ᠬᠤᠯᠤᠭᠠᠨ᠎ᠠ ᠶᠢᠨ ᠬᠢᠵᠢᠭ ᠡᠭᠦᠰᠬᠦ ᠶᠢ ᠰᠡᠷᠭᠡᠶᠢᠯᠡᠨ ᠬᠤᠷᠢᠭᠯᠠᠵᠤ ᠠᠷᠠᠳ ᠣᠯᠠᠨ ᠤ ᠡᠷᠡᠭᠦᠯ ᠴᠢᠭᠢᠷᠠᠭ | ᠬᠡᠪ ᠤᠨ ᠠᠮᠢᠳᠤᠷᠠᠯ ᠢ ᠪᠠᠲᠤᠯᠠᠬᠤ ᠶᠢᠨ ᠲᠥᠯᠥᠭᠡ ᠬᠤᠰᠢᠭᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠰᠢᠬᠦ ᠲᠥᠪ ᠨᠢ | ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠥᠷᠨᠢᠭᠦᠯᠵᠤ ᠪᠠᠶᠢᠨ᠎ᠠ᠃ | ᠰᠦᠯᠳᠡ ᠰᠤᠮᠤᠨ ᠤ ᠪᠣᠷᠣᠬᠦ᠋ᠳᠡᠭᠡ ᠭᠠᠴᠠᠭᠠᠨ ᠤ ᠮᠠᠯᠴᠢᠳ ᠤᠨ ᠪᠡᠯᠴᠢᠭᠡᠷ ᠲᠤ ᠬᠤᠯᠤᠭᠠᠨ᠎ᠠ ᠶᠢᠨ ᠨᠥᠬᠡ | ᠨᠡᠯᠢᠶᠡᠳ ᠣᠯᠠᠨ ᠪᠠᠶᠢᠯ᠎ᠠ᠃ ᠠᠳᠡᠬᠢ ᠬᠤᠯᠤᠭᠠᠨ᠎ᠠ ᠶᠢᠨ ᠪᠡᠶ᠎ᠡ ᠳᠡᠭᠡᠷ᠎ᠡ ᠡᠪᠡᠳᠴᠢᠨ ᠤ ᠪᠠᠺᠲ᠋ᠧᠷᠢ᠂ | ᠬᠤᠯᠤᠭᠠᠨ᠎ᠠ ᠶᠢᠨ ᠰᠢᠷᠭᠡ ᠪᠠᠶᠢᠬᠤ ᠡᠰᠡᠬᠦ ᠶᠢ ᠰᠢᠯᠭᠠᠬᠤ ᠶᠢᠨ ᠲᠥᠯᠥᠭᠡ ᠲᠤᠰᠬᠠᠶ ᠮᠡᠷᠭᠡᠵᠢᠯ ᠤᠨ ᠠᠵᠢᠯᠲᠠᠨ ᠠᠴᠠ | ᠬᠤᠯᠤᠭᠠᠨ᠎ᠠ ᠶᠢᠨ ᠨᠥᠬᠡᠨ ᠳᠤ ᠤᠷᠠᠬ᠎ᠠ ᠲᠠᠯᠪᠢᠵᠤ ᠪᠠᠷᠢᠭᠰᠠᠨ ᠬᠤᠯᠤᠭᠠᠨ᠎ᠠ ᠶᠢ ᠲᠤᠰᠬᠠᠶ ᠬᠢᠨᠠᠨ ᠰᠢᠯᠭᠠᠬᠤ | ᠪᠠᠶᠢᠭᠤᠯᠤᠮᠵᠢ ᠳᠤ ᠬᠦᠷᠭᠡᠵᠦ ᠰᠢᠯᠭᠠᠨ ᠪᠠᠶᠢᠴᠠᠭᠠᠬᠤ ᠪᠠᠷ ᠪᠤᠢ᠃ | ᠬᠤᠯᠤᠭᠠᠨ᠎ᠠ ᠶᠢᠨ ᠬᠢᠵᠢᠭ ᠪᠣᠯ ᠬᠤᠯᠤᠭᠠᠨ᠎ᠠ ᠶᠢᠨ ᠬᠢᠵᠢᠭ ᠤᠨ ᠰᠠᠪᠬᠠᠨᠴᠢᠷ ᠪᠠᠺᠲ᠋ᠧᠷᠢ ᠠᠴᠠ ᠡᠭᠦᠰᠦᠭᠰᠡᠨ | ᠨᠢᠭᠡ ᠵᠦᠶᠯ ᠤᠨ ᠬᠥᠮᠦᠨ ᠠᠮᠢᠲᠠᠨ ᠳᠤ ᠪᠦᠷ ᠬᠠᠯᠳᠠᠪᠤᠷᠢᠯᠠᠬᠤ ᠬᠠᠯᠳᠠᠪᠤᠷᠢᠲᠤ ᠡᠪᠡᠳᠴᠢᠨ ᠪᠣᠯᠤᠨ᠎ᠠ᠃ | ᠬᠤᠯᠤᠭᠠᠨ᠎ᠠ ᠶᠢᠨ ᠬᠢᠵᠢᠭ ᠨᠢ ᠭᠤᠣᠯᠳᠠᠭᠤ ᠬᠤᠯᠤᠭᠠᠨ᠎ᠠ ᠶᠢᠨ ᠰᠢᠷᠭᠡ ᠪᠠᠷ ᠳᠠᠮᠵᠢᠨ ᠬᠥᠮᠥᠨ ᠤ ᠪᠡᠶ᠎ᠡ ᠳᠤ | ᠬᠠᠯᠳᠠᠪᠤᠷᠢᠯᠠᠳᠠᠭ᠃ ᠳᠠᠷᠤᠢ ᠬᠤᠯᠤᠭᠠᠨ᠎ᠠ ᠶᠢᠨ ᠰᠢᠷᠭᠡ ᠳᠠᠭᠠᠭᠤᠯᠵᠤ ᠢᠷᠡᠭᠰᠡᠨ ᠮᠤᠤᠷ ᠨᠣᠬᠠᠢ ᠵᠡᠷᠭᠡ ᠲᠠᠢ | ᠣᠶᠢᠷᠠᠳᠬᠤ ᠪᠠᠷ ᠳᠠᠮᠵᠢᠨ ᠬᠤᠯᠤᠭᠠᠨ᠎ᠠ ᠶᠢᠨ ᠰᠢᠷᠭᠡ ᠪᠠᠷ ᠬᠠᠵᠠᠭᠤᠯᠵᠤ ᠬᠠᠯᠳᠠᠪᠤᠷᠢᠯᠠᠨ᠎ᠠ᠃ ᠪᠠᠰᠠ | ᠬᠤᠯᠤᠭᠠᠨ᠎ᠠ ᠶᠢᠨ ᠬᠢᠵᠢᠭ ᠲᠤ ᠬᠠᠯᠳᠠᠪᠤᠷᠢᠯᠠᠭᠰᠠᠨ ᠡᠪᠡᠳᠴᠢᠲᠡᠨ ᠤ ᠬᠠᠨᠢᠶᠠᠯᠭᠠᠬᠤ ᠪᠠᠷ ᠳᠠᠮᠵᠢᠨ ᠬᠥᠮᠥᠨ ᠬᠥᠮᠥᠨ ᠤ | ᠬᠤᠭᠤᠷᠣᠨᠳᠤ ᠬᠠᠯᠳᠠᠪᠤᠷᠢᠯᠠᠳᠠᠭ ᠪᠠᠶᠢᠨ᠎ᠠ᠃ | ᠬᠤᠰᠢᠭᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠰᠢᠬᠦ ᠲᠥᠪ ᠤᠨ ᠠᠵᠢᠯᠲᠠᠨ ᠮᠥᠩᠬᠡᠰᠠᠶᠢᠬᠠᠨ᠄ ︽ᠡᠨᠡ | ᠤᠳᠠᠭᠠᠨ ᠤ ᠰᠢᠨ᠎ᠡ ᠲᠢᠳᠢᠮᠯᠢᠭ ᠠᠭᠤᠰᠬᠢᠨ ᠥᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠨ ᠬᠢᠬᠦ ᠶᠢᠨ | ᠳᠠᠭᠠᠤ ᠳᠤ ᠮᠠᠨ ᠤ ᠪᠠᠶᠢᠭᠤᠯᠭ᠎ᠠ ᠠᠴᠠ 2 ᠰᠠᠷ᠎ᠠ ᠶᠢᠨ 26 ᠤ ᠡᠳᠦᠷ ᠠᠴᠠ 20 ᠨᠡᠷ᠎ᠡ ᠲᠤᠰᠬᠠᠢ ᠮᠡᠷᠭᠡᠵᠢᠯᠲᠡᠨ ᠢ | ᠭᠠᠷᠭᠠᠵᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢᠶᠠᠨ ᠡᠬᠢᠯᠡᠭᠦᠯᠦᠭᠰᠡᠨ ᠪᠠᠶᠢᠨ᠎ᠠ᠃ ᠡᠨᠡ | ᠤᠳᠠᠭᠠᠨ ᠤ ᠬᠠᠶᠢᠨ ᠪᠠᠶᠢᠴᠠᠭᠠᠯᠲᠠ ᠶᠢᠨ ᠠᠵᠢᠯ ᠤᠨ ᠦᠷ᠎ᠡ ᠳ᠋ᠦᠩ ᠠᠴᠠ ᠦᠵᠡᠪᠡᠯ ᠥᠩᠭᠡᠷᠡᠭᠰᠡᠨ ᠲᠠᠢ | ᠬᠠᠷᠢᠴᠠᠭᠤᠯᠪᠠᠯ ᠬᠤᠯᠤᠭᠠᠨ᠎ᠠ ᠶᠢᠨ ᠨᠢᠭᠲᠠᠴᠠ ᠬᠠᠮᠤᠭ ᠤᠨ ᠦᠨᠳᠦᠷ ᠨᠢᠭᠡ ᠵᠢᠯ ᠪᠣᠯᠣᠨ᠎ᠠ︾ ᠭᠡᠪᠡ᠃ | ᠣᠶᠢᠯᠠᠭᠠᠭᠰᠠᠨ ᠢᠶᠠᠷ᠂ ᠣᠳᠣᠬᠠᠨ ᠪᠣᠯᠲᠠᠯ᠎ᠠ ᠬᠤᠯᠤᠭᠠᠨ᠎ᠠ ᠶᠢᠨ ᠬᠢᠵᠢᠭ ᠢᠯᠡᠷᠡᠭᠡ ᠦᠭᠡᠢ ᠪᠠᠶᠢᠵᠤ ᠮᠠᠨ ᠤ | ᠬᠤᠰᠢᠭᠤᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ᠂ ᠬᠤᠯᠤᠭᠠᠨ᠎ᠠ ᠤᠰᠠᠳᠬᠠᠬᠤ᠂ ᠬᠤᠯᠤᠭᠠᠨ᠎ᠠ ᠶᠢᠨ | ᠰᠢᠷᠭᠡ ᠤᠰᠠᠳᠬᠠᠬᠤ ᠵᠡᠷᠭᠡ ᠠᠵᠢᠯ ᠨᠢ 3 ᠰᠠᠷ᠎ᠠ ᠶᠢᠨ ᠰᠡᠭᠦᠯᠴᠢ ᠬᠦᠷᠲᠡᠯ᠎ᠡ ᠶᠠᠪᠤᠭᠳᠠᠬᠤ ᠪᠣᠯᠣᠨ᠎ᠠ᠃ | |