ᠪᠦᠬᠦ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠶᠯ ᠤᠨ ᠠᠵᠢᠯ ᠢᠶᠠᠨ ᠡᠬᠢᠯᠡᠬᠦᠯᠵᠤ ᠰᠡᠷᠬᠦᠬᠡᠬᠦ ᠪᠠ ᠭᠠᠷ ᠭᠦᠶᠴᠡᠳᠬᠡᠯ ᠢ ᠬᠢᠨᠠᠨ ᠵᠥᠪᠰᠢᠶᠠᠷᠠᠭᠦᠯᠵᠤ ᠭᠥᠢᠴᠡᠳᠭᠡᠭᠦ ᠠᠭᠢᠭᠤᠯᠤᠯᠤᠳᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-03-10
     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠠᠭᠦ ᠬᠤᠭᠤᠴᠠᠭᠠᠨ ᠳᠠᠬᠢ ᠠᠵᠤ ᠠᠬᠤᠢ ᠨᠠᠶᠢᠭᠡᠮ ᠤᠨ ᠬᠥᠭᠵᠢᠯᠲᠡ ᠶᠢ ᠰᠠᠶᠢᠲᠤᠷ ᠠᠳᠬᠤᠨ ᠭᠤᠣᠯᠳᠠᠯᠭ᠎ᠠ ᠲᠠᠢ ᠲᠥᠷᠥᠯ ᠵᠦᠢᠯ ᠤᠨ ᠭᠠᠷ ᠭᠥᠢᠴᠡᠳᠭᠡᠯ ᠭᠢᠭᠦ ᠪᠠ ᠠᠵᠢᠯ  ᠢᠶᠠᠨ ᠡᠭᠢᠯᠠᠭᠦᠯᠭᠦ ᠶᠢ ᠠᠬᠢᠭᠤᠯᠬᠤ ᠶᠢᠨ ᠲᠥᠯᠥᠭᠡ 3 ᠰᠠᠷ᠎ᠠ ᠶᠢᠨ 8 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠤᠤ ᠹᠸᠢ ᠯᠦ ᠪᠦᠬᠦ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠶᠯ ᠤᠨ ᠠᠵᠢᠯ ᠢᠶᠠᠨ ᠡᠬᠢᠯᠡᠬᠦᠯᠵᠤ ᠰᠡᠷᠬᠦᠬᠡᠬᠦ ᠪᠠ ᠭᠠᠷ ᠭᠦᠶᠴᠡᠳᠬᠡᠯ ᠢ ᠬᠢᠨᠠᠨ ᠵᠥᠪᠰᠢᠶᠠᠷᠠᠭᠦᠯᠵᠤ ᠭᠥᠢᠴᠡᠳᠭᠡᠭᠦ ᠠᠭᠢᠭᠤᠯᠤᠯᠤᠳᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ ᠪᠤᠯᠤᠨ ᠡᠯ᠎ᠡ ᠠᠵᠤ ᠠᠬᠤᠶ ᠶᠢᠨ ᠨᠡᠭᠡᠭᠡᠯᠲᠡ ᠶᠢᠨ ᠲᠤᠭᠤᠷᠢᠭ ︵ᠬᠦᠷᠢᠶᠡᠯᠡᠩ ᠲᠤᠭᠤᠷᠢᠭ︶ ᠤᠨ ᠬᠠᠮᠢᠶᠠᠷᠤᠯᠲᠠ ᠶᠢᠨ ᠵᠥᠪᠯᠡᠯ᠂ ᠰᠤᠮᠤ ᠪᠠᠯᠭᠠᠰᠤ ᠪᠣᠯᠤᠨ ᠬᠤᠰᠢᠭᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠲᠥᠷᠥᠯ ᠵᠦᠶᠯ ᠤᠨ ᠪᠠᠶᠢᠭᠤᠯᠭ᠎ᠠ ᠨᠢᠭᠡᠴᠢ ᠶᠢᠨ ᠲᠥᠯᠥᠭᠡᠯᠡᠭᠴᠢ ᠬᠤᠷᠠᠯ ᠳᠤ ᠣᠷᠣᠯᠴᠠᠪᠠ᠃
     ᠵᠣᠣ ᠹᠸᠢ ᠯᠦ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠡᠴᠦᠰ ᠤᠨ ᠵᠢᠯ  ᠪᠤᠯᠬᠤ ᠪᠥᠭᠡᠳ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠬᠡᠬᠦ ᠵᠢᠯ ᠮᠥᠨ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠥᠴᠢᠷ ᠦᠵᠡᠯ ᠰᠠᠨᠠᠭ᠎ᠠ ᠲᠠᠨᠢᠯᠲᠠ ᠪᠠᠨ ᠲᠡᠭᠡᠭᠰᠢᠯᠠᠭᠦᠯᠤᠨ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠢᠳᠡᠪᠬᠢᠲᠡᠶ ᠪᠠᠷ ᠠᠵᠢᠯ ᠬᠢᠵᠦ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ ᠠᠵᠢᠯ ᠢᠶᠠᠨ ᠡᠬᠢᠯᠡᠬᠦᠯᠵᠤ ᠦᠶᠯᠡᠳᠪᠦᠷᠢᠯᠡᠯ ᠢᠶᠠᠨ ᠰᠡᠷᠭᠦᠭᠡᠬᠦ ᠶᠢ ᠡᠮᠬᠢ ᠵᠢᠷᠤᠮ ᠲᠠᠢ ᠠᠬᠢᠭᠤᠯᠵᠤ ᠪᠥᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠠᠮᠵᠢᠯᠳᠠ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃
     ᠵᠤᠤ ᠹᠸᠢ ᠯᠦ ᠱᠠᠭᠠᠷᠳᠠᠭᠰᠠᠨ ᠨᠢ᠂ ᠡᠨᠡ ᠵᠢᠯ ᠪᠣᠯ ᠥᠷᠢᠰᠥᠯᠳᠦᠭᠡᠨ ᠪᠠ ᠠᠵᠠ ᠲᠣᠬᠢᠶᠠᠯ ᠢᠶᠠᠷ ᠪᠢᠯᠬᠠᠭᠰᠠᠨ ᠵᠢᠯ ᠪᠣᠯᠤᠨ᠎ᠠ᠃ ᠥᠷᠭᠡᠨ ᠤᠯᠠᠨ ᠪᠡᠯᠡ ᠣᠷᠣᠭᠤᠯᠤᠨ ᠬᠥᠭᠵᠢᠭᠦᠯᠬᠦ ᠬᠦᠰᠡᠯ ᠲᠠᠢ ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ  ᠪᠤᠯᠤᠨ ᠬᠤᠳᠠ ᠶᠢᠨ ︽ᠲᠥᠪᠯᠡᠷᠡᠭᠦᠯᠦᠨ ᠬᠢᠨᠠᠨ ᠵᠥᠪᠰᠢᠶᠡᠷᠡᠬᠦ ᠡᠳᠦᠷ︾ ᠤᠨ ᠠᠵᠢᠯᠯᠠᠭ᠎ᠠ ᠥᠷᠨᠢᠭᠦᠯᠭᠦ ᠠᠵᠠ ᠲᠣᠬᠢᠶᠠᠯ ᠢ ᠠᠮᠵᠢᠵᠤ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠤᠨ ᠮᠠᠲ᠋ᠧᠷᠢᠶᠠᠯ ᠢ ᠡᠮᠭᠢᠯᠠᠨ ᠲᠤᠰᠢᠶᠠᠬᠤ ᠠᠵᠢᠯ ᠢ ᠰᠠᠶᠢᠲᠤᠷ ᠬᠢᠵᠦ  ᠥᠷᠭᠦᠯᠵᠢᠯᠠᠨ ᠪᠠᠶᠢᠭᠤᠯᠬᠤ ᠲᠦᠷᠦᠯ ᠵᠦᠢᠯ ᠤᠨ ᠠᠵᠢᠯ ᠢᠶᠠᠨ ᠰᠠᠷᠭᠦᠭᠡᠭᠦ᠂ ᠰᠢᠨ᠎ᠡ ᠪᠠᠷ ᠪᠠᠶᠢᠭᠤᠯᠬᠤ ᠲᠦᠷᠦᠯ ᠵᠦᠢᠯ ᠤᠨ ᠠᠵᠢᠯ   ᠢᠶᠠᠨ ᠡᠬᠢᠯᠡᠭᠦᠯᠬᠦ ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠡᠢ᠃
