ᠣᠷᠳᠣᠰ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠬᠤᠷᠠᠯᠳᠤᠵᠤ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ ᠵᠡᠷᠭᠡ ᠤᠳᠤᠷᠢᠳᠤᠯᠭ᠎ᠠ ᠸᠢᠳᠢᠣ᠋ ᠬᠤᠷᠠᠯ ᠤᠨ ᠬᠡᠯᠪᠡᠷᠢ ᠪᠠᠷ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2020-02-06
    2 ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ ᠣᠷᠳᠣᠰ ᠬᠤᠲᠠ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠱᠢ ᠲᠠᠢ ᠹᠧᠩ ᠤᠨ ᠣᠷᠳᠣᠰ ᠬᠤᠲᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠵᠤ ᠬᠢᠨᠠᠨ ᠵᠢᠯᠤᠭᠤᠳᠤᠯᠭ᠎ᠠ ᠭᠢᠭᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠵᠤ ᠣᠷᠳᠣᠰ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠳᠠᠬᠢᠨ ᠲᠤᠭᠢᠷᠠᠭᠤᠯᠤᠯᠳᠠ᠂ ᠳᠠᠬᠢᠨ ᠪᠠᠶᠢᠷᠢᠯᠠᠭᠤᠯᠤᠯᠤᠳᠠ᠂ ᠳᠠᠬᠢᠨ ᠨᠠᠶᠢᠳᠠᠪᠤᠷᠢᠵᠢᠭᠤᠯᠤᠯᠳᠠ ᠭᠢᠭᠰᠡᠨ ᠪᠠᠶᠢᠨ᠎ᠠ᠃ ᠬᠤᠳᠠ ᠶᠢᠨ ᠨᠠᠮ ᠤᠨ ᠬᠤᠷᠢᠶᠠᠨ ᠤ ᠱᠦᠵᠢ ᠨᠢᠦ ᠵᠢᠶᠦ᠋ᠨ ᠶᠠᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠮᠠᠨ ᠤ ᠬᠤᠰᠢᠭᠤ ᠸᠢᠳᠢᠣ᠋ ᠬᠤᠷᠠᠯ ᠤᠨ ᠬᠡᠯᠪᠡᠷᠢ ᠪᠠᠷ ᠬᠤᠷᠠᠯ  ᠳᠤ ᠣᠷᠣᠯᠴᠠᠪᠠ᠃ ᠬᠤᠲᠠ ᠶᠢᠨ ᠳᠡᠳ᠋ ᠳᠠᠷᠤᠭ᠎ᠠ ᠱᠢ ᠶᠠᠨ ᠵᠢᠶᠧ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ ᠵᠢᠴᠢ ᠬᠡᠷ ᠲᠡᠭᠡᠨ ᠪᠠᠶᠢᠭ᠎ᠠ ᠰᠢᠶᠠᠨ ᠤ ᠲᠠᠰ ᠤᠨ ᠤᠳᠤᠷᠢᠳᠤᠯᠭ᠎ᠠ᠂ ᠡᠯ᠎ᠡ ᠠᠵᠤ ᠠᠬᠤᠶ  ᠶᠢᠨ ᠨᠡᠭᠡᠭᠡᠯᠲᠡ ᠶᠢᠨ ᠤᠷᠤᠨ ︵ᠬᠦᠷᠢᠶᠡᠯᠡᠩ ᠲᠣᠭᠤᠷᠢᠭ︶᠂ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠶᠢᠨ ᠬᠤᠷᠠᠯ ᠳᠤ ᠣᠷᠣᠯᠴᠠᠪᠠ᠃
    ᠬᠤᠷᠠᠯ ᠠᠴᠠ ᠵᠢᠭᠠᠵᠤ ᠭᠠᠷᠭᠠᠭᠰᠠᠨ ᠨᠢ᠂ ᠪᠥᠬᠦ ᠬᠤᠲᠠ ᠪᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠤ ᠪᠠᠶᠢᠭ᠎ᠠ ᠵᠠᠩᠭᠢᠯᠠᠭ᠎ᠠ ᠶᠢᠨ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠱᠢ ᠲᠠᠢ ᠹᠧᠩ ᠮᠠᠨ ᠤ ᠬᠤᠲᠠ ᠳᠤ ᠢᠷᠠᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠵᠢᠯᠣᠭᠤᠳᠴᠤ ᠰᠡᠷᠭᠡᠶᠢᠯᠡᠨ ᠡᠵᠡᠮᠳᠡᠬᠦ ᠠᠵᠢᠯ ᠢ ᠤᠯᠠᠮ ᠰᠠᠶᠢᠲᠤᠷ ᠬᠢᠬᠦ ᠴᠢᠭᠯᠡᠯ ᠢ ᠲᠣᠳᠣᠷᠬᠠᠶ ᠵᠢᠭᠠᠵᠤ ᠥᠭᠴᠡᠶ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ  ᠲᠡᠭᠡᠭᠰᠢᠯᠠᠭᠦᠯᠤᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠲᠠᠭᠤ ᠴᠢᠩᠭ᠎ᠠ ᠴᠢᠨᠠᠷ᠂ ᠪᠤᠳᠤᠯᠢᠶᠠᠨᠲᠤ ᠴᠢᠨᠠᠷ ᠪᠠ ᠲᠤᠯᠭᠠᠮ᠎ᠠ ᠴᠢᠨᠠᠷ ᠢ ᠭᠦᠶᠴᠡᠳ ᠲᠠᠨᠢᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠥᠭᠡᠷᠡᠴᠢᠯᠡᠨ ᠰᠢᠶᠳᠪᠦᠷᠢᠯᠡᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠢᠯᠠᠯᠲᠠ ᠶᠢ ᠲᠡᠮᠡᠴᠡᠨ ᠣᠯᠬᠤ ᠬᠡᠷᠡᠭᠲᠡᠶ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ ᠪᠠᠶᠢᠴᠠᠭᠠᠬᠤ᠂ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠶ ᠬᠢᠵᠦ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠨ ᠪᠠᠶᠢᠭᠤᠯᠭ᠎ᠠ ᠨᠢᠭᠡᠴᠢ ᠶᠢᠨ ᠺᠠᠳ᠋ᠷ ᠵᠢᠯᠣᠭᠤᠳᠬᠤ᠂ ᠨᠡᠶᠢᠭᠡᠮ ᠲᠣᠭᠤᠷᠢᠭ ᠤᠨ ᠺᠠᠳ᠋ᠷ ᠭᠤᠤᠯ ᠴᠣᠭᠴᠠ ᠪᠤᠯᠬᠤ᠂ ᠨᠠᠮ ᠤᠨ ᠭᠡᠰᠢᠭᠦᠨ  ᠪᠠ ᠰᠠᠶᠢᠨ ᠳᠤᠷᠠᠴᠤᠳ ᠢᠳᠡᠪᠬᠢᠲᠡᠶ ᠣᠷᠣᠯᠴᠠᠬᠤ᠂ ᠰᠠᠭᠤᠭᠠᠯᠢ ᠲᠣᠭᠤᠷᠢᠭ ᠤᠨ ᠠᠳᠠᠯ ᠠᠬᠤᠶ ᠪᠥᠬᠦ ᠲᠠᠯ᠎ᠠ ᠪᠠᠷ ᠬᠠᠮᠵᠢᠯᠴᠠᠬᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠠᠵᠢᠯ ᠤᠨ ᠪᠠᠶᠢᠷᠢᠰᠢᠯ ᠢ ᠪᠣᠶ ᠪᠣᠯᠭᠠᠬᠤ ᠬᠡᠷᠡᠭᠲᠡᠶ᠃ ᠵᠡᠭᠡᠯᠢ ᠭᠤᠳᠤᠮᠵᠢ ᠨᠡᠶᠢᠭᠡᠮ ᠲᠣᠭᠤᠷᠢᠭ ᠪᠠ ᠮᠠᠯᠵᠢᠬᠤ ᠲᠠᠷᠢᠶᠠᠯᠠᠬᠤ ᠣᠷᠣᠨ ᠵᠡᠷᠭᠡ ᠭᠤᠤᠯᠳᠠᠯᠭ᠎ᠠ ᠲᠠᠢ ᠭᠠᠵᠠᠷ ᠣ‌‍ᠷᠣᠨ ᠤ ᠰᠡᠷᠭᠡᠶᠢᠯᠡᠨ ᠡᠵᠡᠮᠳᠡᠬᠦ ᠠᠵᠢᠯ ᠳᠤᠮᠳᠠᠬᠢ ᠪᠠᠭᠤᠷᠠᠶ ᠲᠠᠯ᠎ᠠ ᠶᠢ ᠣᠨᠣᠪᠴᠢᠲᠠᠶ ᠡᠷᠢᠨ ᠲᠣᠤᠷᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠠᠵᠢᠯ ᠤᠨ ᠪᠠᠶᠢᠷᠢᠨ ᠳᠤ ᠪᠠᠨ ᠪᠤᠴᠠᠬᠤ ᠪᠠ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠬᠦ ᠥᠶ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠲᠤᠭᠢᠷᠠᠭᠤᠯᠬᠤ ᠬᠡᠷᠡᠭᠲᠡᠶ ᠭᠡᠵᠡᠢ᠃
