ᠮᠠᠨ ᠤ ᠬᠤᠰᠢᠭᠤ ᠦᠨᠳᠣᠷ ᠪᠠᠷᠢᠮᠵᠢᠶᠠᠲᠣ ᠳᠠᠷᠢᠶᠠᠯᠠᠩ ᠤᠨ ᠳᠦᠷᠣᠯ ᠵᠣᠶᠢᠯ ᠢ ᠦᠷᠬᠦᠯᠵᠢᠯᠡᠨ ᠬᠡᠷᠡᠭᠵᠢᠬᠦᠯᠵᠤ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠬᠦ ᠶᠢ ᠪᠠᠲᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2020-03-10
     ᠵᠢᠯ ᠤᠨ ᠠᠵᠢᠯ ᠬᠠᠪᠤᠷ ᠲᠠᠭᠠᠨ ᠭᠡᠳᠡᠭᠴᠢᠯᠠᠨ ᠬᠠᠪᠣᠷ ᠤᠨ ᠲᠠᠷᠢᠶᠠᠯᠠᠭ᠎ᠠ ᠶᠢᠨ ᠪᠡᠯᠡᠳᠭᠡᠯ ᠢᠶᠠᠨ ᠡᠷᠲᠡ ᠠᠴᠠ ᠲᠦᠯᠦᠪᠵᠢᠬᠦᠯᠬᠦ ᠨᠢ ᠵᠢᠯ ᠤᠨ ᠬᠤᠷᠢᠶᠠᠯᠳᠠ ᠶᠢ ᠰᠢᠭᠤᠳ ᠨᠦᠯᠦᠭᠡᠯᠡᠳᠡᠭ᠃ ᠮᠠᠨ ᠤ ᠬᠤᠰᠢᠭᠤ ᠲᠠᠷᠢᠶᠠᠯᠠᠩ ᠤᠨ ᠦᠢᠯᠡᠰ ᠤᠨ ᠮᠠᠰᠢᠨᠴᠢᠯᠠᠭᠰᠠᠨ᠂ ᠡᠷᠴᠢᠮᠵᠢᠭᠰᠡᠨ᠂ ᠲᠥᠪᠯᠡᠷᠡᠩᠬᠦᠢ ᠡᠵᠡᠩᠨᠡᠯᠳᠡ ᠶᠢᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠣᠨ ᠲᠦᠪᠯᠡᠷᠡᠩᠬᠦᠢ ᠪᠤᠰᠤ ᠲᠠᠷᠢᠶᠠᠨ ᠭᠠᠵᠠᠷ ᠢ ᠴᠤᠮᠬᠤᠳᠬᠠᠨ ᠦᠨᠳᠣᠷ ᠪᠠᠷᠢᠮᠵᠢᠶᠠᠲᠣ ᠣᠳᠣᠬᠢᠴᠢᠯᠠᠭᠰᠠᠨ ᠲᠠᠷᠢᠶᠠᠨ ᠭᠠᠵᠠᠷ ᠢ ᠪᠦᠳᠣᠭᠡᠨ ᠪᠠᠶᠢᠭᠤᠯᠬᠤ ᠳᠦᠷᠣᠯ ᠵᠣᠶᠢᠯ ᠢ ᠬᠡᠷᠡᠭᠵᠢᠭᠦᠯᠵᠥ ᠲᠠᠷᠢᠶᠠᠨ ᠭᠠᠵᠠᠷ ᠤᠨ ᠠᠰᠢᠭᠯᠠᠮᠵᠢ ᠶᠢ ᠳᠡᠭᠡᠭᠰᠢᠯᠡᠭᠦᠯᠵᠥ ᠮᠠᠯᠴᠢᠨ ᠲᠠᠷᠢᠶᠠᠴᠢᠳ ᠤᠨ ᠣᠷᠤᠯᠭ᠎ᠠ ᠶᠢ ᠨᠡᠮᠡᠭᠳᠡᠬᠦᠯᠬᠦ ᠪᠠᠷ ᠴᠢᠷᠮᠠᠶᠢᠵᠤ ᠪᠠᠶᠢᠨ᠎ᠠ᠃       ᠣᠶᠢᠷ᠎ᠠ ᠶᠢᠨ ᠡᠳᠣᠷ ᠠᠴᠠ ᠦᠣᠰᠢᠨᠵᠣᠣ ᠪᠠᠯᠭᠠᠰᠣᠨ ᠤ ᠦᠥᠰᠢᠨᠵᠤᠤ ᠭᠠᠴᠠᠭᠠᠨ ᠤ ᠨᠦᠬᠦᠨᠰᠦ᠋ᠮ᠎ᠠ ᠮᠠᠯᠵᠢᠯ  ᠤᠨ ᠬᠤᠷᠰᠢᠶᠠᠨ ᠤ ᠮᠠᠯᠴᠢᠨ ᠨᠡᠭᠡᠭᠡᠭᠴᠢ ᠶᠢᠨ ᠲᠠᠷᠢᠶᠠᠨ ᠭᠠᠵᠠᠷ ᠳᠡᠭᠡᠷ᠎ᠡ ᠰᠢᠷᠤᠢ ᠨᠡᠮᠡᠬᠦ ᠠᠵᠢᠯ ᠮᠠᠰᠢ ᠶᠠᠭᠠᠷᠠᠯᠳᠠᠢ ᠶᠠᠪᠤᠭᠳᠠᠵᠤ ᠡᠭᠢᠯᠡᠵᠢ᠃ ᠡᠳᠡᠨ ᠤ ᠬᠢᠨ ᠡᠨ᠋ᠨ ᠬᠠᠪᠤᠷ ᠠᠴᠠ ᠦᠪᠡᠷ ᠤᠨ ᠡᠵᠨᠩᠨᠡᠵᠤ ᠪᠠᠶᠢᠭ᠎ᠠ 390 ᠮᠦ ᠳᠠᠷᠢᠶᠠᠨ ᠭᠠᠵᠠᠷ ᠢᠶᠠᠨ ᠣᠶᠢᠷ᠎ᠠ ᠬᠠᠪᠢ ᠶᠢᠨ 5 ᠡᠷᠣᠬᠡ ᠲᠠᠢ ᠬᠠᠮᠳᠣᠷᠠᠭᠤᠯᠣᠨ ᠨᠡᠶᠢᠯᠡᠭᠦᠯᠵᠣ ᠬᠠᠮᠳᠤᠪᠠᠷ ᠲᠠᠷᠢᠵᠤ ᠲᠤᠰ ᠴᠤᠮᠬᠤᠳᠬᠠᠨ ᠨᠡᠶᠢᠯᠡᠭᠦᠯᠦᠭᠰᠡᠨ ᠲᠠᠷᠢᠶᠠᠨ ᠭᠠᠵᠠᠷ ᠲᠤ ᠦᠨᠳᠣᠷ ᠪᠠᠷᠢᠮᠵᠢᠶᠠᠲᠣ ᠳᠠᠷᠢᠶᠠᠯᠠᠩ ᠤᠨ ᠳᠦᠷᠣᠯ ᠵᠣᠶᠢᠯ ᠢ ᠬᠡᠷᠡᠭᠵᠢᠭᠦᠯᠦᠨ ᠬᠥᠳᠡᠯᠮᠦᠷᠢ ᠬᠦᠴᠦ ᠶᠢ ᠶᠡᠬᠡᠭᠡᠨ ᠠᠷᠪᠢᠯᠠᠭᠰᠠᠨ ᠪᠠᠶᠢᠨ᠎ᠠ᠃       ᠮᠠᠯᠴᠢᠳ ᠠᠶᠢᠯ ᠡᠷᠦᠬᠡ ᠪᠠᠷ ᠨᠢᠭᠡᠴᠢᠯᠡᠭᠰᠡᠨ ᠲᠠᠷᠢᠶᠠᠨ ᠭᠠᠵᠠᠷ ᠲᠠᠭᠠᠨ ᠲᠦᠰᠢᠭᠯᠡᠵᠤ ᠵᠤᠬᠢᠬᠤ ᠤᠷᠤᠯᠭ᠎ᠠ ᠣᠯᠳᠠᠭ ᠴᠤ ᠲᠤᠮᠤ ᠬᠡᠯᠪᠡᠷᠢ ᠶᠢᠨ ᠮᠠᠰᠢᠨ ᠲᠦᠬᠦᠬᠡᠷᠦᠮᠵᠢ ᠶᠢ ᠬᠡᠷᠡᠭᠯᠡᠵᠤ ᠲᠡᠶᠢᠯᠬᠦ ᠦᠭᠡᠢ ᠵᠡᠷᠭᠡ ᠬᠢᠵᠠᠭᠠᠷᠳᠠᠮᠠᠯ ᠨᠦᠬᠦᠴᠡᠯ ᠨᠢ ᠬᠦᠳᠡᠯᠮᠦᠷᠢ ᠬᠦᠴᠦ᠂ ᠴᠠᠭ ᠢ ᠶᠡᠭᠡᠪᠡᠷ ᠰᠦᠢᠳᠬᠡᠳᠡᠭ᠃ ᠡᠨᠡᠬᠦ ᠪᠠᠶᠢᠳᠠᠯ ᠲᠤᠤᠷ᠎ᠠ ᠦᠣᠰᠢᠨᠵᠣᠣ ᠭᠠᠴᠠᠭ᠎ᠠ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠳᠣᠪᠴᠢᠶᠠᠨ ᠤ ᠳᠦᠯᠣᠪᠵᠢᠭᠦᠯᠭᠡ ᠪᠠᠷ ᠡᠨ᠋ᠨ ᠬᠠᠪᠣᠷ 30 ᠭᠠᠷᠣᠢ ᠳᠦᠮᠡᠨ ᠳᠦᠭᠦᠷᠢᠭ ᠵᠠᠷᠤᠴᠠᠭᠤᠯᠵᠤ ᠨᠦᠬᠦᠨᠰᠦ᠋ᠮ᠎ᠠ ᠮᠠᠯᠵᠢᠯ ᠤᠨ ᠬᠤᠷᠰᠢᠶᠠᠨ ᠤ ᠮᠠᠯᠴᠢᠨ ᠨᠡᠭᠡᠭᠡᠭᠴᠢ ᠵᠡᠷᠭᠡ 5 ᠡᠷᠣᠭᠡ ᠶᠢᠨ 1200 ᠭᠠᠷᠣᠢ ᠮᠦ ᠲᠠᠷᠢᠶᠠᠨ ᠭᠠᠵᠠᠷ ᠢ ᠴᠤᠮᠬᠤᠳᠬᠠᠨ ᠨᠡᠶᠢᠯᠡᠬᠦᠯᠵᠦ ᠠᠳᠡ ᠦᠨᠳᠣᠷ ᠪᠠᠷᠢᠮᠵᠢᠶᠠᠲᠣ ᠳᠠᠷᠢᠶᠠᠯᠠᠩ ᠤᠨ ᠳᠦᠷᠣᠯ ᠵᠣᠶᠢᠯ ᠢ  ᠬᠡᠷᠡᠭᠵᠢᠬᠦᠯᠵᠤ ᠪᠠᠶᠢᠬᠤ ᠨᠢ ᠡᠨᠡ ᠪᠢᠯᠡ  ᠃       ᠮᠠᠨ ᠤ ᠬᠤᠰᠢᠭᠤ 2018 ᠣᠨ ᠠᠴᠠ ᠡᠬᠢᠯᠡᠨ ᠲᠠᠷᠢᠶᠠᠯᠠᠩ ᠤᠨ ᠦᠢᠯᠡᠰ ᠤᠨ ᠮᠠᠰᠢᠨᠴᠢᠯᠠᠭᠰᠠᠨ᠂ ᠡᠷᠴᠢᠮᠵᠢᠭᠰᠡᠨ᠂ ᠲᠥᠪᠯᠡᠷᠡᠩᠬᠦᠢ ᠡᠵᠡᠩᠨᠡᠯᠳᠡ ᠶᠢᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠣᠨ ᠮᠠᠯᠴᠢᠨ ᠲᠠᠷᠢᠶᠠᠴᠢᠳ ᠤᠨ ᠲᠦᠪᠯᠡᠷᠡᠩᠬᠦᠢ ᠪᠤᠰᠤ ᠲᠠᠷᠢᠶᠠᠨ ᠭᠠᠵᠠᠷ  ᠢ ᠴᠤᠮᠬᠤᠳᠬᠠᠵᠤ ᠦᠨᠳᠣᠷ ᠪᠠᠷᠢᠮᠵᠢᠶᠠᠲᠣ ᠣᠳᠣᠬᠢᠴᠢᠯᠠᠭᠰᠠᠨ ᠲᠠᠷᠢᠶᠠᠨ ᠭᠠᠵᠠᠷ ᠢ ᠪᠦᠳᠣᠭᠡᠨ ᠪᠠᠶᠢᠭᠤᠯᠬᠤ ᠳᠦᠷᠣᠯ ᠵᠣᠶᠢᠯ ᠢ ᠲᠦᠯᠦᠪᠵᠢᠭᠦᠯᠵᠤ 2019 ᠣᠨ ᠠᠴᠠ ᠬᠡᠷᠡᠭᠵᠢᠭᠦᠯᠦᠭᠡᠳ ᠨᠡᠯᠢᠶᠡᠳ ᠦᠷ᠎ᠡ ᠪᠦᠳᠦᠮᠵᠢ ᠤᠯᠵᠠᠢ᠃ ᠡᠨᠡ ᠰᠠᠭᠤᠷᠢᠨ ᠲᠡᠭᠡᠷ᠎ᠡ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠳᠣᠪᠴᠢᠶ᠎ᠠ ᠡᠨᠡ ᠬᠠᠪᠤᠷ ᠦᠷᠭᠦᠯᠵᠢᠯᠡᠨ ᠰᠢᠷᠬᠤᠰᠣᠨ ᠪᠠᠯᠭᠠᠰᠣᠨ ᠤ ᠮᠣᠣᠪᠣᠯᠠᠭ ᠳᠣᠰᠬᠤᠨ᠂ ᠭᠠᠯᠠᠭᠤᠳᠣ ᠪᠠᠯᠭᠠᠰᠣᠨ ᠤ ᠰᠠᠰᠡ ᠶᠢᠨ ᠴᠠᠶᠢᠳᠠᠮ ᠳᠣᠰᠬᠤᠨ᠂ ᠦᠣᠰᠢᠨᠵᠣᠣ ᠪᠠᠯᠭᠠᠰᠣᠨ ᠤ ᠦᠥᠰᠢᠨᠵᠤᠤ ᠭᠠᠴᠠᠭ᠎ᠠ ᠵᠡᠷᠭᠡ 5 ᠰᠣᠮᠣ ᠪᠠᠯᠭᠠᠰᠣᠨ ᠤ 27500 ᠭᠠᠷᠣᠢ ᠮᠦ ᠲᠠᠷᠢᠶᠠᠨ ᠭᠠᠵᠠᠷ ᠲᠤ ᠦᠬᠡᠷᠡᠴᠢᠯᠡᠯᠳᠡ ᠬᠢᠵᠣ ᠦᠨᠳᠣᠷ ᠪᠠᠷᠢᠮᠵᠢᠶᠠᠲᠣ ᠳᠠᠷᠢᠶᠠᠯᠠᠩ ᠤᠨ ᠳᠦᠷᠣᠯ ᠵᠣᠶᠢᠯ ᠢ ᠬᠡᠷᠡᠭᠵᠢᠭᠦᠯᠵᠤ ᠪᠤᠢ᠃ ᠲᠤᠰ ᠲᠦᠷᠦᠯ ᠵᠦᠢᠯ ᠳᠤ ᠭᠤᠷᠪᠠᠨ ᠵᠢᠯ ᠨᠠᠶᠢᠲᠡ 2600 ᠭᠠᠷᠣᠢ ᠳᠦᠮᠡᠨ ᠳᠦᠬᠦᠷᠢᠭ ᠵᠠᠷᠤᠴᠠᠭᠤᠯᠬᠤ ᠪᠠᠷ ᠪᠠᠶᠢᠵᠤ ᠡᠨᠡ ᠨᠢ ᠮᠠᠯᠴᠢᠨ ᠲᠠᠷᠢᠶᠠᠴᠢᠳ ᠲᠦᠪᠯᠡᠷᠡᠩᠬᠦᠢ ᠡᠵᠡᠩᠨᠡᠯᠳᠡ ᠠᠴᠠ ᠨᠡᠩ ᠥᠨᠳᠦᠷ ᠣᠷᠣᠯᠭ᠎ᠠ ᠣᠯᠬᠤ ᠶᠢ ᠪᠠᠲᠤᠯᠠᠬᠤ ᠪᠤᠯᠤᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号