     ᠵᠣᠣ ᠹᠸᠢ ᠯᠦ ᠱᠠᠭᠠᠷᠳᠠᠭᠰᠠᠨ ᠨᠢ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠳᠦᠯᠲᠡᠶ ᠲᠥᠯᠥᠪᠯᠡᠨ  ᠲᠤᠭᠢᠷᠠᠭᠤᠯᠵᠤ ᠲᠤᠬᠠᠶ ᠶᠢᠨ ᠲᠠᠯᠠᠪᠠᠶ ᠳᠤ ᠠᠯᠪᠠᠯᠠᠨ ᠠᠵᠤ ᠠᠬᠤᠶᠢᠯᠠᠯ ᠤᠨ ᠭᠠᠷ ᠭᠥᠢᠴᠡᠳᠭᠡᠯ ᠡᠷᠭᠢᠯᠠᠭᠦ ᠳᠤᠮᠳᠠᠬᠢ ᠪᠣᠳᠠᠲᠠᠶ ᠬᠦᠴᠢᠷᠳᠡᠯ ᠢ ᠰᠢᠶᠳᠪᠦᠷᠢᠯᠡᠬᠦ ᠬᠡᠷᠡᠭᠲᠡᠶ᠃ ᠠᠵᠢᠯ ᠤᠨ ᠠᠷᠭ᠎ᠠ ᠭᠡᠯᠪᠠᠷᠢ ᠶᠢᠨ ᠰᠢᠨ᠎ᠡ  ᠶᠢ ᠡᠭᠦᠳᠴᠦ ᠨᠡᠪᠲᠡᠷᠡᠯᠴᠡᠭᠡ ᠬᠠᠮᠲᠤᠷᠠᠯᠴᠠᠭ᠎ᠠ ᠪᠠᠨ ᠴᠢᠩᠭᠠᠳᠬᠠᠨ ᠬᠢᠨᠠᠨ ᠵᠥᠪᠰᠢᠶᠠᠷᠠᠵᠤ ᠠᠵᠢᠯ ᠡᠷᠭᠢᠯᠠᠭᠦ ᠦᠷ᠎ᠡ ᠪᠦᠲᠦᠮᠵᠢ ᠶᠢ ᠲᠡᠭᠡᠭᠰᠢᠯᠡᠭᠦᠯᠵᠤ ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠷᠢᠯᠳᠤᠭᠦᠯᠤᠨ ᠥᠨᠳᠥᠷ ᠪᠦᠲᠦᠮᠵᠢᠲᠡᠶ ᠪᠣᠳᠠᠲᠠᠶ ᠶᠢ ᠡᠷᠬᠢᠮᠯᠡᠬᠦ ᠠᠵᠢᠯ ᠤᠨ ᠠᠭᠤᠷ ᠠᠮᠢᠰᠬᠤᠯ ᠢ ᠪᠣᠶ ᠪᠣᠯᠭᠠᠵᠤ ᠴᠢᠬᠤᠯᠠ ᠲᠤᠮᠤ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ ᠡᠯ᠎ᠡ ᠤᠯᠠᠷᠢᠯ᠂ ᠡᠯ᠎ᠡ ᠱᠠᠲᠤ ᠦᠶ᠎ᠡ ᠶᠢᠨ ᠠᠵᠢᠯ ᠤᠨ ᠬᠠᠷᠠᠯᠲᠠ ᠶᠢ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃      ᠬᠤᠷᠠᠯ ᠳᠡᠭᠡᠷ᠎ᠡ᠂ ᠵᠠᠩ ᡁᠢ ᠰᠢᠦ᠋ᠩ ᠲᠥᠷᠥᠯ ᠵᠦᠶᠯ ᠤᠨ ᠠᠵᠢᠯ ᠢ ᠡᠬᠢᠯᠡᠭᠦᠯᠬᠦ ᠪᠠ ᠭᠠᠷ ᠭᠦᠶᠴᠡᠳᠬᠡᠯ ᠡᠷᠭᠢᠯᠠᠭᠦ ᠪᠦᠬᠦᠶᠢᠯᠡ ᠪᠠᠶᠢᠳᠠᠯ ᠢ ᠵᠠᠷᠯᠠᠨ ᠮᠡᠳᠡᠭᠳᠡᠵᠦ ᠬᠤᠲᠠ ᠶᠢᠨ ᠱᠠᠲᠤᠨ ᠤ ᠲᠥᠪᠯᠡᠷᠡᠭᠦᠯᠦᠨ ᠬᠢᠨᠠᠨ ᠵᠥᠪᠰᠢᠶᠡᠷᠡᠬᠦ ᠱᠠᠭᠠᠷᠳᠠᠯᠭ᠎ᠠ ᠶᠢ ᠲᠣᠳᠣᠷᠬᠠᠶᠢᠯᠠᠪᠠ᠃ ᠡᠯ᠎ᠡ ᠲᠥᠷᠥᠯ ᠵᠦᠶᠯ ᠤᠨ ᠬᠠᠷᠢᠭᠤᠴᠠᠯᠭᠠᠲᠠᠨ ᠠᠵᠢᠯ ᠢᠶᠠᠨ ᠡᠬᠢᠯᠡᠭᠦᠯᠵᠦ ᠰᠡᠷᠭᠦᠭᠡᠭᠰᠡᠨ ᠪᠠ ᠭᠠᠷ ᠭᠥᠢᠴᠡᠳᠭᠡᠯ ᠡᠷᠭᠢᠯᠡᠭᠰᠠᠨ ᠠᠬᠢᠴᠠ ᠶᠢᠨ ᠪᠠᠶᠢᠳᠠᠯ ᠳᠤ ᠬᠠᠷᠢᠭᠤ ᠮᠡᠳᠡᠭᠦᠯᠦᠯᠲᠡ ᠬᠢᠵᠦ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠳᠠᠯ ᠤᠨ ᠲᠤᠬᠠᠶ ᠲᠣᠳᠣᠷᠬᠠᠶᠢᠯᠠᠯᠲᠠ ᠬᠢᠵᠡᠶ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号