ᠭᠡᠷ ᠲᠡᠭᠡᠨ ᠰᠠᠭᠤᠵᠤ ᠪᠠᠶᠢᠭᠠᠳ ᠡᠩᠭᠡᠷ ᠢᠶᠠᠨ ᠮᠢᠯᠢᠶᠠᠯᠭᠠᠭᠰᠠᠨ ᠡᠮᠡᠭᠲᠡᠶᠢᠴᠦᠳ
ᠨᠡᠶᠢᠲᠡᠯᠡᠭᠰᠡᠨ ᠴᠠᠭ᠄
2020-03-10
     ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠬᠦᠷᠴᠦ ᠢᠷᠡᠬᠦ ᠪᠠᠷ ᠰᠦᠯᠳᠡ ᠰᠤᠮᠤᠨ ᠤ ᠲᠣᠭᠤᠷᠢᠮ ᠭᠠᠴᠠᠭᠠᠨ  ᠤ ᠰᠢᠯᠢᠳᠡᠭ ᠪᠦᠰᠡᠭᠦᠶᠢᠴᠦᠳ ᠭᠡᠷ ᠲᠡᠭᠡᠨ ᠪᠠᠶᠢᠭᠠᠳ ᠱᠠᠩᠨᠠᠯ ᠲᠣᠰᠣᠯ᠎ᠠ᠃ 3 ᠰᠠᠷ᠎ᠠ ᠶᠢᠨ 8 ᠤ ᠡᠳᠦᠷ ᠮᠠᠨ ᠤ ᠬᠤᠰᠢᠭᠤᠨ ᠤ ᠨᠡᠶᠢᠭᠡᠮ ᠤᠨ ᠳᠠᠭᠠᠳᠬᠠᠯ ᠪᠠ ᠠᠵᠢᠯ ᠣᠯᠭᠤᠯᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ  ᠨᠢ ᠳᠠᠭᠠᠭᠠᠴᠢᠯᠠᠨ ᠬᠠᠷᠢᠯᠴᠠᠵᠤ ᠪᠠᠶᠢᠭ᠎ᠠ ᠲᠣᠭᠤᠷᠢᠮ ᠭᠠᠴᠠᠭᠠᠨ ᠤ ᠠᠷᠪᠠᠨ ᠰᠢᠯᠢᠳᠡᠭ ᠡᠮᠡᠭᠲᠡᠶᠢᠴᠦᠳ ᠤᠨ ᠭᠡᠷ ᠲᠤ ᠬᠦᠷᠴᠦ ︽ᠬᠢᠵᠢᠭ ᠢ ᠡᠰᠡᠷᠭᠦᠴᠡᠭᠰᠡᠨ ᠡᠮᠡᠭᠲᠡᠢ ᠰᠠᠶᠢᠨ ᠳᠤᠷ᠎ᠠ ᠶᠢᠨ ᠵᠢᠱᠢᠶᠡᠴᠢ︾᠂ ︽ᠬᠠᠮᠤᠭ ᠤᠨ ᠰᠠᠶᠢᠬᠠᠨ ᠭᠡᠷ ᠬᠦᠷᠢᠶ᠎ᠡ ᠪᠠᠨ ᠪᠠᠶᠢᠭᠤᠯᠤᠭᠴᠢ︾᠂ ︽ᠰᠤᠷᠤᠯᠭ᠎ᠠ ᠶᠢᠨ ᠬᠤᠰᠢᠭᠤᠴᠢ︾ ᠵᠡᠷᠭᠡ ᠢᠷᠠᠭᠤ ᠠᠯᠳᠠᠷ ᠤᠨ ᠦᠨᠡᠮᠯᠡᠯ ᠣᠯᠭᠤᠭᠰᠠᠨ ᠤ ᠬᠠᠮᠲᠤ ᠪᠠᠶᠠᠷ ᠤᠨ ᠡᠳᠦᠷ ᠤᠨ ᠪᠡᠯᠡᠭ ᠭᠠᠷᠳᠠᠭᠤᠯᠵᠤ ᠦᠷᠭᠦᠯᠵᠢᠯᠡᠨ ᠠᠶᠢᠯ ᠭᠡᠷ ᠢᠶᠠᠨ ᠰᠠᠶᠢᠬᠠᠨ ᠳᠣᠳᠣᠮᠳᠠᠨ᠂ ᠠᠵᠢᠯ ᠦᠢᠯᠡᠰ ᠲᠡᠭᠡᠨ ᠭᠢᠯᠠᠷᠠᠭᠤᠯᠵᠤ ᠶᠠᠪᠤᠬᠤ ᠶᠢ ᠬᠦᠰᠡᠭᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号