     ᠬᠤᠷᠠᠯ ᠠᠴᠠ ᠱᠠᠭᠠᠷᠳᠠᠭᠰᠠᠨ ᠨᠢ᠂  ᠰᠡᠷᠭᠡᠶᠢᠯᠡᠨ ᠡᠵᠡᠮᠳᠡᠬᠦ ᠠᠵᠢᠯ ᠤᠨ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ ᠡᠯ᠎ᠡ ᠱᠠᠲᠤᠨ ᠤ  ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠭᠤᠤᠯ ᠦᠢᠯᠡᠳᠦᠯ ᠢᠶᠠᠨ ᠭᠦᠢᠴᠡᠳ ᠪᠠᠳᠠᠷᠠᠭᠤᠯᠵᠤ ᠲᠤᠪᠤᠶᠢᠮ᠎ᠠ ᠠᠰᠠᠭᠤᠳᠠᠯ ᠢ ᠴᠠᠭ ᠲᠤᠬᠠᠢ ᠳᠤ ᠨᠢ ᠰᠢᠢᠳᠪᠦᠷᠢᠯᠡᠬᠦ ᠬᠡᠷᠡᠭᠲᠡᠢ᠃ ᠡᠯ᠎ᠡ ᠱᠠᠲᠤᠨ ᠤ ᠳᠠᠭᠠᠭᠠᠴᠢᠯᠠᠨ ᠬᠠᠷᠢᠯᠴᠠᠬᠤ ᠤᠳᠤᠷᠢᠳᠤᠯᠭ᠎ᠠ ᠪᠠ ᠭᠢᠨᠠᠨ ᠵᠢᠯᠣᠭᠤᠳᠬᠤ ᠳᠤᠭᠤᠶᠢᠯᠠᠩ ᠨᠢ ᠭᠢᠨᠠᠨ ᠵᠢᠯᠣᠭᠤᠳᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠡᠯ᠎ᠡ ᠬᠤᠰᠢᠭᠤ ᠲᠣᠭᠤᠷᠢᠭ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠨ ᠰᠠᠷᠭᠡᠶᠢᠯᠠᠨ ᠡᠵᠡᠮᠳᠡᠬᠦ ᠠᠵᠢᠯ ᠢ  ᠰᠠᠶᠢᠲᠤᠷ ᠭᠢᠵᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠪᠣᠯᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠬᠤᠰᠢᠭᠤᠴᠢ ᠵᠢᠱᠢᠶᠡᠴᠢ ᠪᠣᠯᠤᠨ ᠲᠠᠶᠢᠴᠢᠨ ᠪᠠᠬᠢᠯᠡᠯᠲᠡ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠬᠠᠷᠢᠭᠤᠴᠠᠯᠭ᠎ᠠ ᠡᠭᠦᠷᠭᠡᠯᠡᠯ ᠢᠶᠠᠨ ᠰᠠᠶᠢᠲᠦᠷ ᠬᠦᠢᠴᠡᠳᠬᠡᠬᠦ ᠭᠡᠷᠡᠭᠳᠠᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠭᠡᠮᠵᠢᠯᠠᠭᠦ ᠪᠠᠨ ᠴᠢᠩᠭᠠᠳᠬᠠᠨ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ ᠵᠠᠬ᠎ᠠ ᠳᠡᠯᠭᠡᠭᠦᠷ ᠤᠨ ᠬᠠᠩᠭᠠᠯᠭ᠎ᠠ᠂ ᠠᠶᠤᠯᠭᠦᠶ ᠦᠶᠯᠡᠳᠪᠦᠷᠢᠯᠡᠯ᠂ ᠲᠣᠭᠲᠠᠭᠤᠨ ᠪᠠᠶᠢᠳᠠᠯ ᠢ ᠬᠠᠮᠭᠠᠯᠠᠬᠤ᠂ ᠠᠵᠤ ᠠᠬᠤᠶᠢᠯᠠᠯ ᠤᠨ ᠦᠶᠯᠡᠳᠪᠦᠷᠢᠯᠡᠯ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ ᠠᠵᠤ ᠠᠬᠤᠶ ᠶᠢᠨ ᠡᠷᠭᠢᠯᠳᠠ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠪᠠᠶᠢᠬᠤ ᠶᠢ ᠪᠠᠲᠤᠯᠠᠬᠤ ᠬᠡᠷᠡᠭᠲᠡᠶ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号