2 ᠰᠠᠷ᠎ᠠ ᠶᠢᠨ 4 ᠤ ᠡᠳᠦᠷ᠂ ᠬᠤᠰᠢᠭᠤ ᠬᠢᠵᠢᠭ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠬᠡᠯᠳᠡᠰ ᠤᠨ | ᠵᠠᠬ᠎ᠠ ᠳᠡᠯᠬᠡᠬᠦᠷ ᠤᠨ ᠡᠵᠡᠩᠨᠡᠯᠳᠡ ᠪᠠ ᠠᠵᠣ ᠠᠬᠤᠶᠢᠯᠠᠯ ᠢ ᠬᠠᠮᠢᠶᠠᠷᠣᠨ ᠡᠵᠡᠮᠳᠡᠬᠦ ᠳᠣᠭᠤᠶᠢᠯᠠᠩ ᠠᠵᠢᠯ ᠤᠨ | ᠳᠣᠬᠢᠷᠠᠭᠤᠯᠣᠯᠲᠠ ᠶᠢᠨ ᠬᠤᠷᠠᠯ ᠬᠤᠷᠠᠯᠳᠣᠭᠤᠯᠪᠠ᠃ ᠳᠣᠰᠬᠠᠢ ᠠᠵᠢᠯ ᠤᠨ ᠳᠣᠭᠤᠶᠢᠯᠠᠩ ᠤᠨ ᠳᠠᠷᠤᠭ᠎ᠠ ᠬᠤᠰᠢᠭᠤ | ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠬᠤᠰᠢᠭᠤ ᠳᠡᠳ᠋ ᠳᠠᠷᠤᠭ᠎ᠠ ᠯᠢ ᠵᠦᠩ ᠯᠢᠨ ᠠᠴᠠ ᠬᠤᠷᠠᠯ ᠢ | ᠡᠷᠬᠢᠯᠡᠵᠦ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠨᠢᠬᠡᠳᠦᠮᠡᠯ ᠹᠷᠣᠨᠲ ᠶᠢᠨ ᠬᠡᠯᠳᠡᠰ ᠤᠨ | ᠳᠠᠷᠤᠭ᠎ᠠ ᠠᠯᠳᠠᠨᠳᠣᠶᠠᠭ᠎ᠠ᠂ ᠬᠤᠰᠢᠭᠤ ᠣᠳᠣᠷᠢᠳᠣᠯᠭ᠎ᠠ ᠰᠢᠶᠣᠣ ᡁᠢ ᠺᠤᠸᠠᠨ ᠬᠤᠷᠠᠯ ᠳᠤ ᠰᠠᠭᠠᠲᠠᠵᠤ ᠨᠠᠷᠢᠨᠭᠤᠣᠯ | ᠠᠵᠣ ᠦᠢᠯᠡᠳᠪᠦᠷᠢ ᠶᠢᠨ ᠬᠦᠷᠢᠶᠡᠯᠡᠩ᠂ ᠡᠯ᠎ᠡ ᠳᠦᠷᠦᠯ ᠵᠦᠢᠯ ᠤᠨ ᠳᠣᠭᠤᠷᠢᠭ ᠤᠨ ᠬᠠᠮᠢᠶ᠎ᠠ ᠪᠦᠬᠦᠢ | ᠬᠠᠷᠢᠭᠤᠴᠠᠯᠭᠠᠳᠠᠨ ᠵᠢᠴᠢ ᠬᠠᠮᠢᠶ᠎ᠠ ᠪᠦᠬᠦᠢ ᠪᠦᠷᠢᠯᠳᠦᠬᠦᠨ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠳᠠᠨ ᠬᠤᠷᠠᠯ ᠳᠤ | ᠣᠷᠣᠯᠴᠠᠪᠠ᠃  | | ᠬᠤᠷᠠᠯ ᠳᠡᠭᠡᠷ᠎ᠡ ᠯᠢ ᠵᠦᠩ ᠯᠢᠨ ᠠᠴᠠ ᠡᠯ᠎ᠡ ᠬᠦᠷᠢᠶᠡᠯᠡᠩ ᠳᠣᠭᠤᠷᠢᠭ᠂ ᠪᠦᠷᠢᠯᠳᠦᠬᠦᠨ ᠪᠠᠶᠢᠭᠤᠯᠭ᠎ᠠ | ᠨᠢᠭᠡᠴᠢ ᠶᠢᠨ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠤᠨ | ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠠᠬᠢᠭᠤᠯᠵᠦ ᠪᠠᠶᠢᠭ᠎ᠠ ᠪᠠᠶᠢᠳᠠᠯ ᠪᠠ ᠣᠷᠣᠰᠢᠵᠦ ᠪᠠᠶᠢᠭ᠎ᠠ ᠠᠰᠠᠭᠤᠳᠠᠯ | ᠵᠢᠴᠢ ᠳᠠᠷᠠᠭᠠᠴᠢ ᠶᠢᠨ ᠠᠵᠢᠯ ᠤᠨ ᠪᠠᠶᠢᠷᠢᠯᠠᠭᠤᠯᠣᠯᠲᠠ ᠶᠢᠨ ᠳᠣᠬᠠᠢ ᠰᠣᠨᠣᠰᠬᠤ ᠶᠢᠨ ᠬᠠᠮᠲᠣ ᠳᠣᠷᠠᠳᠣᠭᠰᠠᠨ | ᠠᠰᠠᠭᠤᠯᠳᠠ ᠳᠤ ᠬᠠᠷᠢᠭᠤᠯᠳᠠ ᠦᠭᠴᠦ ᠳᠣᠳᠣᠷᠬᠠᠶᠢᠯᠠᠭᠰᠠᠨ ᠪᠠᠶᠢᠨ᠎ᠠ᠃ | ᠯᠢ ᠵᠦᠩ ᠯᠢᠨ ᠵᠢᠭᠠᠬᠤ ᠳᠠᠭᠠᠨ᠂ ᠣᠳᠣᠬᠠᠨ ᠳᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠵᠠᠩᠬᠢᠯᠠᠭ᠎ᠠ ᠶᠢᠨ | ᠴᠠᠭ ᠦᠶ᠎ᠡ ᠳᠤ ᠤᠷᠤᠭᠰᠠᠨ ᠪᠠᠶᠢᠨ᠎ᠠ᠃ ᠡᠯ᠎ᠡ ᠬᠦᠷᠢᠶᠡᠯᠡᠩ ᠳᠣᠭᠤᠷᠢᠭ᠂ ᠡᠯ᠎ᠡ ᠪᠦᠷᠢᠯᠳᠦᠬᠦᠨ ᠪᠠᠶᠢᠭᠤᠯᠭ᠎ᠠ ᠨᠢᠭᠡᠴᠢ | ᠶᠢᠨ ᠬᠢᠨ ᠦᠵᠡᠯ ᠰᠠᠨᠠᠭ᠎ᠠ ᠪᠠᠨ ᠨᠢᠬᠡᠳᠬᠡᠵᠦ ᠣᠳᠣᠬᠠᠨ ᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠪᠠᠴᠢᠮ | ᠳᠣᠯᠭᠠᠮ᠎ᠠ ᠪᠠᠶᠢᠳᠠᠯ ᠢ ᠬᠦᠨᠵᠡᠬᠡᠢ ᠣᠶᠢᠯᠠᠭᠠᠵᠦ ᠠᠷᠠᠳ ᠳᠦᠮᠡᠨ ᠤ ᠠᠮᠢ ᠨᠠᠰᠣᠨ ᠤ ᠠᠮᠣᠷ ᠳᠦᠪᠰᠢᠨ ᠪᠠ ᠪᠡᠶ᠎ᠡ | ᠮᠠᠬᠠᠪᠤᠳ ᠤᠨ ᠡᠷᠡᠬᠦᠯ ᠴᠢᠬᠢᠷᠠᠭ ᠢ ᠨᠢᠬᠡᠳᠦᠬᠡᠷ ᠪᠠᠶᠢᠷᠢᠨ ᠳᠤ ᠳᠠᠯᠪᠢᠵᠦ ᠳᠦᠪ᠂ ᠦᠪᠡᠷᠳᠡᠭᠡᠨ ᠵᠠᠰᠠᠬᠤ ᠣᠷᠣᠨ᠂ | ᠬᠤᠳᠠ ᠪᠠ ᠬᠤᠰᠢᠭᠤᠨ ᠤ ᠡᠯ᠎ᠡ ᠱᠠᠳᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠢᠵᠢᠭ ᠢ ᠰᠡᠷᠭᠡᠶᠢᠯᠡᠨ | ᠡᠵᠡᠮᠳᠡᠬᠦ ᠠᠵᠢᠯ ᠤᠨ ᠳᠦᠷᠦ ᠶᠢᠨ ᠪᠣᠳᠣᠯᠭ᠎ᠠ᠂ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠴᠢᠩᠭ᠎ᠠ ᠲᠤᠭᠤᠰᠢᠯᠠᠭᠤᠯᠵᠤ | ᠨᠡᠩ ᠬᠦᠴᠦᠳᠡᠢ ᠠᠷᠭ᠎ᠠ ᠪᠠᠷᠢᠯ ᠢᠶᠠᠷ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠪᠠᠳᠣᠳᠠᠢ ᠶᠠᠪᠣᠭᠳᠠᠭᠤᠯᠬᠤ | ᠬᠡᠷᠡᠭᠲᠡᠢ ᠬᠡᠪᠡ᠃ | | | ᠯᠢ ᠵᠦᠩ ᠯᠢᠨ ᠱᠠᠭᠠᠷᠳᠠᠬᠤ ᠳᠠᠭᠠᠨ᠂ ᠬᠢᠵᠢᠭ ᠢ ᠰᠡᠷᠭᠡᠶᠢᠯᠡᠨ ᠡᠵᠡᠮᠳᠡᠬᠦ ᠬᠦᠴᠦᠯᠡᠴᠡ ᠪᠠ ᠠᠵᠣ ᠠᠬᠤᠶᠢᠯᠠᠯ | ᠤᠨ ᠠᠵᠢᠯᠳᠠᠳ ᠤᠨ ᠬᠠᠮᠢᠶᠠᠷᠣᠯᠳᠠ ᠶᠢ ᠴᠢᠩᠭᠠᠳᠬᠠᠵᠦ ᠭᠠᠳᠠᠨ᠎ᠠ ᠣᠷᠣᠨ ᠳᠤ ᠨᠣᠳᠣᠭᠳᠠᠢ ᠠᠵᠢᠯᠳᠠᠳ 2 ᠰᠠᠷ᠎ᠠ | ᠶᠢᠨ 9 ᠤ 24 ᠴᠠᠭ ᠤᠨ ᠡᠮᠦᠨ᠎ᠡ ᠪᠣᠴᠠᠵᠦ ᠪᠣᠯᠬᠤ ᠦᠬᠡᠢ᠂ ᠨᠢᠬᠡᠨᠳᠡ ᠪᠣᠴᠠᠵᠦ ᠢᠷᠡᠭᠰᠡᠨ ᠪᠣᠯ ᠣᠬᠠᠮᠰᠠᠷ ᠠᠴᠠ | ᠪᠠᠨ 14 ᠡᠳᠦᠷ ᠳᠣᠰᠠᠭᠠᠷᠯᠠᠵᠦ ᠠᠨᠠᠭᠠᠬᠤ ᠣᠬᠠᠭᠠᠨ ᠤ ᠠᠵᠢᠭᠯᠠᠯᠲᠠ ᠬᠢᠬᠦ ᠬᠡᠷᠡᠭᠲᠡᠢ᠃ ᠵᠠᠬ᠎ᠠ ᠳᠡᠯᠭᠡᠭᠦᠷ ᠤᠨ | ᠦᠨ᠎ᠡ ᠶᠢᠨ ᠬᠠᠮᠢᠶᠠᠷᠣᠯᠳᠠ ᠶᠢ ᠴᠢᠩᠭᠠᠳᠬᠠᠵᠦ ᠬᠠᠩᠭᠠᠯᠭ᠎ᠠ ᠶᠢ ᠵᠣᠬᠢᠴᠠᠭᠤᠯᠣᠨ ᠡᠳ᠋ ᠪᠠᠷᠠᠭ᠎ᠠ ᠶᠢ ᠨᠦᠭᠡᠴᠡᠯᠡᠬᠦ᠂ | ᠦᠨ᠎ᠡ ᠦᠰᠬᠡᠬᠦ ᠵᠡᠷᠭᠡ ᠠᠵᠢᠯᠯᠠᠭ᠎ᠠ ᠶᠢ ᠡᠷᠡᠰ ᠬᠤᠷᠢᠭᠯᠠᠵᠦ ᠡᠳᠦᠷ ᠳᠣᠳᠣᠮ ᠤᠨ ᠬᠡᠷᠡᠭᠯᠡᠬᠡᠨ ᠤ ᠪᠠᠷᠠᠭᠠᠨ ᠤ | ᠬᠠᠩᠭᠠᠯᠭ᠎ᠠ ᠬᠦᠢᠴᠡᠳ ᠪᠠᠶᠢᠬᠤ ᠶᠢ ᠰᠠᠶᠢᠳᠣᠷ ᠬᠢᠬᠦ ᠬᠡᠷᠡᠭᠲᠡᠢ᠃ ᠮᠠᠯ ᠳᠠᠷᠢᠶᠠᠯᠠᠩ ᠤᠨ ᠪᠦᠲᠦᠬᠡᠭᠳᠡᠬᠦᠨ ᠴᠣᠭᠯᠠᠭ᠎ᠠ | ᠮᠠᠶᠢᠮᠠᠢ ᠶᠢᠨ ᠵᠠᠬ᠎ᠠ ᠳᠡᠯᠬᠡᠬᠦᠷ ᠤᠨ ᠬᠠᠮᠢᠶᠠᠷᠣᠯᠳᠠ ᠶᠢ ᠴᠢᠩᠭᠠᠳᠬᠠᠵᠦ ᠬᠡᠬᠡᠷ᠎ᠡ ᠶᠢᠨ ᠠᠮᠢᠳᠠᠨ ᠵᠢᠴᠢ ᠠᠮᠢᠳᠣ | ᠵᠢᠬᠦᠷᠳᠡᠨ ᠬᠤᠳᠠᠯᠳᠣᠨ ᠪᠣᠷᠣᠯᠠᠭᠤᠯᠵᠦ ᠪᠠᠶᠢᠭ᠎ᠠ ᠠᠵᠢᠯᠯᠠᠭ᠎ᠠ ᠳᠤ ᠡᠷᠡᠰ ᠴᠣᠬᠢᠯᠳᠠ ᠦᠭᠴᠦ ᠪᠠᠶᠢᠴᠠᠭᠠᠨ | ᠰᠢᠢᠳᠪᠦᠷᠢᠯᠡᠬᠦ ᠬᠡᠷᠡᠭᠲᠡᠢ᠃ ᠢᠳᠡᠭᠡᠨ ᠣᠮᠳᠠᠭᠠᠨ ᠤ ᠦᠢᠯᠡᠴᠢᠯᠡᠬᠡᠨ ᠤ ᠨᠢᠭᠡᠴᠢ ᠶᠢᠨ ᠬᠠᠮᠢᠶᠠᠷᠣᠯᠳᠠ ᠪᠠ ᠬᠦᠮᠦᠨ | ᠠᠷᠪᠢᠨ ᠬᠦᠯ ᠣᠯᠠᠨᠳᠠᠢ ᠭᠠᠵᠠᠷ ᠤᠨ ᠬᠠᠮᠢᠶᠠᠷᠣᠯᠳᠠ ᠶᠢ ᠴᠢᠩᠭᠠᠳᠬᠠᠵᠦ ᠪᠦᠬᠦ ᠬᠤᠰᠢᠭᠤᠨ ᠤ ᠳᠣᠣᠷ ᠰᠦᠯᠵᠢᠶᠡᠨ | ᠤ ᠪᠠᠭᠠᠷ᠂ KTV᠂ ᠠᠷᠢᠬᠢᠨ ᠪᠠᠭᠠᠷ᠂ ᠪᠡᠶ᠎ᠡ ᠴᠢᠬᠢᠷᠠᠭᠵᠢᠭᠤᠯᠬᠤ ᠭᠠᠵᠠᠷ ᠪᠠ ᠨᠣᠮ ᠤᠨ ᠳᠡᠯᠬᠡᠬᠦᠷ᠂ ᠳᠠᠷᠤᠮᠠᠯᠯᠠᠬᠤ | ᠭᠠᠵᠠᠷ᠂ ᠳᠠᠷᠢᠶᠠᠴᠢᠨ ᠠᠶᠢᠯ ᠤᠨ ᠵᠤᠴᠢᠯᠠᠬᠤ ᠭᠠᠵᠠᠷ᠂ ᠮᠠᠯᠴᠢᠨ ᠠᠶᠢᠯ ᠤᠨ ᠵᠤᠴᠢᠯᠠᠬᠤ ᠭᠠᠵᠠᠷ ᠢ ᠴᠦᠮ ᠬᠠᠭᠠᠵᠦ | ᠡᠵᠡᠩᠨᠡᠯᠳᠡ ᠬᠢᠬᠦ ᠶᠢ ᠵᠣᠭᠰᠣᠭᠠᠬᠤ ᠬᠡᠷᠡᠭᠲᠡᠢ᠃ ᠳᠦᠷᠢᠶᠡᠰᠦᠨ ᠮᠠᠰᠢᠨ ᠢ ᠵᠣᠭᠰᠣᠭᠠᠵᠦ ︽ᠬᠠᠷ᠎ᠠ ᠳᠡᠷᠭᠡ︾ ᠵᠡᠷᠭᠡ | ᠬᠠᠣᠯᠢ ᠪᠣᠰᠣ ᠠᠵᠢᠯᠯᠠᠭ᠎ᠠ ᠳᠤ ᠴᠢᠩᠭ᠎ᠠ ᠴᠣᠬᠢᠯᠳᠠ ᠦᠭᠬᠦ ᠬᠡᠷᠡᠭᠲᠡᠢ᠃ ᠡᠯ᠎ᠡ ᠬᠦᠷᠢᠶᠡᠯᠡᠩ ᠳᠣᠭᠤᠷᠢᠭ᠂ ᠡᠯ᠎ᠡ | ᠠᠵᠢᠯ ᠦᠢᠯᠡᠰ ᠤᠨ ᠭᠤᠣᠯ ᠬᠠᠷᠢᠭᠤᠴᠠᠵᠦ ᠪᠠᠶᠢᠭ᠎ᠠ ᠰᠠᠯᠠᠭ᠎ᠠ ᠮᠦᠴᠢᠷ᠂ ᠦᠢᠯᠡᠳᠪᠦᠷᠢ ᠬᠤᠳᠠᠯᠳᠣᠭᠠᠨ ᠤ | ᠬᠤᠯᠪᠣᠭᠠᠲᠣ ᠬᠤᠷᠠᠯ ᠤᠨ ᠬᠢᠨ ᠠᠵᠣ ᠠᠬᠤᠶᠢᠯᠠᠯ ᠳᠤ ᠪᠠᠭᠤᠭᠰᠠᠨ ᠺᠠᠳ᠋ᠷ ᠠᠵᠢᠯᠳᠠᠳ ᠢ ᠰᠤᠩᠭᠤᠨ ᠳᠣᠮᠢᠯᠠᠵᠦ | ᠠᠵᠣ ᠠᠬᠤᠶᠢᠯᠠᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠣᠷ ᠬᠢᠨᠠᠨ ᠵᠢᠯᠣᠭᠤᠳᠬᠤ ᠬᠡᠷᠡᠭᠲᠡᠢ᠃ | ᠬᠢᠵᠢᠭ ᠢ ᠰᠡᠷᠭᠡᠶᠢᠯᠡᠨ ᠡᠵᠡᠮᠳᠡᠬᠦ ᠶᠢᠨ ᠬᠠᠮᠲᠣ ᠠᠵᠣ ᠠᠬᠤᠶᠢᠯᠠᠯ ᠤᠨ ᠠᠵᠢᠯ ᠢᠶᠠᠨ ᠰᠡᠷᠬᠦᠬᠡᠬᠦ ᠪᠡᠯᠡᠳᠬᠡᠯ ᠢ | ᠰᠠᠶᠢᠳᠣᠷ ᠬᠢᠵᠦ ᠬᠢᠵᠢᠭ ᠢ ᠰᠡᠷᠭᠡᠶᠢᠯᠡᠨ ᠡᠵᠡᠮᠳᠡᠬᠦ ᠠᠵᠢᠯ᠂ ᠠᠶᠤᠯᠲᠠᠢ ᠲᠠᠯᠳᠠ ᠬᠡᠮ ᠢ ᠵᠠᠰᠠᠭᠰᠠᠨ ᠪᠠᠶᠢᠳᠠᠯ᠂ | ᠪᠠᠴᠢᠮ ᠪᠠᠶᠢᠳᠠᠯ ᠢ ᠰᠢᠢᠳᠪᠦᠷᠢᠯᠡᠬᠦ ᠳᠦᠰᠦᠪ ᠵᠡᠷᠭᠡ ᠶᠢ ᠰᠠᠶᠢᠳᠣᠷ ᠳᠣᠭᠳᠠᠭᠠᠨ ᠬᠡᠷᠡᠭᠵᠢᠬᠦᠯᠵᠦ ᠭᠤᠣᠯ | ᠬᠠᠷᠢᠭᠤᠴᠠᠯᠭᠠᠳᠠᠨ ᠡᠬᠦᠷᠭᠡ ᠬᠠᠷᠢᠭᠤᠴᠠᠯᠭ᠎ᠠ ᠪᠠᠨ ᠰᠠᠶᠢᠳᠣᠷ ᠲᠤᠭᠤᠰᠢᠯᠠᠭᠤᠯᠤᠨ ᠬᠤᠰᠢᠭᠤᠨ ᠤ ᠬᠢᠵᠢᠭ ᠢ | ᠰᠡᠷᠭᠡᠶᠢᠯᠡᠨ ᠡᠵᠡᠮᠳᠡᠬᠦ ᠵᠢᠯᠣᠭᠤᠳᠬᠤ ᠬᠡᠯᠳᠡᠰ ᠤᠨ ᠵᠦᠪᠰᠢᠶᠡᠷᠡᠯ ᠢ ᠣᠯᠣᠭᠰᠠᠨ ᠤ ᠳᠠᠷᠠᠭ᠎ᠠ ᠰᠠᠶ᠋ᠢ ᠠᠵᠢᠯ ᠢᠶᠠᠨ | ᠰᠡᠷᠬᠦᠬᠡᠵᠦ ᠪᠣᠯᠣᠨ᠎ᠠ᠃ ᠠᠵᠣ ᠠᠬᠤᠶᠢᠯᠠᠯ ᠤᠨ ᠠᠶᠣᠯᠬᠦᠢ ᠦᠢᠯᠡᠳᠪᠦᠷᠢᠯᠡᠯ ᠪᠠ ᠣᠷᠴᠢᠨ ᠳᠣᠭᠤᠷᠢᠨ ᠤ | ᠬᠠᠮᠠᠭᠠᠯᠠᠯᠳᠠ ᠶᠢ ᠨᠢᠬᠡᠳᠦᠯᠳᠡᠢ ᠠᠳᠬᠤᠵᠦ ᠳᠣᠯᠭᠠᠷᠠᠵᠦ ᠪᠠᠶᠢᠭ᠎ᠠ ᠠᠰᠠᠭᠤᠳᠠᠯ ᠢ ᠢᠳᠡᠪᠬᠢᠲᠡᠢ ᠰᠢᠢᠳᠪᠦᠷᠢᠯᠡᠬᠦ | ᠬᠡᠷᠡᠭᠲᠡᠢ ᠬᠡᠪᠡ᠃ | ᠯᠢ ᠵᠦᠩ ᠯᠢᠨ ᠴᠢᠬᠤᠯᠠᠴᠢᠯᠠᠬᠤ ᠳᠠᠭᠠᠨ᠂ ᠣᠬᠠᠭᠤᠯᠭ᠎ᠠ ᠶᠢᠨ ᠠᠵᠢᠯ ᠢ ᠴᠢᠩᠭᠠᠳᠬᠠᠵᠦ ᠣᠬᠠᠭᠤᠯᠬᠤ | ᠠᠷᠭ᠎ᠠ ᠪᠠᠷᠢᠯ ᠢᠶᠠᠨ ᠰᠢᠨᠡᠳᠬᠡᠵᠦ ᠦᠷᠭᠡᠨ ᠣᠯᠠᠨ ᠨᠠᠮ ᠤᠨ ᠬᠡᠰᠢᠬᠦᠨ ᠺᠠᠳ᠋ᠷᠴᠣᠳ ᠤᠨ ᠬᠢᠵᠢᠭ ᠢ ᠰᠡᠷᠬᠡᠶᠢᠯᠡᠨ | ᠡᠵᠡᠮᠳᠡᠬᠦ ᠡᠮᠤᠨ᠎ᠠ ᠹᠷᠣᠨᠲ ᠲᠤ ᠢᠳᠡᠪᠬᠢᠯᠡᠨ ᠣᠷᠣᠯᠴᠠᠬᠤ ᠶᠢ ᠣᠷᠢᠶᠠᠯᠠᠨ ᠳᠠᠭᠠᠭᠤᠯᠵᠦ ᠣᠯᠠᠨ ᠳᠦᠮᠡᠨ᠂ ᠮᠠᠯᠴᠢᠨ | ᠲᠠᠷᠢᠶᠠᠴᠢᠨ ᠢ ᠳᠠᠶᠢᠴᠢᠯᠠᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠳᠤ ᠣᠷᠣᠯᠴᠠᠭᠤᠯᠬᠤ ᠬᠡᠷᠡᠭᠲᠡᠢ᠂᠂ ᠡᠯ᠎ᠡ | ᠬᠦᠷᠢᠶᠡᠯᠡᠩ ᠳᠣᠭᠤᠷᠢᠭ᠂ ᠡᠯ᠎ᠡ ᠪᠠᠶᠢᠭᠤᠯᠭ᠎ᠠ ᠨᠢᠭᠡᠴᠢ ᠶᠢᠨ ᠭᠤᠣᠯ ᠬᠠᠷᠢᠭᠤᠴᠠᠯᠭᠠᠳᠠᠨ ᠵᠢᠴᠢ ᠠᠵᠣ ᠠᠬᠤᠶᠢᠯᠠᠯ ᠳᠤ | ᠰᠠᠭᠤᠭ᠎ᠠ ᠺᠠᠳ᠋ᠷ ᠠᠵᠢᠯᠳᠠᠳ ᠦᠵᠡᠯ ᠰᠠᠨᠠᠭ᠎ᠠ ᠪᠠᠨ ᠦᠨᠡᠨᠬᠦ ᠳᠡᠭᠡᠭᠰᠢᠯᠡᠬᠦᠯᠵᠦ ᠱᠠᠭᠠᠷᠳᠠᠨ ᠪᠠᠶᠢᠴᠠᠭᠠᠬᠤ ᠪᠠᠨ | ᠴᠢᠩᠭᠠᠳᠬᠠᠵᠦ ᠡᠯ᠎ᠡ ᠠᠵᠣ ᠠᠬᠤᠶᠢᠯᠠᠯ᠂ ᠳᠠᠷᠢᠶᠠᠯᠠᠩ ᠤᠨ ᠵᠠᠬ᠎ᠠ ᠳᠡᠯᠬᠡᠬᠦᠷ᠂ ᠢᠳᠡᠭᠡᠨ ᠣᠮᠳᠠᠭᠠᠨ᠂ ᠬᠤᠨᠣᠭᠯᠠᠬᠤ | ᠭᠠᠵᠠᠷ ᠤᠨ ᠬᠢᠵᠢᠭ ᠢ ᠰᠡᠷᠭᠡᠶᠢᠯᠡᠨ ᠡᠵᠡᠮᠳᠡᠵᠤ ᠪᠠᠶᠢᠭ᠎ᠠ ᠪᠠᠶᠢᠳᠠᠯ ᠳᠤ ᠪᠠᠶᠢᠴᠠᠭᠠᠯᠳᠠ ᠬᠢᠵᠦ ᠡᠯ᠎ᠡ ᠵᠦᠢᠯ ᠤᠨ | ᠰᠡᠷᠭᠡᠶᠢᠯᠡᠨ ᠡᠵᠡᠮᠳᠡᠬᠦ ᠠᠷᠭ᠎ᠠ ᠪᠠᠷᠢᠯ ᠤᠨ ᠨᠠᠶᠢᠳᠠᠪᠣᠷᠢᠲᠠᠢ ᠲᠤᠭᠤᠰᠢᠯᠠᠭᠳᠠᠬᠤ ᠶᠢ ᠪᠠᠳᠣᠯᠠᠵᠦ ᠡᠬᠦᠷᠭᠡ ᠳᠣᠰᠢᠶᠡᠯ | ᠢᠶᠠᠨ ᠣᠮᠠᠷᠳᠠᠵᠦ᠂ ᠠᠵᠢᠯ ᠳᠠᠭᠠᠨ ᠴᠠᠯᠠᠭᠠᠶᠢᠷᠠᠬᠤ᠂ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠠᠯᠳᠠᠭ᠎ᠠ | ᠭᠠᠷᠭᠠᠭᠰᠠᠨ ᠪᠣᠶᠣ ᠬᠢᠵᠢᠭ ᠢ ᠲᠠᠷᠬᠠᠨ ᠬᠠᠯᠳᠠᠪᠣᠷᠢᠯᠠᠭᠤᠯᠣᠭᠰᠠᠨ ᠪᠠᠶᠢᠪᠠᠯ ᠳᠦᠪ ᠴᠢᠩᠭ᠎ᠠ ᠪᠠᠷ ᠬᠠᠮᠢᠶ᠎ᠠ ᠪᠦᠬᠦᠢ | ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠬᠡᠪᠡ᠃ | |