ᠣᠶᠢᠷ᠎ᠠ ᠳᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠤ ᠹᠸᠢ ᠯᠦ | 2020 ᠣᠨ ᠤ ᠳᠥᠷᠪᠡᠳᠦᠭᠡᠷ ᠤᠳᠠᠭᠠᠨ ᠤ ᠪᠠᠶᠢᠩᠭᠤ ᠶᠢᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ᠂ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠯᠢ ᠵᠦᠩ ᠯᠢᠨ᠂ ᠬᠤᠰᠢᠭᠤ | ᠳᠡᠳ᠋ ᠳᠠᠷᠤᠭ᠎ᠠ ᠵᠸᠦ ᠱᠤᠸᠠᠢ᠂ ᠪᠠᠶᠠᠠᠴᠡᠩᠭᠡᠯ᠂ ᠪᠠᠶᠠᠠᠴᠢᠮᠡᠭ ᠬᠤᠷᠠᠯ ᠳᠤ ᠣᠷᠣᠯᠴᠠᠵᠤ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠣᠣ ᠶᠦᠩ ᠹᠧᠩ᠂ | ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠯᠸᠢ ᠬᠠᠰ ᠬᠤᠷᠠᠯ ᠳᠤ ᠰᠤᠯᠠ ᠣᠷᠣᠯᠴᠠᠨ | ᠡᠯ᠎ᠡ ᠠᠵᠤ ᠠᠬᠤᠢ ᠶᠢᠨ ᠨᠡᠭᠡᠭᠡᠯᠲᠡ ᠶᠢᠨ ᠲᠤᠭᠤᠷᠢᠭ ︵ᠬᠦᠷᠢᠶᠡᠯᠡᠩ ᠲᠣᠭᠤᠷᠢᠭ︶᠂ ᠰᠤᠮᠤ ᠪᠠᠯᠭᠠᠰᠤ ᠵᠢᠴᠢ | ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ | | ᠬᠤᠷᠠᠯ ᠳᠡᠭᠡᠷ᠎ᠡ ᠪᠣᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠠᠵᠢᠯ ᠤᠨ ᠲᠤᠬᠠᠢ | ᠮᠡᠳᠡᠭᠦᠯᠦᠯᠲᠡ ᠶᠢ ᠰᠣᠨᠣᠰᠪᠠ᠃ | ᠵᠣᠣ ᠹᠸᠢ ᠯᠦ ᠵᠢᠭᠠᠬᠤ ᠳᠠᠭᠠᠨ᠂ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠰᠠᠶᠢᠲᠤᠷ ᠬᠢᠬᠦ ᠨᠢ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠶᠢ ᠪᠡᠶᠡᠯᠡᠭᠦᠯᠬᠦ ᠯᠤᠭ᠎ᠠ | ᠬᠤᠯᠪᠣᠭᠳᠠᠵᠤ ᠪᠠᠶᠢᠬᠤ ᠶᠤᠮ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠰᠢ ᠶᠢᠨ | ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠠᠮᠢ | ᠠᠬᠤᠢ ᠶᠢ ᠲᠡᠷᠢᠭᠦᠨ ᠳᠤ ᠲᠠᠯᠪᠢᠬᠤ ᠪᠣᠬᠢᠷᠳᠤᠯ ᠦᠭᠡᠢ ᠬᠥᠭᠵᠢᠯᠲᠡ ᠶᠢᠨ ᠣᠨᠣᠯᠵᠢᠭᠤᠨ ᠢ ᠪᠦᠬᠦ ᠲᠠᠯ᠎ᠠ ᠪᠠᠷ | ᠨᠠᠶᠢᠲᠠᠪᠤᠷᠢᠵᠢᠭᠤᠯᠤᠨ ᠴᠢᠭᠯᠡᠯᠲᠡ ᠬᠤᠪᠢᠷᠠᠬᠤ ᠦᠭᠡᠢ᠂ ᠡᠷᠴᠢᠮ ᠪᠠᠭᠤᠷᠠᠬᠤ ᠦᠭᠡᠢ ᠪᠠᠶᠢᠬᠤ ᠶᠢ ᠪᠠᠷᠢᠮᠲᠠᠯᠠᠵᠤ | ᠲᠥᠷᠥᠯ ᠵᠦᠢᠯ ᠤᠨ ᠵᠦᠪᠰᠢᠶᠡᠷᠡᠯ ᠤᠨ ᠪᠠᠷᠢᠮᠵᠢᠶ᠎ᠠ ᠶᠢ ᠴᠢᠩᠭᠠᠳᠬᠠᠨ ᠵᠠᠮ ᠱᠤᠭᠤᠮ ᠳᠠᠭᠠᠤ ᠪᠤᠯᠣᠨ ᠭᠤᠤᠯᠲᠠᠯᠭ᠎ᠠ | ᠲᠠᠢ ᠲᠤᠭᠤᠷᠢᠭ ᠤᠨ ᠨᠣᠭᠤᠭᠠᠷᠠᠭᠤᠯᠤᠯᠲᠠ ᠶᠢ ᠴᠢᠩᠭᠠᠳᠬᠠᠵᠤ ᠨᠠᠷᠢᠯᠢᠭ ᠣᠨᠣᠪᠴᠢᠲᠠᠢ ᠪᠠᠷ ᠪᠣᠬᠢᠷᠳᠤᠯ ᠢ ᠰᠡᠷᠭᠡᠶᠢᠯᠡᠬᠦ | ᠂ ᠰᠢᠨᠵᠢᠯᠡᠬᠦ ᠤᠬᠠᠭᠠᠨᠴᠢ ᠪᠠᠷ ᠪᠣᠬᠢᠷᠳᠤᠯ ᠢ ᠰᠡᠷᠭᠡᠶᠢᠯᠡᠬᠦ᠂ ᠬᠠᠤᠯᠢ ᠶᠤᠰᠤᠭᠠᠷ ᠪᠣᠬᠢᠷᠳᠤᠯ ᠢ ᠰᠡᠷᠭᠡᠶᠢᠯᠡᠬᠦ ᠶᠢ | ᠳᠣᠪᠣᠶᠢᠯᠭᠠᠨ ᠴᠡᠯᠮᠡᠭ ᠲᠡᠭᠷᠢ ᠴᠡᠩᠭᠡᠭ ᠤᠰᠤ ᠴᠡᠪᠡᠷ ᠰᠢᠷᠤᠢ ᠶᠢ ᠬᠠᠮᠠᠭᠠᠯᠠᠬᠤ ᠠᠵᠢᠯ ᠢ ᠰᠠᠶᠢᠲᠤᠷ ᠬᠢᠵᠤ ᠪᠦᠬᠦ | ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢᠨ ᠦᠷᠬᠦᠯᠵᠢᠯᠡᠬᠦᠶᠢᠴᠡ | ᠰᠠᠶᠢᠵᠢᠷᠠᠬᠤ ᠶᠢ ᠠᠬᠢᠭᠤᠯᠬᠤ ᠬᠡᠷᠡᠭᠲᠡᠢ ᠭᠡᠪᠡ᠃ | ᠬᠤᠷᠠᠯ ᠳᠡᠭᠡᠷ᠎ᠡ ᠣᠯᠠᠨ ᠨᠡᠶᠢᠲᠡ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠪᠠᠶᠢᠭᠤᠯᠤᠯᠲᠠ ᠶᠢ ᠴᠢᠩᠭᠠᠳᠬᠠᠬᠤ ᠲᠤᠬᠠᠢ ᠬᠠᠮᠢᠶ᠎ᠠ ᠪᠦᠬᠦᠢ ᠶᠠᠪᠤᠳᠠᠯ ᠢ ᠰᠤᠳᠤᠯᠪᠠ᠃ | ᠵᠣᠣ ᠹᠸᠢ ᠯᠦ ᠴᠢᠬᠤᠯᠠᠴᠢᠯᠠᠬᠤ ᠳᠠᠭᠠᠨ᠂ ᠶᠡᠷᠦ ᠠᠴᠠ ᠡᠯ᠎ᠡ ᠨᠡᠶᠢᠬᠡᠮ ᠲᠤᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ᠂ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠣᠯᠣᠨ ᠭᠠᠴᠠᠭ᠎ᠠ | ᠲᠤᠰᠬᠤᠨ ᠤ ᠡᠷᠡᠭᠦᠯ ᠬᠠᠮᠠᠭᠠᠯᠠᠯ ᠤᠨ ᠳᠠᠰᠤᠭ ᠨᠢ ᠡᠷᠡᠭᠦᠯ ᠮᠡᠨᠳᠦ ᠶᠢᠨ ᠮᠡᠳᠡᠯᠭᠡ ᠶᠢᠨ ᠤᠬᠠᠭᠤᠯᠭ᠎ᠠ᠂ ᠡᠷᠡᠭᠦᠯ | ᠮᠡᠨᠳᠦ ᠶᠢᠨ ᠬᠠᠮᠢᠶᠠᠷᠤᠯᠲᠠ ᠪᠣᠯᠣᠨ ᠡᠮᠴᠢᠯᠡᠭᠡᠨ ᠤ ᠲᠠᠯ᠎ᠠ ᠪᠠᠷ ᠳᠣᠪᠣᠶᠢᠮ᠎ᠠ ᠦᠢᠯᠡᠳᠦᠯ ᠢ ᠪᠠᠳᠠᠷᠠᠭᠤᠯᠤᠭᠰᠠᠨ ᠪᠠᠶᠢᠨ᠎ᠠ | ᠃ ᠰᠢᠨ᠎ᠡ ᠪᠠᠶᠢᠳᠠᠯ ᠰᠢᠨ᠎ᠡ ᠡᠭᠦᠷᠭᠡ ᠲᠤᠯᠭᠠᠷᠠᠬᠤ ᠪᠠᠷ ᠡᠷᠬᠡᠪᠰᠢ ᠳᠤᠳᠠᠭᠳᠠᠯ ᠢᠶᠠᠨ ᠨᠥᠬᠦᠪᠦᠷᠢᠯᠡᠨ ᠴᠢᠳᠠᠪᠤᠷᠢ ᠪᠠᠨ | ᠳᠡᠭᠡᠭᠰᠢᠯᠡᠭᠦᠯᠵᠦ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶ᠎ᠡ ᠴᠠᠷᠠᠭᠠᠨ ᠳᠤ ᠣᠷᠣᠰᠢᠵᠤ | ᠪᠠᠶᠢᠭ᠎ᠠ ᠪᠠᠭᠤᠷᠠᠢ ᠭᠤᠭᠴᠤᠭ᠎ᠠ ᠶᠢ ᠴᠢᠬᠤᠯᠠᠴᠢᠯᠠᠨ ᠦᠵᠡᠵᠤ ᠦᠨᠳᠦᠰᠦᠨ ᠱᠠᠲᠤᠨ ᠤ ᠣᠯᠠᠨ ᠨᠡᠶᠢᠲᠡ ᠶᠢᠨ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠠᠶᠢᠭᠤᠯᠤᠯᠲᠠ ᠶᠢᠨ ᠪᠠᠷᠢᠮᠵᠢᠶ᠎ᠠ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ ᠡᠮᠨᠡᠯᠭᠡ ᠶᠢᠨ ᠮᠡᠷᠭᠡᠵᠢᠯᠲᠡᠳ ᠤᠨ ᠲᠤᠰᠬᠠᠢ ᠮᠡᠷᠭᠡᠵᠢᠯ ᠤᠨ ᠳᠡᠭᠡᠭᠰᠢᠯᠡᠯᠲᠡ ᠶᠢ ᠴᠢᠩᠭᠠᠳᠬᠠᠵᠤ | ᠣᠯᠠᠨ ᠲᠥᠮᠡᠨ ᠤ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠡᠷᠡᠭᠴᠡᠭᠡ ᠶᠢ ᠨᠡᠩ | ᠰᠠᠶᠢᠨ ᠢᠶᠠᠷ ᠬᠠᠩᠭᠠᠬᠤ ᠬᠡᠷᠡᠭᠲᠡᠢ ᠭᠡᠵᠡᠢ᠃ | ᠬᠤᠷᠠᠯ ᠳᠡᠭᠡᠷ᠎ᠡ ᠬᠤᠲᠠ ᠶᠢᠨ ᠲᠦᠷᠢ ᠲᠦᠷᠬᠦ ᠶᠢ ᠨᠥᠯᠦᠭᠡᠯᠡᠬᠦ ᠭᠡᠰᠡᠭ ᠠᠵᠢᠯ ᠲᠥᠷᠥᠯ ᠤᠨ ᠠᠵᠢᠯ ᠢᠶᠠᠨ | ᠰᠡᠷᠭᠦᠭᠡᠵᠤ ᠡᠵᠡᠩᠨᠡᠯᠲᠡ ᠬᠢᠬᠦ ᠲᠤᠬᠠᠢ ᠰᠤᠳᠤᠯᠤᠨ ᠶᠠᠷᠢᠯᠴᠠᠪᠠ᠃ | ᠵᠣᠣ ᠹᠸᠢ ᠯᠦ ᠴᠢᠬᠤᠯᠠᠴᠢᠯᠠᠬᠤ ᠳᠠᠭᠠᠨ᠂ ᠡᠨᠡ ᠵᠢᠯ ᠪᠣᠯ ᠪᠦᠬᠦ ᠤᠯᠤᠰ ᠤᠨ ᠬᠤᠰᠢᠭᠤ ᠰᠢᠶᠡᠨ ᠤ ᠳᠡᠰ ᠤᠨ | ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠵᠠᠩᠭᠢᠯᠠᠭ᠎ᠠ ᠶᠢᠨ ᠨᠢᠭᠡ ᠵᠢᠯ ᠪᠣᠯᠬᠤ ᠶᠤᠮ᠃ ᠡᠷᠬᠡᠪᠰᠢ ᠬᠤᠲᠠ | ᠪᠠᠯᠭᠠᠰᠤᠨ ᠤ ᠨᠡᠶᠢᠲᠡ ᠶᠢᠨ ᠣᠷᠴᠢᠨ ᠲᠣᠭᠤᠷᠢᠨ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠨᠥᠯᠦᠭᠡᠯᠡᠬᠦ | ᠳᠣᠪᠣᠶᠢᠮ᠎ᠠ ᠠᠰᠠᠭᠤᠳᠠᠯ ᠢ ᠰᠠᠶᠢᠲᠤᠷ ᠠᠩᠬᠠᠷᠴᠦ ᠵᠠᠬ᠎ᠠ ᠳᠡᠯᠭᠡᠭᠦᠷ ᠤᠨ ᠵᠢᠮ᠎ᠡ ᠶᠤᠰᠤ ᠪᠠᠷ ᠤᠳᠤᠷᠢᠳᠤᠮᠵᠢ ᠪᠣᠯᠭᠠᠵᠤ | ᠡᠵᠡᠩᠨᠡᠭᠴᠢ ᠪᠣᠯᠣᠨ ᠵᠠᠬ᠎ᠠ ᠳᠡᠯᠭᠡᠭᠦᠷ ᠤᠨ ᠪᠡᠯᠡ ᠣᠷᠣᠭᠤᠯᠤᠭᠴᠢ ᠶᠢᠨ ᠬᠠᠷᠢᠯᠴᠠᠭ᠎ᠠ ᠶᠢ ᠳᠠᠶᠢᠴᠢᠯᠠᠨ ᠠᠵᠢᠯ | ᠲᠥᠷᠥᠯ ᠤᠨ ᠲᠥᠪᠯᠡᠷᠡᠩᠭᠦᠢ ᠬᠥᠭᠵᠢᠯᠲᠡ ᠶᠢ ᠠᠬᠢᠭᠤᠯᠵᠤ ᠳᠦᠷᠢᠮᠵᠢᠭᠰᠡᠨ ᠬᠠᠮᠢᠶᠠᠷᠤᠯᠲᠠ ᠶᠢ ᠬᠡᠷᠡᠭᠵᠢᠭᠦᠯᠦᠨ | ᠡᠵᠡᠩᠨᠡᠯᠲᠡ ᠶᠢᠨ ᠣᠷᠴᠢᠨ ᠲᠣᠭᠤᠷᠢᠨ ᠢ ᠳᠠᠰᠤᠷᠠᠯᠲᠠ ᠦᠭᠡᠢ ᠰᠢᠯᠢᠳᠡᠭᠵᠢᠭᠦᠯᠵᠦ ᠪᠤᠯᠪᠠᠰᠤᠨ ᠬᠤᠲᠠ ᠶᠢ ᠡᠭᠦᠳᠦᠨ | ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ ᠭᠡᠰᠡᠨ ᠪᠠᠶᠢᠨ᠎ᠠ᠃ | ᠬᠤᠷᠠᠯ ᠳᠡᠭᠡᠷ᠎ᠡ ᠪᠠᠰᠠ ᠪᠤᠰᠤᠳ ᠶᠠᠪᠤᠳᠠᠯ ᠢ ᠰᠤᠳᠤᠯᠤᠨ ᠶᠠᠷᠢᠯᠴᠠᠪᠠ᠃ | |