ᠬᠠᠪᠤᠷ ᠤᠨ ᠤᠯᠠᠷᠢᠯ ᠤᠨ ᠮᠠᠯ ᠵᠢᠭᠦᠷᠲᠡᠨ ᠤ ᠬᠢᠵᠢᠭ ᠡᠭᠦᠰᠬᠦ ᠪᠠ ᠦᠷᠭᠡᠵᠢᠭᠦ ᠶᠢ ᠪᠦᠳᠦᠮᠵᠢᠳᠡᠢ ᠬᠤᠷᠢᠭᠯᠠᠨ | ᠮᠠᠯ ᠲᠡᠵᠢᠭᠡᠪᠦᠷᠢ ᠶᠢᠨ ᠦᠢᠯᠡᠳᠪᠦᠷᠢᠯᠡᠯ ᠤᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠪᠠᠳᠤᠯᠠᠵᠤ ᠦᠷᠭᠡᠨ ᠤᠯᠠᠨ | ᠲᠡᠵᠢᠭᠡᠪᠦᠷᠢ ᠶᠢᠨ ᠡᠷᠦᠬᠡ ᠶᠢᠨ ᠠᠰᠢᠭ ᠲᠤᠰᠠ ᠶᠢ ᠬᠠᠮᠠᠭᠠᠯᠠᠬᠤ ᠶᠢᠨ ᠲᠦᠯᠦᠬᠡ᠂ ᠮᠠᠨ ᠤ ᠬᠤᠰᠢᠭᠤ ᠮᠠᠯᠴᠢᠨ | ᠲᠠᠷᠢᠶᠠᠴᠢᠳ ᠤᠨ ᠦᠢᠯᠡᠳᠪᠦᠷᠢᠯᠡᠯ ᠠᠮᠢᠲᠤᠷᠠᠯ ᠤᠨ ᠪᠠᠶᠢᠲᠠᠯ ᠳᠤ ᠵᠤᠬᠢᠴᠠᠭᠤᠯᠤᠨ 2020 ᠤᠨ ᠤ ᠬᠠᠪᠤᠷ ᠤᠨ | ᠤᠯᠠᠷᠢᠯ ᠤᠨ ᠮᠠᠯ ᠵᠢᠭᠦᠷᠲᠡᠨ ᠤ ᠬᠢᠵᠢᠭ ᠢ ᠰᠡᠷᠭᠡᠶᠢᠯᠡᠬᠦ ᠠᠵᠢᠯ ᠢᠶᠠᠨ ᠪᠠᠳᠤᠳᠡᠢ ᠦᠷᠨᠢᠬᠦᠯᠵᠦ ᠪᠠᠶᠢᠨ᠎ᠠ᠃ | ᠡᠨᠡ ᠡᠳᠦᠷ ᠦᠦᠰᠢᠨᠵᠤᠤ ᠪᠠᠯᠭᠠᠰᠤᠨ ᠤ ᠮᠠᠯ ᠡᠮᠨᠡᠯᠭᠡ ᠶᠢᠨ ᠦᠢᠯᠡᠴᠢᠯᠡᠭᠡᠨ ᠤ ᠳᠤᠭᠤᠶᠢᠯᠠᠩ ᠤᠨ ᠬᠢᠨ | ᠦᠦᠰᠢᠨᠵᠤᠤ ᠭᠠᠴᠠᠭᠠᠨ ᠤ ᠮᠠᠯᠴᠢᠨ ᠡᠷᠬᠢᠮᠴᠡᠩᠬᠡᠯ ᠤᠨ ᠳᠤ ᠬᠦᠷᠴᠦ ᠵᠠᠭᠤ ᠭᠠᠷᠤᠢ ᠮᠠᠯ ᠳᠤ ᠨᠢ ᠦᠨ᠎ᠡ ᠲᠥᠯᠥᠪᠦᠷᠢ | ᠦᠭᠡᠢ ᠪᠠᠷ ᠰᠡᠷᠭᠡᠶᠢᠯᠡᠭᠡ ᠶᠢᠨ ᠵᠡᠭᠦᠦ ᠲᠠᠷᠢᠵᠤ ᠭᠢᠵᠢᠭ ᠰᠡᠷᠭᠡᠶᠢᠯᠡᠭᠰᠠᠨ ᠲᠠᠩᠰᠠ ᠪᠠᠶᠢᠭᠤᠯᠵᠤ ᠭᠢᠵᠢᠭ ᠢ ᠰᠡᠷᠭᠡᠶᠢᠯᠡᠭᠦ | ᠲᠠᠨᠢᠯᠳᠠ ᠶᠢ ᠲᠡᠭᠡᠭᠰᠢᠯᠡᠭᠦᠯᠦᠭᠰᠡᠨ ᠪᠠᠶᠢᠨ᠎ᠠ᠃ | ᠮᠠᠯᠴᠢᠨ ᠡᠷᠬᠢᠮᠴᠡᠩᠬᠡᠯ᠄ ︽ᠵᠢᠯ ᠪᠦᠷᠢ 2 ᠤᠳᠠᠭ᠎ᠠ ᠮᠠᠨ ᠤ ᠠᠳᠡ ᠵᠡᠬᠦᠦ ᠲᠠᠷᠢᠳᠠᠭ᠃ ᠡᠨᠡ ᠨᠢ | ᠮᠠᠯᠴᠢᠳ ᠤᠨ ᠮᠠᠯ ᠤᠨ ᠡᠪᠡᠳᠴᠢᠨ ᠬᠢᠵᠢᠭ ᠢ ᠡᠭᠦᠰᠬᠦ ᠶᠢ ᠰᠡᠷᠭᠡᠶᠢᠯᠡᠬᠦ ᠳᠤ ᠮᠠᠰᠢ ᠰᠠᠶᠢᠨ ᠦᠢᠯᠡᠳᠦᠯ ᠦᠵᠡᠭᠦᠯᠳᠡᠭ᠃ | ᠪᠠᠷᠤᠭ ᠶᠡᠷᠦᠩᠬᠡᠢ ᠳᠤ ᠪᠠᠨ ᠡᠶᠢᠮᠦ ᠡᠪᠡᠳᠴᠢᠨ ᠣᠷᠣᠳᠠᠭ ᠦᠭᠡᠢ᠃ ᠰᠡᠷᠭᠡᠶᠢᠯᠡᠭᠡ ᠶᠢᠨ ᠠᠩᠭᠢ ᠠᠴᠠ ᠣᠯᠠᠨ | ᠲᠥᠮᠡᠨ ᠳᠤ ᠬᠠᠪᠰᠤᠷᠤᠯᠭ᠎ᠠ ᠳᠡᠮᠵᠢᠯᠭᠡ ᠦᠵᠡᠭᠦᠯᠬᠦ ᠨᠢ ᠠᠷᠠᠳ ᠲᠥᠮᠡᠨ ᠳᠤ ᠪᠣᠳᠠᠲᠠᠢ ᠪᠠᠷ ᠦᠢᠯᠡᠴᠢᠯᠡᠵᠦ ᠪᠠᠶᠢᠬᠤ | ᠠᠰᠠᠭᠤᠳᠠᠯ ᠮᠥᠨ᠃ ᠮᠠᠯᠴᠢᠨ ᠲᠥᠮᠡᠨ ᠪᠢᠳᠡ ᠮᠠᠰᠢ ᠲᠠᠯᠠᠷᠬᠠᠵᠤ ᠪᠠᠶᠢᠨ᠎ᠠ︾ ᠭᠡᠪᠡ᠃ | ᠦᠦᠰᠢᠨᠵᠤᠤ ᠪᠠᠯᠭᠠᠰᠤᠨ ᠤ ᠮᠠᠯ ᠡᠮᠨᠡᠯᠭᠡ ᠶᠢᠨ ᠦᠢᠯᠡᠴᠢᠯᠡᠭᠡᠨ ᠤ ᠳᠤᠭᠤᠶᠢᠯᠠᠩ ᠨᠢ 2018 ᠣᠨ ᠳᠤ | ᠪᠠᠶᠢᠭᠤᠯᠤᠭᠳᠠᠵᠤ ᠭᠤᠣᠯᠳᠠᠭᠤ ᠮᠠᠯ ᠵᠢᠭᠦᠷᠲᠡᠨ ᠤ ᠬᠢᠵᠢᠭ ᠢ ᠰᠡᠷᠭᠡᠶᠢᠯᠡᠬᠦ᠂ ᠮᠠᠯᠴᠢᠳ ᠤᠨ ᠵᠠᠬᠢᠶᠠᠯᠠᠭᠰᠠᠨ ᠮᠠᠯ ᠤᠨ | ᠡᠮ ᠢ ᠭᠡᠷ ᠲᠤ ᠨᠢ ᠬᠦᠷᠭᠡᠬᠦ᠂ ᠮᠠᠯ ᠰᠦᠷᠦᠭ ᠤᠨ ᠡᠯ᠎ᠡ ᠵᠦᠢᠯ ᠤᠨ ᠡᠪᠡᠳᠴᠢᠨ ᠢ ᠡᠮᠨᠡᠨ ᠵᠠᠰᠠᠬᠤ ᠵᠡᠷᠭᠡ | ᠦᠢᠯᠡᠴᠢᠯᠡᠭᠡ ᠬᠠᠩᠭᠠᠳᠠᠭ᠃ ᠡᠨᠡ ᠬᠠᠪᠤᠷ ᠲᠡᠳᠡ ᠡᠷᠲᠡᠬᠡᠨ ᠠᠴᠠ ᠬᠦᠳᠡᠯᠦᠯᠴᠡᠨ ᠬᠠᠪᠤᠷ ᠤᠨ ᠤᠯᠠᠷᠢᠯ ᠤᠨ ᠮᠠᠯ | ᠵᠢᠭᠦᠷᠲᠡᠨ ᠤ ᠬᠢᠵᠢᠭ ᠢ ᠰᠡᠷᠭᠡᠶᠢᠯᠡᠬᠦ ᠠᠵᠢᠯ ᠢᠶᠠᠨ ᠡᠬᠢᠯᠡᠭᠦᠯᠦᠭᠰᠡᠨ ᠪᠠᠶᠢᠨ᠎ᠠ᠃ | ᠦᠦᠰᠢᠨᠵᠤᠤ ᠪᠠᠯᠭᠠᠰᠤᠨ ᠤ ᠠᠮᠢᠲᠠᠨ ᠤ ᠡᠪᠡᠳᠴᠢᠨ ᠬᠢᠵᠢᠭ ᠢ ᠰᠡᠷᠭᠡᠶᠢᠯᠡᠬᠦ ᠥᠷᠲᠡᠭᠡᠨ ᠤ ᠠᠵᠢᠯᠲᠠᠨ | ᠰᠦᠯᠳᠡ᠄ ︽ᠬᠠᠪᠤᠷ ᠤᠨ ᠴᠠᠭ ᠪᠣᠯ ᠡᠪᠦᠯ ᠤᠨ ᠬᠦᠢᠲᠡᠨ ᠠᠴᠠ ᠵᠤᠨ ᠤ ᠬᠠᠯᠠᠭᠤᠨ ᠳᠤ ᠰᠢᠯᠵᠢᠬᠦ ᠴᠠᠭ ᠦᠶ᠎ᠡ᠂ | ᠪᠠᠺᠲ᠋ᠧᠷᠢ ᠶᠢᠨ ᠦᠷᠡᠵᠢᠵᠦ ᠲᠥᠯᠵᠢᠬᠦ ᠨᠣᠷᠮ᠎ᠠ ᠨᠢ ᠥᠨᠳᠥᠷ ᠪᠠᠶᠢᠳᠠᠭ᠃ ᠲᠡᠭᠡᠬᠦᠯᠡᠷ ᠮᠠᠨᠤᠰ ᠡᠷᠲᠡᠬᠡᠨ ᠠᠴᠠ | ᠬᠠᠪᠤᠷ ᠤᠨ ᠰᠡᠷᠭᠡᠶᠢᠯᠡᠭᠡ ᠪᠠᠨ ᠡᠬᠢᠯᠡᠭᠦᠯᠦᠭᠰᠡᠨ ᠪᠠᠶᠢᠨ᠎ᠠ᠃ ᠬᠡᠷᠪᠡ ᠡᠪᠡᠳᠴᠢᠨ ᠬᠢᠵᠢᠭ ᠮᠠᠨ ᠤ ᠮᠠᠯᠴᠢᠨ ᠲᠥᠮᠡᠨ ᠤ | ᠮᠠᠯ ᠰᠦᠷᠦᠭ ᠲᠤ ᠣᠷᠣᠪᠠᠯ ᠠᠵᠤ ᠠᠬᠤᠢ ᠶᠢᠨ ᠬᠤᠬᠢᠷᠠᠯ ᠶᠡᠭᠡ᠂ ᠲᠠᠬᠢᠭᠠᠳ ᠡᠨᠡ ᠨᠢ ᠠᠶᠢᠯ ᠰᠠᠭᠠᠬᠠᠯᠲᠠ ᠶᠢᠨ ᠮᠠᠯ | ᠰᠦᠷᠦᠭ ᠲᠤ ᠨᠢ ᠣᠷᠣᠪᠠᠯ ᠨᠡᠩ ᠶᠡᠭᠡ ᠠᠵᠤ ᠠᠬᠤᠢ ᠶᠢᠨ ᠬᠤᠬᠢᠷᠠᠯ ᠤᠴᠠᠷᠠᠭᠤᠯᠬᠤ ᠶᠤᠮ᠃ ᠲᠡᠭᠡᠬᠦᠯᠡᠷ ᠪᠢᠳᠡ | ᠱᠠᠯᠠᠪᠳᠠᠨ ᠬᠢᠵᠤ ᠪᠠᠶᠢᠨ᠎ᠠ︾ ᠭᠡᠪᠡ᠃ | ᠮᠠᠨ ᠤ ᠬᠤᠰᠢᠭᠤ 2020 ᠣᠨ ᠤ ᠬᠠᠪᠤᠷ ᠤᠨ ᠤᠯᠠᠷᠢᠯ ᠤᠨ ᠮᠠᠯ ᠵᠢᠭᠦᠷᠲᠡᠨ ᠤ ᠬᠢᠵᠢᠭ ᠰᠡᠷᠭᠡᠶᠢᠯᠡᠯᠲᠡ ᠶᠢᠨ | ᠠᠵᠢᠯ ᠢᠶᠠᠨ 3 ᠰᠠᠷ᠎ᠠ ᠶᠢᠨ 1 ᠤ ᠡᠳᠦᠷ ᠠᠴᠠ 4 ᠰᠠᠷ᠎ᠠ ᠶᠢᠨ 15 ᠪᠣᠯᠲᠠᠯ᠎ᠠ ᠪᠦᠬᠦ ᠬᠤᠰᠢᠭᠤᠨ ᠤ 110 ᠲᠥᠮᠡᠨ | ᠲᠣᠯᠤᠭᠠᠢ ᠪᠣᠭ ᠮᠠᠯ᠂ 9 ᠲᠦᠮᠡ ᠭᠠᠷᠣᠢ ᠪᠤᠲᠠ ᠮᠠᠯ᠂ 16 ᠲᠥᠮᠡ ᠣᠷᠴᠢᠮ ᠲᠠᠬᠢᠶ᠎ᠠ᠂ 10 ᠲᠥᠮᠡ ᠣᠷᠴᠢᠮ | ᠭᠠᠭ᠋ᠠᠢ ᠳᠤ ᠬᠢᠵᠦ ᠮᠠᠯ ᠤᠨ ᠮᠡᠨᠳᠦ ᠤᠨᠳᠤᠷᠤᠯᠳᠠ ᠶᠢ ᠪᠠᠳᠤᠯᠠᠵᠤ ᠮᠠᠯᠴᠢᠳ ᠲᠤ ᠠᠰᠢᠭ ᠬᠦᠷᠳᠡᠬᠡᠬᠦ ᠪᠠᠷ ᠪᠠᠶᠢᠨ᠎ᠠ᠃ | ᠬᠤᠰᠢᠭᠤ ᠠᠮᠢᠲᠠᠨ ᠤ ᠡᠪᠡᠳᠴᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠳᠡᠳ᠋ ᠡᠷᠬᠢᠯᠡᠭᠴᠢ | ᠭᠦᠨᠴᠢᠨᠵᠠᠪ᠄ ︽ᠮᠠᠨ ᠤ ᠡᠨᠡ ᠬᠠᠪᠤᠷ ᠤᠨ ᠭᠤᠣᠯ ᠰᠡᠷᠭᠡᠶᠢᠯᠡᠭᠡ ᠪᠣᠯ ᠭᠠᠭ᠋ᠠᠢ ᠳᠤ 3 