ᠪᠦᠬᠦ ᠬᠤᠳᠠ ᠶᠢᠨ ᠣᠶᠣᠨ ᠤ ᠪᠣᠯᠪᠠᠰᠣᠨ ᠤ ᠠᠯᠪᠠᠨ ᠬᠡᠷ ᠤᠨ ᠡᠷᠬᠢᠯᠡᠭᠴᠢᠳ ᠤᠨ ᠬᠤᠷᠠᠯ ᠬᠤᠷᠠᠯᠳᠣᠵᠦ ᠮᠠᠨ ᠤ ᠬᠤᠰᠢᠭᠤ ᠸᠢᠳᠢᠤ᠋ ᠬᠤᠷᠠᠯ ᠤᠨ ᠬᠡᠯᠪᠡᠷᠢ ᠪᠠᠷ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2020-03-13
     3 ᠰᠠᠷ᠎ᠠ ᠶᠢᠨ 12 ᠤᠨ ᠡᠳᠦᠷ᠂ ᠪᠦᠬᠦ ᠬᠤᠳᠠ ᠶᠢᠨ ᠣᠶᠣᠨ ᠤ ᠪᠣᠯᠪᠠᠰᠣᠨ ᠤ ᠠᠯᠪᠠᠨ ᠬᠡᠷ ᠤᠨ ᠡᠷᠬᠢᠯᠡᠭᠴᠢᠳ ᠤᠨ ᠬᠤᠷᠠᠯ ᠬᠤᠷᠠᠯᠳᠣᠵᠦ᠂ ᠮᠠᠨ ᠤ ᠬᠤᠰᠢᠭᠤ ᠸᠢᠳᠢᠤ᠋ ᠬᠤᠷᠠᠯ ᠤᠨ ᠬᠡᠯᠪᠡᠷᠢ ᠪᠠᠷ ᠬᠤᠷᠠᠯ ᠳᠤ ᠣᠷᠣᠯᠴᠠᠪᠠ᠃      ᠬᠤᠷᠠᠯ ᠠᠴᠠ ᠵᠢᠭᠠᠬᠤ ᠳᠠᠭᠠᠨ᠂ ᠨᠢᠬᠡ ᠵᠢᠯ ᠤᠨ ᠳᠣᠷᠰᠢ ᠪᠦᠬᠦ ᠬᠤᠳᠠ ᠶᠢᠨ ᠣᠶᠣᠨ ᠤ ᠪᠣᠯᠪᠠᠰᠣᠨ ᠤ ᠪᠠᠶᠢᠭᠤᠯᠣᠯᠳᠠ ᠭᠤᠣᠯᠳᠠᠯᠭ᠎ᠠ ᠶᠢᠨ ᠳᠣᠭᠤᠷᠢᠨ ᠳᠤ ᠡᠬᠦᠷᠭᠡ ᠬᠠᠷᠢᠭᠤᠴᠠᠯᠭ᠎ᠠ ᠪᠠᠨ ᠬᠦᠢᠴᠡᠳᠬᠡᠵᠦ ᠡᠯ᠎ᠡ ᠵᠦᠢᠯ ᠤᠨ ᠠᠵᠢᠯ ᠰᠢᠨ᠎ᠡ ᠠᠬᠢᠴᠠ ᠲᠠᠢ ᠪᠣᠯᠵᠦ ᠪᠦᠬᠦ ᠬᠤᠳᠠ ᠶᠢᠨ ᠠᠵᠣ ᠠᠬᠤᠢ ᠶᠢᠨ ᠴᠢᠨᠠᠷ ᠰᠠᠶᠢᠳᠠᠢ ᠬᠦᠭᠵᠢᠯᠳᠡ ᠳᠤ ᠢᠳᠡᠪᠬᠢᠲᠡᠢ ᠦᠢᠯᠡᠳᠦᠯ ᠦᠵᠡᠬᠦᠯᠦᠭᠰᠡᠨ ᠪᠠᠶᠢᠨ᠎ᠠ᠃ ᠡᠨᠡ ᠵᠢᠯ ᠪᠦᠬᠦ ᠣᠯᠣᠰ᠂ ᠪᠦᠬᠦ ᠣᠷᠣᠨ ᠤ ᠣᠶᠣᠨ ᠤ ᠪᠣᠯᠪᠠᠰᠣᠨ ᠤ ᠠᠯᠪᠠᠨ ᠬᠡᠷ ᠤᠨ ᠡᠷᠬᠢᠯᠡᠭᠴᠢᠳ ᠤᠨ ᠬᠤᠷᠠᠯ ᠪᠠ ᠪᠦᠬᠦ ᠬᠤᠳᠠ ᠶᠢᠨ ᠣᠬᠠᠭᠤᠯᠬᠤ ᠬᠡᠯᠳᠡᠰ ᠤᠨ ᠳᠠᠷᠤᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠬᠦᠨᠵᠡᠬᠡᠢ ᠲᠤᠭᠤᠰᠢᠯᠠᠭᠤᠯᠵᠤ ᠵᠢᠷᠭᠤᠳᠣᠭᠠᠷ ᠬᠤᠭᠤᠴᠠᠭᠠᠨ ᠤ ᠪᠦᠬᠦ ᠣᠯᠣᠰ ᠤᠨ ᠪᠣᠯᠪᠠᠰᠣᠨ ᠬᠤᠳᠠ ᠶᠢᠨ ᠦᠨᠡᠯᠡᠯᠳᠡ ᠪᠠᠷ ᠲᠦᠪᠯᠡᠷᠡᠬᠦᠯᠦᠨ ᠵᠣᠬᠢᠴᠠᠭᠤᠯᠵᠦ ︽ᠨᠢᠬᠡ ᠲᠦᠪ ᠤᠨ ᠪᠦᠲᠦᠬᠡᠨ ᠪᠠᠶᠢᠭᠤᠯᠣᠯᠳᠠ︾ ᠶᠢ ᠴᠢᠩᠭᠠᠳᠬᠠᠵᠦ ︽ᠲᠠᠪᠤ ᠶᠢ ᠡᠬᠦᠳᠦᠨ ᠪᠠᠶᠢᠭᠤᠯᠬᠤ︾ ᠠᠵᠢᠯᠯᠠᠭ᠎ᠠ ᠶᠢ ᠬᠦᠨᠵᠡᠬᠡᠶᠢᠷᠡᠬᠦᠯᠵᠦ ︽ᠳᠦᠷᠪᠡᠨ ᠬᠤᠳᠠ ᠶᠢᠨ ᠪᠦᠲᠦᠬᠡᠨ ᠪᠠᠶᠢᠭᠤᠯᠣᠯᠳᠠ︾ ᠶᠢ ᠠᠬᠢᠭᠤᠯᠵᠦ ︽ᠵᠢᠷᠭᠤᠭᠠᠨ ᠵᠦᠢᠯ  ᠤᠨ ᠬᠡᠪ ᠰᠣᠷᠳᠠᠯ ᠤᠨ ᠠᠵᠢᠯᠯᠠᠭ᠎ᠠ︾ ᠶᠢ ᠬᠡᠷᠡᠭᠵᠢᠬᠦᠯᠦᠨ ᠨᠠᠰᠣᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠣᠷᠳᠠᠬᠤᠨ ᠤ ᠳᠦᠪᠰᠢᠨ ᠢ ᠳᠡᠭᠡᠭᠰᠢᠯᠡᠬᠦᠯᠵᠦ ᠨᠡᠩ ᠦᠷᠭᠡᠨ ᠬᠡᠪᠴᠢᠶᠡᠲᠡᠢ᠂ ᠨᠡᠩ ᠬᠦᠨ ᠠᠭᠤᠯᠣᠭᠳᠠᠬᠤᠨ  ᠲᠠᠢ᠂ ᠨᠡᠩ ᠦᠨᠳᠦᠷ ᠳᠦᠪᠰᠢᠨ ᠲᠠᠢ ᠪᠦᠬᠦ ᠣᠯᠣᠰ ᠤᠨ ᠪᠣᠯᠪᠠᠰᠣᠨ ᠬᠤᠳᠠ ᠶᠢᠨ ᠪᠦᠬᠡᠮᠨᠡᠷᠡᠯ ᠢ ᠪᠣᠢ ᠪᠣᠯᠭᠠᠵᠦ ᠰᠢᠨ᠎ᠡ ᠴᠠᠭ ᠦᠶ᠎ᠡ ᠶᠢᠨ ᠣᠶᠣᠨ ᠤ ᠪᠣᠯᠪᠠᠰᠣᠨ ᠤ ᠪᠠᠶᠢᠭᠤᠯᠣᠯᠳᠠ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠬᠡᠷᠡᠭᠲᠡᠢ ᠬᠡᠪᠡ᠃      ᠬᠤᠷᠠᠯ ᠠᠴᠠ ᠴᠢᠬᠤᠯᠠᠴᠢᠯᠠᠬᠤ ᠳᠠᠭᠠᠨ᠂ ᠡᠨᠡ ᠵᠢᠯ ᠤᠨ ᠣᠶᠣᠨ ᠤ ᠪᠣᠯᠪᠠᠰᠣᠨ ᠤ ᠪᠠᠶᠢᠭᠤᠯᠣᠯᠳᠠ ᠶᠢᠨ ᠠᠵᠢᠯ ᠤᠨ ᠡᠬᠦᠷᠭᠡ ᠬᠦᠨᠲᠦ᠂ ᠠᠵᠢᠯ ᠤᠨ ᠱᠠᠭᠠᠷᠳᠠᠯᠭ᠎ᠠ ᠳᠣᠳᠣᠷᠬᠠᠢ᠂ ᠭᠤᠣᠯᠳᠠᠯᠭ᠎ᠠ ᠶᠢ ᠡᠵᠡᠮᠳᠡᠵᠦ ᠵᠠᠩᠬᠢᠯᠠᠭ᠎ᠠ  ᠶᠢ ᠠᠳᠬᠤᠨ ᠰᠢᠨ᠎ᠡ ᠶᠢ ᠡᠬᠦᠳᠴᠦ ᠴᠢᠨᠠᠷ ᠢ ᠳᠡᠭᠡᠭᠰᠢᠯᠡᠬᠦᠯᠦᠨ ᠡᠯ᠎ᠡ ᠵᠦᠢᠯ ᠤᠨ ᠠᠵᠢᠯ ᠢ ᠦᠨᠳᠦᠰᠦᠨ ᠱᠠᠳᠣᠨ  ᠳᠤ ᠪᠣᠳᠠᠳᠠᠢ ᠨᠠᠶᠢᠳᠠᠪᠣᠷᠢᠵᠢᠭᠤᠯᠬᠤ ᠶᠢ ᠪᠦᠬᠦ ᠳᠠᠯ᠎ᠠ ᠪᠠᠷ ᠠᠬᠢᠭᠤᠯᠵᠦ ᠰᠢᠨ᠎ᠡ ᠴᠠᠭ ᠦᠶ᠎ᠡ ᠶᠢᠨ ᠮᠠᠨ ᠤ ᠬᠤᠳᠠ  ᠶᠢᠨ ᠣᠶᠣᠨ ᠤ ᠪᠣᠯᠪᠠᠰᠣᠨ ᠤ ᠪᠠᠶᠢᠭᠤᠯᠣᠯᠳᠠ ᠶᠢᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠬᠦᠳᠬᠦ ᠬᠡᠷᠡᠭᠲᠡᠢ ᠬᠡᠪᠡ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠣᠬᠠᠭᠤᠯᠬᠤ ᠬᠡᠯᠳᠡᠰ ᠤᠨ ᠳᠠᠷᠤᠭ᠎ᠠ ᠹᠧᠩ ᡁᠢ ᠮᠢᠩ᠂ ᠬᠤᠰᠢᠭᠤ ᠣᠶᠣᠨ ᠤ ᠪᠣᠯᠪᠠᠰᠣᠨ ᠤ ᠠᠯᠪᠠᠨ ᠬᠡᠷ ᠤᠨ ᠪᠦᠬᠦ ᠺᠠᠳ᠋ᠷ ᠠᠵᠢᠯᠳᠠᠳ᠂ ᠣᠬᠠᠭᠤᠯᠬᠤ ᠬᠡᠯᠳᠡᠰ  ᠤᠨ ᠡᠯ᠎ᠡ ᠳᠠᠰᠤᠭ᠂ ᠠᠯᠪᠠᠨ ᠬᠡᠷ ᠤᠨ ᠬᠠᠷᠢᠭᠤᠴᠠᠯᠭᠠᠳᠠᠨ᠂ ᠡᠯ᠎ᠡ ᠰᠣᠮᠣ ᠪᠠᠯᠭᠠᠰᠣᠨ ᠤ ᠣᠬᠠᠭᠤᠯᠬᠤ ᠬᠡᠰᠢᠬᠦᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠳᠠᠯᠠᠪᠠᠢ ᠳᠤ ᠬᠤᠷᠠᠯ ᠳᠤ ᠣᠷᠣᠯᠴᠠᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号