ᠪᠦᠬᠦ ᠣᠯᠣᠰ ᠤᠨ ᠣᠢ ᠰᠢᠭᠤᠢ ᠨᠣᠳᠤᠭ ᠪᠡᠯᠴᠢᠬᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠣᠵᠦ ᠮᠠᠨ ᠤ ᠬᠤᠰᠢᠭᠤ ᠸᠢᠳᠢᠤ᠋ ᠬᠤᠷᠠᠯ ᠤᠨ ᠬᠡᠯᠪᠡᠷᠢ ᠪᠠᠷ ᠬᠤᠷᠠᠯ  ᠳᠤ ᠣᠷᠣᠯᠴᠠᠪᠠ
ᠨᠡᠶᠢᠲᠡᠯᠡᠭᠰᠡᠨ ᠴᠠᠭ᠄
2020-03-12
     3 ᠰᠠᠷ᠎ᠠ ᠶᠢᠨ 10 ᠤ ᠡᠳᠦᠷ᠂ ᠪᠦᠬᠦ ᠣᠯᠣᠰ ᠤᠨ ᠣᠢ ᠰᠢᠭᠤᠢ ᠨᠣᠳᠤᠭ ᠪᠡᠯᠴᠢᠬᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠣᠵᠦ ᠮᠠᠨ ᠤ ᠬᠤᠰᠢᠭᠤ ᠸᠢᠳᠢᠤ᠋ ᠬᠤᠷᠠᠯ ᠤᠨ ᠬᠡᠯᠪᠡᠷᠢ ᠪᠠᠷ ᠬᠤᠷᠠᠯ ᠳᠤ ᠣᠷᠣᠯᠴᠠᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠧᠢ ᠯᠣ᠋᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠳᠡᠰ ᠤᠨ ᠳᠠᠷᠤᠭ᠎ᠠ ᠬᠤᠸᠠᠩ ᠳ᠋ᠠᠨ᠂ ᠬᠤᠰᠢᠭᠤ ᠳᠡᠳ᠋ ᠳᠠᠷᠤᠭ᠎ᠠ ᠪᠠᠶᠠᠨᠴᠡᠩᠬᠡᠯ ᠵᠢᠴᠢ ᠡᠯ᠎ᠡ ᠰᠣᠮᠣ ᠪᠠᠯᠭᠠᠰᠣ᠂ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠳᠠᠯᠠᠪᠠᠢ ᠳᠤ ᠬᠤᠷᠠᠯ ᠳᠤ ᠣᠷᠣᠯᠴᠠᠪᠠ  ᠃      ᠬᠤᠷᠠᠯ ᠠᠴᠠ ᠵᠢᠭᠠᠬᠤ ᠳᠠᠭᠠᠨ᠂ ᠪᠦᠬᠦ ᠣᠯᠣᠰ ᠤᠨ ᠣᠯᠠᠩᠬᠢ ᠭᠠᠵᠠᠷ ᠶᠠᠭ ᠰᠠᠶᠢᠬᠠᠨ ᠬᠠᠪᠣᠷ ᠤᠨ ᠣᠯᠠᠷᠢᠯ  ᠤᠨ ᠣᠢ ᠰᠢᠭᠤᠢ ᠨᠣᠳᠤᠭ ᠪᠡᠯᠴᠢᠬᠡᠷ ᠤᠨ ᠭᠠᠯ ᠰᠡᠷᠭᠡᠶᠢᠯᠡᠯᠳᠡ ᠶᠢᠨ ᠵᠠᠩᠬᠢᠯᠠᠭ᠎ᠠ ᠶᠢᠨ ᠬᠤᠭᠤᠴᠠᠭᠠᠨ ᠳᠤ ᠪᠠᠶᠢᠨ᠎ᠠ᠃ ᠡᠯ᠎ᠡ ᠭᠠᠵᠠᠷ ᠤᠨ ᠬᠢᠨ ᠪᠠᠶᠢᠳᠠᠯ ᠢ ᠡᠵᠡᠮᠰᠢᠨ ᠳᠡᠭᠡᠲᠦ ᠬᠡᠮᠵᠢᠶ᠎ᠡ ᠪᠠᠷ ᠴᠢᠬᠤᠯᠠᠴᠢᠯᠠᠵᠦ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠶᠢ ᠴᠢᠩᠭ᠎ᠠ ᠠᠳᠬᠤᠬᠤ ᠶᠢᠨ ᠬᠠᠮᠲᠣ ᠭᠠᠯ ᠰᠡᠷᠭᠡᠶᠢᠯᠡᠯᠳᠡ ᠶᠢᠨ ᠠᠵᠢᠯ ᠢ ᠴᠦ ᠰᠠᠶᠢᠳᠣᠷ ᠠᠳᠬᠤᠵᠦ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠠᠵᠣ ᠠᠬᠤᠢ ᠶᠢᠨ ᠬᠦᠭᠵᠢᠯᠳᠡ ᠶᠢᠨ ᠬᠤᠣᠰ ᠢᠯᠡᠯᠳᠡ ᠶᠢ ᠣᠯᠬᠤ ᠶᠢ ᠪᠠᠳᠣᠯᠠᠬᠤ ᠬᠡᠷᠡᠭᠲᠡᠢ ᠬᠡᠪᠡ᠃      ᠬᠤᠷᠠᠯ ᠠᠴᠠ ᠴᠢᠬᠤᠯᠠᠴᠢᠯᠠᠬᠤ ᠳᠠᠭᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ  ᠤᠨ ᠣᠨᠴᠠᠯᠢᠭ ᠲᠠᠢ ᠨᠡᠶᠢᠬᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠭᠤᠯᠵᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠷᠠᠭᠤᠯᠵᠦ ᠣᠢ ᠰᠢᠭᠤᠢ ᠨᠣᠳᠤᠭ ᠪᠡᠯᠴᠢᠬᠡᠷ ᠤᠨ ᠭᠠᠯ ᠰᠡᠷᠭᠡᠶᠢᠯᠡᠨ ᠣᠨᠳᠠᠷᠠᠭᠠᠬᠤ ᠠᠵᠢᠯ ᠢ ᠪᠦᠬᠦ ᠬᠦᠴᠦᠨ ᠢᠶᠠᠷ ᠢᠶᠠᠨ ᠴᠢᠩᠭ᠎ᠠ ᠠᠳᠬᠤᠵᠦ ᠭᠠᠯ ᠰᠡᠷᠭᠡᠶᠢᠯᠡᠨ ᠣᠨᠳᠠᠷᠠᠭᠠᠬᠤ ᠡᠮᠦᠨ᠎ᠡ ᠹᠷᠣᠨᠲ ᠤᠨ ᠡᠩᠨᠡᠬᠡᠨ ᠤ ᠬᠢᠵᠢᠭ ᠢ ᠰᠡᠷᠭᠡᠶᠢᠯᠡᠬᠦ ᠪᠣᠳᠠᠰ ᠪᠠ ᠠᠮᠢᠳᠣᠷᠠᠯ ᠤᠨ ᠪᠣᠳᠠᠰ ᠤᠨ ᠪᠠᠳᠣᠯᠠᠭ᠎ᠠ ᠶᠢ ᠡᠷᠡᠰ ᠲᠤᠭᠤᠰᠢᠯᠠᠭᠤᠯᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠬᠤ ᠳᠦᠰᠦᠪ ᠢ ᠨᠠᠷᠢᠯᠢᠭᠵᠢᠭᠤᠯᠣᠨ ᠲᠤᠭᠤᠰᠢᠯᠠᠭᠤᠯᠵᠤ ᠪᠠᠶᠢᠴᠠᠭᠠᠯᠳᠠ ᠶᠢ ᠴᠢᠩᠭᠠᠳᠬᠠᠨ ᠭᠠᠯ ᠲᠠᠯᠪᠢᠬᠤ ᠶᠢ ᠰᠠᠶᠢᠳᠣᠷ ᠰᠡᠷᠬᠡᠶᠢᠯᠡᠨ ᠡᠵᠡᠮᠳᠡᠵᠦ ᠳᠠᠯᠳᠠ ᠬᠡᠮ ᠢ ᠣᠰᠠᠳᠬᠠᠬᠤ ᠬᠡᠷᠡᠭᠲᠡᠢ᠃ ᠭᠠᠯ ᠢ ᠰᠡᠷᠬᠡᠶᠢᠯᠡᠬᠦ ᠬᠦᠮᠦᠵᠢᠯ ᠣᠬᠠᠭᠤᠯᠭ᠎ᠠ ᠶᠢ ᠰᠠᠶᠢᠳᠣᠷ ᠬᠢᠵᠦ ᠭᠠᠯ ᠰᠡᠷᠬᠡᠶᠢᠯᠡᠨ ᠣᠨᠳᠠᠷᠠᠭᠠᠬᠤ ᠣᠬᠠᠮᠰᠠᠷ ᠢ ᠳᠡᠭᠡᠭᠰᠢᠯᠡᠬᠦᠯᠬᠦ ᠬᠡᠷᠡᠭᠲᠡᠢ᠃ 24 ᠴᠠᠭ ᠢᠶᠠᠷ ᠵᠢᠵᠢᠬᠦᠷᠯᠡᠵᠦ ᠡᠷᠳᠡ ᠢᠯᠡᠷᠡᠬᠦᠯᠵᠦ ᠡᠷᠳᠡ ᠰᠢᠢᠳᠪᠦᠷᠢᠯᠡᠬᠦ ᠶᠢ ᠪᠠᠳᠣᠯᠠᠬᠤ ᠬᠡᠷᠡᠭᠲᠡᠢ ᠬᠡᠪᠡ᠃      ᠬᠤᠷᠠᠯ ᠤᠨ ᠳᠠᠷᠠᠭ᠎ᠠ ᠪᠦᠬᠦ ᠣᠷᠣᠨ ᠤ ᠣᠢ ᠰᠢᠭᠤᠢ ᠨᠣᠳᠤᠭ ᠪᠡᠯᠴᠢᠬᠡᠷ ᠤᠨ ᠭᠠᠯ ᠰᠡᠷᠭᠡᠶᠢᠯᠡᠨ ᠣᠨᠳᠠᠷᠠᠭᠠᠬᠤ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠣᠵᠦ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠣᠷᠤᠨ ᠡᠯ᠎ᠡ ᠰᠠᠯᠠᠭ᠎ᠠ ᠮᠦᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠠᠶᠣᠯᠬᠦᠢ ᠦᠢᠯᠡᠳᠪᠦᠷᠢᠯᠡᠯ ᠤᠨ ᠠᠵᠢᠯ ᠤᠨ ᠴᠢᠬᠤᠯᠠ ᠴᠣᠬᠤᠯᠠᠪᠣᠷᠢ ᠶᠢᠨ ᠵᠣᠷᠢᠭ ᠰᠠᠨᠠᠭ᠎ᠠ ᠶᠢ ᠰᠠᠶᠢᠳᠣᠷ ᠰᠣᠷᠣᠯᠴᠠᠨ ᠲᠤᠭᠤᠰᠢᠯᠠᠭᠤᠯᠵᠤ ᠳᠦᠷᠦ  ᠶᠢᠨ ᠶᠠᠪᠣᠳᠠᠯ ᠤᠨ ᠬᠤᠷᠢᠶᠠᠨ ᠤ ᠬᠤᠷᠠᠯ ᠤᠨ ᠪᠠᠶᠢᠷᠢᠯᠠᠭᠤᠯᠣᠯᠲᠠ ᠪᠠ ᠨᠠᠮ ᠤᠨ ᠬᠤᠷᠢᠶ᠎ᠠ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ ᠹᠦᠵᠢᠶᠠᠨ ᠤ ᠴᠢᠤᠸᠠᠨᠵᠸᠤ ᠶᠢᠨ ︽3.7︾ ᠤ ᠵᠣᠴᠢᠳ ᠤᠨ ᠪᠠᠭᠤᠳᠠᠯ ᠨᠣᠷᠠᠭᠰᠠᠨ ᠠᠳᠡᠭᠳᠡᠯ ᠠᠴᠠ ᠰᠣᠷᠭᠠᠮᠵᠢ ᠠᠪᠴᠦ ᠳᠦᠪᠯᠡᠷᠡᠬᠦᠯᠦᠨ ᠳᠣᠰᠠᠭᠠᠷᠯᠠᠵᠦ ᠪᠠᠶᠢᠭ᠎ᠠ ᠭᠠᠵᠠᠷ᠂ ᠡᠮᠨᠡᠯᠬᠡ ᠶᠢᠨ ᠬᠤᠷᠢᠶ᠎ᠠ ᠪᠠ ᠪᠣᠰᠣᠳ ᠬᠦᠮᠦᠨ ᠴᠣᠭᠯᠠᠷᠠᠵᠦ ᠳᠦᠪᠯᠡᠷᠡᠭᠰᠡᠨ ᠭᠠᠵᠠᠷ ᠢ ᠲᠤᠤᠷᠵᠢᠭᠤᠯᠤᠨ ᠪᠠᠶᠢᠴᠠᠭᠠᠵᠤ ᠠᠵᠢᠯ ᠢᠶᠠᠨ ᠰᠡᠷᠬᠦᠬᠡᠵᠦ᠂ ᠦᠢᠯᠡᠳᠪᠦᠷᠢᠯᠡᠯ ᠢᠶᠠᠨ ᠰᠡᠷᠬᠦᠬᠡᠬᠦ ᠡᠯ᠎ᠡ ᠵᠦᠢᠯ ᠤᠨ ᠠᠮᠣᠷ ᠳᠦᠪᠰᠢᠨ ᠠᠷᠭ᠎ᠠ ᠪᠠᠷᠢᠯ ᠢ  ᠲᠤᠭᠤᠰᠢᠯᠠᠭᠤᠯᠤᠨ ᠳᠣᠰᠬᠠᠢ ᠳᠦᠷᠦᠯ ᠤᠨ ᠴᠡᠭᠴᠡᠯᠡᠯᠳᠡ ᠬᠢᠵᠦ ᠬᠦᠨᠲᠦ ᠶᠡᠭᠡ ᠬᠡᠨᠡᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ ᠬᠡᠪᠡ      ᠬᠤᠷᠠᠯ ᠤᠨ ᠳᠠᠷᠠᠭ᠎ᠠ ᠵᠣᠣ ᠹᠧᠢ ᠯᠣ᠋ ᠴᠢᠬᠤᠯᠠᠴᠢᠯᠠᠬᠤ ᠳᠠᠭᠠᠨ᠂ ᠬᠠᠷᠢᠭᠤᠴᠠᠯᠠᠭ᠎ᠠ ᠪᠠᠨ ᠨᠠᠶᠢᠳᠠᠪᠣᠷᠢᠵᠢᠭᠤᠯᠵᠦ ᠵᠢᠵᠢᠬᠦᠷᠯᠡᠨ ᠰᠠᠬᠢᠬᠤ ᠳᠦᠷᠢᠮ ᠢ ᠳᠡᠬᠦᠯᠳᠡᠷᠵᠢᠬᠦᠯᠦᠨ ᠣᠬᠠᠭᠤᠯᠭ᠎ᠠ ᠶᠢᠨ ᠬᠦᠴᠦᠯᠡᠴᠡ ᠪᠠᠨ ᠨᠡᠮᠡᠭᠳᠡᠬᠦᠯᠵᠦ ᠣᠢ ᠰᠢᠭᠤᠢ ᠨᠣᠳᠤᠭ ᠪᠡᠯᠴᠢᠬᠡᠷ ᠤᠨ ᠭᠠᠯ ᠰᠡᠷᠭᠡᠶᠢᠯᠡᠨ ᠣᠨᠳᠠᠷᠠᠭᠠᠬᠤ ᠬᠦᠮᠦᠵᠢᠯ ᠢ ᠰᠠᠶᠢᠳᠣᠷ ᠬᠢᠬᠦ ᠬᠡᠷᠡᠭᠲᠠᠢ᠃ ᠡᠯ᠎ᠡ ᠰᠣᠮᠣ ᠪᠠᠯᠭᠠᠰᠣ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠢᠨ ᠬᠠᠮᠢᠶᠠᠷᠣᠯᠳᠠ ᠪᠠᠨ ᠴᠢᠩᠭᠠᠳᠬᠠᠵᠦ ᠡᠩ  ᠤᠨ ᠴᠠᠭ ᠲᠤ ᠰᠣᠷᠢᠯᠳᠠ ᠬᠢᠬᠦ ᠪᠠᠨ ᠴᠢᠩᠭᠠᠳᠬᠠᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠢ ᠰᠠᠶᠢᠳᠣᠷ ᠬᠢᠬᠦ ᠬᠡᠷᠡᠭᠲᠡᠢ ᠬᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号