᠢ ᠰᠤᠭᠤᠴᠢᠨ  ᠪᠠᠶᠢᠴᠠᠭᠠᠵᠤ ᠬᠦᠷᠦᠭᠰᠡᠨ ᠭᠠᠵᠠᠷ ᠪᠣᠯᠭᠠᠨ ᠳᠤ ᠰᠠᠭᠤᠭᠠᠯᠢ ᠲᠣᠭᠤᠷᠢᠭ ᠤᠨ ᠬᠠᠮᠢᠶᠠᠷᠤᠯᠲᠠ᠂ ᠠᠮᠢᠳᠤᠷᠠᠯ ᠤᠨ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠦᠮᠦᠰ ᠢ ᠰᠢᠭᠰᠢᠨ ᠪᠠᠶᠢᠴᠠᠭᠠᠭᠰᠠᠨ ᠪᠠᠶᠢᠳᠠᠯ ᠪᠠ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠠᠰᠠᠭᠤᠨ ᠯᠠᠪᠯᠠᠭᠰᠠᠨ ᠪᠠᠶᠢᠨ᠎ᠠ᠃
     ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠭᠠᠳᠠᠨ᠎ᠠ ᠠᠴᠠ ᠢᠷᠡᠭᠰᠡᠨ ᠬᠥᠮᠦᠰ ᠢ ᠲᠠᠩᠰᠠᠯᠠᠬᠤ ᠪᠠ ᠮᠡᠳᠡᠭᠦᠯᠬᠦ ᠲᠦᠷᠢᠮ ᠢ  ᠨᠠᠶᠢᠳᠠᠪᠤᠷᠢᠵᠢᠭᠤᠯᠵᠤ ᠣᠷᠤᠵᠤ ᠭᠠᠷᠬᠤ ᠲᠡᠷᠭᠡ ᠤᠨᠤᠭ᠎ᠠ᠂ ᠠᠵᠢᠯᠲᠠᠨ ᠠᠵᠢᠯᠴᠢᠨ ᠤ ᠳᠡᠩᠰᠡᠯᠡᠯᠲᠡ ᠪᠠ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ ᠶᠢ ᠴᠢᠩᠭ᠎ᠠ ᠵᠢᠷᠤᠮᠵᠢᠭᠤᠯᠤᠨ ᠬᠢᠵᠢᠭ ᠡᠪᠡᠳᠴᠢᠨ ᠳᠡᠯᠭᠡᠷᠡᠬᠦ ᠶᠢ ᠡᠷᠡᠰ ᠬᠤᠷᠢᠭᠯᠠᠬᠤ ᠬᠡᠷᠡᠭᠲᠡᠶ᠃ ᠤᠬᠠᠭᠤᠯᠭ᠎ᠠ ᠪᠠᠨ ᠴᠢᠩᠭᠠᠳᠬᠠᠨ ᠴᠤᠤᠷᠬᠠᠯ ᠢ ᠨᠢᠴᠤᠭᠠᠵᠤ ᠤᠯᠠᠨ ᠲᠦᠮᠡᠨ ᠤ ᠥᠪᠡᠷ ᠢ  ᠪᠠᠨ ᠬᠠᠮᠠᠭᠠᠯᠠᠬᠤ ᠤᠬᠠᠮᠰᠠᠷ ᠪᠠ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠶ᠃ ᠬᠢᠵᠢᠭ ᠤᠨ ᠪᠠᠶᠢᠳᠠᠯ ᠢ ᠰᠠᠷᠭᠡᠶᠢᠯᠠᠭᠦ ᠳᠤᠮᠳᠠ ᠡᠯ᠎ᠡ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠺᠠᠳ᠋ᠷᠴᠤᠳ ᠲᠥᠷᠦᠭᠦᠯᠡᠨ ᠥᠯᠢᠭᠡᠷ ᠳᠠᠭᠤᠷᠢᠶᠠᠯ ᠦᠵᠡᠭᠦᠯᠵᠦ ᠸᠢᠴᠠᠲ ᠵᠡᠷᠭᠡ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠪᠦᠲᠦᠮᠵᠢᠲᠡᠶ ᠠᠰᠢᠭᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ ᠭᠢᠵᠢᠭ ᠢ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠭᠡᠷᠡᠭᠳᠠᠢ᠃ ᠲᠡᠷᠡᠴᠢᠯᠡᠨ ᠡᠭᠦᠷᠭᠡ ᠭᠦᠶᠴᠡᠳᠬᠡᠵᠦ  ᠪᠠᠶᠢᠭ᠎ᠠ ᠬᠥᠮᠦᠰ ᠥᠪᠡᠷ ᠤᠨ ᠪᠠᠶ᠎ᠠ ᠶᠢᠨ ᠰᠠᠷᠭᠡᠶᠢᠯᠠᠯᠳᠠ ᠪᠠᠨ ᠴᠢᠩᠭᠠᠳᠬᠠᠨ ᠠᠮᠤᠷ ᠲᠦᠪᠰᠢᠨ ᠢ ᠪᠠᠲᠤᠯᠠᠬᠤ ᠬᠡᠷᠡᠭᠲᠡᠶ ᠭᠡᠪᠡ᠃  
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号