ᠮᠠᠨ ᠤ ᠬᠤᠰᠢᠭᠤ ︽ᠭᠤᠷᠪᠠᠨ ᠱᠠᠲᠤᠨ ᠤ ᠱᠦᠵᠢ︾ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠠᠶᠢᠯᠠᠯᠳᠤᠭᠠᠨ ᠤ ᠰᠢᠶᠳᠪᠦᠷᠢᠲᠦ ᠢᠯᠠᠯᠲᠠ ᠶᠢ ᠣᠯᠬᠤ ᠠᠵᠢᠯ ᠤᠨ ᠲᠤᠬᠠᠢ ᠰᠠᠭᠤᠳᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-03-10
     3 ᠰᠠᠷ᠎ᠠ ᠶᠢᠨ 6 ᠤ ᠡᠳᠦᠷ᠂ ᠮᠠᠨ ᠤ ᠬᠤᠰᠢᠭᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠤᠰᠬᠠᠶ‌‍ᠰᠡᠳᠤᠪᠳᠤ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ 3 ᠰᠠᠷ᠎ᠠ ᠶᠢᠨ 8 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠨᠢᠳᠤᠨᠤᠨ ᠠᠴᠠ ᠡᠬᠢᠯᠡᠭᠦᠯᠦᠭᠰᠡᠨ ︽ᠭᠤᠷᠪᠠᠨ ᠱᠠᠲᠤᠨ ᠤ ᠱᠦᠵᠢ︾ ᠣᠨᠣᠯ ᠢ ᠨᠢᠭᠤᠷᠲᠠᠨ ᠰᠤᠷᠤᠯᠴᠠᠬᠤ᠂ ᠬᠥᠭᠵᠢᠯᠲᠡ ᠶᠢ ᠡᠷᠢᠯᠬᠢᠯᠡᠬᠦ᠂ ᠬᠦᠴᠢᠷ ᠠᠰᠠᠭᠤᠳᠠᠯ ᠢ ᠰᠢᠶᠳᠪᠦᠷᠢᠯᠡᠬᠦ ᠠᠵᠢᠯ  ᠤᠨ ᠲᠤᠭᠳᠠᠯᠴᠠᠭ᠎ᠠ ᠲᠠᠢ ᠤᠶᠠᠯᠳᠤᠭᠤᠯᠤᠨ ᠲᠤᠭ ᠪᠠᠯᠭᠠᠰᠤ᠂ ᠥᠥᠰᠢᠨᠵᠤᠤ ᠪᠠᠯᠭᠠᠰᠤ᠂ ᠤᠯᠠᠭᠠᠨᠳᠤᠯᠤᠭᠠᠢ ᠪᠠᠯᠭᠠᠰᠤᠨ ᠤ ᠡᠯ᠎ᠡ ᠭᠠᠴᠠᠭ᠎ᠠ ᠲᠣᠰᠬᠤᠨ ᠳᠤ ᠭᠦᠨᠵᠡᠭᠡᠶᠢᠷᠡᠨ ᠦᠦᠰᠢᠨ ᠬᠤᠰᠢᠭᠤᠨ ᠤ ︽ᠭᠤᠷᠪᠠᠨ ᠱᠠᠲᠤᠨ ᠤ ᠱᠦᠵᠢ︾ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ  ᠲᠠᠶᠢᠯᠠᠯᠳᠤᠭᠠᠨ ᠤ ᠰᠢᠶᠳᠪᠦᠷᠢᠲᠦ ᠢᠯᠠᠯᠲᠠ  ᠶᠢ ᠣᠯᠬᠤ ᠠᠵᠢᠯ ᠤᠨ ᠲᠤᠬᠠᠢ ᠰᠠᠭᠤᠳᠠᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠠᠶᠢᠯᠠᠯᠳᠤᠭᠠᠨ ᠤ ᠰᠢᠶᠳᠪᠦᠷᠢᠲᠦ ᠢᠯᠠᠯᠲᠠ ᠶᠢ ᠤᠯᠬᠤ ᠠᠵᠢᠯ ᠤᠨ ᠰᠠᠭᠤᠳᠠᠯ ᠤᠨ ᠬᠤᠷᠠᠯ ᠤᠨ ᠵᠣᠷᠢᠭ ᠰᠠᠨᠠᠭ᠎ᠠ ᠶᠢ ᠬᠠᠮᠤᠭ ᠲᠠᠷᠢᠭᠦᠨ ᠳᠤ ᠤᠯᠠᠮᠵᠢᠯᠠᠵᠤ ︽ᠭᠤᠷᠪᠠᠨ ᠱᠠᠲᠤᠨ ᠤ ᠱᠦᠵᠢ︾ ᠵᠢᠱᠢᠶ᠎ᠡ ᠦᠵᠡᠭᠦᠯᠬᠦ ᠦᠶᠯᠡᠳᠦᠯ ᠢᠶᠠᠨ ᠲᠦᠷᠦᠭᠦᠯᠡᠨ ᠪᠠᠳᠠᠷᠠᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠠᠭᠦ ᠪᠠ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠶᠢ ︽ᠬᠤᠶᠠᠷ ᠲᠠᠯ᠎ᠠ ᠪᠠᠷ ᠠᠳᠬᠤᠵᠤ᠂ ᠬᠤᠶᠠᠷ ᠢ ᠤᠰᠤᠯᠳᠠᠭᠤᠯᠤᠯ ᠥᠬᠡᠶ︾ ᠪᠠᠶᠢᠬᠤ ᠶᠢ ᠪᠠᠷᠢᠮᠳᠠᠯᠠᠨ ᠪᠥᠬᠦ ᠬᠤᠰᠢᠭᠤ ᠪᠠᠷ ᠢᠶᠠᠨ ᠭᠠᠪᠰᠢᠭᠠᠶᠢᠯᠠᠨ  ᠲᠠᠮᠠᠴᠠᠵᠤ ᠶᠡᠷᠦᠩᠬᠡᠶ ᠰᠢᠪᠳᠤᠯᠤᠯᠳᠠ ᠬᠢᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠡᠴᠦᠰ ᠤᠨ ᠢᠯᠠᠯᠲᠠ ᠶᠢ ᠲᠡᠮᠡᠴᠡᠨ ᠤᠯᠬᠤ ᠬᠡᠷᠡᠭᠲᠡᠶ ᠭᠡᠵᠤ ᠴᠢᠬᠤᠯᠠᠴᠢᠯᠠᠪᠠ  ᠃
     ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠪᠠᠶᠢᠩᠭᠤ  ᠶᠢᠨ ᠭᠡᠰᠢᠭᠦᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠦ᠋ ᠰᠢᠨ ᠹᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠵᠣᠣ ᠶᠦᠩ ᠹᠧᠩ᠂ ᠬᠤᠰᠢᠭᠤ ᠳᠡᠳ᠋ ᠳᠠᠷᠤᠭ᠎ᠠ ᠪᠠᠶᠠᠨᠴᠡᠩᠭᠡᠯ ᠵᠢᠴᠢ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠶᠠᠳᠠᠭᠤ ᠶᠢ ᠲᠡᠳᠬᠦᠬᠦ ᠠᠯᠪᠠᠨ ᠬᠡᠷ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠰᠤᠮᠤ ᠪᠠᠯᠭᠠᠰᠤᠨ ᠤ ᠳᠠᠷᠤᠭ᠎ᠠ᠂ ᠡᠯ᠎ᠡ ᠭᠠᠴᠠᠭ᠎ᠠ ᠲᠣᠰᠬᠤᠨ ᠤ ᠨᠠᠮ ᠤᠨ ᠡᠭᠦᠷ ᠤᠨ ᠱᠦᠵᠢ᠂ ᠭᠠᠴᠠᠭ᠎ᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠰᠠᠭᠤᠳᠠᠯ ᠤᠨ ᠬᠤᠷᠠᠯ ᠳᠤ ᠣᠷᠣᠯᠴᠠᠪᠠ᠃      ᠬᠤᠷᠠᠯ ᠲᠡᠭᠡᠷ᠎ᠡ᠂ ᠬᠤᠰᠢᠭᠤ ᠨᠠᠮ ᠤᠨ ᠰᠤᠷᠭᠠᠭᠤᠯᠢ ᠶᠢᠨ ᠪᠠᠭᠰᠢ ᠶᠢ ᠤᠷᠢᠵᠤ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠬᠤ ᠳᠠᠶᠢᠯᠠᠯᠳᠤᠭᠠᠨ ᠤ ᠲᠤᠬᠠᠢ ᠬᠤᠷᠠᠯᠳᠤᠭᠤᠯᠤᠭᠰᠠᠨ 7 ᠤᠳᠠᠭ᠎ᠠ ᠶᠢᠨ ᠲᠤᠰᠬᠠᠢ ᠰᠡᠳᠦᠪᠲᠦ ᠬᠤᠷᠠᠯ ᠤᠨ ᠵᠣᠷᠢᠭ ᠰᠠᠨᠠᠭ᠎ᠠ ᠳᠤ ᠭᠦᠨᠵᠡᠭᠡᠢ ᠲᠠᠶᠢᠯᠪᠤᠷᠢ ᠭᠢᠯᠭᠡᠪᠠ᠃ ᠡᠷᠳᠡᠨᠢᠪᠢᠯᠢᠭ ᠣᠯᠠᠨ ᠲᠠᠢ ᠬᠠᠮᠲᠤ ᠪᠠᠷ ᠰᠤᠷᠤᠯᠴᠠᠨ ᠲᠥᠷᠥᠭᠳᠡᠯ ᠢᠶᠠᠨ ᠬᠤᠪᠢᠶᠠᠯᠴᠠᠵᠤ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠠᠵᠢᠯ  ᠤᠨ ᠬᠠᠷᠢᠭᠤ ᠮᠡᠳᠡᠭᠦᠯᠦᠯᠲᠡ ᠬᠢᠵᠦ ᠣᠪᠣᠷ ᠢᠶᠠᠨ ᠢᠯᠡᠳᠬᠡᠵᠡᠶ᠃
     ᠡᠷᠳᠡᠨᠢᠪᠢᠯᠢᠭ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ ᠪᠥᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ  ᠲᠠᠶᠢᠯᠠᠯᠳᠤᠭᠠᠨ ᠤ ᠰᠢᠶᠳᠪᠦᠷᠢᠲᠦ ᠢᠯᠠᠯᠲᠠ ᠶᠢ ᠣᠯᠬᠤ ᠠᠵᠢᠯ ᠤᠨ ᠲᠤᠬᠠᠢ ᠰᠠᠭᠤᠳᠠᠯ ᠤᠨ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠶᠴᠡᠳ ᠲᠠᠨᠢᠵᠤ ᠪᠠᠴᠢᠮ ᠲᠤᠯᠭᠠᠮ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠨᠡᠮᠡᠭᠳᠡᠭᠦᠯᠤᠨ ᠢᠲᠡᠭᠡᠯ ᠵᠣᠷᠢᠭ ᠢᠶᠠᠨ ᠪᠠᠲᠤᠳᠬᠠᠵᠤ ᠪᠥᠬᠦ ᠬᠦᠴᠦᠨ ᠢᠶᠠᠷ ᠢᠶᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠣᠳᠣᠬᠠᠨ ᠤ ᠮᠠᠨ ᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠲᠤᠳᠠᠭᠳᠠᠯ  ᠠᠰᠠᠭᠤᠳᠠᠯ   ᠢ  ᠬᠢᠨᠠᠮᠠᠭᠠᠢ ᠰᠢᠢᠳᠪᠦᠷᠢᠯᠡᠵᠦ ᠠᠵᠢᠯ ᠢᠶᠠᠨ ᠰᠤᠯᠠᠷᠠᠭᠤᠯᠬᠤ ᠦᠭᠡᠢ᠂ ᠱᠠᠭᠠᠷᠳᠠᠯᠭ᠎ᠠ ᠪᠠᠨ  ᠪᠠᠭᠤᠷᠠᠭᠤᠯᠬᠤ ᠥᠭᠡᠢ ᠪᠠᠶᠢᠵᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠬᠠᠷᠠᠯᠲᠠ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ  ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ  ᠪᠥᠳᠥᠭᠡᠯ ᠢ ᠪᠠᠬᠢᠵᠢᠭᠦᠯᠵᠦ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠶᠢ ᠴᠢᠩᠭᠠᠳᠬᠠᠨ ᠶᠠᠳᠠᠭᠤ ᠠᠴᠠ ᠠᠩᠭᠢᠵᠢᠷᠠᠭᠤᠯᠬᠤ  ᠪᠤᠭᠤᠮᠳᠠ ᠰᠢᠪᠳᠤᠯᠬᠤ ᠲᠥᠷᠥ ᠶᠢᠨ ᠪᠣᠳᠣᠯᠭ᠎ᠠ ᠶᠢᠨ ᠲᠣᠭᠲᠠᠭᠤᠨ ᠪᠠᠶᠢᠬᠤ ᠶᠢ ᠪᠠᠲᠤᠯᠠᠵᠤ ᠳᠠᠬᠢᠨ ᠶᠠᠳᠠᠭᠤᠷᠠᠬᠤ ᠶᠢ ᠪᠦᠲᠦᠮᠵᠢᠲᠡᠶ ᠰᠠᠷᠭᠡᠶᠢᠯᠠᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠶᠢ ᠡᠷᠡᠰ ᠲᠡᠪᠴᠢᠵᠦ ᠦᠷ᠎ᠡ ᠪᠦᠲᠦᠮᠵᠢ ᠶᠢ ᠬᠢᠨᠠᠨ ᠰᠢᠯᠭᠠᠵᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠡᠷᠭᠡ ᠭᠤᠣᠯᠳᠠᠯᠭ᠎ᠠ ᠲᠠᠢ ᠠᠵᠢᠯ  ᠲᠠᠢ ᠤᠶᠠᠯᠳᠤᠭᠤᠯᠵᠤ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠨᠠᠶᠢᠲᠠᠪᠤᠷᠢᠵᠢᠭᠤᠯᠬᠤ ᠬᠡᠷᠡᠭᠲᠡᠢ᠃ ᠨᠠᠮ ᠤᠨ ᠤᠳᠤᠷᠢᠳᠤᠯᠭ᠎ᠠ ᠶᠢ  ᠴᠢᠩᠭᠠᠳᠬᠠᠨ ᠠᠵᠢᠯ ᠤᠨ ᠰᠠᠬᠢᠯᠭ᠎ᠠ ᠪᠠᠲᠤ ᠶᠢ ᠵᠢᠷᠤᠮᠯᠠᠵᠤ ᠶᠠᠳᠠᠭᠤ ᠶᠢ ᠲᠠᠳᠭᠦᠭᠦ ᠬᠦᠷᠢᠶᠡᠨ  ᠳᠠᠬᠢ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ ᠭᠡᠯᠪᠠᠷᠢᠴᠢ ᠦᠵᠡᠯ᠂ ᠨᠣᠶᠠᠨᠴᠢ ᠰᠤᠷᠳᠠᠯ ᠢ ᠡᠷᠡᠰ ᠡᠰᠡᠷᠭᠦᠴᠡᠬᠦ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠦᠬᠦ ᠲᠠᠯ᠎ᠠ  ᠶᠢᠨ ᠢᠯᠠᠯᠲᠠ ᠪᠠᠷ ᠲᠥᠪ ᠬᠤᠷᠢᠶ᠎ᠠ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠪᠦᠬᠦ ᠬᠤᠰᠢᠭᠤᠨ ᠤ ᠠᠷᠠᠳ ᠲᠥᠮᠡᠨ ᠳᠤ ᠬᠠᠨᠤᠮᠵᠢᠲᠠᠢ ᠬᠠᠷᠢᠭᠤᠯᠲᠠ ᠥᠭᠬᠦ ᠬᠡᠷᠡᠭᠲᠡᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号