ᠰᠢᠷᠬᠤᠰᠤᠨ ᠪᠠᠯᠭᠠᠰᠤ ᠲᠡᠷᠢᠮᠠᠯ ᠤᠨ ᠪᠣᠳᠠᠰ ᠢ ᠡᠭᠦᠳᠡᠨ ᠲᠡᠭᠡᠷ᠎ᠡ ᠨᠢ ᠬᠦᠷᠭᠡᠵᠤ ᠲᠠᠷᠢᠶᠠᠴᠢᠳ ᠤᠨ ᠲᠠᠭᠠᠰᠢᠶᠠᠯ ᠢ ᠬᠦᠷᠳᠡᠵᠤ ᠪᠤᠢ
ᠨᠡᠶᠢᠲᠡᠯᠡᠭᠰᠡᠨ ᠴᠠᠭ᠄
2020-03-10
     ᠬᠠᠪᠤᠷ ᠤᠨ ᠲᠠᠷᠢᠶᠠᠯᠠᠭ᠎ᠠ ᠶᠢᠨ ᠴᠠᠭ ᠣᠶᠢᠷᠠᠳᠬᠤ ᠶᠢ ᠲᠣᠬᠢᠶᠠᠯᠳᠤᠭᠤᠯᠤᠨ ᠰᠢᠷᠬᠤᠰᠤᠨ ᠪᠠᠯᠭᠠᠰᠤ ᠲᠠᠷᠢᠶᠠᠯᠠᠭ᠎ᠠ ᠳᠤ ᠬᠡᠷᠡᠭᠰᠡᠬᠦ ᠬᠥᠷᠥᠩᠭᠡ ᠪᠣᠷᠳᠣᠭᠤᠷ ᠵᠡᠷᠭᠡ ᠶᠢ ᠲᠠᠷᠢᠶᠠᠴᠢᠳ ᠤᠨ ᠡᠭᠦᠳᠡᠨ ᠳᠤᠨᠢ ᠬᠦᠷᠭᠡᠵᠤ ᠲᠠᠷᠢᠶᠠᠴᠢᠳ ᠢ ᠬᠠᠪᠰᠤᠷᠤᠨ ᠴᠠᠭ ᠲᠠᠭᠠᠨ ᠣᠰᠣᠯᠳᠠᠯ ᠦᠭᠡᠢ ᠲᠠᠷᠢᠶ᠎ᠠ ᠪᠠᠨ ᠲᠠᠷᠢᠬᠤ ᠶᠢ ᠪᠠᠲᠤᠯᠠᠵᠤ ᠪᠠᠶᠢᠨ᠎ᠠ᠃      ᠰᠢᠷᠬᠤᠰᠤᠨ ᠪᠠᠯᠭᠠᠰᠤᠨ ᠤ ᠤᠷᠳᠤᠪᠡᠶ᠎ᠡ ᠲᠣᠰᠬᠤᠨ ᠤ ᠲᠠᠷᠢᠶᠠᠴᠢᠨ ᠤᠯᠠᠭᠠᠨᠴᠢᠮᠡᠭ ᠤᠨ ᠬᠢᠨ 170 ᠮᠦ ᠶᠢᠨ ᠲᠠᠷᠢᠶᠠᠨ ᠭᠠᠵᠠᠷ ᠲᠠᠢ ᠪᠠᠶᠢᠳᠠᠭ᠃ ᠲᠠᠷᠢᠶᠠᠯᠠᠭ᠎ᠠ ᠶᠢᠨ ᠴᠠᠭ ᠣᠶᠢᠷᠠᠳᠬᠤ ᠪᠦᠷᠢ ᠠᠳᠡ ᠲᠡᠨᠳᠡ ᠠᠴᠠ ᠬᠥᠷᠥᠩᠭᠡ ᠪᠣᠷᠳᠣᠭᠤᠷ ᠬᠤᠳᠠᠯᠳᠤᠨ ᠠᠪᠴᠤ ᠶᠡᠭᠡ ᠶᠠᠭᠠᠷᠠᠳᠠᠭ ᠪᠠᠶᠢᠯ᠎ᠠ᠃ ᠭᠡᠪᠡᠴᠦ ᠡᠨᠡ ᠬᠠᠪᠤᠷ ᠬᠠᠷᠢᠨ ᠲᠡᠭᠡᠵᠦ ᠶᠠᠭᠠᠷᠠᠬᠤ ᠪᠠᠨ ᠪᠤᠯᠢᠵᠤ ᠬᠡᠷᠡᠭᠰᠡᠬᠦ ᠴᠢᠬᠤᠯᠠᠳᠠᠢ ᠬᠦᠷᠦᠩᠬᠡ ᠪᠤᠷᠳᠤᠭᠤᠷ ᠢ ᠨᠢ ᠪᠦᠷ ᠬᠦᠷᠭᠡᠭᠡᠳ ᠢᠷᠡᠴᠢᠬᠡᠳᠡᠭ ᠪᠣᠯᠣᠯ᠎ᠠ᠃ ᠡᠨᠡ ᠨᠢ ᠲᠠᠷᠢᠶᠠᠴᠢᠳ ᠴᠢᠨᠠᠷ ᠰᠠᠶᠢᠲᠠᠢ ᠬᠥᠷᠥᠩᠭᠡ ᠪᠣᠷᠳᠣᠭᠤᠷ ᠣᠯᠵᠤ ᠠᠪᠤᠨ᠎ᠠ ᠭᠡᠵᠦ ᠰᠠᠨᠠᠭ᠎ᠠ ᠵᠣᠪᠠᠭ᠋ᠤ ᠪᠠᠨ ᠪᠤᠯᠢᠭᠰᠠᠨ ᠢᠶᠠᠷ ᠪᠠᠷᠠᠬᠤ ᠦᠭᠡᠢ ᠪᠠᠰᠠ ᠥᠪᠡᠷ ᠤᠨ ᠭᠠᠵᠠᠷ ᠲᠠᠭᠠᠨ ᠲᠣᠬᠢᠷᠠᠭᠰᠠᠨ ᠪᠣᠷᠳᠣᠭᠤᠷ ᠢ ᠠᠯᠢ ᠦᠶ᠎ᠡ ᠳᠤ ᠬᠡᠳᠦᠢ ᠬᠡᠮᠵᠢᠶ᠎ᠡ ᠲᠠᠢ ᠣᠷᠣᠭᠤᠯᠬᠤ ᠲᠤᠬᠠᠢ ᠲᠤᠰᠬᠠᠢ ᠮᠡᠷᠭᠡᠵᠢᠯᠲᠡᠨ ᠤ ᠵᠢᠯᠣᠭᠤᠳᠤᠯᠭ᠎ᠠ ᠶᠢ ᠬᠦᠷᠳᠡᠵᠤ ᠡᠯᠪᠡᠭ ᠬᠤᠷᠢᠶᠠᠯᠳᠠ ᠶᠢᠨ ᠪᠠᠳᠤᠯᠠᠭ᠎ᠠ ᠪᠤᠯᠵᠠᠢ᠃      ᠰᠢᠷᠬᠤᠰᠤᠨ ᠪᠠᠯᠭᠠᠰᠤ ᠲᠠᠷᠢᠶᠠᠴᠢᠨ ᠡᠷᠦᠬᠡ ᠶᠢᠨ ᠡᠵᠡᠩᠨᠡᠯᠲᠡ ᠶᠢᠨ ᠬᠡᠯᠪᠡᠷᠢ ᠲᠠᠷᠠᠬᠠᠢ ᠪᠤᠲᠠᠷᠬᠠᠢ᠂ ᠰᠢᠨᠵᠢᠯᠡᠬᠦ ᠤᠬᠠᠭᠠᠨᠴᠢ ᠲᠣᠬᠢᠷᠠᠭᠤᠯᠭ᠎ᠠ ᠳᠤᠲᠠᠮᠠᠭ᠂ ᠬᠤᠷᠢᠶᠠᠯᠲᠠ ᠨᠢ ᠬᠢᠵᠠᠭᠠᠷᠲᠠᠢ᠂ ᠲᠠᠷᠢᠶᠠᠯᠠᠭ᠎ᠠ ᠶᠢᠨ ᠥᠪᠡᠷ ᠤᠨ ᠥᠷᠲᠡᠭ ᠦᠨᠳᠦᠷ ᠵᠡᠷᠭᠡ ᠪᠣᠳᠠᠲᠤ ᠪᠠᠶᠢᠳᠠᠯ ᠢ ᠦᠨᠳᠦᠰᠦᠯᠡᠨ 2019 ᠣᠨ ᠤ 6 ᠰᠠᠷ᠎ᠠ ᠳᠤ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠤᠯᠪᠣᠭᠠᠲᠤ ᠴᠣᠭᠴᠠ ᠶᠢ ᠪᠠᠶᠢᠭᠤᠯᠵᠤ ᠲᠣᠰᠬᠤᠨ ᠤ ᠠᠷᠠᠳ ᠢ ᠬᠠᠪᠰᠤᠷᠤᠨ ᠬᠢᠮᠢ ᠶᠢᠨ ᠪᠣᠷᠳᠣᠭᠤᠷ᠂ ᠲᠠᠷᠢᠶᠠᠨ ᠡᠮ᠂ ᠦᠷ᠎ᠡ ᠬᠥᠷᠥᠩᠭᠡ ᠵᠡᠷᠭᠡ ᠲᠠᠷᠢᠶᠠᠯᠠᠩ ᠦᠶᠯᠡᠳᠪᠦᠷᠢᠯᠡᠯ ᠳᠤ ᠬᠡᠷᠡᠭᠰᠡᠬᠦ ᠪᠣᠳᠠᠰ ᠢ ᠨᠢᠭᠡᠳᠦᠯᠳᠠᠢ ᠬᠤᠳᠠᠯᠳᠤᠨ ᠠᠪᠬᠤ ᠶᠢᠨ ᠬᠠᠮᠲᠤ ᠰᠦᠶᠳᠬᠡᠯ ᠬᠤᠷᠢᠶᠠᠬᠤ ᠦᠭᠡᠶ ᠪᠠᠷ ᠲᠠᠷᠢᠶᠠᠴᠢᠳ ᠤᠨ ᠡᠭᠦᠳᠡᠨ ᠳᠤ ᠨᠢ ᠬᠦᠷᠭᠡᠨ ᠥᠭᠬᠦ ᠵᠡᠷᠭᠡ ᠦᠢᠯᠡᠴᠢᠯᠡᠭᠡ ᠬᠠᠩᠭᠠᠵᠤ ᠡᠬᠢᠯᠠᠵᠠᠢ᠃      ᠣᠳᠣᠬᠠᠨ ᠳᠤ᠂ ᠰᠢᠷᠬᠤᠰᠤᠨ ᠪᠠᠯᠭᠠᠰᠤᠨ ᠤ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠤᠯᠪᠣᠭᠠᠲᠤ ᠴᠣᠭᠴᠠ ᠨᠢ 5 ᠲᠠᠷᠢᠶᠠᠯᠠᠩ ᠤᠨ ᠳᠠᠭᠠᠭᠤᠯᠤᠭᠴᠢ ᠠᠵᠤ ᠠᠬᠤᠶᠢᠯᠠᠯ᠂ 2 ᠮᠥᠩᠭᠦᠨ ᠭᠦᠶᠯᠭᠡᠭᠡᠨ ᠤ ᠪᠠᠶᠢᠭᠤᠯᠤᠮᠵᠢ᠂ 8 ᠬᠤᠷᠰᠢᠶ᠎ᠠ ᠪᠠ 5970 ᠮᠠᠯᠵᠢᠬᠤ ᠲᠠᠷᠢᠶᠠᠯᠠᠬᠤ ᠡᠷᠦᠬᠡ ᠶᠢ ᠬᠠᠮᠤᠷᠴᠤ ᠨᠡᠶᠢᠲᠡ 19.7 ᠲᠦᠮᠡᠨ ᠮᠥ ᠲᠠᠷᠢᠶᠠᠨ ᠭᠠᠵᠠᠷ ᠢ ᠳᠠᠷᠢᠵᠤ ᠠᠰᠢᠭ ᠲᠤᠰᠠ ᠶᠢ ᠬᠠᠮᠲᠤ ᠪᠠᠷ ᠡᠳ᠋ᠯᠡᠬᠦ᠂ ᠠᠶᠤᠯ ᠲᠦᠭᠰᠢᠭᠦᠷᠢ ᠶᠢ ᠬᠠᠮᠲᠤ ᠪᠠᠷ ᠡᠭᠦᠷᠭᠡᠯᠡᠬᠦ ᠰᠠᠶᠢᠨ ᠣᠷᠴᠢᠯ ᠲᠠᠢ ᠬᠥᠭᠵᠢᠯᠲᠡ ᠶᠢᠨ ᠵᠠᠭᠪᠤᠷ ᠢ ᠪᠣᠶ ᠪᠣᠯᠭᠠᠵᠤ ᠠᠵᠤ ᠠᠬᠤᠶᠢᠯᠠᠯ᠂ ᠬᠤᠷᠰᠢᠶ᠎ᠠ ᠪᠠ ᠮᠠᠯᠴᠢᠨ ᠲᠠᠷᠢᠶᠠᠴᠢᠨ ᠬᠠᠮᠲᠤᠷᠠᠭᠰᠠᠨ ᠬᠥᠭᠵᠢᠯᠲᠡ ᠶᠢᠨ ᠳᠤᠮᠳᠠ ᠡᠬᠢ ᠪᠠᠶᠠᠯᠢᠭ ᠢ ᠬᠠᠷᠢᠯᠴᠠᠨ ᠨᠥᠬᠦᠪᠥᠷᠢᠯᠡᠬᠦ᠂ ᠠᠰᠢᠭ ᠣᠷᠣᠯᠭ᠎ᠠ ᠶᠢ ᠬᠠᠮᠲᠤ ᠪᠠᠷ ᠡᠳ᠋ᠯᠡᠬᠦ ᠬᠠᠷᠠᠯᠲᠠ ᠶᠢ ᠪᠡᠶᠡᠯᠡᠭᠦᠯᠪᠡ᠃ ᠲᠠᠷᠢᠶᠠᠴᠢᠳ ᠠᠵᠤ ᠦᠶᠯᠡᠰ ᠤᠨ ᠬᠤᠯᠪᠣᠭᠠᠲᠤ ᠴᠣᠭᠴᠠ ᠪᠠᠷ ᠳᠠᠮᠵᠢᠨ ᠮᠦ ᠪᠦᠷᠢ ᠳᠤ ᠥᠪᠡᠷ ᠤᠨ ᠥᠷᠲᠡᠭ ᠢ 200 ᠲᠥᠭᠦᠷᠢᠭ ᠠᠷᠪᠢᠯᠠᠬᠤ ᠪᠠᠷ ᠵᠢᠱᠢᠵᠦ ᠬᠥᠮᠦᠨ ᠪᠦᠷᠢ ᠶᠢᠨ ᠳᠤᠮᠳᠠᠴᠢ ᠣᠷᠣᠯᠭ᠎ᠠ ᠶᠢ 3000 ᠲᠥᠭᠦᠷᠢᠭ ᠲᠤ ᠬᠦᠷᠭᠡᠬᠦ ᠪᠠᠷ ᠴᠢᠷᠮᠠᠶᠢᠵᠤ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号