ᠵᠦᠢᠯ ᠤᠨ ᠡᠪᠡᠳᠴᠢᠨ᠂ | ᠲᠠᠬᠢᠶᠠᠨ ᠳᠤ 2 ᠵᠦᠢᠯ ᠤᠨ ᠡᠪᠡᠳᠴᠢᠨ᠂ ᠬᠤᠨᠢ ᠦᠬᠡᠷ ᠲᠤ ᠨᠢᠭᠡ ᠨᠢᠭᠡ ᠵᠦᠢᠯ ᠤᠨ ᠡᠪᠡᠳᠴᠢᠨ ᠢ ᠰᠡᠷᠭᠡᠶᠢᠯᠡᠬᠦ | ᠵᠡᠷᠭᠡ ᠨᠡᠶᠢᠲᠡ 7 ᠲᠥᠷᠥᠯ ᠤᠨ ᠡᠪᠡᠳᠴᠢᠨ ᠢ ᠰᠡᠷᠭᠡᠶᠢᠯᠡᠵᠦ ᠪᠠᠶᠢᠨ᠎ᠠ᠃ ᠡᠭᠦᠨ ᠠᠴᠠ ᠭᠠᠳᠠᠨ᠎ᠠ ᠨᠣᠬᠠᠢ ᠳᠤ ᠨᠢᠭᠡ | ᠵᠦᠢᠯ ᠤᠨ ᠨᠣᠬᠠᠢ ᠶᠢᠨ ᠬᠤᠷᠣᠬᠠᠢ ᠲᠠᠭᠤᠬᠤ ᠠᠵᠢᠯ ᠢ ᠳᠠᠭᠠᠯᠳᠤᠭᠤᠯᠤᠨ ᠬᠢᠵᠦ ᠪᠠᠶᠢᠨ᠎ᠠ᠃ 45 ᠬᠤᠨᠤᠭ ᠤᠨ | ᠲᠣᠲᠣᠷ᠎ᠠ ᠮᠠᠨ ᠤ ᠪᠥᠬᠦ ᠬᠤᠰᠢᠭᠤᠨ ᠤ180 ᠮᠠᠯᠴᠢᠨ ᠡᠮᠴᠢ 7 ᠲᠥᠷᠥᠯ ᠤᠨ ᠡᠪᠡᠳᠴᠢᠨ ᠢ ᠰᠡᠷᠭᠡᠶᠢᠯᠡᠵᠦ ᠪᠠᠷᠠᠬᠤ | ᠴᠢᠬᠤᠯᠠ ᠲᠠᠢ ᠪᠠᠶᠢᠨ᠎ᠠ᠃ ᠣᠳᠣ ᠪᠣᠯ ᠪᠢᠳᠡ ᠶᠠᠭ ᠰᠠᠶᠢᠬᠠᠨ ᠠᠵᠢᠯ ᠤᠨ ᠢᠶᠠᠨ ᠠᠩᠬᠠᠨ ᠤ ᠱᠠᠲᠤᠨ ᠳᠤ ᠶᠠᠪᠤᠵᠤ | ᠪᠠᠶᠢᠨ᠎ᠠ᠂ ᠥᠭᠡᠷ᠎ᠡ ᠪᠠᠷ ᠬᠡᠯᠡᠪᠡᠯ ᠰᠤᠮᠤ ᠪᠠᠯᠭᠠᠰᠤᠨ ᠤ ᠵᠣᠬᠢᠶᠠᠨ ᠪᠠᠶᠢᠭᠤᠯᠤᠯᠲᠠ ᠪᠠᠷ ᠳᠠᠮᠵᠢᠭᠠᠳ ᠭᠠᠴᠠᠭ᠎ᠠ | ᠲᠤᠰᠬᠤᠨ ᠤ ᠳᠡᠮᠵᠢᠯᠭᠡ ᠪᠠᠷ ᠳᠠᠮᠵᠢᠭᠠᠳ ᠶᠠᠭ ᠰᠠᠶᠢᠬᠠᠨ ᠠᠩᠬᠠᠨ ᠤ ᠱᠠᠲᠤᠨ ᠤ ᠡᠬᠢᠯᠡᠯᠲᠡ ᠪᠠᠨ ᠬᠢᠵᠦ ᠡᠬᠢᠯᠡᠭᠰᠡᠨ | ᠪᠠᠶᠢᠨ᠎ᠠ︾ ᠭᠡᠵᠤ ᠶᠠᠷᠢᠯ᠎ᠠ᠃ |