3 ᠰᠠᠷ᠎ᠠ ᠶᠢᠨ 11 ᠤ ᠡᠳᠦᠷ᠂ ᠮᠠᠨ ᠤ ᠬᠤᠰᠢᠭᠤ ᠬᠤᠰᠢᠭᠤ ᠨᠠᠮ ᠤᠨ ᠬᠤᠷᠢᠶᠠᠨ ᠤ ᠣᠨᠣᠯ ᠤᠨ | ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ ᠰᠤᠷᠤᠯᠴᠠᠬᠤ ᠬᠤᠷᠠᠯ ᠢ ᠬᠤᠷᠠᠯᠳᠤᠭᠤᠯᠵᠤ ᠶᠡᠷᠦᠩᠬᠡᠶ ᠱᠦᠵᠢ ᠰᠢ | ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠰᠢᠶᠳᠪᠦᠷᠢᠲᠦ | ᠢᠯᠠᠯᠲᠠ ᠶᠢ ᠤᠯᠬᠤ ᠰᠠᠭᠤᠳᠠᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ | ᠲᠠᠶᠢᠯᠪᠤᠷᠢᠯᠠᠪᠠ᠃ | ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠶᠠᠷᠢᠶ᠎ᠠ ᠲᠠᠯᠪᠢᠵᠤ ᠵᠢᠭᠠᠬᠤ ᠳᠤ ᠪᠠᠨ᠂ ᠶᠡᠷᠦᠩᠬᠡᠢ | ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠠᠶᠢᠯᠠᠯᠳᠤᠭᠠᠨ ᠤ | ᠰᠢᠢᠳᠪᠦᠷᠢᠲᠦ ᠢᠯᠠᠯᠲᠠ ᠶᠢ ᠤᠯᠬᠤ ᠰᠠᠭᠤᠳᠠᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ᠂ ᠶᠠᠳᠠᠭᠤ | ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠲᠤᠬᠠᠢ ᠪᠦᠬᠦ | ᠲᠠᠯ᠎ᠠ ᠶᠢᠨ ᠲᠤᠬᠢᠷᠠᠭᠤᠯᠤᠯᠳᠠ ᠪᠠᠶᠢᠷᠢᠯᠠᠭᠤᠯᠤᠯᠲᠠ ᠬᠢᠵᠡᠢ᠃ ᠪᠥᠬᠦ ᠬᠤᠰᠢᠭᠤᠨ ᠤ ᠡᠯ᠎ᠡ ᠭᠠᠵᠠᠷ ᠤᠷᠤᠨ ᠡᠯ᠎ᠡ | ᠰᠠᠯᠠᠭ᠎ᠠ ᠮᠥᠴᠢᠷ ᠤᠨ ᠬᠢᠨ ︽ᠳᠥᠷᠪᠡᠨ ᠤᠬᠠᠮᠰᠠᠷ︾ ᠢᠶᠠᠨ ᠴᠢᠩᠭᠠᠳᠬᠠᠨ ︽ᠳᠥᠷᠪᠡᠨ ᠢᠲᠡᠭᠡᠯ︾ ᠢᠶᠠᠨ | ᠪᠠᠲᠤᠳᠬᠠᠵᠤ ︽ᠬᠤᠶᠠᠷ ᠢ ᠬᠠᠮᠠᠭᠠᠯᠠᠬᠤ︾ ᠶᠢ ᠪᠠᠶᠠᠯᠠᠭᠦᠯᠤᠨ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ | ᠶᠢᠨ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠳᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ ᠡᠯ᠎ᠡ ᠲᠥᠷᠤᠯ ᠤᠨ ᠠᠵᠢᠯ ᠢ ᠪᠣᠳᠠᠲᠠᠶ ᠨᠠᠷᠢᠯᠢᠭ ᠠᠳᠬᠤᠵᠤ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠬᠡᠷᠡᠭᠲᠡᠶ ᠭᠡᠵᠡᠢ᠃ | ᠡᠷᠳᠡᠨᠢᠪᠢᠯᠢᠭ ᠴᠢᠬᠤᠯᠠᠴᠢᠯᠠᠬᠤ ᠳᠠᠭᠠᠨ᠂ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ ᠲᠡᠷᠢᠭᠦᠨ ᠤ | ᠣᠨᠣᠯ ᠢᠶᠠᠷ ᠲᠠᠷᠢᠬᠢ ᠲᠣᠯᠣᠭᠠᠶ ᠪᠠᠨ ᠵᠡᠪᠰᠡᠭᠯᠠᠨ ᠥᠢᠯᠡᠳᠤᠯᠭᠡ ᠪᠠᠨ ᠵᠢᠯᠤᠭᠤᠳᠤᠭᠤᠯᠤᠨ ᠠᠵᠢᠯ ᠢᠶᠠᠨ ᠠᠬᠢᠭᠤᠯᠬᠤ | ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠨ ᠠᠰᠠᠭᠤᠳᠠᠯ ᠢ ᠰᠢᠶᠳᠪᠦᠷᠢᠯᠡᠵᠦ | ᠲᠤᠳᠠᠭᠳᠠᠯ ᠢ ᠨᠦᠬᠦᠪᠦᠷᠢᠯᠡᠨ ︽ᠬᠤᠶᠠᠷ ᠲᠤ ᠰᠠᠨᠠᠭᠠᠰᠢᠷᠠᠬᠤ ᠥᠬᠡᠶ ᠭᠤᠷᠪᠠ ᠶᠢ ᠪᠠᠲᠤᠯᠠᠬᠤ︾ ᠪᠠ ᠠᠮᠤᠷ | ᠲᠦᠪᠰᠢᠨ ᠤᠰᠤ ᠤᠮᠳᠠ ᠶᠢᠨ ᠠᠰᠠᠭᠤᠳᠠᠯ ᠵᠡᠷᠭᠡ ᠳᠤ ᠠᠩᠬᠠᠷᠤᠯ ᠢᠶᠠᠨ ᠲᠦᠪᠯᠡᠷᠡᠬᠦᠯᠦᠨ ᠲᠠᠷᠠᠭᠠᠯᠠᠨ ᠪᠠᠶᠢᠴᠠᠭᠠᠵᠤ | ᠢᠯᠡᠷᠡᠭᠦᠯᠦᠭᠰᠡᠨ ᠠᠰᠠᠭᠤᠳᠠᠯ ᠳᠤ ᠨᠠᠷᠢᠨ ᠳᠠᠩᠰᠠᠨ ᠤ ᠬᠠᠮᠢᠶᠠᠷᠤᠯᠲᠠ ᠬᠢᠵᠤ ᠶᠠᠳᠠᠭᠤ ᠠᠴᠠ ᠠᠩᠭᠢᠵᠢᠷᠠᠭᠤᠯᠬᠤ ᠶᠠᠰᠤ | ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠠᠵᠢᠯ ᠤᠨ ᠰᠡᠳᠬᠢᠮᠵᠢ ᠪᠠᠨ ᠰᠢᠨᠡᠴᠢᠯᠡᠵᠦ ᠲᠠᠩᠰᠠ ᠡᠪᠬᠡᠮᠡᠯ ᠤᠨ ᠮᠠᠲ᠋ᠧᠷᠢᠶᠠᠯ | ᠢᠶᠠᠨ ᠲᠡᠭᠦᠯᠳᠡᠷᠵᠢᠬᠦᠯᠦᠨ ᠲᠣᠰᠬᠤᠨ ᠳᠤ ᠰᠠᠭᠤᠭ᠎ᠠ ᠺᠠᠳ᠋ᠷ ᠤᠨ ᠰᠢᠯᠢᠳᠡᠭ ᠢ ᠨᠢ ᠰᠣᠩᠭᠤᠨ ᠳᠣᠭᠢᠷᠠᠭᠤᠯᠵᠤ ᠲᠥᠷᠥ | ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠭᠦᠶᠴᠡᠳ ᠬᠡᠷᠡᠭᠯᠡᠨ ᠶᠠᠳᠠᠭᠤ ᠬᠦᠴᠢᠷᠳᠡᠯᠲᠡᠶ ᠣᠯᠠᠨ ᠲᠦᠮᠡᠨ ᠤ ᠠᠵᠢᠯ | ᠤᠯᠬᠤ᠂ ᠶᠠᠳᠠᠭᠤ ᠶᠢ ᠲᠡᠳᠬᠦᠬᠦ ᠠᠵᠤ ᠦᠶᠯᠡᠰ ᠤᠨ ᠲᠥᠷᠥᠯ ᠵᠦᠶᠯ ᠤᠨ ᠠᠵᠢᠯ ᠢᠶᠠᠨ ᠡᠬᠢᠯᠡᠭᠦᠯᠵᠦ ᠰᠠᠷᠭᠦᠭᠡᠭᠦ | ᠵᠡᠷᠭᠡ ᠠᠰᠠᠭᠤᠳᠠᠯ ᠢ ᠰᠢᠢᠳᠪᠤᠷᠢᠯᠠᠭᠦ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ | ᠤᠨ ᠦᠷ᠎ᠡ ᠪᠦᠲᠦᠭᠡᠯ ᠢ ᠪᠠᠬᠢᠵᠢᠭᠦᠯᠵᠦ ᠲᠦᠷᠦ ᠶᠢᠨ ᠪᠤᠳᠤᠯᠭ᠎ᠠ ᠶᠢᠨ ᠲᠣᠭᠲᠠᠪᠤᠷᠢᠲᠤ ᠴᠢᠨᠠᠷ ᠪᠠ | ᠦᠷᠬᠦᠯᠵᠢᠯᠡᠬᠦᠶᠢᠴᠡ ᠴᠢᠨᠠᠷ ᠢ ᠪᠠᠳᠤᠯᠠᠨ ᠪᠡᠶ᠎ᠡ ᠪᠠᠨ ᠳᠠᠭᠠᠭᠠᠵᠤ ᠶᠠᠳᠠᠭᠤ ᠠᠴᠠ ᠠᠩᠭᠢᠵᠢᠷᠠᠬᠤ ᠴᠢᠳᠠᠪᠤᠷᠢ ᠶᠢ | ᠦᠷᠭᠦᠯᠵᠢᠯᠡᠨ ᠳᠡᠭᠡᠭᠰᠢᠯᠡᠭᠦᠯᠵᠦ ᠳᠠᠬᠢᠨ ᠶᠠᠳᠠᠭᠤᠷᠠᠬᠤ ᠪᠠ ᠰᠢᠨ᠎ᠡ ᠪᠠᠷ ᠶᠠᠳᠠᠭᠤᠷᠠᠬᠤ ᠶᠢ ᠰᠡᠷᠭᠡᠶᠢᠯᠡᠬᠦ ᠬᠡᠷᠡᠭᠲᠡᠢ᠃ | ᠶᠠᠳᠠᠭᠤ ᠶᠢ ᠲᠡᠳᠬᠦᠬᠦ ᠪᠡᠯᠡ ᠮᠥᠩᠭᠦ ᠶᠢ ᠪᠠᠲᠤᠯᠠᠵᠤ ᠮᠠᠯ ᠲᠠᠷᠢᠶᠠᠯᠠᠩ ᠠᠵᠤ ᠠᠬᠤᠶ ᠳᠤ ᠬᠤᠯᠪᠤᠭᠳᠠᠬᠤ ᠪᠡᠯᠡ | ᠮᠥᠩᠭᠦ ᠶᠢ ᠡᠮᠬᠢᠯᠡᠨ ᠨᠡᠶᠢᠯᠡᠭᠦᠯᠬᠦ ᠶᠢ ᠴᠢᠩᠭᠠᠳᠬᠠᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠬᠠᠮᠲᠤ ᠳᠤ ᠨᠢ ᠠᠳᠬᠤᠵᠤ ᠬᠠᠷᠢᠯᠴᠠᠨ ᠲᠤᠯᠭᠠᠭᠤᠷᠢᠯᠠᠭᠰᠠᠨ ᠵᠣᠬᠢᠴᠠᠩᠭᠤᠢ | ᠠᠭᠤᠰᠤᠯᠴᠠᠭᠰᠠᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠤᠬᠠᠭᠤᠯᠤᠨ ᠮᠡᠳᠡᠭᠡᠯᠡᠬᠦ ᠪᠠᠨ ᠴᠢᠩᠭᠠᠳᠬᠠᠵᠤ ᠤᠨᠢᠨ | ᠳᠡᠭᠡᠷ᠎ᠡ ᠨᠢ ᠶᠠᠳᠠᠭᠤ ᠶᠢ ᠲᠡᠳᠬᠦᠭᠰᠡᠨ ᠦᠷ᠎ᠡ ᠪᠦᠲᠦᠮᠵᠢ ᠲᠤᠷᠰᠢᠯᠭ᠎ᠠ᠂ ᠲᠡᠷᠢᠭᠦᠨ ᠤ ᠨᠠᠶᠢᠳᠡᠯᠢᠭ ᠵᠢᠱᠢᠶ᠎ᠡ ᠶᠢ | ᠤᠬᠠᠭᠤᠯᠵᠤ ᠺᠠᠳ᠋ᠷ ᠤᠯᠠᠨ ᠲᠦᠮᠡᠨ ᠤ ᠢᠲᠡᠭᠡᠯ ᠵᠣᠷᠢᠭ ᠢ ᠭᠥᠭᠵᠢᠭᠡᠭᠦ ᠬᠡᠷᠡᠭᠲᠡᠢ᠃ ᠱᠠᠭᠠᠷᠳᠠᠨ ᠪᠠᠶᠢᠴᠠᠭᠠᠵᠤ ᠬᠢᠨᠠᠨ | ᠰᠢᠯᠭᠠᠬᠤ ᠪᠠᠨ ᠴᠢᠩᠭᠠᠳᠬᠠᠨ ᠶᠠᠳᠠᠭᠤ ᠬᠦᠴᠢᠷᠳᠡᠯ ᠢ ᠳᠡᠮᠵᠢᠬᠦ ᠴᠢᠳᠠᠪᠤᠷᠢ ᠶᠢ ᠲᠡᠭᠡᠭᠰᠢᠯᠠᠭᠦᠯᠤᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠦᠬᠦ ᠲᠠᠯ᠎ᠠ ᠶᠢᠨ ᠢᠯᠠᠯᠲᠠ ᠶᠢ ᠲᠡᠮᠡᠴᠡᠨ ᠣᠯᠵᠤ ᠲᠣᠭᠲᠠᠭᠰᠠᠨ | ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠠᠯᠠᠭᠦᠯᠭᠦ ᠬᠡᠷᠡᠭᠲᠡᠢ ᠭᠡᠵᠡᠢ᠃ | ᠡᠷᠳᠡᠨᠢᠪᠢᠯᠢᠭ ᠴᠢᠬᠤᠯᠠᠴᠢᠯᠠᠬᠤ ᠳᠠᠭᠠᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠲᠠᠶᠢᠯᠠᠯᠳᠤᠭᠠᠨ ᠤ ᠰᠢᠶᠳᠪᠦᠷᠢᠲᠦ ᠢᠯᠠᠯᠲᠠ ᠶᠢ ᠤᠯᠬᠤ ᠡᠴᠦᠰ ᠤᠨ ᠴᠠᠭ ᠮᠥᠴᠡ ᠳᠤ ᠪᠢᠳᠡ ᠵᠠᠪᠠᠯ ᠤᠯᠤᠰ | ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠪᠠᠴᠢᠮ ᠲᠤᠯᠭᠠᠮ ᠰᠡᠳᠬᠢᠯᠭᠡ ᠪᠠᠨ ᠨᠡᠮᠡᠭᠳᠡᠭᠦᠯᠤᠨ ᠦᠵᠡᠯ | ᠰᠠᠨᠠᠭ᠎ᠠ ᠪᠠᠨ ᠰᠤᠯᠠᠷᠠᠭᠤᠯᠬᠤ ᠦᠭᠡᠢ᠂ ᠡᠷᠴᠢᠮ ᠢᠶᠠᠨ ᠰᠤᠯᠠᠷᠠᠭᠤᠯᠬᠤ ᠥᠭᠡᠢ ᠪᠠᠶᠢᠬᠤ ᠶᠢ ᠪᠠᠷᠢᠮᠲᠠᠯᠠᠵᠤ ᠶᠠᠳᠠᠭᠤ | ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠠᠶᠠᠯᠠᠭᠦᠯᠵᠤ ᠨᠠᠮ ᠪᠣᠯᠤᠨ | ᠠᠷᠠᠳ ᠲᠦᠮᠡᠨ ᠳᠤ ᠬᠢᠷᠢ ᠲᠡᠩᠴᠡᠭᠰᠡᠨ ᠬᠠᠨᠤᠮᠵᠢᠳᠠᠢ ᠬᠠᠷᠢᠭᠤᠯᠳᠠ ᠥᠭᠭᠦ ᠬᠡᠷᠡᠭᠲᠡᠢ ᠭᠡᠵᠡᠢ᠃ | ᠰᠢᠶᠠᠨ ᠤ ᠲᠠᠰ ᠤᠨ ᠭᠡᠷ ᠲᠡᠭᠡᠨ ᠪᠠᠶᠢᠭ᠎ᠠ ᠪᠥᠭᠦ ᠤᠳᠤᠷᠢᠳᠤᠯᠭ᠎ᠠ᠂ ᠬᠤᠰᠢᠭᠤ ᠰᠢᠭᠤᠳ ᠬᠠᠷᠢᠶ᠎ᠠ | ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ᠂ ᠬᠡᠰᠡᠭ ᠭᠠᠴᠠᠭ᠎ᠠ ᠲᠣᠰᠬᠤᠨ᠂ ᠨᠡᠶᠢᠭᠡᠮ | ᠲᠣᠭᠤᠷᠢᠭ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ |